︽ᠬᠤᠲᠠ ᠶᠢᠨ ᠨᠡᠶᠢᠲᠡ ᠶᠢᠨ ᠮᠠᠰᠢᠨ ᠲᠡᠷᠭᠡ ᠪᠠ ᠴᠠᠬᠢᠯᠭᠠᠨ ᠲᠡᠷᠭᠡᠨ ᠤ ᠠᠶᠠᠨᠴᠢᠳ ᠤᠨ ᠵᠥᠭᠡᠭᠡᠪᠦᠷᠢ ᠶᠢᠨ |
ᠬᠠᠮᠢᠶᠠᠷᠤᠯᠲᠠ ᠶᠢᠨ ᠲᠣᠭᠲᠠᠭᠠᠯ︾ ︵ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠵᠠᠷᠯᠢᠭ 2017 ᠣᠨ ᠤ 5 |
ᠳ᠋ᠤᠭᠠᠷ ᠲᠣᠭᠠᠲᠤ︶ ᠤᠨ ᠳᠥᠴᠢᠨ ᠲᠠᠪᠤᠳᠤᠭᠠᠷ ᠵᠦᠢᠯ ᠳᠤ ᠲᠣᠭᠲᠠᠭᠠᠭᠰᠠᠨ ᠨᠢ᠄ ᠵᠢᠯᠣᠭᠤᠴᠢ᠂ ᠠᠶᠠᠨᠴᠢᠳ ᠤᠨ |
ᠦᠢᠯᠡᠴᠢᠯᠡᠭᠴᠢ ᠵᠡᠷᠭᠡ ᠠᠵᠢᠯᠯᠠᠵᠦ ᠪᠠᠶᠢᠭ᠎ᠠ ᠬᠦᠮᠦᠰ ᠡᠵᠡᠩᠨᠡᠬᠦ ᠶᠠᠪᠤᠴᠠ ᠳᠤ ᠠᠮᠤᠷ ᠲᠦᠪᠰᠢᠨ ᠤ ᠠᠵᠢᠯᠯᠠᠬᠤ |
ᠳᠦᠷᠢᠮ ᠢ ᠬᠡᠷᠡᠭᠵᠢᠭᠦᠯᠬᠦ ᠬᠡᠷᠡᠭᠲᠡᠢ᠃ ᠬᠤᠷᠢ ᠶᠢᠰᠦᠳᠦᠭᠡᠷ ᠵᠦᠢᠯ ᠳᠤ ᠲᠣᠭᠲᠠᠭᠠᠭᠰᠠᠨ ᠨᠢ᠄ ᠬᠤᠲᠠ ᠶᠢᠨ ᠣᠯᠠᠨ |
ᠨᠡᠶᠢᠲᠡ ᠶᠢᠨ ᠮᠠᠰᠢᠨ ᠲᠡᠷᠭᠡ ᠪᠠ ᠴᠠᠬᠢᠯᠭᠠᠨ ᠲᠡᠷᠭᠡᠨ ᠤ ᠠᠶᠠᠨᠴᠢᠳ ᠤᠨ ᠵᠥᠭᠡᠭᠡᠪᠦᠷᠢ ᠡᠷᠬᠢᠯᠡᠵᠦ ᠪᠠᠶᠢᠭ᠎ᠠ |
ᠵᠢᠯᠣᠭᠤᠴᠢ᠂ ᠠᠶᠠᠨᠴᠢᠳ ᠤᠨ ᠦᠢᠯᠡᠴᠢᠯᠡᠭᠴᠢ ᠬᠠᠮᠢᠶ᠎ᠠ ᠪᠥᠬᠦᠶ ᠦᠢᠯᠡᠴᠢᠯᠡᠭᠡᠨ ᠤ ᠪᠠᠷᠢᠮᠵᠢᠶ᠎ᠠ ᠶᠢ ᠭᠦᠢᠴᠡᠳᠭᠡᠬᠦ |
ᠬᠡᠷᠡᠭᠲᠡᠶ᠃ ︽ᠬᠤᠲᠠ ᠶᠢᠨ ᠣᠯᠠᠨ ᠨᠡᠶᠢᠲᠡ ᠶᠢᠨ ᠮᠠᠰᠢᠨ ᠲᠡᠷᠭᠡ ᠪᠠ ᠴᠠᠬᠢᠯᠭᠠᠨ ᠲᠡᠷᠭᠡᠨ ᠤ ᠵᠢᠯᠣᠭᠤᠴᠢ ᠶᠢᠨ |
ᠠᠵᠢᠯᠯᠠᠭᠠᠨ ᠤ ᠵᠢᠷᠤᠮᠵᠢᠯ︾ ︵JT/T934-2021︶ ᠳᠤ᠂ ᠲᠡᠷᠭᠡ ᠬᠥᠳᠡᠯᠬᠦ ᠠᠴᠠ ᠡᠮᠦᠨ᠎ᠡ ᠲᠡᠷᠭᠡᠨ ᠤ |
ᠳᠥᠷᠪᠡᠨ ᠲᠠᠯ᠎ᠠ ᠵᠢᠴᠢ ᠲᠡᠷᠭᠡᠨ ᠳᠣᠲᠣᠷᠠᠬᠢ ᠠᠶᠠᠨᠴᠢᠳ ᠢ ᠠᠩᠬᠠᠷᠤᠨ ᠠᠵᠢᠭᠯᠠᠵᠤ᠂ ᠲᠡᠷᠭᠡᠨ ᠡᠭᠦᠳᠡ ᠪᠠᠨ |
ᠬᠠᠭᠠᠭᠰᠠᠨ ᠤ ᠳᠠᠷᠠᠭ᠎ᠠ ᠲᠣᠭᠲᠠᠭᠤᠨ ᠢᠶᠠᠷ ᠶᠠᠪᠤᠭᠤᠯᠵᠤ᠂ ᠳᠡᠰ ᠳᠠᠷᠠᠭᠠᠯᠠᠨ ᠥᠷᠲᠡᠭᠡ ᠠᠴᠠ ᠭᠠᠷᠤᠨ᠎ᠠ︔ ᠪᠢᠯᠧᠲ |
ᠬᠤᠳᠠᠯᠳᠤᠬᠤ ᠬᠥᠮᠥᠨ ᠦᠭᠡᠢ ᠲᠡᠷᠭᠡ ᠶᠢ ᠪᠠᠰᠠ ᠲᠡᠷᠭᠡ ᠬᠥᠳᠡᠯᠬᠦ᠂ ᠡᠷᠭᠢᠯᠳᠦᠭᠦᠯᠬᠦ᠂ ᠦᠷᠲᠡᠭᠡᠨ ᠳᠤ ᠣᠷᠣᠵᠤ |
ᠭᠠᠷᠬᠤ ᠪᠠ ᠣᠨᠴᠠᠭᠠᠢ ᠠᠶᠠᠨᠴᠢᠳ ᠲᠡᠷᠭᠡᠨ ᠳᠤ ᠰᠠᠭᠤᠬᠤ ᠦᠶ᠎ᠡ ᠳᠤ ᠲᠣᠭᠲᠠᠭᠠᠯ ᠶᠣᠰᠣᠭᠠᠷ ᠰᠠᠨᠠᠭᠤᠯᠬᠤ ᠦᠭᠡ ᠶᠢ |
ᠬᠡᠷᠡᠭᠯᠡᠨ᠎ᠡ᠃ ᠬᠤᠲᠠ ᠶᠢᠨ ᠠᠷᠠᠳ ᠤᠨ ᠵᠠᠰᠠᠭ ᠤᠨ ᠣᠷᠳᠣᠨ ᠪᠣᠯ ᠬᠤᠲᠠ ᠶᠢᠨ ᠣᠯᠠᠨ ᠨᠡᠶᠢᠲᠡ ᠶᠢᠨ ᠵᠠᠮ |
ᠬᠠᠷᠢᠯᠴᠠᠭᠠᠨ ᠤ ᠬᠠᠮᠢᠶᠠᠷᠤᠯᠲᠠ ᠶᠢᠨ ᠬᠠᠷᠢᠭᠤᠴᠠᠯᠭ᠎ᠠ ᠶᠢᠨ ᠭᠤᠤᠯ ᠴᠣᠭᠴᠠ ᠪᠣᠯᠤᠨ᠎ᠠ᠂ ᠬᠡᠰᠡᠭ ᠬᠤᠲᠠ ᠨᠢ |
ᠲᠤᠬᠠᠶ ᠶᠢᠨ ᠭᠠᠵᠠᠷ ᠣᠷᠣᠨ ᠤ ᠪᠠᠶᠢᠳᠠᠯ ᠳᠤ ᠪᠠᠨ ᠲᠣᠬᠢᠷᠠᠭᠤᠯᠤᠨ ᠬᠤᠲᠠ ᠶᠢᠨ ᠣᠯᠠᠨ ᠨᠡᠶᠢᠲᠡ ᠶᠢᠨ ᠮᠠᠰᠢᠨ ᠲᠡᠷᠭᠡ |
ᠪᠠ ᠴᠠᠬᠢᠯᠭᠠᠨ ᠲᠡᠷᠭᠡᠨ ᠤ ᠬᠠᠮᠢᠶ᠎ᠠ ᠪᠦᠬᠦᠢ ᠬᠠᠮᠢᠶᠠᠷᠤᠯᠲᠠ ᠶᠢᠨ ᠠᠷᠭ᠎ᠠ ᠪᠤᠶᠤ ᠲᠡᠷᠭᠡᠨ ᠳᠤ ᠰᠠᠭᠤᠬᠤ ᠳᠦᠷᠢᠮ ᠢ |
ᠲᠣᠭᠲᠠᠭᠠᠵᠤ᠂ ᠪᠣᠳᠠᠲᠠᠶ ᠠᠰᠠᠭᠤᠳᠠᠯ ᠢ ᠬᠠᠮᠢᠶ᠎ᠠ ᠪᠦᠬᠦᠢ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ |
ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠠᠰᠠᠭᠤᠨ ᠯᠠᠪᠯᠠᠵᠤ ᠭᠦᠢᠴᠡᠳᠬᠡᠬᠦ ᠶᠢ ᠰᠠᠨᠠᠭᠤᠯᠵᠤ ᠪᠠᠶᠢᠨ᠎ᠠ᠃ |