︽ᠵᠠᠰᠠᠮᠠᠯ ᠵᠠᠮ ᠤᠨ ᠬᠡᠮᠵᠢᠶ᠎ᠡ ᠠᠴᠠ ᠬᠡᠲᠦᠷᠡᠲᠡᠯ᠎ᠡ ᠠᠴᠢᠶᠠᠯᠠᠭᠰᠠᠨ ᠢ ᠪᠠᠶᠢᠴᠠᠭᠠᠨ ᠬᠡᠮᠵᠢᠬᠦ ᠥᠷᠲᠡᠭᠡ ᠶᠢᠨ |
ᠬᠠᠮᠢᠶᠠᠷᠤᠯᠲᠠ ᠶᠢᠨ ᠠᠷᠭ᠎ᠠ︾ ᠶᠢ ᠦᠨᠳᠦᠰᠦᠯᠡᠨ᠂ ᠵᠠᠰᠠᠮᠠᠯ ᠵᠠᠮ ᠤᠨ ᠬᠡᠮᠵᠢᠶ᠎ᠡ ᠠᠴᠠ ᠬᠡᠲᠦᠷᠡᠲᠡᠯ᠎ᠡ ᠠᠴᠢᠶᠠᠯᠠᠭᠰᠠᠨ ᠢ |
ᠪᠠᠶᠢᠴᠠᠭᠠᠨ ᠬᠡᠮᠵᠢᠬᠦ ᠥᠷᠲᠡᠭᠡ ᠨᠢ ᠬᠠᠤᠯᠢ ᠶᠣᠰᠣᠭᠠᠷ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠨ ᠲᠣᠭᠲᠠᠭᠠᠵᠤ |
ᠬᠢᠷᠢ ᠲᠡᠩᠴᠡᠭᠰᠡᠨ ᠬᠤᠯᠪᠣᠭᠳᠠᠯ ᠪᠦᠬᠦᠢ ᠲᠡᠷᠭᠡ ᠬᠥᠰᠬᠡ ᠶᠢᠨ ᠬᠡᠮᠵᠢᠯᠲᠡ ᠶᠢᠨ ᠪᠠᠶᠢᠴᠠᠭᠠᠨ ᠬᠡᠮᠵᠢᠬᠦ |
ᠲᠥᠬᠦᠭᠡᠷᠦᠮᠵᠢ ᠶᠢ ᠲᠣᠬᠢᠷᠠᠭᠤᠯᠬᠤ ᠶᠢᠨ ᠬᠠᠮᠲᠤ᠂ ᠬᠡᠮᠵᠢᠯᠲᠡ ᠶᠢᠨ ᠪᠠᠶᠢᠴᠠᠭᠠᠨ ᠬᠡᠮᠵᠢᠬᠦ ᠲᠥᠬᠦᠭᠡᠷᠦᠮᠵᠢ ᠶᠢᠨ ᠬᠢᠷᠢ |
ᠲᠡᠩᠴᠡᠭᠰᠡᠨ ᠦᠨᠡᠮᠯᠡᠯ ᠢ ᠢᠯᠡ ᠨᠡᠶᠢᠲᠡᠯᠡᠬᠦ ᠬᠡᠷᠡᠭᠲᠡᠶ᠃ ᠲᠡᠷᠭᠡ ᠬᠥᠰᠬᠡ ᠶᠢᠨ ᠬᠠᠤᠯᠢ ᠠᠴᠠ ᠵᠥᠷᠢᠴᠡᠨ |
ᠬᠡᠮᠵᠢᠶ᠎ᠡ ᠠᠴᠠ ᠬᠡᠲᠦᠷᠡᠭᠦᠯᠦᠨ ᠠᠴᠢᠶᠠᠯᠠᠵᠤ ᠪᠠᠶᠢᠭ᠎ᠠ ᠶᠢ ᠦᠨᠡᠮᠰᠢᠬᠦ ᠳᠤ᠂ ᠬᠠᠤᠯᠢ ᠶᠣᠰᠣᠭᠠᠷ ᠰᠢᠯᠭᠠᠨ ᠲᠣᠭᠲᠠᠭᠠᠵᠤ |
ᠬᠢᠷᠢ ᠲᠡᠩᠴᠡᠭᠰᠡᠨ ᠬᠤᠯᠪᠣᠭᠳᠠᠯ ᠪᠦᠬᠦᠢ ᠬᠡᠮᠵᠢᠯᠲᠡ ᠶᠢᠨ ᠪᠠᠶᠢᠴᠠᠭᠠᠨ ᠬᠡᠮᠵᠢᠬᠦ ᠲᠥᠬᠦᠭᠡᠷᠦᠮᠵᠢ ᠶᠢᠨ ᠪᠠᠶᠢᠴᠠᠭᠠᠨ |
ᠬᠡᠮᠵᠢᠬᠦ ᠶᠢ ᠥᠩᠭᠡᠷᠡᠭᠡᠬᠦ ᠬᠡᠷᠡᠭᠲᠡᠶ᠃ ᠬᠠᠤᠯᠢ ᠶᠣᠰᠣᠭᠠᠷ ᠰᠢᠯᠭᠠᠨ ᠲᠣᠭᠲᠠᠭᠠᠬᠤ ᠪᠠᠷ ᠳᠠᠮᠵᠢᠭᠠᠳ ᠬᠢᠷᠢ |
ᠲᠡᠩᠴᠡᠭᠰᠡᠨ ᠬᠡᠮᠵᠢᠯᠲᠡ ᠶᠢᠨ ᠪᠠᠶᠢᠴᠠᠭᠠᠨ ᠬᠡᠮᠵᠢᠬᠦ ᠲᠥᠬᠦᠭᠡᠷᠦᠮᠵᠢ ᠶᠢᠨ ᠪᠠᠶᠢᠴᠠᠭᠠᠨ ᠬᠡᠮᠵᠢᠭᠰᠡᠨ ᠦᠷ᠎ᠡ ᠳ᠋ᠦᠩ ᠳᠤ |
ᠰᠡᠵᠢᠭ ᠲᠠᠢ ᠪᠠᠶᠢᠪᠠᠯ᠂ ᠲᠤᠬᠠᠶ ᠶᠢᠨ ᠭᠠᠵᠠᠷ ᠤᠨ ᠬᠡᠮᠵᠢᠯᠲᠡ ᠶᠢᠨ ᠵᠠᠰᠠᠭ ᠵᠠᠬᠢᠷᠭᠠᠨ ᠤ ᠬᠤᠯᠪᠣᠭᠳᠠᠯ ᠪᠦᠬᠦᠢ |
ᠰᠠᠯᠠᠭ᠎ᠠ ᠮᠥᠴᠢᠷ ᠠᠴᠠ ᠠᠰᠠᠭᠤᠨ ᠯᠠᠪᠯᠠᠭᠠᠷᠠᠢ᠃ |