︽ᠵᠠᠰᠠᠮᠠᠯ ᠵᠠᠮ ᠤᠨ ᠠᠶᠠᠨᠴᠢᠳ ᠤᠨ ᠵᠥᠭᠡᠭᠡᠪᠦᠷᠢ ᠵᠢᠴᠢ ᠠᠶᠠᠨᠴᠢᠳ ᠤᠨ ᠵᠥᠭᠡᠭᠡᠪᠦᠷᠢ ᠶᠢᠨ ᠥᠷᠲᠡᠭᠡ ᠶᠢᠨ |
ᠬᠠᠮᠢᠶᠠᠷᠤᠯᠲᠠ ᠶᠢᠨ ᠲᠣᠭᠲᠠᠭᠠᠯ︾ ︵ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠵᠠᠷᠯᠢᠭ 2020 ᠣᠨ ᠤ 17 |
ᠳ᠋ᠤᠭᠠᠷ ᠲᠣᠭᠠᠲᠤ︶ ᠤᠨ ᠠᠷᠪᠠᠨ ᠨᠢᠭᠡᠳᠦᠭᠡᠷ ᠵᠦᠶᠯ ᠤᠨ ᠲᠣᠭᠲᠠᠭᠠᠯ ᠢ ᠦᠨᠳᠦᠰᠦᠯᠡᠪᠡᠯ᠄ ᠵᠠᠰᠠᠮᠠᠯ ᠵᠠᠮ ᠤᠨ |
ᠠᠶᠠᠨᠴᠢᠳ ᠤᠨ ᠵᠥᠭᠡᠭᠡᠪᠦᠷᠢ ᠡᠵᠡᠩᠨᠡᠬᠦ ᠪᠠᠷ ᠭᠤᠶᠤᠴᠢᠯᠠᠬᠤ ᠳᠤ ᠳᠣᠤᠷᠠᠬᠢ ᠨᠥᠬᠦᠴᠡᠯ ᠢ ᠪᠦᠷᠢᠯᠳᠦᠭᠦᠯᠬᠦ ᠬᠡᠷᠡᠭᠲᠡᠶ᠄ |
︵ᠨᠢᠭᠡ︶ ᠲᠡᠭᠦᠨ ᠤ ᠡᠵᠡᠩᠨᠡᠬᠦ ᠲᠤᠬᠠᠶᠢᠯᠠᠭᠰᠠᠨ ᠠᠵᠢᠯ ᠲᠠᠢ ᠪᠠᠨ ᠵᠣᠬᠢᠴᠠᠭᠰᠠᠨ ᠪᠥᠭᠡᠳ ᠪᠠᠶᠢᠴᠠᠭᠠᠨ ᠬᠡᠮᠵᠢᠭᠡᠳ |
ᠬᠢᠷᠢ ᠲᠡᠩᠴᠡᠭᠰᠡᠨ ᠠᠶᠠᠨᠴᠢᠳ ᠤᠨ ᠮᠠᠰᠢᠨ ᠲᠡᠷᠭᠡ ᠲᠠᠢ ᠪᠠᠶᠢᠬᠤ ᠬᠡᠷᠡᠭᠲᠡᠶ᠄ 1. ᠠᠶᠠᠨᠴᠢᠳ ᠤᠨ ᠮᠠᠰᠢᠨ ᠲᠡᠷᠭᠡ |
ᠶᠢᠨ ᠮᠡᠷᠭᠡᠵᠢᠯ ᠤᠨ ᠱᠠᠭᠠᠷᠳᠠᠯᠭ᠎ᠠ ᠨᠢ ︽ᠵᠠᠮ ᠲᠡᠭᠡᠭᠡᠪᠦᠷᠢ ᠶᠢᠨ ᠲᠡᠷᠭᠡ ᠬᠥᠰᠬᠡ ᠶᠢᠨ ᠮᠡᠷᠭᠡᠵᠢᠯ ᠤᠨ ᠬᠠᠮᠢᠶᠠᠷᠤᠯᠲᠠ |
ᠶᠢᠨ ᠲᠣᠭᠲᠠᠭᠠᠯ︾ ᠤᠨ ᠬᠤᠯᠪᠣᠭᠳᠠᠯ ᠪᠥᠬᠦᠶ ᠲᠣᠭᠲᠠᠭᠠᠯ ᠳᠤ ᠨᠡᠶᠢᠴᠡᠭᠰᠡᠨ ᠪᠠᠶᠢᠬᠤ ᠬᠡᠷᠡᠭᠲᠡᠶ᠃ 2. |
ᠠᠶᠠᠨᠴᠢᠳ ᠤᠨ ᠮᠠᠰᠢᠨ ᠲᠡᠷᠭᠡ ᠶᠢᠨ ᠳᠦᠷᠦᠯ ᠬᠡᠯᠪᠡᠷᠢ ᠳᠡᠰ ᠤᠨ ᠱᠠᠭᠠᠷᠳᠠᠯᠭ᠎ᠠ᠄ ᠨᠢᠭᠡᠳᠦᠭᠡᠷ ᠳᠦᠷᠦᠯ᠂ |
ᠬᠤᠶᠠᠳᠤᠭᠠᠷ ᠳᠦᠷᠦᠯ ᠤᠨ ᠠᠶᠠᠨᠴᠢᠳ ᠤᠨ ᠵᠥᠭᠡᠭᠡᠪᠦᠷᠢ ᠶᠢᠨ ᠡᠭᠡᠯᠵᠢ ᠶᠢᠨ ᠱᠤᠭᠤᠮ ᠪᠠ ᠲᠡᠷᠭᠡ ᠳᠠᠭᠠᠭᠠᠴᠢᠯᠠᠭᠰᠠᠨ |
ᠠᠶᠠᠨᠴᠢᠳ ᠤᠨ ᠮᠠᠰᠢᠨ ᠲᠡᠷᠭᠡ ᠶᠢᠨ ᠳᠦᠷᠦᠯ ᠬᠡᠯᠪᠡᠷᠢ ᠳᠡᠰ ᠨᠢ ᠳᠤᠮᠳᠠ ᠵᠡᠷᠭᠡ ᠠᠴᠠ ᠳᠡᠭᠡᠭᠰᠢ ᠬᠦᠷᠦᠭᠰᠡᠨ |
ᠪᠠᠶᠢᠬᠤ ᠬᠡᠷᠡᠭᠲᠡᠢ᠃ 3. ᠠᠶᠠᠨᠴᠢᠳ ᠤᠨ ᠮᠠᠰᠢᠨ ᠲᠡᠷᠭᠡᠨ ᠤ ᠲᠤᠭ᠎ᠠ ᠬᠡᠮᠵᠢᠶ᠎ᠡ ᠶᠢᠨ ᠱᠠᠭᠠᠷᠳᠠᠯᠭ᠎ᠠ᠄ ︵1︶ |
ᠨᠢᠭᠡᠳᠦᠭᠡᠷ ᠲᠥᠷᠥᠯ ᠤᠨ ᠠᠶᠠᠨᠴᠢᠳ ᠤᠨ ᠵᠥᠭᠡᠭᠡᠪᠦᠷᠢ ᠶᠢᠨ ᠡᠭᠡᠯᠵᠢ ᠶᠢᠨ ᠱᠤᠭᠤᠮ ᠢ ᠡᠵᠡᠩᠨᠡᠬᠦ ᠠᠶᠠᠨᠴᠢᠳ ᠤᠨ |
ᠵᠥᠭᠡᠭᠡᠪᠦᠷᠢ ᠶᠢᠨ ᠡᠵᠡᠩᠨᠡᠭᠴᠢ ᠥᠪᠡᠷ ᠲᠤ ᠪᠠᠨ ᠡᠵᠡᠩᠨᠡᠯᠲᠡ ᠶᠢᠨ ᠠᠶᠠᠨᠴᠢᠳ ᠤᠨ ᠮᠠᠰᠢᠨ ᠲᠡᠷᠭᠡ 100 ᠲᠡᠷᠭᠡ |
ᠠᠴᠠ ᠳᠡᠭᠡᠭᠰᠢ ᠪᠠᠶᠢᠵᠤ᠂ ᠡᠭᠦᠨ ᠳᠤ ᠳᠡᠭᠡᠳᠦ ᠵᠡᠷᠭᠡ ᠶᠢᠨ ᠠᠶᠠᠨᠴᠢᠳ ᠤᠨ ᠮᠠᠰᠢᠨ ᠲᠡᠷᠭᠡ 30 ᠠᠴᠠ ᠳᠡᠭᠡᠭᠰᠢ |
ᠪᠠᠶᠢᠬᠤ ᠬᠡᠷᠡᠭᠲᠡᠶ︔ ᠡᠰᠡᠬᠦᠯ᠎ᠡ ᠥᠪᠡᠷ ᠲᠤ ᠪᠠᠨ ᠳᠡᠭᠡᠳᠤ ᠵᠡᠷᠭᠡ ᠶᠢᠨ ᠡᠵᠡᠩᠨᠡᠯᠲᠡ ᠶᠢᠨ ᠠᠶᠠᠨᠴᠢᠳ ᠤᠨ ᠮᠠᠰᠢᠨ |
ᠲᠡᠷᠭᠡ 40 ᠠᠴᠠ ᠳᠡᠭᠡᠭᠰᠢ ᠪᠠᠶᠢᠬᠤ ᠬᠡᠷᠡᠭᠲᠡᠶ︔ ︵2︶ ᠬᠤᠶᠠᠳᠤᠭᠠᠷ ᠲᠥᠷᠥᠯ ᠤᠨ ᠠᠶᠠᠨᠴᠢᠳ ᠤᠨ |
ᠵᠥᠭᠡᠭᠡᠪᠦᠷᠢ ᠶᠢᠨ ᠡᠭᠡᠯᠵᠢ ᠶᠢᠨ ᠱᠤᠭᠤᠮ ᠢ ᠡᠵᠡᠩᠨᠡᠬᠦ ᠠᠶᠠᠨᠴᠢᠳ ᠤᠨ ᠵᠥᠭᠡᠭᠡᠪᠦᠷᠢ ᠶᠢᠨ ᠡᠵᠡᠩᠨᠡᠭᠴᠢ |
ᠡᠵᠡᠩᠨᠡᠯᠲᠡ ᠶᠢᠨ ᠠᠶᠠᠨᠴᠢᠳ ᠤᠨ ᠮᠠᠰᠢᠨ ᠲᠡᠷᠭᠡ 50 ᠠᠴᠠ ᠳᠡᠭᠡᠭᠰᠢ ᠪᠠᠶᠢᠵᠤ᠂ ᠡᠭᠦᠨ ᠳᠤ ᠳᠤᠮᠳᠠ ᠳᠡᠭᠡᠳᠦ |
ᠵᠡᠷᠭᠡ ᠶᠢᠨ ᠠᠶᠠᠨᠴᠢᠳ ᠤᠨ ᠮᠠᠰᠢᠨ ᠲᠡᠷᠭᠡ 15 ᠠᠴᠠ ᠳᠡᠭᠡᠭᠰᠢ ᠪᠠᠶᠢᠬᠤ ᠬᠡᠷᠡᠭᠲᠡᠶ︔ ᠡᠰᠡᠬᠦᠯ᠎ᠡ ᠥᠪᠡᠷ ᠲᠤ ᠪᠠᠨ |
ᠳᠡᠭᠡᠳᠤ ᠵᠡᠷᠭᠡ ᠶᠢᠨ ᠡᠵᠡᠩᠨᠡᠯᠲᠡ ᠶᠢᠨ ᠠᠶᠠᠨᠴᠢᠳ ᠤᠨ ᠮᠠᠰᠢᠨ ᠲᠡᠷᠭᠡ 20 ᠠᠴᠠ ᠳᠡᠭᠡᠭᠰᠢ ᠪᠠᠶᠢᠬᠤ ᠬᠡᠷᠡᠭᠲᠡᠶ︔ |
︵3︶ ᠭᠤᠷᠪᠠᠳᠤᠭᠠᠷ ᠲᠥᠷᠥᠯ ᠤᠨ ᠠᠶᠠᠨᠴᠢᠳ ᠤᠨ ᠵᠥᠭᠡᠭᠡᠪᠦᠷᠢ ᠶᠢᠨ ᠡᠭᠡᠯᠵᠢ ᠶᠢᠨ ᠱᠤᠭᠤᠮ ᠢ ᠡᠵᠡᠩᠨᠡᠬᠦ |
ᠠᠶᠠᠨᠴᠢᠳ ᠤᠨ ᠵᠥᠭᠡᠭᠡᠪᠦᠷᠢ ᠶᠢᠨ ᠡᠵᠡᠩᠨᠡᠭᠴᠢ ᠥᠪᠡᠷ ᠲᠤ ᠪᠠᠨ ᠡᠵᠡᠩᠨᠡᠯᠲᠡ ᠶᠢᠨ ᠠᠶᠠᠨᠴᠢᠳ ᠤᠨ ᠮᠠᠰᠢᠨ ᠲᠡᠷᠭᠡ |
10 ᠠᠴᠠ ᠳᠡᠭᠡᠭᠰᠢ ᠪᠠᠶᠢᠬᠤ ᠬᠡᠷᠡᠭᠲᠡᠶ︔ ︵4︶ ᠳᠥᠷᠪᠡᠳᠦᠭᠡᠷ ᠲᠥᠷᠥᠯ ᠤᠨ ᠠᠶᠠᠨᠴᠢᠳ ᠤᠨ ᠵᠥᠭᠡᠭᠡᠪᠦᠷᠢ ᠶᠢᠨ |
ᠡᠭᠡᠯᠵᠢ ᠶᠢᠨ ᠱᠤᠭᠤᠮ ᠡᠵᠡᠩᠨᠡᠬᠦ ᠠᠶᠠᠨᠴᠢᠳ ᠤᠨ ᠵᠥᠭᠡᠭᠡᠪᠦᠷᠢ ᠡᠵᠡᠩᠨᠡᠭᠴᠢ ᠥᠪᠡᠷ ᠲᠤ ᠪᠠᠨ ᠡᠵᠡᠩᠨᠡᠯᠲᠡ ᠶᠢᠨ |
ᠠᠶᠠᠨᠴᠢᠳ ᠤᠨ ᠮᠠᠰᠢᠨ ᠲᠡᠷᠭᠡ 1 ᠠᠴᠠ ᠳᠡᠭᠡᠭᠰᠢ ᠪᠠᠶᠢᠬᠤ ᠬᠡᠷᠡᠭᠲᠡᠶ︔ ︵5︶ ᠮᠤᠵᠢ ᠶᠢᠨ ᠬᠤᠭᠤᠷᠣᠨᠳᠣ ᠲᠡᠷᠭᠡ |
ᠳᠠᠭᠠᠭᠠᠴᠢᠯᠠᠭᠰᠠᠨ ᠠᠶᠠᠨᠴᠢᠳ ᠤᠨ ᠵᠥᠭᠡᠭᠡᠪᠦᠷᠢ ᠡᠵᠡᠩᠨᠡᠬᠦ ᠡᠵᠡᠩᠨᠡᠭᠴᠢ ᠳᠤᠮᠳᠠ ᠳᠡᠭᠡᠳᠦ ᠲᠠᠰ ᠤᠨ ᠠᠶᠠᠨᠴᠢᠳ ᠤᠨ |
ᠮᠠᠰᠢᠨ ᠲᠡᠷᠭᠡ 20 ᠠᠴᠠ ᠳᠡᠭᠡᠭᠰᠢ ᠪᠠᠶᠢᠬᠤ ᠬᠡᠷᠡᠭᠲᠡᠶ︔ ︵6︶ ᠮᠤᠵᠢ ᠶᠢᠨ ᠳᠣᠲᠣᠷᠠᠬᠢ ᠲᠡᠷᠭᠡ |
ᠳᠠᠭᠠᠭᠠᠴᠢᠯᠠᠭᠰᠠᠨ ᠠᠶᠠᠨᠴᠢᠳ ᠤᠨ ᠵᠥᠭᠡᠭᠡᠪᠦᠷᠢ ᠡᠵᠡᠩᠨᠡᠬᠦ ᠡᠵᠡᠩᠨᠡᠭᠴᠢ ᠥᠪᠡᠷ ᠲᠤ ᠪᠠᠨ ᠡᠵᠡᠩᠨᠡᠯᠲᠡ ᠶᠢᠨ |
ᠠᠶᠠᠨᠴᠢᠳ ᠤᠨ ᠮᠠᠰᠢᠨ ᠲᠡᠷᠭᠡ 10 ᠠᠴᠠ ᠳᠡᠭᠡᠭᠰᠢ ᠪᠠᠶᠢᠬᠤ ᠬᠡᠷᠡᠭᠲᠡᠢ᠃ ︵ᠬᠤᠶᠠᠷ︶ ᠠᠶᠠᠨᠴᠢᠳ ᠤᠨ |
ᠵᠥᠭᠡᠭᠡᠪᠦᠷᠢ ᠡᠵᠡᠩᠨᠡᠬᠦ ᠵᠢᠯᠣᠭᠤᠴᠢ ᠨᠢ ︽ᠵᠠᠮ ᠲᠡᠭᠡᠭᠡᠪᠦᠷᠢ ᠶᠢᠨ ᠠᠵᠢᠯ ᠡᠷᠭᠢᠯᠡᠭᠰᠡᠳ ᠤᠨ ᠬᠠᠮᠢᠶᠠᠷᠤᠯᠲᠠ ᠶᠢᠨ |
ᠲᠣᠭᠲᠠᠭᠠᠯ︾ ᠤᠨ ᠬᠤᠯᠪᠣᠭᠳᠠᠯ ᠪᠦᠬᠦᠢ ᠲᠣᠭᠲᠠᠭᠠᠯ ᠳᠤ ᠨᠡᠶᠢᠴᠡᠭᠰᠡᠨ ᠪᠠᠶᠢᠬᠤ ᠬᠡᠷᠡᠭᠲᠡᠶ᠃ ︵ᠭᠤᠷᠪᠠ︶ |
ᠠᠶᠤᠯᠭᠦᠢ ᠦᠢᠯᠡᠳᠪᠦᠷᠢᠯᠡᠯ ᠤᠨ ᠪᠦᠷᠢᠨ ᠲᠡᠭᠦᠯᠳᠡᠷ ᠬᠠᠮᠢᠶᠠᠷᠤᠯᠲᠠ ᠶᠢᠨ ᠲᠥᠷᠢᠮ ᠲᠠᠢ ᠪᠠᠶᠢᠬᠤ᠂ ᠡᠭᠦᠨ ᠳᠤ |
ᠠᠶᠤᠯᠭᠦᠢ ᠦᠢᠯᠡᠳᠪᠦᠷᠢᠯᠡᠯ ᠤᠨ ᠠᠵᠢᠯᠯᠠᠬᠤ ᠲᠥᠷᠢᠮ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ |
ᠲᠥᠷᠢᠮ᠂ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠪᠠᠶᠢᠴᠠᠭᠠᠯᠲᠠ᠂ ᠵᠢᠯᠣᠭᠤᠴᠢ ᠪᠠ ᠲᠡᠷᠭᠡ ᠬᠥᠰᠬᠡ ᠶᠢᠨ |
ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠲᠥᠷᠢᠮ ᠪᠠᠭᠲᠠᠨ᠎ᠠ᠃ ᠵᠠᠰᠠᠮᠠᠯ ᠵᠠᠮ ᠤᠨ ᠠᠶᠠᠨᠴᠢᠳ ᠤᠨ |
ᠵᠥᠭᠡᠭᠡᠪᠦᠷᠢ ᠶᠢᠨ ᠡᠭᠡᠯᠵᠢ ᠶᠢᠨ ᠱᠤᠭᠤᠮ ᠡᠵᠡᠩᠨᠡᠬᠦ ᠪᠠᠷ ᠭᠤᠶᠤᠴᠢᠯᠠᠬᠤ ᠳᠤ᠂ ᠪᠠᠰᠠ ᠲᠣᠳᠣᠷᠬᠠᠶ ᠵᠠᠮ ᠱᠤᠭᠤᠮ |
ᠪᠣᠯᠤᠨ ᠥᠷᠲᠡᠭᠡ ᠴᠡᠭ ᠤᠨ ᠲᠥᠰᠦᠯ ᠲᠠᠢ ᠪᠠᠶᠢᠬᠤ ᠬᠡᠷᠡᠭᠲᠡᠶ᠃ |