| 3 ᠳ᠋ᠤᠭᠠᠷ ᠰᠠᠷ᠎ᠠ ᠶᠢᠨ 13 ᠤ ᠡᠳᠦᠷ ᠤᠨ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠵᠠᠮ |
ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠺᠠᠳ᠋ᠷᠴᠤᠳ ᠤᠨ ᠶᠡᠭᠡ ᠬᠤᠷᠠᠯ ᠬᠤᠷᠠᠯᠳᠤᠭᠤᠯᠵᠤ᠂ ᠪᠥᠬᠦ ᠤᠯᠤᠰ ᠤᠨ |
ᠬᠤᠶᠠᠷ ᠬᠤᠷᠠᠯ ᠤᠨ ᠵᠣᠷᠢᠭ ᠰᠠᠨᠠᠭ᠎ᠠ ᠵᠢᠴᠢ ᠥᠪᠡᠷᠲᠡᠭᠡᠨ ᠵᠠᠰᠠᠬᠤ ᠣᠷᠣᠨ ᠤ ᠺᠠᠳ᠋ᠷᠴᠤᠳ ᠤᠨ ᠶᠡᠭᠡ ᠬᠤᠷᠠᠯ ᠤᠨ |
ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ |
ᠲᠣᠬᠢᠷᠠᠭᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ |
ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠭᠤᠤ ᠱᠢ ᠴᠢᠨ ᠬᠤᠷᠠᠯ ᠢ |
ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃ ᠪᠥᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ |
ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠤᠤᠯ ᠤᠨ ᠨᠢᠭᠡᠳᠦᠭᠡᠷ ᠳᠡᠰ ᠤᠨ ᠲᠣᠭᠤᠷᠢᠨ ᠪᠠᠶᠢᠴᠠᠭᠠᠭᠴᠢ |
ᠯᠢ ᠰᠢ ᠭᠡᠰᠢᠭᠦᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠪᠠ᠃ |
|
|
|
ᠭᠤᠤ ᠱᠢ ᠴᠢᠨ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠶᠡᠷᠦᠩᠬᠡᠢ ᠱᠦᠵᠢ ᠰᠢ ᠶᠢᠨ ᠫᠢᠩ ᠤᠨ |
ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠲᠠᠢ |
ᠦᠨᠡᠨ ᠬᠦ ᠨᠢᠭᠡᠳᠬᠡᠵᠦ᠂ ᠵᠠᠮ ᠬᠠᠷᠢᠯᠴᠠᠭᠠᠨ ᠤ ᠪᠣᠳᠠᠲᠤ ᠪᠠᠶᠢᠳᠠᠯ ᠲᠠᠢ ᠨᠢᠭᠲᠠ ᠤᠶᠠᠯᠳᠤᠭᠤᠯᠤᠨ ᠰᠤᠷᠤᠯᠴᠠᠨ |
ᠲᠤᠭᠤᠰᠢᠯᠠᠭᠤᠯᠬᠤ ᠶᠢ ᠰᠠᠶᠢᠲᠤᠷ ᠠᠳᠬᠤᠬᠤ ᠬᠡᠷᠡᠭᠲᠡᠢ︔ ᠬᠤᠷᠸ᠎ᠠ ᠲᠦᠷᠦ ᠶᠢᠨ ᠪᠤᠳᠤᠯᠭ᠎ᠠ ᠶᠢᠨ ᠠᠵᠠ ᠲᠣᠬᠢᠶᠠᠯ |
ᠢ ᠠᠮᠵᠢᠵᠤ᠂ ᠵᠠᠮ ᠬᠠᠷᠢᠯᠴᠠᠭᠠᠨ ᠤ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠵᠦ᠂ |
ᠣᠷᠣᠨ ᠪᠦᠰᠡ ᠶᠢᠨ ᠬᠠᠮᠲᠤᠷᠠᠯᠴᠠᠭᠠᠨ ᠤ ᠠᠵᠢᠯᠯᠠᠭ᠎ᠠ ᠶᠢ ᠭᠦᠨᠵᠡᠭᠡᠶᠢᠷᠡᠭᠦᠯᠵᠦ᠂ ᠪᠣᠬᠢᠷᠲᠤᠯ ᠦᠭᠡᠢ ᠳᠣᠣᠷ᠎ᠠ |
ᠨᠡᠭᠦᠷᠡᠰᠦᠲᠥ᠋ᠷᠥᠭᠴᠢᠲᠦ ᠬᠡᠯᠪᠡᠷᠢ ᠲᠡᠶᠢᠰᠢ ᠬᠤᠪᠢᠷᠠᠭᠤᠯᠬᠤ ᠶᠢ ᠠᠬᠢᠭᠤᠯᠵᠤ᠂ ᠤᠯᠠᠨ ᠲᠦᠮᠡᠨ ᠳᠤ ᠦᠢᠯᠡᠴᠢᠯᠡᠬᠦ |
ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠢ︔ ᠲᠠᠩᠰᠠ ᠲᠤᠰᠢᠶᠠᠬᠤ᠂ ᠬᠠᠭᠤᠳᠠᠰᠤ ᠲᠤᠰᠢᠶᠠᠬᠤ᠂ ᠦᠷ᠎ᠡ ᠪᠦᠲᠦᠭᠡᠯ |
ᠤᠨ ᠤᠬᠠᠮᠰᠠᠷ ᠢ ᠪᠣᠶ ᠪᠣᠯᠭᠠᠵᠤ᠂ ᠳᠠᠷᠤᠶᠢᠬᠠᠨ ᠬᠥᠳᠡᠯᠦᠯᠴᠡᠵᠦ᠂ ᠡᠯ᠎ᠡ ᠵᠦᠶᠯ ᠤᠨ ᠡᠭᠦᠷᠭᠡ ᠶᠢ ᠪᠣᠳᠠᠲᠠᠶ ᠳᠤ |
ᠨᠠᠶᠢᠳᠠᠪᠤᠷᠢᠵᠢᠭᠤᠯᠬᠤ ᠶᠢ ᠱᠠᠯᠠᠪᠳᠠᠨ ᠠᠬᠢᠭᠤᠯᠬᠤ ᠬᠡᠷᠡᠭᠲᠡᠶ︔ ᠥᠭᠡᠷᠡᠴᠢᠯᠡᠯᠲᠡ ᠶᠢᠨ ᠰᠡᠳᠬᠢᠬᠦᠢ᠂ ᠰᠢᠨ᠎ᠡ ᠶᠢ |
ᠡᠭᠦᠳᠬᠦ ᠵᠣᠷᠢᠭ ᠰᠠᠨᠠᠭ᠎ᠠ᠂ ᠰᠢᠨᠵᠢᠯᠡᠬᠦ ᠤᠬᠠᠭᠠᠨᠴᠢ ᠠᠷᠭ᠎ᠠ ᠪᠠᠷ ᠪᠠᠶᠢᠭᠤᠯᠤᠯ ᠲᠣᠭᠲᠠᠴᠠ ᠶᠢ ᠰᠢᠯᠤᠭᠤᠳᠬᠠᠵᠤ᠂ |
ᠤᠳᠠᠭᠠᠨ ᠪᠦᠳᠦᠭᠦᠯᠢᠭ ᠬᠡᠶᠢᠰᠪᠦᠷᠢ ᠠᠰᠠᠭᠤᠳᠠᠯ ᠢ ᠢᠯᠠᠨ ᠳᠠᠪᠠᠵᠤ᠂ ᠠᠵᠢᠯ ᠤᠨ ᠶᠠᠰᠤ ᠴᠢᠨᠠᠷ ᠦᠷ᠎ᠡ ᠪᠦᠲᠦᠮᠵᠢ |
ᠶᠢ ᠳᠡᠭᠡᠭᠰᠢᠯᠡᠭᠦᠯᠬᠦ ᠬᠡᠷᠡᠭᠲᠡᠢ︔ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠦᠨᠡᠨ |
ᠬᠦ ᠠᠳᠬᠤᠨ ᠪᠣᠳᠠᠲᠠᠶ ᠠᠵᠢᠯᠯᠠᠵᠤ᠂ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠵᠦ᠂ ᠤᠯᠤᠰ ᠲᠥᠷᠥ ᠶᠢᠨ |
ᠵᠥᠪᠯᠡᠯᠭᠡᠨ ᠤ ᠭᠡᠰᠢᠭᠦᠨ ᠤ ᠠᠵᠢᠯ ᠢ ᠢᠳᠡᠪᠬᠢᠲᠡᠶ ᠳᠡᠮᠵᠢᠵᠦ᠂ ᠠᠵᠢᠯ ᠲᠥᠷᠥᠯ ᠤᠨ ᠤᠯᠤᠰ ᠲᠥᠷᠥ ᠶᠢᠨ |
ᠵᠥᠪᠯᠡᠯᠭᠡᠨ ᠤ ᠭᠡᠰᠢᠭᠦᠨ ᠤ ᠳᠠᠪᠠᠭᠤᠯᠢᠭ ᠢ ᠰᠠᠶᠢᠲᠤᠷ ᠠᠰᠢᠭᠯᠠᠵᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠴᠢᠨᠠᠷ |
ᠰᠠᠶᠢᠲᠠᠶ ᠬᠥᠭᠵᠢᠯᠲᠡ ᠶᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ |
ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠪᠢᠴᠢᠭᠯᠡᠬᠦ |
ᠳᠤ ᠵᠠᠮ ᠬᠠᠷᠢᠯᠴᠠᠭᠠᠨ ᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠶ ᠭᠡᠵᠦ ᠴᠢᠬᠤᠯᠠᠴᠢᠯᠠᠪᠠ᠃ |
ᠯᠢ ᠰᠢ ᠭᠡᠰᠢᠭᠦᠨ ᠬᠤᠷᠠᠯ ᠳᠤ ᠣᠷᠣᠯᠴᠠᠭᠰᠠᠨ ᠪᠠᠶᠢᠳᠠᠯ ᠪᠣᠯᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠪᠣᠳᠠᠲᠤ |
ᠪᠠᠶᠢᠳᠠᠯ ᠲᠠᠢ ᠪᠠᠨ ᠤᠶᠠᠯᠳᠤᠭᠤᠯᠤᠨ᠂ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠳᠤ |
ᠪᠠᠶᠢᠷᠢᠯᠠᠭᠤᠯᠤᠭᠰᠠᠨ ᠬᠡᠷᠡᠭᠯᠡᠭᠡ ᠶᠢ ᠶᠡᠭᠡ ᠪᠠᠷ ᠬᠥᠭᠵᠢᠭᠡᠬᠦ᠂ ᠪᠠᠯᠠ ᠣᠷᠣᠭᠤᠯᠤᠯᠲᠠ ᠶᠢᠨ ᠦᠷ᠎ᠡ ᠠᠰᠢᠭ ᠢ |
ᠳᠡᠭᠡᠭᠰᠢᠯᠡᠭᠦᠯᠬᠦ᠂ ᠣᠷᠣᠨ ᠪᠦᠰᠡ ᠶᠢᠨ ᠵᠣᠬᠢᠴᠠᠩᠭᠤᠶ ᠬᠥᠭᠵᠢᠯᠲᠡ ᠶᠢ ᠠᠬᠢᠭᠤᠯᠬᠤ᠂ ᠪᠥᠬᠦ ᠨᠡᠶᠢᠭᠡᠮ ᠤᠨ ᠪᠠᠷᠠᠭᠠᠨ |
ᠤ ᠭᠦᠶᠯᠭᠡᠭᠡ ᠶᠢᠨ ᠥᠪᠡᠷ ᠤᠨ ᠥᠷᠲᠡᠭ ᠢ ᠪᠠᠭᠤᠷᠠᠭᠤᠯᠬᠤ ᠵᠡᠷᠭᠡ ᠭᠤᠤᠯᠳᠠᠯᠭ᠎ᠠ ᠲᠠᠢ ᠡᠭᠦᠷᠭᠡ ᠶᠢᠨ ᠲᠣᠭᠤᠷᠢᠨ ᠳᠤ |
ᠰᠠᠨᠠᠯ ᠢᠶᠠᠨ ᠰᠣᠯᠢᠯᠴᠠᠵᠤ᠂ ᠣᠯᠠᠨ ᠢᠶᠠᠷ ᠢᠶᠠᠨ ᠢᠲᠡᠭᠡᠯ ᠵᠣᠷᠢᠭ ᠢᠶᠠᠨ ᠬᠥᠪᠴᠢᠯᠡᠵᠦ᠂ ︽ᠠᠷᠪᠠᠨ ᠳᠥᠷᠪᠡᠳᠦᠭᠡᠷ |
ᠲᠠᠪᠤᠨ ᠵᠢᠯ︾ ᠤᠨ ᠲᠥᠯᠥᠪᠵᠢᠭᠦᠯᠭᠡ ᠶᠢᠨ ᠰᠡᠭᠦᠯ ᠬᠤᠷᠢᠶᠠᠬᠤ᠂ ︽ᠠᠷᠪᠠᠨ ᠲᠠᠪᠤᠳᠤᠭᠠᠷ ᠲᠠᠪᠤᠨ ᠵᠢᠯ︾ ᠤᠨ |
ᠲᠥᠯᠥᠪᠵᠢᠭᠦᠯᠭᠡ ᠶᠢᠨ ᠲᠣᠭᠤᠷᠪᠢᠬᠤ ᠵᠠᠩᠭᠢᠯᠠᠭ᠎ᠠ ᠶᠢᠨ ᠭᠤᠭᠴᠤᠭ᠎ᠠ ᠶᠢ ᠰᠠᠶᠢᠲᠤᠷ ᠡᠵᠡᠮᠳᠡᠵᠦ᠂ ᠲᠦᠷᠢᠮ᠂ ᠲᠥᠷᠥ |
ᠶᠢᠨ ᠪᠣᠳᠣᠯᠭ᠎ᠠ᠂ ᠵᠠᠬ᠎ᠠ ᠳᠡᠯᠭᠡᠭᠦᠷ᠂ ᠦᠶᠯᠡᠳᠪᠦᠷᠢᠯᠡᠯ ᠤᠨ ᠴᠢᠳᠠᠪᠤᠷᠢ ᠵᠡᠷᠭᠡ ᠳᠠᠪᠠᠭᠤᠯᠢᠭ ᠢᠶᠠᠨ ᠰᠠᠶᠢᠲᠤᠷ |
ᠠᠰᠢᠭᠯᠠᠵᠤ᠂ ᠰᠠᠭᠤᠷᠢ ᠠᠵᠢᠯ ᠢᠶᠠᠨ ᠪᠣᠳᠠᠲᠠᠶᠢᠵᠢᠭᠤᠯᠵᠤ᠂ ᠵᠠᠮ ᠬᠠᠷᠢᠯᠴᠠᠭ᠎ᠠ ᠶᠢ ᠤᠷᠢᠳ ᠢᠶᠠᠷ ᠶᠠᠪᠤᠭᠳᠠᠭᠤᠯᠵᠤ |
ᠬᠥᠲᠥᠯᠥᠨ ᠳᠠᠭᠠᠭᠤᠯᠬᠤ ᠦᠶᠯᠡᠳᠦᠯ ᠢᠶᠠᠨ ᠪᠠᠳᠠᠷᠠᠭᠤᠯᠬᠤ ᠶᠢ ᠬᠦᠰᠡᠪᠡ᠃ |
ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠲᠢᠩᠬᠢᠮ ᠳᠤ ᠰᠠᠭᠤᠭ᠎ᠠ ᠰᠠᠬᠢᠯᠭ᠎ᠠ ᠪᠠᠲᠤ |
ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠲᠢᠶᠠᠨ ᠶᠠ ᠯᠢ᠂ ᠬᠤᠶᠠᠳᠤᠭᠠᠷ ᠳᠡᠰ ᠤᠨ |
ᠲᠣᠭᠤᠷᠢᠨ ᠪᠠᠶᠢᠴᠠᠭᠠᠭᠴᠢ ᠵᠠᠩ ᠸᠧᠢ ᠬᠤᠷᠠᠯ ᠳᠤ ᠣᠷᠣᠯᠴᠠᠪᠠ᠃ ᠲᠢᠩᠬᠢᠮ ᠤᠨ ᠰᠢᠭᠤᠳ ᠬᠠᠷᠢᠶ᠎ᠠ ᠡᠯ᠎ᠡ ᠨᠢᠭᠡᠴᠢ᠂ |
ᠲᠢᠩᠬᠢᠮ ᠤᠨ ᠪᠠᠶᠢᠭᠤᠯᠭ᠎ᠠ ᠶᠢᠨ ᠡᠯ᠎ᠡ ᠭᠠᠵᠠᠷ ᠲᠠᠰᠤᠭ ᠤᠨ ᠳᠡᠳ᠋ ᠭᠠᠵᠠᠷ ᠤᠨ ᠲᠠᠰ ᠠᠴᠠ ᠳᠡᠭᠡᠭᠰᠢᠬᠢ ᠺᠠᠳ᠋ᠷᠴᠤᠳ |
ᠬᠤᠷᠠᠯ ᠳᠤ ᠣᠷᠣᠯᠴᠠᠵᠠᠶ᠃ |
ᠡᠬᠡ ᠪᠢᠴᠢᠭ᠄ ᠲᠢᠩᠬᠢᠮ ᠤᠨ ᠲᠥᠷᠥ ᠶᠢᠨ ᠪᠣᠳᠣᠯᠭ᠎ᠠ ᠰᠤᠳᠤᠯᠬᠤ ᠲᠠᠰᠤᠭ |