| ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠵᠦ᠂ ᠨᠠᠮ ᠤᠨ |
ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢ ᠭᠦᠨᠵᠡᠭᠡᠶ ᠠᠬᠢᠭᠤᠯᠬᠤ ᠶᠢᠨ ᠲᠥᠯᠥᠭᠡ᠂ ︽ᠥᠪᠡᠷᠲᠡᠭᠡᠨ ᠵᠠᠰᠠᠬᠤ |
ᠣᠷᠣᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠴᠢᠩᠭᠠᠳᠬᠠᠬᠤ |
︿ᠵᠢᠷᠭᠤᠭᠠᠨ ᠨᠢᠭᠡ﹀ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ︾ ᠤᠨ ᠱᠠᠭᠠᠷᠳᠠᠯᠭ᠎ᠠ ᠶᠣᠰᠣ ᠪᠠᠷ᠂ ᠨᠠᠮ ᠤᠨ |
ᠰᠤᠷᠲᠠᠯ ᠴᠢᠬᠡᠴᠢ ᠵᠠᠰᠠᠭ ᠤᠨ ᠤᠬᠠᠭᠤᠯᠭ᠎ᠠ ᠬᠥᠮᠦᠵᠢᠯ ᠤᠨ ᠰᠠᠷ᠎ᠠ ᠶᠢᠨ ᠠᠵᠢᠯᠯᠠᠭ᠎ᠠ ᠲᠠᠢ ᠤᠶᠠᠯᠳᠤᠭᠤᠯᠤᠨ᠂ 3 |
ᠳ᠋ᠤᠭᠠᠷ ᠰᠠᠷ᠎ᠠ ᠶᠢᠨ 14 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ |
ᠺᠠᠳ᠋ᠷ ᠠᠵᠢᠯᠲᠠᠨ ᠠᠵᠢᠯᠴᠢᠨ ᠢ ᠵᠣᠬᠢᠶᠠᠨ ᠪᠠᠶᠢᠭᠤᠯᠵᠤ ᠬᠥᠬᠡᠬᠤᠲᠠ ᠶᠢᠨ ᠭᠤᠷᠪᠠᠳᠤᠭᠠᠷ ᠭᠢᠨᠳᠠᠨ ᠳᠤ ᠬᠦᠷᠴᠦ |
ᠰᠡᠷᠡᠮᠵᠢᠯᠡᠭᠦᠯᠬᠦ ᠬᠥᠮᠦᠵᠢᠯ ᠥᠷᠨᠢᠭᠦᠯᠪᠡ᠃ |
|
|
|
ᠭᠢᠨᠳᠠᠨ ᠤ ᠺᠠᠳ᠋ᠷ ᠴᠠᠭᠳᠠᠭ᠎ᠠ ᠶᠢᠨ ᠲᠠᠭᠠᠭᠤᠯᠭ᠎ᠠ ᠳᠣᠣᠷ᠎ᠠ᠂ ᠺᠠᠳ᠋ᠷ ᠠᠵᠢᠯᠳᠠᠨ ᠠᠵᠢᠯᠴᠢᠨ ᠡᠷᠡᠭᠦᠦ ᠰᠢᠢᠳᠬᠡᠯ |
ᠭᠦᠢᠴᠡᠳᠬᠡᠵᠦ ᠪᠠᠶᠢᠭ᠎ᠠ ᠬᠥᠮᠦᠰ ᠤᠨ ᠦᠢᠯᠡᠳᠪᠦᠷᠢᠯᠡᠯ ᠠᠮᠢᠳᠤᠷᠠᠯ ᠪᠠ ᠰᠤᠷᠤᠯᠴᠠᠯᠭ᠎ᠠ ᠥᠭᠡᠷᠡᠴᠢᠯᠡᠯᠲᠡ ᠶᠢᠨ |
ᠪᠠᠶᠢᠳᠠᠯ ᠢ ᠲᠤᠬᠠᠢ ᠶᠢᠨ ᠭᠠᠵᠠᠷ ᠲᠤ ᠨᠢ ᠲᠣᠭᠤᠷᠢᠨ ᠦᠵᠡᠵᠦ ᠤᠢᠢᠯᠠᠭᠠᠨ᠂ ᠡᠷᠡᠭᠦᠦ ᠰᠢᠢᠳᠬᠡᠯ ᠭᠦᠢᠴᠡᠳᠬᠡᠵᠦ |
ᠪᠠᠶᠢᠭ᠎ᠠ ᠬᠥᠮᠦᠰ ᠤᠨ ︽ᠪᠡᠶ᠎ᠡ ᠪᠠᠷ ᠢᠶᠠᠨ ᠬᠠᠤᠯᠢ ᠶᠠᠷᠢᠬᠤ︾ ᠶᠢ ᠤᠢᠢᠷ᠎ᠠ ᠵᠠᠢ ᠠᠴᠠ ᠰᠣᠨᠣᠰᠴᠤ᠂ ᠲᠥᠪ ᠤᠨ |
ᠠᠵᠤ ᠠᠬᠤᠶᠢᠯᠠᠯ ᠤᠨ ᠨᠢᠭᠡᠨ ᠬᠠᠮᠢᠶᠠᠷᠤᠯᠲᠠ ᠶᠢᠨ ᠠᠵᠢᠯᠳᠠᠨ ᠭᠠᠷ ᠲᠠᠬᠢ ᠡᠷᠬᠡ ᠲᠤᠰᠢᠶᠠᠯ ᠢᠶᠠᠨ ᠠᠰᠢᠭᠯᠠᠨ᠂ |
ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠬᠠᠮᠢᠶᠠᠷᠤᠯᠲᠠ ᠶᠢᠨ ᠲᠣᠭᠲᠠᠭᠠᠯ ᠢ ᠵᠥᠷᠢᠴᠡᠵᠦ᠂ ᠡᠳ᠋ ᠤᠨ |
ᠵᠠᠰᠠᠭ ᠠᠵᠤ ᠠᠬᠤᠢ ᠶᠢᠨ ᠬᠠᠮᠢᠶᠠᠷᠤᠯᠲᠠ ᠶᠢᠨ ᠲᠦᠷᠢᠮ ᠢ ᠵᠥᠷᠢᠴᠡᠨ᠂ ᠱᠠᠯᠢᠨ ᠪᠦᠷᠢᠯᠭᠡᠬᠦ ᠠᠮᠢᠳᠤᠷᠠᠯ ᠢ |
ᠬᠥᠭᠡᠭᠡᠴᠡᠯᠳᠦᠵᠦ᠂ ᠢᠳᠡᠭ ᠢᠳᠡᠭ ᠢᠶᠠᠷ ᠢᠯᠵᠠᠷᠠᠨ ᠲᠤᠷᠦ᠋ᠢᠳᠠᠵᠤ᠂ ᠠᠯᠬᠤᠮ ᠠᠯᠬᠤᠮ ᠢᠶᠠᠷ ᠬᠠᠤᠯᠢ ᠶᠢ |
ᠵᠥᠷᠢᠴᠡᠵᠦ ᠶᠠᠯ᠎ᠠ ᠬᠢᠭᠰᠡᠨ ᠡᠲᠡᠭᠡᠳ ᠪᠣᠯᠤᠭᠰᠠᠨ ᠬᠠᠷᠠᠰᠠᠯᠳᠤ ᠰᠤᠷᠭᠠᠮᠵᠢ ᠶᠢ ᠶᠠᠷᠢᠵᠤ᠂ ᠪᠦᠬᠦ ᠺᠠᠳ᠋ᠷᠴᠤᠳ ᠲᠤ |
ᠵᠠᠰᠠᠭ ᠪᠠᠷᠢᠬᠤ ᠮᠣᠷᠠᠯ ᠰᠤᠷᠲᠠᠯ ᠢᠶᠠᠨ ᠪᠠᠶᠢᠩᠭᠤ ᠪᠣᠯᠪᠠᠰᠤᠷᠠᠭᠤᠯᠵᠤ᠂ ᠪᠡᠶ᠎ᠡ ᠪᠠᠨ ᠪᠠᠷᠢᠬᠤ ᠰᠡᠳᠬᠢᠯ ᠢ ᠦᠷᠭᠦᠯᠵᠢ |
ᠡᠪᠦᠷᠯᠡᠨ᠂ ᠬᠤᠪᠳᠤᠭ ᠰᠢᠨᠤᠬᠠᠢ ᠶᠢᠨ ᠬᠤᠣᠷ ᠬᠥᠨᠥᠭᠡᠯ ᠢ ᠦᠷᠭᠦᠯᠵᠢ ᠪᠣᠳᠣᠯᠬᠢᠯᠠᠵᠤ᠂ ᠴᠠᠭ ᠢᠮᠠᠭᠲᠠ ᠬᠡᠷᠡᠭ ᠢ |
ᠪᠠᠭ᠎ᠠ ᠳᠡᠭᠡᠷ᠎ᠡ ᠨᠢ ᠰᠡᠷᠭᠡᠶᠢᠯᠡᠵᠦ᠂ ᠰᠡᠷᠡᠮᠵᠢ ᠶᠢᠨ ᠬᠤᠩᠬᠤ ᠶᠢ ᠪᠠᠶᠢᠩᠭᠤ ᠳᠤᠤᠭᠠᠷᠭᠠᠬᠤ ᠶᠢ ᠰᠡᠷᠡᠮᠵᠢᠯᠡᠭᠦᠯᠪᠡ᠃ |
ᠤᠯᠠᠨ ᠢᠶᠠᠷ ᠢᠶᠠᠨ᠂ ᠡᠨᠡ ᠤᠳᠠᠭ᠎ᠠ ᠶᠢᠨ ᠰᠡᠷᠡᠮᠵᠢᠯᠡᠭᠦᠯᠬᠦ ᠬᠥᠮᠦᠵᠢᠯ ᠤᠨ ᠠᠵᠢᠯᠯᠠᠭ᠎ᠠ ᠪᠠᠷ ᠠᠵᠠ ᠲᠣᠬᠢᠶᠠᠯ |
ᠪᠣᠯᠭᠠᠵᠤ᠂ ᠬᠤᠶᠢᠰᠢᠳᠠ ᠶᠢᠨ ᠠᠵᠢᠯ ᠪᠣᠯᠤᠨ ᠠᠮᠢᠳᠤᠷᠠᠯ ᠳᠤᠮᠳᠠ ᠠᠷᠢᠭᠤᠨ ᠴᠢᠬᠡᠴᠢ ᠪᠠᠷ ᠪᠡᠶ᠎ᠡ ᠪᠠᠨ ᠱᠠᠭᠠᠷᠳᠠᠬᠤ |
ᠡᠨᠡ ᠬᠦ ᠬᠥᠪᠴᠢ ᠶᠢ ᠢᠮᠠᠭᠲᠠ ᠴᠢᠩᠭᠠᠯᠠᠵᠤ᠂ ᠴᠠᠭ ᠢᠮᠠᠭᠲᠠ ᠭᠠᠵᠠᠷ ᠪᠣᠯᠭᠠᠨ ᠳᠤ ᠨᠠᠮ ᠤᠨ ᠰᠠᠬᠢᠯᠭ᠎ᠠ ᠨᠠᠮ ᠤᠨ |
ᠲᠦᠷᠢᠮ ᠢᠶᠠᠷ ᠥᠪᠡᠷ ᠢ ᠪᠠᠨ ᠬᠢᠵᠠᠭᠠᠷᠯᠠᠵᠤ᠂ ᠠᠷᠢᠭᠤᠨ ᠴᠢᠬᠡᠴᠢ ᠶᠢᠨ ᠬᠤᠷᠢᠭ᠎ᠠ ᠱᠤᠭᠤᠮ ᠢ ᠪᠠᠲᠤ ᠰᠠᠬᠢᠵᠤ᠂ |
ᠥᠳᠥᠭᠡᠯᠭᠡ ᠶᠢ ᠤᠬᠠᠮᠰᠠᠷ ᠠᠴᠠ ᠪᠠᠨ ᠡᠰᠡᠷᠭᠦᠴᠡᠵᠦ᠂ ᠰᠡᠳᠬᠢᠯ ᠳᠤ ᠪᠠᠨ ᠵᠢᠷᠦᠬᠡᠰᠢᠶᠡᠯ ᠲᠠᠢ᠂ ᠠᠮᠠᠨ ᠳᠤ ᠪᠠᠨ |
ᠴᠡᠭᠡᠷ ᠲᠠᠢ᠂ ᠠᠵᠢᠯᠯᠠᠭ᠎ᠠ ᠳᠤ ᠪᠠᠨ ᠬᠤᠷᠢᠭ᠎ᠠ ᠲᠠᠢ ᠪᠠᠶᠢᠵᠤ᠂ ᠠᠷᠢᠭᠤᠨ ᠴᠢᠬᠡᠴᠢ ᠤᠯᠤᠰ ᠲᠦᠷᠦ ᠶᠢᠨ ᠤᠤᠷ ᠴᠢᠨᠠᠷ |
ᠢᠶᠠᠨ ᠡᠭᠦᠷᠢᠳᠡ ᠬᠠᠳᠠᠭᠠᠯᠠᠨ᠎ᠠ ᠭᠡᠵᠦ ᠢᠯᠡᠳᠬᠡᠵᠡᠭᠡᠪᠡ᠃ |
|
ᠡᠬᠡ ᠪᠢᠴᠢᠭ᠄ ᠲᠢᠩᠬᠢᠮ ᠤᠨ ᠪᠠᠶᠢᠭᠤᠯᠭ᠎ᠠ ᠶᠢᠨ ᠨᠠᠮ ᠤᠨ ᠬᠤᠷᠢᠶ᠎ᠠ |