3 ᠳ᠋ᠤᠭᠠᠷ ᠰᠠᠷ᠎ᠠ ᠶᠢᠨ 14 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ |
ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠭᠤᠤ ᠱᠢ ᠴᠢᠨ |
2025 ᠣᠨ ᠤ 12 ᠳ᠋ᠤᠭᠠᠷ ᠤᠳᠠᠭ᠎ᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢ |
ᠡᠷᠭᠢᠯᠡᠨ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ︽ᠦᠨᠡᠨ︾ ᠰᠡᠳᠬᠦᠯ ᠳᠡᠭᠡᠷ᠎ᠡ ᠨᠡᠶᠢᠲᠡᠯᠡᠭᠰᠡᠨ |
ᠴᠢᠬᠤᠯᠠ ᠵᠣᠬᠢᠶᠠᠯ ᠪᠣᠯᠬᠤ ︽ᠠᠵᠤ ᠠᠬᠤᠶ ᠶᠢᠨ ᠠᠵᠢᠯ ᠳᠤ ᠡᠷᠬᠡᠪᠰᠢ ᠬᠡᠳᠦᠨ ᠴᠢᠬᠤᠯᠠ ᠬᠠᠷᠢᠴᠠᠭ᠎ᠠ ᠶᠢ |
ᠨᠢᠭᠡᠳᠦᠯᠲᠡᠶ ᠲᠥᠯᠥᠪᠵᠢᠭᠦᠯᠬᠦ ᠬᠡᠷᠡᠭᠲᠡᠶ︾ ᠶᠢᠨ ᠵᠣᠷᠢᠭ ᠰᠠᠨᠠᠭ᠎ᠠ᠂ ᠲᠥᠪ ᠤᠨ ᠨᠠᠮ ᠤᠨ ᠪᠠᠶᠢᠭᠤᠯᠤᠯᠲᠠ ᠶᠢᠨ |
ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠤᠨ ᠵᠣᠷᠢᠭ ᠰᠠᠨᠠᠭ᠎ᠠ ᠵᠢᠴᠢ ᠥᠪᠡᠷᠲᠡᠭᠡᠨ ᠵᠠᠰᠠᠬᠤ ᠣᠷᠣᠨ ᠤ |
ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠵᠢᠴᠢ ᠠᠵᠤ ᠠᠬᠤᠶ ᠶᠢᠨ ᠪᠠᠶᠢᠭᠤᠯᠤᠮᠵᠢ ᠪᠠ ᠠᠮᠢ ᠠᠬᠤᠶ ᠶᠢᠨ |
ᠪᠣᠯᠪᠠᠰᠤᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠤᠰᠬᠠᠶ ᠳᠤᠭᠤᠶᠢᠯᠠᠩ ᠤᠨ ᠬᠤᠷᠠᠯ ᠤᠨ ᠵᠣᠷᠢᠭ ᠰᠠᠨᠠᠭ᠎ᠠ |
ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃ |
|
ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ |
ᠰᠤᠷᠤᠯᠴᠠᠨ ᠲᠤᠭᠤᠰᠢᠯᠠᠭᠤᠯᠵᠤ᠂ ︽ᠨᠢᠭᠡ ᠭᠤᠣᠯ ᠱᠤᠭᠤᠮ︾᠂ ︽ᠲᠠᠪᠤᠨ ᠶᠡᠭᠡ ᠡᠭᠦᠷᠭᠡ︾ ᠶᠢ |
ᠲᠤᠭᠤᠰᠢᠯᠠᠭᠤᠯᠬᠤ ᠪᠠ ︽ᠵᠢᠷᠭᠤᠭᠠᠨ ᠢᠨᠵᠧᠨᠧᠷᠢᠩ︾᠂ ︽ᠵᠢᠷᠭᠤᠭᠠᠨ ᠠᠵᠢᠯᠯᠠᠭ᠎ᠠ︾ ᠶᠢ ᠬᠡᠷᠡᠭᠵᠢᠭᠦᠯᠬᠦ ᠲᠠᠢ |
ᠨᠢᠭᠲᠠ ᠤᠶᠠᠯᠳᠤᠭᠤᠯᠵᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠬᠦᠷᠢᠶᠡᠨ ᠤ ᠭᠤᠣᠯᠳᠠᠯᠭ᠎ᠠ ᠲᠠᠢ ᠡᠭᠦᠷᠭᠡ ᠶᠢ |
ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠢ᠃ ᠵᠠᠮ ᠬᠠᠷᠢᠯᠴᠠᠭ᠎ᠠ ᠲᠡᠭᠡᠭᠡᠪᠦᠷᠢ ᠶᠢᠨ ᠦᠶᠯᠡᠴᠢᠯᠡᠭᠡᠨ ᠤ |
ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠲᠥᠰᠦᠯ ᠤᠨ ᠨᠠᠷᠢᠨ ᠲᠠᠩᠰᠠ ᠶᠢ ᠲᠦᠷᠭᠡᠨ |
ᠨᠡᠶᠢᠲᠡᠯᠡᠵᠦ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠰᠡᠭᠦᠯ ᠬᠤᠷᠢᠶᠠᠬᠤ ᠪᠠ ︽ᠠᠷᠪᠠᠨ ᠲᠠᠪᠤᠳᠤᠭᠠᠷ |
ᠲᠠᠪᠤᠨ ᠵᠢᠯ︾ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠴᠤᠩᠬᠤᠪᠴᠢ ᠶᠢᠨ ᠬᠤᠭᠤᠴᠠᠭ᠎ᠠ ᠶᠢ ᠠᠳᠬᠤᠨ᠂ |
ᠲᠠᠰ ᠲᠥᠷᠥᠯ ᠬᠤᠪᠢᠶᠠᠨ ᠠᠬᠢᠭᠤᠯᠵᠤ᠂ ᠨᠠᠩ ᠣᠯᠠᠨ ᠲᠥᠷᠥᠯ ᠵᠦᠶᠯ ᠢ ᠤᠯᠤᠰ ᠤᠨ ᠲᠥᠯᠥᠪᠵᠢᠭᠦᠯᠭᠡ ᠳᠤ |
ᠣᠷᠣᠭᠤᠯᠬᠤ ᠪᠠᠷ ᠴᠢᠷᠮᠠᠶᠢᠬᠤ ᠬᠡᠷᠡᠭᠲᠡᠶ᠃ ᠬᠠᠪᠤᠷ ᠤᠨ ᠤᠯᠠᠷᠢᠯ ᠤᠨ ᠭᠠᠯ ᠢ ᠰᠡᠷᠭᠡᠶᠢᠯᠡᠬᠦ᠂ ᠴᠠᠰᠤ ᠶᠢ ᠰᠡᠷᠭᠡᠶᠢᠯᠡᠬᠦ᠂ |
ᠡᠯᠡᠰᠦᠨ ᠰᠢᠭᠤᠷᠭ᠎ᠠ᠂ ᠰᠠᠯᠬᠢ ᠰᠢᠭᠤᠷᠭ᠎ᠠ ᠵᠡᠷᠭᠡ ᠠᠶᠤᠯᠭᠦᠢ ᠦᠢᠯᠡᠳᠪᠦᠷᠢᠯᠡᠯ ᠤᠨ ᠠᠵᠢᠯ ᠢ ᠦᠷᠭᠦᠯᠵᠢᠯᠡᠨ |
ᠰᠠᠶᠢᠲᠤᠷ ᠬᠢᠵᠦ᠂ ᠠᠷᠠᠳ ᠤᠯᠠᠨ ᠤ ᠠᠮᠤᠷ ᠲᠦᠪᠰᠢᠨ ᠳᠥᠭᠦᠮ ᠳᠥᠲᠡ ᠪᠠᠷ ᠶᠠᠪᠤᠵᠤ ᠰᠠᠭᠤᠬᠤ ᠶᠢ ᠪᠠᠲᠤᠯᠠᠬᠤ |
ᠬᠡᠷᠡᠭᠲᠡᠢ ᠭᠡᠵᠦ ᠴᠢᠬᠤᠯᠠᠴᠢᠯᠠᠪᠠ᠃ |
ᠬᠤᠷᠠᠯ ᠠᠴᠠ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠤᠯᠤᠰ ᠲᠥᠷᠥ ᠶᠢ ᠡᠷᠬᠢᠮᠯᠡᠬᠦ |
ᠦᠨᠳᠦᠷᠴᠡ ᠠᠴᠠ ᠰᠤᠷᠤᠯᠴᠠᠯᠭ᠎ᠠ ᠬᠥᠮᠦᠵᠢᠯ ᠤᠨ ᠴᠢᠬᠤᠯᠠ ᠠᠴᠢ ᠬᠤᠯᠪᠣᠭᠳᠠᠯ ᠢ ᠭᠦᠨᠵᠡᠭᠡᠶ ᠲᠠᠨᠢᠵᠤ᠂ ᠨᠠᠮ ᠤᠨ |
ᠲᠥᠪ ᠬᠤᠷᠢᠶᠠᠨ ᠤ ᠵᠣᠷᠢᠭ ᠰᠠᠨᠠᠭ᠎ᠠ ᠪᠠᠷ ᠪᠠᠷᠢᠮᠵᠢᠶᠠᠯᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ |
ᠤ ᠱᠠᠭᠠᠷᠳᠠᠯᠭ᠎ᠠ ᠶᠣᠰᠣ ᠪᠠᠷ᠂ ᠰᠤᠷᠤᠯᠴᠠᠬᠤ ᠶᠢᠨ ᠳᠠᠭᠠᠤ ᠪᠠᠶᠢᠴᠠᠭᠠᠨ ᠳᠡᠯᠭᠡᠵᠦ᠂ ᠴᠡᠭᠴᠡᠯᠡᠨ ᠰᠠᠶᠢᠵᠢᠷᠠᠭᠤᠯᠵᠤ᠂ |
ᠠᠵᠢᠯ ᠤᠨ ᠰᠤᠷᠲᠠᠯ ᠢᠶᠠᠨ ᠬᠦᠴᠦᠯᠡᠨ ᠬᠤᠪᠢᠷᠠᠭᠤᠯᠵᠤ᠂ ︽ᠤᠳᠠᠭᠠᠨ ᠪᠦᠳᠦᠭᠦᠯᠢᠭ ᠬᠡᠶᠢᠰᠪᠦᠷᠢ︾ ᠠᠰᠠᠭᠤᠳᠠᠯ ᠢ |
ᠬᠦᠴᠦᠯᠡᠨ ᠰᠢᠶᠳᠪᠦᠷᠢᠯᠡᠵᠦ᠂ ᠱᠠᠯᠠᠪᠳᠠᠨ ᠠᠳᠬᠤᠵᠤ ᠲᠦᠷᠭᠡᠨ ᠭᠦᠶᠴᠡᠳᠬᠡᠬᠦ ᠥᠳᠬᠡᠨ ᠵᠤᠵᠠᠭᠠᠨ ᠠᠭᠤᠷ |
ᠠᠮᠢᠰᠬᠤᠯ ᠢ ᠪᠦᠷᠢᠯᠳᠦᠭᠦᠯᠵᠦ᠂ ᠰᠤᠷᠤᠯᠴᠠᠬᠤ ᠳᠤ ᠪᠠᠨ ᠶᠠᠰᠤ ᠴᠢᠨᠠᠷᠲᠠᠢ᠂ ᠪᠠᠶᠢᠴᠠᠭᠠᠬᠤ ᠳᠤ ᠪᠠᠨ ᠡᠷᠴᠢᠮ ᠲᠠᠢ᠂ |
ᠥᠭᠡᠷᠡᠴᠢᠯᠡᠬᠦ ᠳᠤ ᠪᠠᠨ ᠦᠷ᠎ᠡ ᠪᠦᠲᠦᠮᠵᠢᠲᠡᠶ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃ |
ᠬᠤᠷᠠᠯ ᠠᠴᠠ 2025 ᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠨᠢᠭᠡᠳᠦᠭᠡᠷ ᠤᠯᠠᠷᠢᠯ ᠤᠨ ︽ᠰᠠᠶᠢᠨ |
ᠡᠬᠢᠯᠡᠯᠲᠡ︾ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠵᠠᠳᠠᠯᠤᠨ ᠲᠤᠬᠢᠷᠠᠭᠤᠯᠬᠤ ᠪᠠᠨ |
ᠴᠢᠩᠭᠠᠳᠬᠠᠵᠤ᠂ ᠪᠦᠳᠦᠬᠡᠨ ᠪᠠᠶᠢᠭᠤᠯᠵᠤ ᠪᠠᠶᠢᠭ᠎ᠠ ᠲᠦᠷᠦᠯ ᠵᠦᠢᠯ ᠢ ᠴᠢᠩᠭ᠎ᠠ ᠠᠩᠬᠠᠷᠴᠤ᠂ ᠲᠦᠭᠵᠢᠷᠡᠯ ᠬᠤᠷᠢᠭ᠎ᠠ |
ᠴᠡᠭ ᠢ ᠣᠨᠣᠪᠴᠢᠲᠠᠢ ᠡᠷᠢᠨ ᠣᠯᠵᠤ᠂ ᠠᠰᠠᠭᠤᠳᠠᠯ ᠤᠨ ᠪᠣᠭᠤᠮᠢ ᠶᠢ ᠰᠢᠢᠳᠪᠦᠷᠢᠯᠡᠵᠦ᠂ ᠠᠮᠵᠢᠯᠲᠠ ᠪᠦᠲᠦᠮᠵᠢ ᠶᠢᠨ |
ᠦᠨᠡᠯᠡᠯᠲᠡ ᠶᠢ ᠴᠢᠩᠭᠠᠳᠬᠠᠵᠤ᠂ ︽ᠰᠠᠶᠢᠨ ᠡᠬᠢᠯᠡᠯᠲᠡ︾ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ ᠭᠡᠵᠦ ᠱᠠᠭᠠᠷᠳᠠᠪᠠ᠃ |
|
ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ |
ᠡᠬᠡ ᠪᠢᠴᠢᠭ᠄ ᠲᠢᠩᠬᠢᠮ ᠤᠨ ᠠᠯᠪᠠᠨ ᠭᠡᠷ |