| 3 ᠳ᠋ᠤᠭᠠᠷ ᠰᠠᠷ᠎ᠠ ᠶᠢᠨ 13 ᠤ ᠡᠳᠦᠷ ᠪᠣᠯᠲᠠᠯ᠎ᠠ᠂ ᠪᠥᠬᠦ ᠣᠷᠣᠨ ᠳᠤ S29 ᠬᠥᠬᠡᠬᠤᠲᠠ ᠠᠴᠠ ᠯᠢᠶᠠᠩᠴᠧᠩ |
ᠬᠥᠷᠬᠦ ᠳᠡᠭᠡᠳᠦ ᠬᠤᠷᠳᠤ ᠶᠢᠨ ᠵᠠᠰᠠᠮᠠᠯ ᠵᠠᠮ ᠵᠡᠷᠭᠡ ᠦᠷᠭᠦᠯᠵᠢᠯᠡᠨ ᠪᠠᠶᠢᠭᠤᠯᠬᠤ 34 ᠭᠤᠤᠯᠳᠠᠯᠭ᠎ᠠ ᠲᠠᠢ ᠵᠠᠰᠠᠮᠠᠯ |
ᠵᠠᠮ ᠤᠨ ᠲᠥᠷᠥᠯ ᠵᠦᠶᠯ ᠢ ᠵᠣᠬᠢᠶᠠᠨ ᠪᠠᠶᠢᠭᠤᠯᠤᠨ ᠲᠠᠯᠠᠪᠠᠶ ᠳᠤ ᠣᠷᠣᠭᠤᠯᠵᠤ᠂ ᠲᠠᠯᠠᠪᠠᠶ ᠳᠤ ᠣᠷᠣᠭᠤᠯᠤᠭᠰᠠᠨ |
ᠨᠣᠷᠮ᠎ᠠ ᠨᠢ 100% ᠳᠤ ᠬᠦᠷᠴᠦ᠂ S43 ᠬᠥᠬᠡᠬᠤᠲᠠ ᠨᠢᠰᠬᠡᠯ ᠤᠨ ᠪᠠᠭᠤᠳᠠᠯ ᠤᠨ ᠳᠡᠭᠡᠳᠦ ᠬᠤᠷᠳᠤ ᠶᠢᠨ |
ᠵᠠᠰᠠᠮᠠᠯ ᠵᠠᠮ᠂ G5511 ᠵᠢᠨᠢᠩ ᠠᠴᠠ ᠠᠷᠤᠨ ᠬᠦᠷᠬᠦ ᠬᠤᠯᠪᠣᠭᠠᠨ ᠤ ᠱᠤᠭᠤᠮ ᠤᠨ ᠴᠠᠪᠢᠨᠲᠠᠯ᠎ᠠ ᠠᠴᠠ ᠱᠤᠭᠤᠲᠤ |
ᠬᠥᠷᠬᠦ᠂ 110 ᠤᠯᠤᠰ ᠤᠨ ᠵᠠᠮ ᠤᠨ ᠬᠤᠶᠠᠷ ᠮᠣᠳᠣ ᠠᠴᠠ ᠳ᠋ᠧᠩᠺᠸᠤ ᠬᠥᠷᠬᠦ ᠵᠡᠷᠭᠡ 13 ᠲᠥᠷᠥᠯ ᠵᠦᠶᠯ ᠠᠵᠢᠯ |
ᠢᠶᠠᠨ ᠰᠡᠷᠭᠦᠭᠡᠪᠡ᠃ |
|
|
|
G110 ᠱᠤᠭᠤᠮ ᠤᠨ ᠪᠢᠴᠢᠭᠡᠴᠢ ᠠᠴᠠ ᠰᠢᠷᠡᠭᠡᠴᠢ ᠬᠦᠷᠬᠦ ᠬᠡᠰᠡᠭ ᠤᠨ ᠵᠠᠰᠠᠮᠠᠯ ᠵᠠᠮ ᠤᠨ ᠪᠠᠷᠢᠯᠭ᠎ᠠ ᠶᠢᠨ |
ᠲᠥᠷᠥᠯ ᠵᠦᠶᠯ ᠠᠵᠢᠯ ᠢᠶᠠᠨ ᠰᠡᠷᠭᠦᠭᠡᠪᠡ᠃ |
ᠵᠢᠯ ᠤᠨ ᠡᠬᠢᠨ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ |
ᠲᠢᠩᠬᠢᠮ ᠣᠯᠠᠨ ᠵᠦᠢᠯ ᠤᠨ ᠠᠷᠭ᠎ᠠ ᠬᠡᠮᠵᠢᠶ᠎ᠡ ᠠᠪᠴᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ |
ᠲᠦᠯᠬᠢᠨ ᠠᠬᠢᠭᠤᠯᠤᠭᠰᠠᠨ ᠪᠠᠶᠢᠨ᠎ᠠ᠃ ᠠᠬᠢᠭᠤᠯᠬᠤ ᠡᠭᠦᠷᠭᠡ ᠶᠢᠨ ᠨᠠᠷᠢᠨ ᠳᠠᠩᠰᠠ ᠶᠢ ᠲᠣᠭᠲᠠᠭᠠᠪᠠ᠃ ᠪᠦᠬᠦ ᠵᠢᠯ |
ᠤᠨ ᠵᠠᠮ ᠬᠠᠷᠢᠯᠴᠠᠭᠠᠨ ᠤ ᠰᠠᠭᠤᠷᠢ ᠲᠦᠭᠦᠭᠡᠷᠣᠮᠵᠢ ᠶᠢᠨ ᠭᠤᠣᠯᠳᠠᠯᠭ᠎ᠠ ᠲᠠᠢ ᠲᠥᠰᠦᠪᠯᠡᠨ ᠬᠡᠷᠡᠭᠵᠢᠭᠦᠯᠦᠭᠰᠡᠨ 4 |
ᠶᠡᠭᠡ ᠪᠠᠷᠢᠯᠭ᠎ᠠ ᠪᠣᠯᠤᠨ ᠴᠢᠬᠤᠯᠠ ᠶᠡᠭᠡ ᠲᠥᠷᠥᠯ ᠵᠦᠢᠯ ᠤᠨ ᠨᠥᠭᠡᠴᠡ ᠳᠤ ᠴᠢᠭᠯᠡᠭᠦᠯᠦᠨ᠂ ᠲᠦᠯᠬᠢᠨ ᠠᠬᠢᠭᠤᠯᠬᠤ |
ᠲᠥᠯᠥᠪᠯᠡᠭᠡ ᠶᠢ ᠰᠠᠷ᠎ᠠ ᠰᠠᠷ᠎ᠠ ᠪᠠᠷ ᠲᠣᠳᠣᠷᠬᠠᠶᠢᠯᠠᠵᠤ᠂ ᠬᠠᠷᠢᠭᠤᠴᠠᠯᠭ᠎ᠠ ᠡᠭᠦᠷᠭᠡᠯᠡᠭᠴᠢ ᠶᠢ ᠲᠣᠭᠲᠠᠭᠠᠨ᠂ |
ᠣᠷᠣᠰᠢᠵᠤ ᠪᠠᠶᠢᠭ᠎ᠠ ᠠᠰᠠᠭᠤᠳᠠᠯ ᠪᠣᠯᠤᠨ ᠬᠦᠴᠢᠷᠳᠡᠯ ᠢ ᠵᠠᠳᠠᠯᠵᠤ᠂ ᠵᠣᠬᠢᠴᠠᠩᠭᠤᠶ ᠰᠢᠶᠳᠪᠦᠷᠢᠯᠡᠬᠦ ᠲᠥᠰᠦᠯ |
ᠳᠤᠷᠠᠳᠴᠤ᠂ ᠲᠥᠷᠥᠯ ᠵᠦᠢᠯ ᠢ ᠲᠥᠯᠥᠪᠯᠡᠭᠡ ᠶᠣᠰᠣ ᠪᠠᠷ ᠲᠦᠯᠬᠢᠨ ᠠᠬᠢᠭᠤᠯᠬᠤ ᠶᠢ ᠦᠨᠡᠨ ᠬᠦ ᠪᠠᠲᠤᠯᠠᠪᠠ᠃ |
ᠪᠠᠶᠢᠭᠤᠯᠵᠤ ᠪᠠᠶᠢᠭ᠎ᠠ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠪᠡ᠃ |
︽ᠪᠠᠷᠢᠯᠭ᠎ᠠ ᠡᠪᠦᠯ ᠵᠣᠭᠰᠣᠭᠰᠠᠨ ᠴᠤ ᠬᠥᠮᠦᠨ ᠨᠢ ᠠᠮᠠᠷᠠᠬᠤ ᠦᠭᠡᠶ︾ ᠶᠢ ᠪᠡᠶᠡᠯᠡᠭᠦᠯᠵᠦ᠂ ᠡᠪᠦᠯ ᠤᠨ ᠤᠯᠠᠷᠢᠯ ᠤᠨ |
ᠴᠠᠭ ᠢ ᠰᠠᠶᠢᠲᠤᠷ ᠠᠰᠢᠭᠯᠠᠨ᠂ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠭᠠᠷᠳᠠᠮ ᠤᠨ ᠡᠪᠬᠡᠮᠡᠯ |
ᠪᠠᠶᠢᠭᠤᠯᠬᠤ᠂ ᠡᠪᠦᠯ ᠤᠨ ᠤᠯᠠᠷᠢᠯ ᠳᠤ ᠮᠠᠲ᠋ᠧᠷᠢᠶᠠᠯ ᠪᠡᠯᠡᠳᠬᠡᠬᠦ ᠵᠡᠷᠭᠡ ᠠᠵᠢᠯ ᠢ ᠥᠷᠨᠢᠭᠦᠯᠵᠦ᠂ ᠨᠥᠬᠦᠴᠡᠯ ᠲᠠᠢ |
ᠭᠠᠵᠠᠷ ᠣᠷᠣᠨ ᠤ ᠪᠠᠷᠢᠯᠭ᠎ᠠ ᠶᠢᠨ ᠶᠠᠰᠤ ᠴᠢᠨᠠᠷ ᠢ ᠪᠠᠲᠤᠯᠠᠭᠰᠠᠨ ᠤᠷᠢᠲᠠᠯ ᠳᠣᠣᠷ᠎ᠠ ᠡᠪᠦᠯ ᠤᠨ ᠤᠯᠠᠷᠢᠯ ᠤᠨ |
ᠪᠠᠷᠢᠯᠭ᠎ᠠ ᠶᠢᠨ ᠠᠵᠢᠯ ᠥᠷᠨᠢᠭᠦᠯᠬᠦ ᠶᠢ ᠵᠣᠷᠢᠭᠵᠢᠭᠤᠯᠤᠨ᠂ ᠨᠥᠬᠦᠴᠡᠯ ᠪᠦᠷᠢᠯᠳᠦᠭᠦᠯᠦᠭᠰᠡᠨ ᠲᠥᠷᠥᠯ ᠵᠦᠢᠯ ᠤᠨ |
︽ᠬᠠᠪᠤᠷ ᠡᠬᠢᠯᠡᠮᠡᠭᠴᠡ ᠠᠵᠢᠯ ᠡᠬᠢᠯᠡᠭᠦᠯᠬᠦ︾ ᠶᠢ ᠦᠨᠡᠨ ᠬᠦ ᠪᠠᠲᠤᠯᠠᠪᠠ᠃ ᠰᠢᠨ᠎ᠡ ᠪᠠᠷ ᠠᠵᠢᠯ ᠡᠬᠢᠯᠡᠭᠦᠯᠬᠦ |
ᠲᠥᠷᠥᠯ ᠵᠦᠢᠯ ᠤᠨ ᠵᠢᠯ ᠤᠨ ᠳᠣᠲᠣᠷ᠎ᠠ ᠠᠵᠢᠯ ᠡᠬᠢᠯᠡᠭᠦᠯᠬᠦ ᠶᠢ ᠠᠬᠢᠭᠤᠯᠪᠠ᠃ ᠠᠵᠢᠯ ᠲᠥᠷᠥᠯ ᠤᠨ ᠬᠢᠨᠠᠨ |
ᠪᠠᠶᠢᠴᠠᠭᠠᠯᠲᠠ ᠳᠤ ︽ᠬᠤᠶᠠᠷ ᠬᠢᠨᠠᠯᠲᠠ ᠶᠢ ᠨᠢᠭᠡᠳᠭᠡᠬᠦ︾ ᠠᠷᠭ᠎ᠠ ᠮᠠᠶ᠋ᠢᠭ ᠢᠶᠠᠷ ᠠᠬᠢᠭᠤᠯᠵᠤ᠂ ᠡᠮᠦᠨᠡᠬᠢ |
ᠬᠤᠭᠤᠴᠠᠭᠠᠨ ᠤ ᠠᠵᠢᠯ ᠳᠤ ︽ᠭᠤᠷᠪᠠ ᠶᠢ ᠰᠣᠯᠪᠢᠴᠠᠭᠤᠯᠵᠤ ᠨᠢᠭᠡ ᠶᠢ ᠤᠷᠢᠳᠴᠢᠯᠠᠭᠤᠯᠬᠤ ︾ ᠠᠷᠭ᠎ᠠ |
ᠮᠠᠶ᠋ᠢᠭ ᠢᠶᠠᠷ ᠠᠬᠢᠭᠤᠯᠪᠠ᠂ ᠲᠤᠬᠠᠶᠢᠯᠠᠪᠠᠯ ᠪᠠᠷᠢᠯᠭ᠎ᠠ ᠶᠢᠨ ᠪᠣᠯᠣᠮᠵᠢᠲᠤ ᠴᠢᠨᠠᠷ ᠤᠨ ᠬᠢᠨᠠᠨ ᠪᠠᠶᠢᠴᠠᠭᠠᠯᠲᠠ ᠬᠢᠭᠡᠳ |
ᠬᠡᠷᠡᠭᠯᠡᠬᠦ ᠭᠠᠵᠠᠷ ᠢ ᠤᠷᠢᠳᠴᠢᠯᠠᠨ ᠬᠢᠨᠠᠨ ᠮᠡᠳᠡᠭᠦᠯᠵᠦ ᠬᠢᠨᠠᠨ ᠵᠥᠪᠰᠢᠶᠡᠷᠡᠭᠦᠯᠬᠦ ᠶᠢ ᠰᠣᠯᠪᠢᠴᠠᠭᠤᠯᠤᠨ ᠠᠬᠢᠭᠤᠯᠬᠤ᠂ |
ᠠᠩᠬ᠎ᠠ ᠲᠥᠯᠥᠪᠯᠡᠬᠦ ᠶᠢ ᠬᠢᠨᠠᠨ ᠪᠠᠶᠢᠴᠠᠭᠠᠬᠤ ᠬᠢᠭᠡᠳ ᠪᠠᠷᠢᠯᠭ᠎ᠠ ᠶᠢᠨ ᠪᠣᠯᠣᠮᠵᠢᠲᠤ ᠴᠢᠨᠠᠷ ᠢ ᠮᠡᠳᠡᠭᠦᠯᠦᠨ |
ᠵᠥᠪᠰᠢᠶᠡᠷᠡᠭᠦᠯᠬᠦ ᠶᠢ ᠰᠣᠯᠪᠢᠴᠠᠭᠤᠯᠤᠨ ᠠᠬᠢᠭᠤᠯᠵᠤ᠂ ᠭᠠᠵᠠᠷ ᠲᠠᠲᠠᠪᠤᠷᠢᠯᠠᠨ ᠨᠤᠷᠠᠭᠠᠵᠤ ᠨᠡᠭᠦᠯᠭᠡᠬᠦ ᠶᠢ ᠵᠥᠪᠳᠡᠯᠴᠡᠬᠦ |
ᠬᠢᠭᠡᠳ ᠬᠡᠷᠡᠭᠯᠡᠬᠦ ᠭᠠᠵᠠᠷ ᠢ ᠮᠡᠳᠡᠭᠦᠯᠦᠨ ᠵᠥᠪᠰᠢᠶᠡᠷᠡᠭᠦᠯᠬᠦ ᠶᠢ ᠰᠣᠯᠪᠢᠴᠠᠭᠤᠯᠤᠨ ᠶᠠᠪᠤᠭᠳᠠᠭᠤᠯᠵᠤ᠂ ᠵᠠᠮ ᠱᠤᠭᠤᠮ |
ᠪᠠ ᠮᠡᠷᠭᠡᠵᠢᠯ ᠤᠨ ᠲᠥᠰᠦᠯ ᠨᠢ ᠲᠣᠳᠣᠷᠬᠠᠶ ᠪᠣᠯᠣᠭᠰᠠᠨ ᠲᠥᠷᠥᠯ ᠵᠦᠶᠯ ᠳᠤ ᠬᠡᠷᠡᠭᠯᠡᠬᠦ ᠭᠠᠵᠠᠷ ᠤᠨ ᠡᠪᠬᠡᠮᠡᠯ |
ᠪᠠᠶᠢᠭᠤᠯᠬᠤ ᠠᠵᠢᠯ ᠢ ᠤᠷᠢᠳᠴᠢᠯᠠᠨ ᠡᠬᠢᠯᠡᠭᠦᠯᠵᠦ᠂ ᠲᠥᠷᠥᠯ ᠵᠦᠶᠯ ᠤᠨ ᠡᠮᠦᠨᠡᠬᠢ ᠬᠤᠭᠤᠴᠠᠭᠠᠨ ᠤ ᠠᠵᠢᠯ ᠢ |
ᠭᠦᠶᠴᠡᠳᠬᠡᠬᠦ ᠴᠠᠭ ᠬᠤᠭᠤᠴᠠᠭ᠎ᠠ ᠶᠢ ᠪᠤᠭᠤᠨᠢᠰᠬᠠᠵᠠᠢ᠃ ᠠᠶᠢᠮᠠᠭ ᠬᠤᠲᠠ ᠶᠢᠨ ᠲᠥᠪ ᠤᠨ ᠪᠡᠯᠡ ᠮᠥᠩᠭᠦ ᠶᠢᠨ |
ᠳᠡᠮᠵᠢᠯᠭᠡ ᠲᠠᠢ ᠲᠥᠷᠥᠯ ᠵᠦᠢᠯ ᠳᠤ ᠤᠷᠢᠳ ᠢᠶᠠᠷ ᠬᠢᠵᠦ ᠳᠠᠷᠠᠭ᠎ᠠ ᠨᠢ ᠨᠥᠬᠦᠪᠥᠷᠢᠯᠡᠬᠦ ᠶᠢ ᠵᠣᠷᠢᠭᠵᠢᠭᠤᠯᠤᠨ᠂ |
ᠨᠡᠶᠢᠭᠡᠮ ᠤᠨ ᠬᠥᠷᠥᠩᠭᠡ ᠶᠢᠨ ᠪᠡᠯᠡ ᠣᠷᠣᠭᠤᠯᠤᠯᠲᠠ ᠶᠢᠨ ᠲᠥᠷᠥᠯ ᠵᠦᠢᠯ ᠢ ᠡᠬᠢᠯᠡᠭᠦᠯᠵᠦ ᠪᠣᠯᠬᠤ ᠶᠢ ᠨᠢ |
ᠴᠢᠳᠠᠬᠤ ᠶᠢᠨ ᠳᠣᠲᠣᠷ᠎ᠠ ᠡᠬᠢᠯᠡᠭᠦᠯᠬᠦ ᠪᠠᠷ ᠢᠲᠡᠪᠬᠢᠲᠡᠢ ᠴᠢᠷᠮᠠᠶᠢᠪᠠ᠃ |
|
|
|
G5511 ᠡᠷᠢᠶᠡᠨ ᠠᠴᠠ ᠭᠤᠸᠠᠩᠵᠧᠦ ᠬᠥᠷᠬᠦ ᠳᠡᠭᠡᠳᠦ ᠬᠤᠷᠳᠤ ᠶᠢᠨ ᠵᠠᠰᠠᠮᠠᠯ ᠵᠠᠮ ᠤᠨ ᠵᠢᠨᠢᠩ ᠠᠴᠠ |
ᠠᠷᠤᠨ ᠬᠦᠷᠬᠦ ᠬᠤᠯᠪᠣᠭᠠᠨ ᠤ ᠱᠤᠭᠤᠮ ᠤᠨ ᠠᠨ ᠶᠧ ᠠᠴᠠ ᠭᠦᠩᠵᠦ ᠶᠢᠨ ᠳᠠᠯᠠᠩ ᠬᠥᠷᠬᠦ ᠬᠡᠰᠡᠭ ᠤᠨ ᠮᠢᠩᠭᠠᠨᠲᠤ |
ᠲᠣᠰᠣ ᠨᠡᠮᠡᠬᠦ ᠥᠷᠲᠡᠭᠡ ᠶᠢᠨ ᠬᠢᠨᠠᠨ ᠡᠵᠡᠮᠳᠡᠬᠦ ᠲᠥᠬᠦᠭᠡᠷᠦᠮᠵᠢ ᠶᠢ ᠴᠡᠭᠴᠡᠯᠡᠨ ᠰᠠᠶᠢᠵᠢᠷᠠᠭᠤᠯᠪᠠ᠃ |
ᠣᠶᠢᠯᠠᠭᠠᠭᠰᠠᠨ ᠢᠶᠠᠷ᠂ ᠡᠨᠡ ᠵᠢᠯ ᠪᠥᠬᠦ ᠣᠷᠣᠨ ᠳᠤ ᠭᠤᠤᠯᠳᠠᠯᠭ᠎ᠠ ᠲᠠᠢ ᠵᠠᠰᠠᠮᠠᠯ ᠵᠠᠮ ᠤᠨ 52 ᠲᠥᠷᠥᠯ |
ᠵᠦᠶᠯ ᠢ ᠬᠡᠷᠡᠭᠵᠢᠭᠦᠯᠬᠦ ᠪᠠᠷ ᠲᠥᠯᠥᠪᠯᠡᠵᠦ ᠪᠣᠢ᠂ ᠡᠭᠦᠨ ᠳᠤ ᠦᠷᠭᠦᠯᠵᠢᠯᠡᠨ ᠪᠠᠶᠢᠭᠤᠯᠬᠤ ᠲᠥᠷᠥᠯ ᠵᠦᠶᠯ 34 |
ᠪᠠᠶᠢᠵᠤ᠂ ᠰᠢᠨ᠎ᠡ ᠪᠠᠷ ᠠᠵᠢᠯ ᠡᠬᠢᠯᠡᠭᠦᠯᠬᠦ ᠪᠠᠷ ᠲᠥᠯᠥᠪᠯᠡᠵᠦ ᠪᠠᠶᠢᠭ᠎ᠠ ᠲᠥᠷᠥᠯ ᠵᠦᠶᠯ 18 ᠪᠣᠶ᠃ |
ᠡᠬᠡ ᠪᠢᠴᠢᠭ᠄ ᠲᠢᠩᠬᠢᠮ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠭᠠᠵᠠᠷ |