ᠼᠠᠢ ᠴᠢ ᠪᠠᠷ᠎ᠠ ᠪᠣᠯᠵᠤ ᠰᠢᠨᠵᠢᠯᠡᠨ ᠪᠠᠶᠢᠴᠠᠭᠠᠪᠠ |
ᠰᠢᠨᠬᠤᠸᠠ ᠬᠤᠷᠢᠶ᠎ᠠ ᠶᠢᠨ ᠺᠦᠨᠮᠢᠩ ᠤᠨ 3 ᠰᠠᠷ᠎ᠠ ᠶᠢᠨ 20 ᠤ ᠴᠠᠭᠢᠯᠭᠠᠨ ᠮᠡᠳᠡᠭᠡᠳᠤᠮᠳᠠᠳᠤ ᠤᠯᠤᠰ ᠤᠨ ᠡᠪ |
ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ |
ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠣᠶᠢᠷ᠎ᠠ ᠳᠤ ᠶᠦᠨᠨᠠᠨ ᠳᠤ ᠰᠢᠨᠵᠢᠯᠡᠨ ᠪᠠᠶᠢᠴᠠᠭᠠᠬᠤ ᠳᠠᠭᠠᠨ᠂ |
ᠶᠦᠨᠨᠠᠨ ᠮᠤᠵᠢ ᠶᠢᠨ ᠬᠢᠨ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠪᠠ ᠬᠥᠬᠡᠮᠥ᠋ᠷᠡᠨ ᠤ ᠠᠵᠤ ᠠᠬᠤᠢ ᠶᠢᠨ |
ᠪᠦᠰᠡ ᠶᠢ ᠬᠥᠭᠵᠢᠭᠦᠯᠬᠦ ᠲᠤᠬᠠᠢ ᠨᠠᠮ ᠤᠨ ᠲᠥᠪ ᠬᠤᠷᠢᠶ᠎ᠠ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠷᠢᠨ |
ᠬᠢᠨᠠᠮᠠᠭᠠᠢ ᠰᠠᠶᠢᠲᠤᠷ ᠨᠠᠶᠢᠳᠠᠪᠤᠷᠢᠵᠢᠭᠤᠯᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ ᠵᠥᠪ |
ᠣᠨᠣᠪᠴᠢᠲᠠᠶ ᠪᠦᠭᠦ ᠲᠠᠯ᠎ᠠ ᠪᠠᠷ ᠲᠤᠭᠤᠰᠢᠯᠠᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ |
ᠶᠡᠷᠦᠩᠬᠡᠢ ᠭᠦᠭ ᠠᠶᠠᠰ ᠢ ᠪᠠᠷᠢᠮᠲᠠᠯᠠᠨ᠂ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠵᠤ᠂ ᠦᠵᠡᠯ ᠰᠠᠨᠠᠭ᠎ᠠ ᠪᠠᠨ |
ᠴᠢᠯᠦᠭᠡᠯᠡᠨ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠴᠦ᠂ ᠡᠷᠡᠮᠡᠬᠡᠶᠢᠯᠡᠨ ᠤᠷᠤᠭᠰᠢᠯᠠᠵᠤ᠂ ᠦᠨᠡᠨ ᠬᠦ ᠠᠳᠬᠤᠨ |
ᠪᠣᠳᠠᠲᠠᠢ ᠠᠵᠢᠯᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠠᠬᠢᠴᠠ ᠳᠤᠮᠳᠠ ᠶᠦᠨᠨᠠᠨ ᠤ |
ᠬᠥᠭᠵᠢᠯᠲᠡ ᠶᠢᠨ ᠰᠢᠨ᠎ᠡ ᠪᠠᠶᠢᠳᠠᠯ ᠢ ᠡᠭᠦᠳᠬᠦ ᠬᠡᠷᠡᠭᠲᠡᠢ ᠭᠡᠵᠦ ᠴᠢᠬᠤᠯᠠᠴᠢᠯᠠᠪᠠ᠃ |
|
|
|
3 ᠰᠠᠷ᠎ᠠ ᠶᠢᠨ 19 ᠠᠴᠠ 20 ᠤ ᠡᠳᠦᠷ ᠪᠤᠯᠲᠠᠯ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ |
ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ |
ᠲᠡᠷᠢᠭᠦᠯᠡᠭᠴᠢ ᠰᠢ ᠶᠢᠨ ᠫᠢᠩ ᠶᠦᠨᠨᠠᠨ ᠳᠤ ᠰᠢᠨᠵᠢᠯᠡᠨ ᠪᠠᠶᠢᠴᠠᠭᠠᠪᠠ᠃ ᠵᠢᠷᠤᠭ ᠪᠣᠯ 19 ᠤ ᠦᠳᠡ ᠶᠢᠨ ᠬᠤᠶᠢᠨ᠎ᠠ᠂ |
ᠰᠢ ᠶᠢᠨ ᠫᠢᠩ ᠯᠢᠵᠢᠶᠠᠩ ᠤᠨ ᠤᠳᠤ ᠦᠶ᠎ᠡ ᠶᠢᠨ ᠴᠡᠴᠡᠭ ᠤᠨ ᠠᠵᠤ ᠦᠢᠯᠡᠰ ᠤᠨ ᠬᠦᠷᠢᠶᠡᠯᠡᠩ ᠤᠨ ᠰᠠᠷᠭᠠᠢ ᠴᠡᠴᠡᠭ |
ᠲᠠᠷᠢᠬᠤ ᠲᠣᠭᠤᠷᠢᠭ ᠲᠤ ᠲᠤᠬᠠᠢ ᠶᠢᠨ ᠲᠠᠯᠠᠪᠠᠢ ᠶᠢᠨ ᠲᠣᠰᠬᠤᠨ ᠤ ᠠᠷᠠᠳ᠂ ᠮᠡᠷᠭᠡᠵᠢᠯᠲᠡᠨ ᠲᠠᠢ ᠳᠣᠲᠣᠨᠣ ᠪᠠᠷ ᠶᠠᠷᠢᠯᠴᠠᠵᠤ |
ᠪᠠᠶᠢᠭ᠎ᠠ ᠨᠢ᠃ |
ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠶᠠᠨ ᠶᠠᠨ ᠰᠡᠭᠦᠳᠡᠷᠯᠡᠪᠡ |
3 ᠰᠠᠷ᠎ᠠ ᠶᠢᠨ 19 ᠠᠴᠠ 20 ᠤ ᠡᠳᠦᠷ ᠪᠤᠯᠲᠠᠯ᠎ᠠ᠂ ᠰᠢ ᠶᠢᠨ ᠫᠢᠩ ᠶᠦᠨᠨᠠᠨ ᠮᠤᠵᠢ ᠶᠢᠨ ᠨᠠᠮ ᠤᠨ ᠬᠤᠷᠢᠶ᠎ᠠ ᠶᠢᠨ |
ᠱᠦᠵᠢ ᠸᠠᠩ ᠨᠢᠩ ᠪᠣᠯᠣᠨ ᠮᠤᠵᠢ ᠶᠢᠨ ᠳᠠᠷᠤᠭ᠎ᠠ ᠸᠠᠩ ᠢᠦᠢ ᠪᠦᠸᠧ ᠶᠢᠨ ᠪᠠᠷ᠎ᠠ ᠪᠤᠯᠤᠯᠭ᠎ᠠ ᠲᠠᠢ ᠪᠠᠷ ᠤᠷᠢᠳ ᠬᠤᠵᠢᠳ |
ᠯᠢᠵᠢᠶᠠᠩ᠂ ᠺᠦᠨᠮᠢᠩ ᠵᠡᠷᠭᠡ ᠭᠠᠵᠠᠷ ᠲᠤ ᠬᠦᠷᠴᠦ ᠰᠢᠨᠵᠢᠯᠡᠨ ᠪᠠᠶᠢᠴᠠᠭᠠᠪᠠ᠃ |
19 ᠤ ᠦᠳᠡ ᠶᠢᠨ ᠬᠤᠶᠢᠨ᠎ᠠ᠂ ᠰᠢ ᠶᠢᠨ ᠫᠢᠩ ᠯᠢᠵᠢᠶᠠᠩ ᠤᠨ ᠤᠳᠤ ᠦᠶ᠎ᠡ ᠶᠢᠨ ᠴᠡᠴᠡᠭ ᠤᠨ ᠠᠵᠤ ᠦᠢᠯᠡᠰ ᠤᠨ |
ᠬᠦᠷᠢᠶᠡᠯᠡᠩ ᠳᠤ ᠭᠦᠷᠪᠡ᠃ ᠦᠵᠡᠭᠦᠯᠭᠡ ᠶᠢᠨ ᠲᠢᠩᠬᠢᠮ ᠳᠤ ᠲᠡᠷᠡ ᠰᠠᠷᠭᠠᠢ ᠴᠡᠴᠡᠭ᠂ ᠲᠤᠭᠤᠷᠠᠢ ᠯᠢᠩᠬᠸ᠎ᠠ ᠰᠣᠷᠭᠤᠭ |
ᠴᠡᠴᠡᠭ ᠤᠨ ᠲᠥᠷᠥᠯ ᠵᠦᠢᠯ ᠤᠨ ᠦᠵᠡᠭᠦᠯᠭᠡ ᠶᠢ ᠪᠠᠶᠢᠴᠠᠭᠠᠨ ᠦᠵᠡᠵᠦ᠂ ᠶᠦᠨᠨᠠᠨ ᠤ ᠬᠤᠸᠠᠷ ᠴᠡᠴᠡᠭ ᠤᠨ ᠠᠵᠤ |
ᠦᠢᠯᠡᠰ ᠤᠨ ᠬᠥᠭᠵᠢᠯᠲᠡ ᠶᠢᠨ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠪᠠ᠃ ᠰᠠᠷᠭᠠᠢ ᠴᠡᠴᠡᠭ ᠲᠠᠷᠢᠬᠤ ᠲᠣᠭᠤᠷᠢᠭ ᠲᠤ |
ᠲᠡᠷᠡ ᠣᠶᠤᠨᠲᠤ ᠬᠦᠯᠡᠮᠵᠢ ᠳᠤ ᠬᠥᠷᠥᠰᠥ ᠰᠢᠷᠣᠢ ᠦᠭᠡᠢ ᠪᠠᠷ ᠲᠠᠷᠢᠬᠤ ᠮᠡᠷᠭᠡᠵᠢᠯ ᠢ ᠣᠶᠢᠯᠠᠭᠠᠵᠤ᠂ ᠲᠤᠬᠠᠢ ᠶᠢᠨ |
ᠲᠠᠯᠠᠪᠠᠢ ᠶᠢᠨ ᠲᠣᠰᠬᠤᠨ ᠤ ᠠᠷᠠᠳ᠂ ᠮᠡᠷᠭᠡᠵᠢᠯᠲᠡᠨ ᠲᠠᠢ ᠳᠣᠲᠣᠨᠣ ᠪᠠᠷ ᠶᠠᠷᠢᠯᠴᠠᠪᠠ᠃ ᠲᠡᠷᠡ ᠪᠠᠰᠠ ᠰᠠᠷᠭᠠᠢ ᠴᠡᠴᠡᠭ ᠢ |
ᠲᠠᠰ ᠬᠤᠪᠢᠶᠠᠨ ᠪᠣᠭᠤᠳᠠᠯᠯᠠᠬᠤ ᠦᠢᠯᠡᠳᠪᠦᠷᠢᠯᠡᠯ ᠤᠨ ᠱᠤᠭᠤᠮ ᠳᠤ ᠬᠦᠷᠴᠦ᠂ ᠰᠢᠭᠰᠢᠨ ᠰᠣᠩᠭᠤᠬᠤ᠂ ᠲᠠᠰ ᠬᠤᠪᠢᠶᠠᠨ |
ᠪᠣᠭᠤᠳᠠᠯᠯᠠᠬᠤ᠂ ᠪᠠᠷᠠᠭ᠎ᠠ ᠶᠠᠪᠤᠭᠤᠯᠬᠤ ᠪᠦᠭᠦ ᠶᠠᠪᠤᠴᠠ ᠶᠢ ᠪᠠᠶᠢᠴᠠᠭᠠᠨ ᠦᠵᠡᠵᠦ᠂ ᠰᠣᠷᠭᠤᠭ ᠴᠡᠴᠡᠭ ᠢ ᠪᠠᠷᠠᠭᠠᠨ ᠤ |
ᠭᠦᠢᠯᠭᠡᠭᠡ ᠪᠠᠷ ᠳᠠᠮᠵᠢᠨ ᠴᠠᠭ ᠲᠤᠬᠠᠢ ᠳᠤᠨᠢ ᠭᠠᠳᠠᠭᠰᠢ ᠪᠣᠷᠣᠯᠠᠭᠤᠯᠵᠤ ᠪᠠᠶᠢᠬᠤ ᠶᠢ ᠨᠤᠲᠠᠯᠠᠵᠤ ᠪᠠᠶᠢᠬᠤ ᠪᠠᠨ ᠢᠯᠡᠳᠬᠡᠵᠡᠢ᠃ |
ᠰᠢ ᠶᠢᠨ ᠫᠢᠩ᠂ ᠶᠦᠨᠨᠠᠨ ᠤ ᠴᠡᠴᠡᠭ ᠤᠨ ᠠᠵᠤ ᠦᠢᠯᠡᠰ ᠤᠨ ᠠᠯᠤᠰ ᠢᠷᠡᠭᠡᠳᠦᠢ ᠥᠷᠭᠡᠨ ᠠᠭᠤᠳᠠᠮ ᠪᠠᠶᠢᠨ᠎ᠠ᠃ ᠪᠦᠭᠦ |
ᠠᠵᠤ ᠦᠢᠯᠡᠰ ᠤᠨ ᠬᠡᠯᠬᠢᠶ᠎ᠡ ᠳᠤ ᠠᠩᠬᠠᠷᠤᠯ ᠢᠶᠠᠨ ᠲᠥᠪᠯᠡᠷᠡᠭᠦᠯᠵᠦ᠂ ᠲᠠᠷᠢᠮᠠᠯ ᠤᠨ ᠦᠢᠯᠡᠰ ᠤᠨ ᠦᠵᠦᠭᠦᠷᠯᠢᠭ᠂ |
ᠲᠠᠷᠢᠮᠠᠯ ᠤᠨ ᠦᠵᠦᠭᠦᠷᠯᠢᠭ᠂ ᠵᠠᠬ᠎ᠠ ᠳᠡᠯᠭᠡᠭᠦᠷ ᠤᠨ ᠦᠵᠦᠭᠦᠷᠯᠢᠭ ᠠᠴᠠ ᠲᠠᠰᠤᠷᠠᠯᠳᠠ ᠦᠭᠡᠢ ᠭᠦᠨᠵᠡᠭᠡᠶᠢᠷᠡᠨ ᠨᠠᠷᠢᠯᠢᠭ |
ᠠᠵᠢᠯᠯᠠᠵᠤ᠂ ᠡᠨᠡ ᠬᠦ ︽ᠦᠵᠡᠰᠬᠦᠯᠡᠩᠲᠦ ᠰᠠᠶᠢᠬᠠᠨ ᠠᠵᠤ ᠦᠢᠯᠡᠰ︾ ᠢ ᠤᠯᠠᠨ ᠲᠦᠮᠡᠨ ᠳᠤ ᠪᠤᠶᠠᠨ ᠦᠢᠯᠡᠳᠬᠦ ︽ᠵᠣᠯ |
ᠵᠢᠷᠭᠠᠯᠲᠤ ᠠᠵᠤ ᠦᠢᠯᠡᠰ︾ ᠪᠤᠯᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ |
|
|
|
3 ᠰᠠᠷ᠎ᠠ ᠶᠢᠨ 19 ᠠᠴᠠ 20 ᠤ ᠡᠳᠦᠷ ᠪᠤᠯᠲᠠᠯ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ |
ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ |
ᠲᠡᠷᠢᠭᠦᠯᠡᠭᠴᠢ ᠰᠢ ᠶᠢᠨ ᠫᠢᠩ ᠶᠦᠨᠨᠠᠨ ᠳᠤ ᠰᠢᠨᠵᠢᠯᠡᠨ ᠪᠠᠶᠢᠴᠠᠭᠠᠪᠠ᠃ ᠵᠢᠷᠤᠭ ᠪᠣᠯ 19 ᠤ ᠦᠳᠡ ᠶᠢᠨ ᠬᠤᠶᠢᠨ᠎ᠠ᠂ |
ᠰᠢ ᠶᠢᠨ ᠫᠢᠩ ᠯᠢᠵᠢᠶᠠᠩ ᠤᠨ ᠡᠷᠲᠡᠨ ᠤ ᠬᠤᠲᠠ ᠳᠤ ᠰᠢᠨᠵᠢᠯᠡᠨ ᠪᠠᠶᠢᠴᠠᠭᠠᠬᠤ ᠳᠠᠭᠠᠨ ᠰᠠᠭᠤᠭᠠᠯᠢ ᠠᠷᠠᠳ ᠪᠣᠯᠣᠨ |
ᠵᠢᠭᠤᠯᠴᠢᠯᠠᠬᠰᠠᠳ ᠲᠠᠢ ᠳᠣᠲᠣᠨᠣ ᠪᠠᠷ ᠶᠠᠷᠢᠯᠴᠠᠵᠤ ᠪᠠᠶᠢᠭ᠎ᠠ ᠨᠢ᠃ |
ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠶᠠᠨ ᠶᠠᠨ ᠰᠡᠭᠦᠳᠡᠷᠯᠡᠪᠡ |
ᠯᠢᠵᠢᠶᠠᠩ ᠤᠨ ᠡᠷᠲᠡᠨ ᠤ ᠬᠤᠲᠠ 800 ᠭᠠᠷᠤᠢ ᠵᠢᠯ ᠤᠨ ᠲᠡᠦᠬᠡ ᠲᠠᠢ ᠪᠠᠶᠢᠵᠤ᠂ ᠳᠡᠯᠡᠬᠡᠢ ᠶᠢᠨ ᠰᠣᠶᠣᠯ ᠤᠨ |
ᠥᠪ ᠤᠨ ᠨᠡᠷᠡᠰ ᠲᠤ ᠵᠢᠭᠰᠠᠭᠠᠭᠳᠠᠪᠠ᠃ ᠨᠢᠭᠡ ᠤᠳᠠᠭᠠᠨ ᠤ ᠬᠠᠪᠤᠷ ᠤᠨ ᠴᠠᠰᠤᠨ ᠤ ᠳᠠᠷᠠᠭ᠎ᠠ ᠯᠢᠵᠢᠶᠠᠩ ᠳᠤ ᠵᠢᠭᠤᠯᠴᠢᠯᠠᠬᠤ |
ᠬᠥᠮᠥᠰ ᠣᠯᠠᠰᠢᠷᠠᠪᠠ᠃ ᠰᠢ ᠶᠢᠨ ᠫᠢᠩ ᠠᠳᠡ ᠡᠷᠲᠡᠨ ᠤ ᠬᠤᠳᠠ ᠶᠢ ᠪᠠᠶᠢᠭᠤᠯᠤᠭᠰᠠᠨ ᠲᠡᠦᠬᠡ᠂ ᠨᠠᠰᠢ ᠦᠨᠳᠦᠰᠦᠲᠡᠨ ᠤ |
ᠠᠷᠠᠳ ᠤᠨ ᠰᠠᠭᠤᠴᠠ ᠶᠢᠨ ᠣᠨᠴᠠᠯᠢᠭ ᠪᠣᠯᠣᠨ ᠲᠤᠬᠠᠢ ᠶᠢᠨ ᠭᠠᠵᠠᠷ ᠤᠨ ᠰᠣᠶᠣᠯ ᠤᠨ ᠥᠪ ᠢ ᠬᠠᠮᠠᠭᠠᠯᠠᠨ ᠠᠰᠢᠭᠯᠠᠭᠰᠠᠨ |
ᠪᠠᠶᠢᠳᠠᠯ᠂ ᠰᠣᠶᠣᠯ ᠵᠢᠭᠤᠯᠴᠢᠯᠠᠯ ᠤᠨ ᠠᠭᠤᠰᠤᠯᠴᠠᠨ ᠬᠥᠭᠵᠢᠬᠦ ᠶᠢ ᠠᠬᠢᠭᠤᠯᠤᠭᠰᠠᠨ ᠪᠠᠶᠢᠳᠠᠯ ᠵᠡᠷᠭᠡ ᠶᠢ ᠨᠠᠷᠢᠨ ᠣᠶᠢᠯᠠᠭᠠᠪᠠ᠃ |
ᠰᠠᠭᠤᠭᠠᠯᠢ ᠠᠷᠠᠳ ᠪᠣᠯᠣᠨ ᠵᠢᠭᠤᠯᠴᠢᠯᠠᠬᠰᠠᠳ ᠶᠡᠷᠦᠩᠬᠡᠢ ᠱᠦᠵᠢ ᠲᠠᠢ ᠠᠭᠤᠯᠵᠠᠭᠠᠳ ᠲᠦᠢᠯ ᠢᠶᠠᠷ ᠪᠠᠶᠠᠷᠯᠠᠵᠤ᠂ |
ᠪᠤᠯᠢᠶᠠᠯᠳᠤᠨ ᠮᠡᠨᠳᠦᠴᠢᠯᠡᠵᠦ᠂ ᠵᠠᠷᠢᠮ ᠨᠢ ᠪᠠᠰᠠ ᠬᠥᠭᠵᠢᠮ ᠬᠥᠭᠵᠢᠮᠳᠡᠵᠦ᠂ ᠳᠠᠭᠤᠯᠠᠨ ᠪᠥᠵᠢᠭᠯᠡᠵᠦ ᠶᠡᠷᠦᠩᠬᠡᠢ ᠱᠦᠵᠢ ᠶᠢ |
ᠤᠭᠲᠤᠪᠠ᠃ ᠰᠢ ᠶᠢᠨ ᠫᠢᠩ ᠤᠯᠠᠨ ᠲᠠᠢ ᠪᠠᠶᠢᠨ ᠪᠠᠶᠢᠨ ᠰᠠᠨᠠᠯ ᠢᠶᠠᠨ ᠰᠣᠯᠢᠯᠴᠠᠵᠤ᠂ ᠬᠤᠳᠠᠯᠳᠤᠭᠠᠨ ᠤ ᠳᠡᠯᠭᠡᠭᠦᠷ ᠤᠨ |
ᠡᠵᠡᠩᠨᠡᠯᠲᠡ ᠶᠢᠨ ᠪᠠᠶᠢᠳᠠᠯ ᠪᠣᠯᠣᠨ ᠵᠢᠭᠤᠯᠴᠢᠯᠠᠬᠰᠠᠳ ᠤᠨ ᠲᠥᠷᠥᠭᠳᠡᠯ ᠢ ᠣᠶᠢᠯᠠᠭᠠᠪᠠ᠃ ᠲᠡᠷᠡ ᠲᠤᠬᠠᠢ ᠶᠢᠨ |
ᠭᠠᠵᠠᠷ ᠤᠨ ᠬᠢᠨ ᠬᠠᠮᠠᠭᠠᠯᠠᠯᠲᠠ ᠪᠠ ᠬᠥᠭᠵᠢᠯᠲᠡ ᠶᠢᠨ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠵᠦ᠂ ᠡᠨᠡ ᠬᠦ |
ᠦᠵᠡᠰᠬᠦᠯᠡᠩᠲᠦ ᠰᠠᠶᠢᠬᠠᠨ ᠡᠷᠲᠡᠨ ᠤ ᠬᠤᠲᠠ ᠶᠢᠨ ᠰᠢᠨ᠎ᠡ ᠭᠡᠷᠡᠯ ᠭᠢᠯᠪᠠᠭ᠎ᠠ ᠶᠢ ᠰᠠᠴᠤᠷᠠᠭᠤᠯᠬᠤ ᠬᠡᠷᠡᠭᠲᠡᠢ ᠭᠡᠵᠦ |
ᠱᠠᠭᠠᠷᠳᠠᠪᠠ᠃ |
ᠡᠷᠲᠡᠨ ᠤ ᠬᠤᠳᠠ ᠶᠢᠨ ᠳᠣᠲᠣᠷᠠᠬᠢ ᠮᠦ ᠣᠪᠣᠭᠲᠤ ᠶᠢᠨ ᠠᠶᠢᠮᠠᠭ ᠤᠨ ᠠᠬᠠᠯᠠᠭᠴᠢ ᠶᠢᠨ ᠣᠷᠳᠣᠨ ᠤ ᠶᠠᠮᠤᠨ ᠨᠢ |
ᠪᠠᠷᠠᠭᠤᠨ ᠡᠮᠦᠨᠡᠲᠦ ᠣᠷᠣᠨ ᠤ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠲᠡᠦᠬᠡ ᠶᠢ |
ᠭᠡᠷᠡᠴᠢᠯᠡᠵᠡᠢ᠃ ᠰᠢ ᠶᠢᠨ ᠫᠢᠩ ᠮᠦ ᠣᠪᠣᠭᠲᠤ ᠶᠢᠨ ᠠᠶᠢᠮᠠᠭ ᠤᠨ ᠠᠬᠠᠯᠠᠭᠴᠢ ᠶᠢᠨ ᠣᠷᠳᠣᠨ ᠤ ᠭᠤᠣᠯ ᠪᠠᠷᠢᠯᠭ᠎ᠠ ᠶᠢ |
ᠪᠠᠶᠢᠴᠠᠭᠠᠨ ᠦᠵᠡᠵᠦ᠂ ᠨᠠᠰᠢ ᠦᠨᠳᠦᠰᠦᠲᠡᠨ ᠤ ᠳ᠋ᠦᠩᠪᠠ ᠶᠢᠨ ᠰᠣᠶᠣᠯ ᠤᠨ ᠰᠤᠳᠤᠯᠭᠠᠨ ᠤ ᠦᠷ᠎ᠡ ᠪᠦᠲᠦᠭᠡᠯ ᠤᠨ |
ᠦᠵᠡᠭᠦᠯᠭᠡ ᠶᠢ ᠲᠣᠭᠤᠷᠢᠨ ᠦᠵᠡᠪᠡ᠃ ᠲᠡᠷᠡ᠂ ᠮᠦ ᠣᠪᠣᠭᠲᠤ ᠶᠢᠨ ᠠᠶᠢᠮᠠᠭ ᠤᠨ ᠠᠬᠠᠯᠠᠭᠴᠢ ᠶᠢᠨ ᠣᠷᠳᠣᠨ ᠮᠡᠲᠦ ᠶᠢᠨ |
ᠴᠢᠬᠤᠯᠠ ᠰᠣᠶᠣᠯ ᠤᠨ ᠪᠡᠯᠭᠡ ᠲᠡᠮᠳᠡᠭ ᠢ ᠰᠠᠶᠢᠲᠤᠷ ᠬᠠᠮᠠᠭᠠᠯᠠᠨ ᠠᠰᠢᠭᠯᠠᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ |
ᠰᠣᠶᠣᠯ ᠢ ᠰᠠᠶᠢᠲᠤᠷ ᠬᠠᠮᠠᠭᠠᠯᠠᠨ ᠵᠠᠯᠭᠠᠮᠵᠢᠯᠠᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠤᠬᠠᠮᠰᠠᠷ ᠠᠴᠠ ᠪᠠᠨ |
ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠬᠥᠲᠥᠯᠥᠨ |
ᠵᠢᠯᠤᠭᠤᠳᠴᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠳᠠᠰᠤᠷᠠᠯᠳᠠ ᠦᠭᠡᠢ |
ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ |
ᠠᠶᠠᠷᠯᠠᠬᠤ ᠦᠶ᠎ᠡ ᠳᠤ ᠮᠠᠰᠢ ᠤᠯᠠᠨ ᠰᠠᠭᠤᠭᠠᠯᠢ ᠠᠷᠠᠳ ᠪᠣᠯᠣᠨ ᠵᠢᠭᠤᠯᠴᠢᠯᠠᠬᠰᠠᠳ ᠴᠤᠭᠯᠠᠷᠠᠨ ᠢᠷᠡᠵᠦ ᠶᠡᠷᠦᠩᠬᠡᠢ |
ᠱᠦᠵᠢ ᠶᠢ ᠦᠳᠡᠨ ᠮᠣᠷᠳᠠᠭᠤᠯᠵᠠᠢ᠃ ᠰᠢ ᠶᠢᠨ ᠫᠢᠩ ᠤᠯᠠᠨ ᠢ ᠵᠣᠷᠢᠭᠵᠢᠭᠤᠯᠵᠤ᠂ ᠯᠢᠵᠢᠶᠠᠩ ᠳᠤ ᠦᠵᠡᠰᠬᠦᠯᠡᠩᠲᠦ |
ᠰᠠᠶᠢᠬᠠᠨ ᠦᠵᠡᠮᠵᠢ ᠲᠠᠢ᠂ ᠥᠪᠡᠷᠮᠢᠴᠡ ᠣᠨᠴᠠᠯᠢᠭᠲᠤ ᠰᠣᠶᠣᠯ ᠲᠠᠢ᠂ ᠥᠨᠳᠥᠷ ᠮᠠᠨᠳᠤᠭᠰᠠᠨ ᠨᠡᠷ᠎ᠡ ᠠᠯᠳᠠᠷ ᠲᠠᠢ᠂ |
ᠯᠠᠪᠲᠠᠶ᠎ᠠ ᠦᠷᠭᠦᠯᠵᠢᠯᠡᠭᠰᠡᠨ ᠡᠷᠡᠭᠦᠯ ᠰᠣᠶᠣᠯ ᠵᠢᠭᠤᠯᠴᠢᠯᠠᠯ ᠤᠨ ᠬᠥᠭᠵᠢᠯᠲᠡ ᠶᠢᠨ ᠵᠠᠮ ᠢ ᠨᠡᠭᠡᠭᠡᠵᠦ ᠴᠢᠳᠠᠨ᠎ᠠ ᠭᠡᠪᠡ᠃ |
ᠲᠡᠷᠡ ᠯᠢᠵᠢᠶᠠᠩ ᠤᠨ ᠠᠷᠠᠳ ᠲᠦᠮᠡᠨ ᠤ ᠠᠮᠢᠳᠤᠷᠠᠯ ᠢ ᠨᠠᠰᠢ ᠦᠨᠳᠦᠰᠦᠲᠡᠨ ᠤ ︽ᠾᠧ︾ ᠣᠪᠣᠭ ᠮᠡᠲᠦ᠂ ᠵᠣᠯ |
ᠵᠢᠷᠭᠠᠯᠲᠠᠢ ᠠᠮᠤᠷ ᠠᠮᠤᠭᠤᠯᠠᠩ᠂ ᠡᠶ᠎ᠡ ᠨᠠᠶᠢᠷᠠᠮᠳᠠᠭᠤ ᠪᠠᠶᠢᠭᠠᠰᠠᠢ ᠭᠡᠵᠦ ᠵᠥᠩᠨᠡᠪᠡ᠃ |
20 ᠤ ᠦᠳᠡ ᠶᠢᠨ ᠡᠮᠦᠨ᠎ᠡ᠂ ᠰᠢ ᠶᠢᠨ ᠫᠢᠩ ᠶᠦᠨᠨᠠᠨ ᠮᠤᠵᠢ ᠶᠢᠨ ᠨᠠᠮ ᠤᠨ ᠬᠤᠷᠢᠶ᠎ᠠ ᠪᠣᠯᠣᠨ ᠮᠤᠵᠢ ᠶᠢᠨ |
ᠵᠠᠰᠠᠭ ᠤᠨ ᠣᠷᠳᠣᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠶᠦᠨᠨᠠᠨ ᠤ ᠡᠯ᠎ᠡ ᠲᠠᠯ᠎ᠠ ᠶᠢᠨ ᠬᠢᠨ ᠤ |
ᠣᠯᠣᠭᠰᠠᠨ ᠠᠮᠵᠢᠯᠲᠠ ᠪᠦᠲᠦᠮᠵᠢ ᠶᠢ ᠨᠤᠲᠠᠯᠠᠵᠤ᠂ ᠲᠠᠷᠠᠭᠠᠴᠢ ᠶᠢᠨ ᠠᠯᠬᠤᠮ ᠤᠨ ᠠᠵᠢᠯ ᠳᠤ ᠱᠠᠭᠠᠷᠳᠠᠯᠭ᠎ᠠ ᠳᠤᠷᠠᠳᠪᠠ᠃ |
ᠰᠢ ᠶᠢᠨ ᠫᠢᠩ᠂ ᠠᠵᠤ ᠦᠢᠯᠡᠰ ᠤᠨ ᠭᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠶᠢ ᠠᠬᠢᠭᠤᠯᠬᠤ ᠪᠣᠯ ᠴᠢᠨᠠᠷ |
ᠰᠠᠶᠢᠲᠠᠢ ᠬᠥᠭᠵᠢᠯᠲᠡ ᠶᠢᠨ ᠭᠤᠣᠯᠳᠠᠯᠭ᠎ᠠ ᠲᠠᠢ ᠠᠵᠢᠯ ᠮᠥᠨ᠃ ᠡᠯ᠎ᠡ ᠭᠠᠵᠠᠷ ᠤᠨ ᠡᠬᠢ ᠪᠠᠶᠠᠯᠢᠭ ᠤᠨ ᠬᠡᠮᠵᠢᠶ᠎ᠡ᠂ ᠰᠠᠭᠤᠷᠢ |
ᠨᠥᠬᠦᠴᠡᠯ ᠵᠡᠷᠭᠡ ᠨᠢ ᠠᠳᠠᠯᠢ ᠪᠤᠰᠤ ᠪᠠᠶᠢᠵᠤ᠂ ᠠᠵᠤ ᠦᠢᠯᠡᠰ ᠤᠨ ᠭᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠶᠢ |
ᠠᠳᠬᠤᠬᠤ ᠳᠤ ᠪᠣᠳᠠᠲᠠᠢ ᠠᠴᠠ ᠡᠭᠦᠰᠴᠦ᠂ ᠠᠵᠤ ᠠᠬᠤᠢ ᠶᠢᠨ ᠵᠢᠮ᠎ᠡ ᠶᠣᠰᠣ ᠶᠢ ᠵᠢᠷᠤᠮᠯᠠᠵᠤ᠂ ᠥᠪᠡᠷ ᠤᠨ ᠣᠨᠴᠠᠯᠢᠭ ᠢᠶᠠᠨ |
ᠳᠣᠪᠤᠶᠢᠯᠭᠠᠬᠤ ᠬᠡᠷᠡᠭᠲᠡᠢ᠃ ᠶᠦᠨᠨᠠᠨ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠤᠳᠤᠷᠢᠳᠤᠮᠵᠢ |
ᠪᠣᠯᠭᠠᠨ ᠡᠬᠢ ᠪᠠᠶᠠᠯᠢᠭ ᠤᠨ ᠭᠡᠯᠪᠡᠷᠢ ᠶᠢᠨ ᠠᠵᠤ ᠦᠢᠯᠡᠰ ᠢ ᠬᠦᠴᠦᠷᠬᠡᠭᠵᠢᠭᠦᠯᠵᠦ ᠰᠢᠯᠢᠳᠡᠭᠵᠢᠭᠦᠯᠦᠨ ᠪᠤᠵᠠᠭᠠᠶᠢᠷᠠᠭᠤᠯᠵᠤ᠂ |
ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠪᠣᠯᠣᠨ ᠢᠷᠡᠭᠡᠳᠦᠢ ᠶᠢᠨ ᠠᠵᠤ ᠦᠢᠯᠡᠰ ᠢ |
ᠢᠳᠡᠪᠬᠢᠲᠡᠢ ᠬᠥᠭᠵᠢᠭᠦᠯᠬᠦ ᠬᠡᠷᠡᠭᠲᠡᠢ᠃ ᠥᠨᠳᠦᠷᠯᠢᠭ ᠤᠨ ᠣᠨᠴᠠᠯᠢᠭᠲᠤ ᠲᠠᠷᠢᠶᠠᠯᠠᠩ ᠪᠣᠯᠣᠨ ᠰᠣᠶᠣᠯ ᠵᠢᠭᠤᠯᠴᠢᠯᠠᠯ ᠤᠨ |
ᠠᠵᠤ ᠦᠢᠯᠡᠰ ᠢ ᠲᠦᠷᠭᠡᠨ ᠬᠥᠭᠵᠢᠭᠦᠯᠵᠦ᠂ ᠠᠵᠤ ᠦᠢᠯᠡᠰ ᠤᠨ ᠦᠷᠳᠡᠭ ᠢ ᠨᠡᠮᠡᠭᠳᠡᠭᠦᠯᠬᠦ᠂ ᠠᠵᠤ ᠠᠬᠤᠶᠢᠯᠠᠯ ᠤᠨ ᠦᠷ᠎ᠡ |
ᠠᠰᠢᠭ ᠢ ᠨᠡᠮᠡᠭᠳᠡᠭᠦᠯᠬᠦ᠂ ᠤᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠢ᠃ ᠠᠰᠢᠭ ᠲᠤᠰᠠ ᠶᠢ |
ᠬᠠᠮᠲᠤ ᠪᠠᠷ ᠡᠳ᠋ᠯᠡᠬᠦ ᠲᠣᠭᠲᠠᠴᠠ ᠶᠢ ᠢᠳᠡᠪᠬᠢᠲᠡᠢ ᠰᠦᠪᠡᠭᠴᠢᠯᠡᠵᠦ᠂ ᠠᠵᠤ ᠦᠢᠯᠡᠰ ᠤᠨ ᠱᠠᠲᠤᠴᠢ ᠰᠢᠯᠵᠢᠯᠲᠡ ᠶᠢ ᠡᠮᠬᠢ |
ᠵᠢᠷᠤᠮ ᠲᠠᠢ ᠭᠥᠯᠢᠶᠡᠨ ᠠᠪᠬᠤ ᠬᠡᠷᠡᠭᠲᠡᠢ ᠭᠡᠵᠦ ᠵᠢᠭᠠᠵᠤ ᠭᠠᠷᠭᠠᠪᠠ᠃ |
ᠰᠢ ᠶᠢᠨ ᠫᠢᠩ᠂ ᠶᠦᠨᠨᠠᠨ ᠤ ᠣᠷᠣᠨ ᠪᠠᠶᠢᠷᠢ ᠶᠢᠨ ᠨᠥᠬᠦᠴᠡᠯ ᠥᠪᠡᠷᠮᠢᠴᠡ ᠪᠠᠶᠢᠵᠤ᠂ ᠥᠨᠳᠥᠷ ᠲᠦᠪᠰᠢᠨ ᠪᠦᠬᠦᠢ |
ᠭᠠᠳᠠᠭᠠᠳᠤ ᠨᠡᠭᠡᠭᠡᠯᠲᠡ ᠶᠢ ᠢᠳᠡᠪᠬᠢᠲᠡᠢ ᠠᠬᠢᠭᠤᠯᠵᠤ᠂ ᠡᠮᠦᠨᠡᠲᠦ ᠠᠽᠢᠶ᠎ᠠ ᠵᠡᠭᠦᠨ ᠡᠮᠦᠨᠡᠲᠦ ᠠᠽᠢᠶ᠎ᠠ ᠳᠤ ᠬᠠᠨᠳᠤᠭᠤᠯᠤᠭᠰᠠᠨ |
ᠨᠥᠯᠥᠭᠡᠯᠡᠨ ᠳᠠᠶᠢᠴᠢᠯᠠᠬᠤ ᠲᠥᠪ ᠢ ᠪᠦᠲᠦᠭᠡᠨ ᠪᠠᠶᠢᠭᠤᠯᠬᠤ ᠬᠡᠷᠡᠭᠲᠡᠢ᠃ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ |
ᠣᠷᠣᠨ ᠢ ᠴᠢᠨᠠᠷ ᠰᠠᠶᠢᠲᠠᠢ ᠪᠦᠲᠦᠭᠡᠨ ᠪᠠᠶᠢᠭᠤᠯᠵᠤ᠂ ᠵᠠᠮ ᠬᠠᠷᠢᠯᠴᠠᠭ᠎ᠠ ᠪᠠᠷᠠᠭᠠᠨ ᠤ ᠭᠦᠢᠯᠭᠡᠭᠡ᠂ ᠡᠨᠧᠷᠭᠢ᠂ |
ᠲᠣᠭᠠᠴᠢᠯᠠᠭᠰᠠᠨ ᠮᠡᠳᠡᠭᠡ ᠵᠠᠩᠭᠢ ᠵᠡᠷᠭᠡ ᠶᠡᠭᠡ ᠵᠠᠮ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠡᠯ᠎ᠡ ᠲᠦᠷᠦᠯ ᠤᠨ |
ᠨᠡᠭᠡᠭᠡᠯᠲᠡᠲᠤ ᠲᠠᠪᠴᠠᠩ ᠢ ᠠᠵᠤ ᠠᠬᠤᠢ ᠶᠢᠨ ᠬᠥᠭᠵᠢᠯᠲᠡ ᠶᠢᠨ ᠨᠡᠮᠡᠭᠳᠡᠯ ᠤᠨ ᠴᠡᠭ ᠪᠤᠯᠭᠠᠬᠤ ᠬᠡᠷᠡᠭᠲᠡᠢ᠃ ᠡᠷᠭᠢᠨ |
ᠲᠣᠭᠤᠷᠢᠨ ᠤ ᠤᠯᠤᠰ ᠯᠤᠭ᠎ᠠ ᠶᠢᠨ ᠠᠵᠤ ᠠᠬᠤᠢ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ᠂ ᠴᠢᠳᠠᠪᠤᠷᠢᠲᠠᠨ᠂ ᠡᠮᠴᠢᠯᠡᠭᠡ᠂ |
ᠰᠣᠶᠣᠯ ᠵᠡᠷᠭᠡ ᠶᠢᠨ ᠰᠣᠯᠢᠯᠴᠠᠭ᠎ᠠ ᠬᠠᠮᠲᠤᠷᠠᠯᠴᠠᠭ᠎ᠠ ᠶᠢ ᠥᠷᠭᠡᠳᠬᠡᠵᠦ᠂ ︽ᠨᠢᠭᠡ ᠪᠦᠰᠡ ᠨᠢᠭᠡ ᠵᠠᠮ︾ ᠢ ᠴᠢᠨᠠᠷ ᠰᠠᠶᠢᠲᠠᠢ |
ᠬᠠᠮᠲᠤ ᠪᠠᠷ ᠪᠦᠲᠦᠭᠡᠨ ᠪᠠᠶᠢᠭᠤᠯᠬᠤ ᠳᠤ ᠨᠡᠩ ᠰᠠᠶᠢᠨ ᠣᠯᠣᠯᠲᠠ ᠲᠥᠷᠥᠭᠳᠡᠯ ᠲᠠᠢ ᠪᠤᠯᠭᠠᠬᠤ ᠬᠡᠷᠡᠭᠲᠡᠢ ᠭᠡᠵᠦ |
ᠴᠢᠬᠤᠯᠠᠴᠢᠯᠠᠪᠠ᠃ |
ᠰᠢ ᠶᠢᠨ ᠫᠢᠩ᠂ ᠶᠦᠨᠨᠠᠨ ᠤ ᠠᠮᠢ ᠠᠬᠤᠢ ᠶᠢᠨ ᠪᠠᠶᠢᠷᠢ ᠰᠠᠭᠤᠷᠢ ᠴᠢᠬᠤᠯᠠ᠂ ᠠᠮᠢ ᠠᠬᠤᠢ ᠶᠢ ᠤᠷᠢᠳ ᠢᠶᠠᠷ |
ᠪᠣᠳᠣᠯᠬᠢᠯᠠᠬᠤ᠂ ᠪᠣᠬᠢᠷᠳᠤᠯ ᠦᠭᠡᠢ ᠬᠥᠭᠵᠢᠭᠦᠯᠬᠦ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠮᠠᠨ ᠤ ᠤᠯᠤᠰ ᠤᠨ |
ᠪᠠᠷᠠᠭᠤᠨ ᠡᠮᠦᠨᠡᠲᠦ ᠶᠢᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠬᠡᠷᠡᠭᠲᠡᠢ᠃ |
ᠤᠯᠤᠰ ᠤᠨ ᠴᠡᠴᠡᠷᠯᠢᠭ ᠢᠶᠠᠷ ᠭᠤᠣᠯ ᠴᠣᠭᠴᠠ ᠪᠤᠯᠭᠠᠬᠰᠠᠨ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠰᠢᠰᠲ᠋ᠧᠮ ᠢ |
ᠪᠦᠷᠢᠨᠰᠢᠭᠦᠯᠵᠦ᠂ ᠠᠮᠢ ᠠᠬᠤᠢ ᠶᠢᠨ ᠰᠢᠰᠲ᠋ᠧᠮ ᠤᠨ ᠬᠠᠮᠠᠭᠠᠯᠠᠯᠲᠠ ᠪᠠ ᠰᠡᠷᠭᠦᠭᠡᠯᠲᠡ ᠶᠢ ᠴᠢᠩᠭᠠᠳᠬᠠᠵᠤ᠂ ᠬᠠᠶᠢᠷ |
ᠴᠢᠯᠠᠭᠤᠵᠢᠬᠤ᠂ ᠬᠥᠷᠥᠰᠥ ᠰᠢᠷᠣᠢ ᠶᠢᠨ ᠢᠳᠡᠭᠳᠡᠯ ᠵᠢᠴᠢ ᠵᠢᠵᠢᠭ ᠰᠠᠪᠠ ᠭᠠᠵᠠᠷ ᠤᠨ ᠶᠡᠷᠦᠩᠬᠡᠶᠢᠯᠡᠭᠰᠡᠨ ᠵᠠᠰᠠᠯᠲᠠ ᠶᠢ |
ᠦᠷᠭᠦᠯᠵᠢᠯᠡᠨ ᠥᠷᠨᠢᠭᠦᠯᠬᠦ ᠬᠡᠷᠡᠭᠲᠡᠢ᠃ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠬᠡᠷᠡᠭᠴᠡᠭᠡ ᠶᠢᠨ |
ᠬᠠᠮᠢᠶᠠᠷᠤᠯᠲᠠ ᠬᠢᠭᠡᠳ ᠠᠮᠢ ᠠᠬᠤᠢ ᠣᠷᠴᠢᠨ ᠲᠣᠭᠤᠷᠢᠨ ᠤ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠶᠢ |
ᠵᠣᠯᠭᠠᠭᠤᠯᠬᠤ ᠶᠢ ᠴᠢᠩᠭᠠᠳᠬᠠᠵᠤ᠂ ᠭᠤᠣᠯᠳᠠᠯᠭ᠎ᠠ ᠲᠠᠢ ᠬᠦᠷᠢᠶᠡᠨ ᠤ ᠪᠣᠬᠢᠷᠳᠤᠯ ᠢ ᠰᠡᠷᠭᠡᠶᠢᠯᠡᠨ ᠵᠠᠰᠠᠬᠤ ᠪᠠ |
ᠭᠤᠣᠯᠳᠠᠯᠭ᠎ᠠ ᠲᠠᠢ ᠨᠠᠭᠤᠷ ᠴᠥᠭᠦᠷᠥᠮ ᠤᠨ ᠣᠷᠴᠢᠨ ᠲᠣᠭᠤᠷᠢᠨ ᠤ ᠵᠠᠰᠠᠯᠲᠠ ᠶᠢ ᠯᠠᠪᠳᠠᠭᠤᠨ ᠪᠠᠲᠤᠲᠠᠢ ᠠᠬᠢᠭᠤᠯᠬᠤ |
ᠬᠡᠷᠡᠭᠲᠡᠢ ᠭᠡᠵᠦ ᠵᠢᠭᠠᠵᠤ ᠭᠠᠷᠭᠠᠪᠠ᠃ |
ᠰᠢ ᠶᠢᠨ ᠫᠢᠩ᠂ ᠶᠦᠨᠨᠠᠨ ᠳᠤ ᠦᠨᠳᠦᠰᠦᠲᠡᠨ ᠤᠯᠠᠨ᠂ ᠬᠢᠯᠢ ᠬᠢᠵᠠᠭᠠᠷ ᠤᠨ ᠦᠨᠳᠦᠰᠦᠲᠡᠨ ᠤ ᠭᠠᠵᠠᠷ ᠣᠷᠣᠨ ᠤ |
ᠵᠠᠰᠠᠯᠲᠠ ᠶᠢ ᠴᠢᠩᠭᠠᠳᠬᠠᠵᠤ᠂ ᠦᠨᠳᠦᠰᠦᠲᠡᠨ ᠨᠦᠭᠦᠳ ᠤᠨ ᠪᠦᠭᠦ ᠲᠠᠯ᠎ᠠ ᠪᠠᠷ ᠠᠭᠤᠰᠤᠯᠴᠠᠬᠤ ᠦᠢᠯᠡᠳᠦᠯᠭᠡ ᠶᠢᠨ ᠠᠷᠭ᠎ᠠ |
ᠵᠠᠮ ᠢ ᠥᠷᠭᠡᠳᠬᠡᠵᠦ᠂ ᠰᠢᠨ᠎ᠡ ᠴᠠᠭ ᠦᠶ᠎ᠡ ᠶᠢᠨ ᠬᠢᠯᠢ ᠬᠢᠵᠠᠭᠠᠷ ᠢ ᠬᠥᠭᠵᠢᠭᠦᠯᠵᠦ ᠠᠷᠠᠳ ᠢ ᠪᠠᠶᠠᠵᠢᠭᠤᠯᠬᠤ ᠠᠵᠢᠯᠯᠠᠭ᠎ᠠ ᠶᠢ |
ᠭᠦᠨᠵᠡᠭᠡᠢ ᠠᠬᠢᠭᠤᠯᠵᠤ᠂ ᠦᠨᠳᠦᠰᠦᠲᠡᠨ ᠤ ᠪᠦᠯᠬᠦᠮᠳᠡᠯ᠂ ᠬᠢᠯᠢ ᠬᠢᠵᠠᠭᠠᠷ ᠤᠨ ᠠᠮᠤᠷ ᠲᠣᠭᠲᠠᠭᠤᠨ ᠢ ᠦᠨᠡᠨ ᠬᠦ |
ᠬᠠᠮᠠᠭᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃ |
ᠰᠢ ᠶᠢᠨ ᠫᠢᠩ᠂ ᠨᠠᠮ ᠤᠨ ᠤᠳᠤᠷᠢᠳᠤᠯᠭ᠎ᠠ ᠪᠣᠯ ᠠᠵᠢᠯ ᠦᠢᠯᠡᠰ ᠤᠨ ᠬᠥᠭᠵᠢᠯᠲᠡ ᠶᠢᠨ ᠦᠨᠳᠦᠰᠦᠨ ᠪᠠᠲᠤᠯᠠᠭ᠎ᠠ |
ᠮᠥᠨ᠃ ᠨᠢᠭᠡ ᠭᠠᠵᠠᠷ ᠣᠷᠣᠨ ᠤ ᠨᠠᠮ ᠤᠨ ᠤᠳᠤᠷᠢᠳᠤᠯᠭ᠎ᠠ ᠪᠣᠯᠣᠨ ᠨᠠᠮ ᠤᠨ ᠪᠠᠶᠢᠭᠤᠯᠤᠯᠲᠠ ᠶᠢᠨ ᠲᠦᠪᠰᠢᠨ ᠥᠨᠳᠥᠷ |
ᠪᠠᠶᠢᠬᠤ ᠡᠰᠡᠬᠦ ᠶᠢ ᠦᠵᠡᠬᠦ ᠳᠤ ᠤᠯᠤᠰ ᠲᠦᠷᠦ ᠶᠢᠨ ᠠᠮᠢ ᠠᠬᠤᠢ ᠰᠠᠶᠢᠨ ᠪᠠᠶᠢᠬᠤ ᠡᠰᠡᠬᠦ ᠶᠢ ᠦᠵᠡᠬᠦ ᠪᠣᠯ ᠨᠢᠭᠡ ᠴᠢᠬᠤᠯᠠ |
ᠲᠠᠯ᠎ᠠ ᠪᠣᠯᠣᠨ᠎ᠠ᠃ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠨᠠᠮ ᠢ ᠬᠠᠮᠢᠶᠠᠷᠴᠤ ᠨᠠᠮ ᠢ ᠵᠠᠰᠠᠬᠤ ᠬᠠᠷᠢᠭᠤᠴᠠᠯᠭ᠎ᠠ ᠪᠠᠨ |
ᠦᠨᠡᠨ ᠬᠦ ᠭᠦᠢᠴᠡᠳᠬᠡᠵᠦ᠂ ᠣᠪᠣᠷ ᠰᠤᠷᠲᠠᠯ ᠨᠢ ᠲᠥᠪ ᠴᠢᠬᠡᠴᠢ᠂ ᠲᠥᠪ ᠭᠤᠣᠯᠴᠢ ᠪᠠᠷ ᠠᠵᠢᠯᠯᠠᠵᠤ᠂ ᠲᠤᠰ ᠪᠡᠶ᠎ᠡ ᠶᠢᠨ |
ᠵᠢᠱᠢᠶᠡᠴᠢ ᠠᠵᠢᠯᠯᠠᠭ᠎ᠠ ᠪᠠᠷ ᠢᠶᠠᠨ ᠤᠯᠤᠰ ᠲᠦᠷᠦ ᠶᠢᠨ ᠠᠮᠢ ᠠᠬᠤᠢ ᠶᠢ ᠦᠷᠭᠦᠯᠵᠢᠯᠡᠨ ᠴᠡᠪᠡᠷᠰᠢᠭᠦᠯᠬᠦ ᠶᠢ ᠠᠬᠢᠭᠤᠯᠬᠤ |
ᠬᠡᠷᠡᠭᠲᠡᠢ᠃ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠠᠮ ᠤᠨ ᠭᠡᠰᠢᠭᠦᠨ᠂ ᠺᠠᠳ᠋ᠷᠴᠤᠳ ᠤᠨ ᠬᠥᠮᠦᠵᠢᠯ |
ᠬᠠᠮᠢᠶᠠᠷᠤᠯᠲᠠ ᠪᠠᠨ ᠴᠢᠩᠭᠠᠳᠬᠠᠵᠤ᠂ ᠳᠦᠷᠢᠮ ᠲᠣᠭᠲᠠᠭᠠᠯ ᠰᠠᠬᠢᠯᠭ᠎ᠠ ᠪᠠᠲᠤ ᠶᠢ ᠵᠥᠷᠢᠴᠡᠭᠰᠡᠨ ᠡᠯ᠎ᠡ ᠵᠦᠢᠯ ᠤᠨ ᠦᠢᠯᠡ |
ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠭᠠᠵᠢᠭᠤ ᠰᠤᠷᠲᠠᠯ ᠢ ᠵᠠᠬ᠎ᠠ ᠳᠡᠯᠭᠡᠭᠦᠷ ᠦᠭᠡᠢ ᠪᠤᠯᠭᠠᠬᠤ ᠬᠡᠷᠡᠭᠲᠡᠢ᠃ |
ᠨᠠᠮ ᠤᠨ ᠲᠥᠪ ᠬᠤᠷᠢᠶ᠎ᠠ ᠠᠴᠠ ᠪᠦᠭᠦ ᠨᠠᠮ ᠳᠤ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ |
ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠲᠤᠬᠠᠢ ᠨᠢᠭᠡᠨᠲᠡ ᠪᠠᠶᠢᠷᠢᠯᠠᠭᠤᠯᠵᠠᠢ᠂ ᠡᠯ᠎ᠡ ᠱᠠᠲᠤᠨ ᠤ |
ᠨᠠᠮ ᠤᠨ ᠵᠣᠬᠢᠶᠠᠨ ᠪᠠᠶᠢᠭᠤᠯᠤᠯᠲᠠ ᠪᠣᠯᠣᠨ ᠥᠷᠭᠡᠨ ᠤᠯᠠᠨ ᠨᠠᠮ ᠤᠨ ᠭᠡᠰᠢᠭᠦᠨ᠂ ᠺᠠᠳ᠋ᠷᠴᠤᠳ ᠰᠤᠷᠤᠯᠴᠠᠯᠭ᠎ᠠ |
ᠬᠥᠮᠦᠵᠢᠯ ᠤᠨ ᠬᠠᠷᠢᠭᠤᠴᠠᠯᠭᠠᠲᠤ ᠰᠡᠳᠬᠢᠯᠭᠡ ᠲᠤᠯᠭᠠᠮ ᠰᠡᠳᠬᠢᠯᠭᠡ ᠪᠠᠨ ᠤᠬᠠᠮᠰᠠᠷ ᠠᠴᠠ ᠪᠠᠨ ᠴᠢᠩᠭᠠᠳᠬᠠᠵᠤ᠂ ᠨᠠᠮ ᠢ |
ᠪᠦᠭᠦ ᠲᠠᠯ᠎ᠠ ᠪᠠᠷ ᠴᠢᠩᠭ᠎ᠠ ᠵᠠᠰᠠᠬᠤ ᠪᠠᠶᠢᠳᠠᠯ ᠡᠭᠦᠷᠭᠡ ᠲᠠᠢ ᠤᠶᠠᠯᠳᠤᠭᠤᠯᠤᠨ ᠲᠤᠰ ᠭᠠᠵᠠᠷ ᠣᠷᠣᠨ ᠲᠤᠰ ᠰᠠᠯᠠᠭ᠎ᠠ ᠮᠥᠴᠢᠷ |
ᠲᠤᠰ ᠨᠢᠭᠡᠴᠢ ᠶᠢᠨ ᠢᠶᠠᠨ ᠡᠳᠡᠭᠡᠷ ᠵᠢᠯ ᠤᠨ ᠲᠤᠷᠰᠢᠬᠢ ᠰᠤᠷᠲᠠᠯ ᠤᠨ ᠪᠠᠶᠢᠭᠤᠯᠤᠯᠲᠠ ᠶᠢ ᠠᠳᠬᠤᠭᠰᠠᠨ ᠪᠣᠳᠠᠲᠠᠢ |
ᠦᠢᠯᠡᠳᠦᠯᠭᠡ ᠲᠠᠢ ᠤᠶᠠᠯᠳᠤᠭᠤᠯᠵᠤ᠂ ᠲᠥᠪ ᠤᠨ ᠨᠠᠢᠮᠠᠨ ᠲᠣᠭᠲᠠᠭᠠᠯ ᠵᠢᠴᠢ ᠲᠡᠭᠦᠨ ᠢ ᠬᠡᠷᠡᠭᠵᠢᠭᠦᠯᠬᠦ ᠨᠠᠷᠢᠨ ᠳᠦᠷᠢᠮ ᠤᠨ |
ᠵᠣᠷᠢᠭ ᠰᠠᠨᠠᠭ᠎ᠠ ᠶᠢ ᠤᠯᠠᠮ ᠨᠢᠭᠡ ᠠᠯᠬᠤᠮ ᠨᠡᠪᠲᠡ ᠣᠶᠢᠯᠠᠭᠠᠵᠤ᠂ ᠬᠤᠯᠪᠣᠭᠳᠠᠯ ᠪᠦᠬᠦᠢ ᠰᠠᠬᠢᠯᠭ᠎ᠠ ᠪᠠᠲᠤ ᠶᠢᠨ ᠰᠢᠢᠳᠬᠡᠯ |
ᠥᠭᠬᠦ ᠳᠦᠷᠢᠮ ᠲᠣᠭᠲᠠᠭᠠᠯ ᠢ ᠡᠵᠡᠮᠳᠡᠨ᠂ ᠠᠰᠠᠭᠤᠳᠠᠯ ᠢ ᠪᠠᠶᠢᠴᠠᠭᠠᠨ ᠳᠡᠯᠭᠡᠬᠦ᠂ ᠲᠥᠪᠯᠡᠷᠡᠭᠦᠯᠦᠨ ᠴᠡᠭᠴᠡᠯᠡᠨ ᠵᠠᠰᠠᠬᠤ ᠳᠤ |
ᠦᠵᠡᠯ ᠰᠠᠨᠠᠭ᠎ᠠ ᠤᠯᠤᠰ ᠲᠦᠷᠦ ᠶᠢᠨ ᠰᠠᠭᠤᠷᠢ ᠶᠢ ᠪᠠᠲᠤ ᠲᠠᠯᠪᠢᠬᠤ ᠬᠡᠷᠡᠭᠲᠡᠢ᠃ ᠰᠤᠷᠲᠠᠯ ᠢ ᠲᠥᠪ ᠪᠣᠯᠭᠠᠨ ᠰᠠᠬᠢᠯᠭ᠎ᠠ |
ᠪᠠᠲᠤ ᠶᠢ ᠴᠢᠩᠳᠠᠯᠠᠬᠤ ᠢᠯᠵᠢᠷᠡᠯ ᠢ ᠡᠰᠡᠷᠭᠦᠴᠡᠬᠦ ᠶᠢ ᠨᠠᠪᠲᠠᠷᠡᠭᠦᠯᠵᠦ᠂ ᠥᠷᠭᠡᠨ ᠤᠯᠠᠨ ᠨᠠᠮ ᠤᠨ ᠭᠡᠰᠢᠭᠦᠨ᠂ ᠺᠠᠳ᠋ᠷᠴᠤᠳ ᠤᠨ |
ᠤᠬᠠᠮᠰᠠᠷ ᠠᠴᠠ ᠪᠠᠨ ᠳᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠵᠤ᠂ ᠵᠣᠷᠢᠭᠲᠠᠢ ᠪᠠᠷ ᠠᠵᠢᠯ ᠬᠢᠵᠦ |
ᠦᠢᠯᠡᠰ ᠪᠣᠰᠬᠠᠬᠤ ᠶᠢ ᠬᠥᠲᠥᠯᠥᠨ ᠵᠢᠯᠤᠭᠤᠳᠬᠤ ᠬᠡᠷᠡᠭᠲᠡᠢ ᠭᠡᠵᠦ ᠵᠢᠭᠠᠵᠤ ᠭᠠᠷᠭᠠᠪᠠ᠃ |
ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ |
ᠪᠠᠶᠢᠩᠭᠤ ᠶᠢᠨ ᠭᠡᠰᠢᠭᠦᠨ᠂ ᠲᠥᠪ ᠤᠨ ᠠᠯᠪᠠᠨ ᠲᠢᠩᠬᠢᠮ ᠤᠨ ᠡᠷᠭᠢᠯᠡᠭᠴᠢ ᠼᠠᠢ ᠴᠢ ᠪᠠᠷ᠎ᠠ ᠪᠣᠯᠵᠤ ᠰᠢᠨᠵᠢᠯᠡᠨ ᠪᠠᠶᠢᠴᠠᠭᠠᠪᠠ᠃ |
|
ᠾᠧ ᠯᠢ ᠹᠧᠩ ᠵᠢᠴᠢ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ |
ᠬᠠᠷᠢᠭᠤᠴᠠᠯᠭᠠᠲᠠᠨ ᠨᠥᠬᠦᠳ ᠪᠠᠷ᠎ᠠ ᠪᠣᠯᠵᠤ ᠰᠢᠨᠵᠢᠯᠡᠨ ᠪᠠᠶᠢᠴᠠᠭᠠᠪᠠ᠃ |
3 ᠰᠠᠷ᠎ᠠ ᠶᠢᠨ 20 ᠤ ᠦᠳᠡ ᠶᠢᠨ ᠡᠮᠦᠨ᠎ᠡ᠂ ᠰᠢ ᠶᠢᠨ ᠫᠢᠩ ᠺᠦᠨᠮᠢᠩ ᠳᠤ ᠰᠠᠭᠤᠭ᠎ᠠ ᠴᠡᠷᠢᠭ ᠠᠩᠭᠢ ᠶᠢᠨ |
ᠬᠤᠷᠠᠩᠳᠠ ᠠᠴᠠ ᠳᠡᠭᠡᠭᠰᠢᠬᠢ ᠤᠳᠤᠷᠢᠳᠬᠤ ᠺᠠᠳ᠋ᠷ ᠪᠣᠯᠣᠨ ᠦᠨᠳᠦᠰᠦᠨ ᠱᠠᠲᠤᠨ ᠤ ᠲᠡᠷᠢᠭᠦᠨ ᠤ ᠵᠢᠱᠢᠶᠡᠴᠢ᠂ ᠪᠢᠴᠢᠭ ᠤᠨ |
ᠲᠤᠰᠢᠶᠠᠯᠲᠠᠨ ᠤ ᠲᠥᠯᠥᠭᠡᠯᠡᠭᠴᠢᠳ ᠲᠠᠢ ᠺᠦᠨᠮᠢᠩ ᠳᠤ ᠳᠣᠲᠣᠨᠣ ᠪᠠᠷ ᠠᠭᠤᠯᠵᠠᠵᠤ᠂ ᠨᠠᠮ ᠤᠨ ᠲᠥᠪ ᠬᠤᠷᠢᠶ᠎ᠠ ᠪᠣᠯᠣᠨ |
ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠡᠮᠦᠨ᠎ᠡ ᠠᠴᠠ ᠺᠦᠨᠮᠢᠩ ᠳᠤ ᠰᠠᠭᠤᠭ᠎ᠠ ᠴᠡᠷᠢᠭ ᠠᠩᠭᠢ ᠶᠢᠨ ᠪᠦᠭᠦ |
ᠳᠠᠷᠤᠭ᠎ᠠ ᠪᠠᠶᠢᠯᠳᠤᠭᠴᠢᠳ ᠲᠤ ᠴᠢᠩ ᠰᠡᠳᠬᠢᠯ ᠤᠨ ᠮᠡᠨᠳᠦᠴᠢᠯᠡᠯ ᠬᠦᠷᠭᠡᠭᠰᠡᠨ ᠪᠥᠭᠡᠳ ᠣᠯᠠᠨ ᠲᠠᠢ ᠬᠠᠮᠲᠤ ᠰᠡᠭᠦᠳᠡᠷ |
ᠲᠠᠲᠠᠭᠤᠯᠵᠤ ᠳᠤᠷᠠᠰᠬᠠᠯ ᠦᠯᠡᠳᠡᠭᠡᠪᠡ᠃ |