ᠨᠡᠶᠢᠭᠡᠮ ᠨᠡᠶᠢᠲᠡ ᠳᠤ᠄ |
︽ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠤᠨ ᠬᠢᠷᠢ ᠬᠡᠮ ᠤᠨ ᠪᠠᠷᠢᠮᠵᠢᠶ᠎ᠠ︾᠂ ︽ᠪᠠᠷᠢᠯᠭ᠎ᠠ ᠶᠢᠨ |
ᠦᠢᠯᠡᠰ ᠤᠨ ᠠᠵᠤ ᠠᠬᠤᠶᠢᠯᠠᠯ ᠤᠨ ᠬᠢᠷᠢ ᠬᠡᠮ ᠤᠨ ᠬᠠᠮᠢᠶᠠᠷᠤᠯᠲᠠ ᠶᠢᠨ ᠲᠣᠭᠲᠠᠭᠠᠯ︾᠂ ︽ᠪᠠᠷᠢᠯᠭ᠎ᠠ ᠶᠢᠨ |
ᠦᠢᠯᠡᠰ ᠤᠨ ᠠᠵᠤ ᠠᠬᠤᠶᠢᠯᠠᠯ ᠤᠨ ᠬᠢᠷᠢ ᠬᠡᠮ ᠤᠨ ᠬᠠᠮᠢᠶᠠᠷᠤᠯᠲᠠ ᠶᠢᠨ ᠲᠣᠭᠲᠠᠭᠠᠯ ᠪᠠ ᠬᠢᠷᠢ ᠬᠡᠮ ᠤᠨ |
ᠪᠠᠷᠢᠮᠵᠢᠶ᠎ᠠ ᠶᠢᠨ ᠬᠡᠷᠡᠭᠵᠢᠭᠦᠯᠬᠦ ᠰᠠᠨᠠᠯ︾ ᠵᠡᠷᠭᠡ ᠬᠤᠯᠪᠣᠭᠳᠠᠯ ᠪᠥᠬᠦᠶ ᠱᠠᠭᠠᠷᠳᠠᠯᠭ᠎ᠠ ᠶᠢ ᠦᠨᠳᠦᠰᠦᠯᠡᠨ᠂ ᠮᠠᠨ ᠤ |
ᠲᠢᠩᠬᠢᠮ ᠲᠤᠰᠬᠠᠶ ᠮᠡᠷᠭᠡᠵᠢᠯᠲᠡᠨ ᠢ ᠵᠣᠬᠢᠶᠠᠨ ᠪᠠᠶᠢᠭᠤᠯᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ |
ᠪᠠᠶᠢᠭᠤᠯᠤᠯᠲᠠ ᠶᠢᠨ ᠲᠢᠩᠬᠢᠮ ᠢ ᠬᠠᠮᠵᠢᠨ ᠵᠠᠰᠠᠮᠠᠯ ᠵᠠᠮ ᠤᠨ ᠪᠠᠷᠢᠯᠭ᠎ᠠ ᠶᠢᠨ ᠬᠠᠮᠢᠶ᠎ᠠ ᠪᠥᠬᠦᠶ ᠬᠢᠷᠢ ᠬᠡᠮ ᠤᠨ |
ᠭᠤᠶᠤᠴᠢᠯᠠᠨ ᠮᠡᠳᠡᠭᠦᠯᠬᠦ ᠮᠠᠲ᠋ᠧᠷᠢᠶᠠᠯ ᠳᠤ ᠠᠵᠢᠯ ᠲᠥᠷᠥᠯ ᠤᠨ ᠬᠢᠨᠠᠨ ᠬᠠᠷᠭᠤᠭᠤᠯᠤᠯᠲᠠ ᠬᠢᠪᠠ᠃ ᠡᠳᠦᠭᠡ ᠥᠪᠥᠷ |
ᠮᠣᠩᠭᠤᠯ ᠤᠨ ᠰᠢᠨ ᠲᠠᠢ ᠵᠢᠢ ᠶᠧ ᠪᠥᠲᠥᠭᠡᠨ ᠪᠠᠶᠢᠭᠤᠯᠤᠯᠲᠠ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠵᠡᠷᠭᠡ |
16 ᠪᠠᠷᠢᠯᠭ᠎ᠠ ᠶᠢᠨ ᠠᠵᠤ ᠠᠬᠤᠶᠢᠯᠠᠯ ᠤᠨ ᠬᠢᠷᠢ ᠬᠡᠮ ᠢ ᠭᠤᠶᠤᠴᠢᠯᠠᠨ ᠮᠡᠳᠡᠭᠦᠯᠬᠦ ᠮᠠᠲ᠋ᠧᠷᠢᠶᠠᠯ ᠵᠢᠴᠢ ᠣᠷᠳᠣᠰ |
ᠬᠤᠲᠠ ᠶᠢᠨ ᠯᠦ ᠲᠠᠢ ᠵᠠᠰᠠᠮᠠᠯ ᠵᠠᠮ ᠤᠨ ᠢᠨᠵᠧᠨᠧᠷᠢᠩ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ |
ᠲᠣᠭᠠᠴᠢᠵᠤ ᠨᠥᠬᠦᠪᠥᠷᠢᠯᠡᠨ ᠵᠠᠯᠠᠷᠠᠭᠤᠯᠬᠤ ᠮᠠᠲ᠋ᠧᠷᠢᠶᠠᠯ ᠤᠨ ᠲᠤᠰᠬᠠᠶ ᠮᠡᠷᠭᠡᠵᠢᠯᠲᠡᠨ ᠤ ᠦᠨᠡᠯᠡᠨ ᠲᠣᠭᠲᠠᠭᠠᠭᠰᠠᠨ |
ᠪᠠᠶᠢᠳᠠᠯ ᠢ ᠵᠠᠷᠯᠠᠵᠤ᠂ ᠨᠡᠶᠢᠭᠡᠮ ᠤᠨ ᠬᠢᠨᠠᠯᠲᠠ ᠶᠢ ᠬᠦᠯᠢᠶᠡᠨ᠎ᠡ᠃ ᠵᠠᠷᠯᠠᠨ ᠨᠡᠶᠢᠲᠡᠯᠡᠬᠦ ᠬᠤᠭᠤᠴᠠᠭ᠎ᠠ ᠨᠢ 2025 |
ᠣᠨ ᠤ 3 ᠳ᠋ᠤᠭᠠᠷ ᠰᠠᠷ᠎ᠠ ᠶᠢᠨ 3 ᠤ ᠡᠳᠦᠷ ᠠᠴᠠ 2025 ᠣᠨ ᠤ 3 ᠳ᠋ᠤᠭᠠᠷ ᠰᠠᠷ᠎ᠠ ᠶᠢᠨ 7 ᠤ ᠡᠳᠦᠷ ᠪᠣᠯᠤᠨ᠎ᠠ᠃ |
|
ᠵᠠᠷᠯᠠᠨ ᠨᠡᠶᠢᠲᠡᠯᠡᠬᠦ ᠬᠤᠭᠤᠴᠠᠭᠠᠨ ᠳᠤ᠂ ᠶᠠᠮᠠᠷᠪᠠ ᠨᠢᠭᠡᠴᠢ ᠪᠠ ᠬᠤᠪᠢ ᠬᠥᠮᠦᠨ ᠴᠥᠮ ᠠᠵᠤ ᠠᠬᠤᠶᠢᠯᠠᠯ ᠤᠨ |
ᠭᠤᠶᠤᠴᠢᠯᠠᠨ ᠮᠡᠳᠡᠭᠦᠯᠦᠭᠰᠡᠨ ᠮᠡᠳᠡᠭᠡ ᠵᠠᠩᠭᠢ ᠳᠠᠬᠢ ᠬᠤᠳᠠᠯ ᠬᠠᠭᠤᠷᠮᠠᠭ ᠠᠭᠤᠯᠭ᠎ᠠ ᠶᠢ ᠮᠠᠨ ᠤ ᠲᠢᠩᠬᠢᠮ ᠳᠤ |
ᠪᠢᠴᠢᠭ ᠤᠨ ᠬᠡᠯᠪᠡᠷᠢ ᠪᠠᠷ ᠢᠯᠡᠴᠢᠯᠡᠨ ᠮᠡᠳᠡᠭᠦᠯᠵᠦ ᠪᠣᠯᠤᠨ᠎ᠠ᠃ ᠬᠤᠭᠤᠴᠠᠭ᠎ᠠ ᠦᠩᠭᠡᠷᠡᠪᠡᠯ ᠬᠦᠯᠢᠶᠡᠨ ᠠᠪᠴᠤ |
ᠰᠢᠢᠳᠪᠦᠷᠢᠯᠡᠬᠦ ᠦᠭᠡᠢ ︵ᠰᠢᠤᠳᠠᠨ ᠢᠶᠠᠷ ᠢᠯᠡᠭᠡᠬᠦ ᠮᠠᠲ᠋ᠧᠷᠢᠶᠠᠯ ᠢ ᠰᠢᠣᠳᠠᠨ ᠤ ᠲᠠᠮᠠᠭ᠎ᠠ ᠶᠢᠨ ᠡᠳᠦᠷ ᠬᠤᠭᠤᠴᠠᠭ᠎ᠠ ᠪᠠᠷ |
ᠪᠠᠷᠢᠮᠵᠢᠶ᠎ᠠ ᠪᠣᠯᠭᠠᠨ᠎ᠠ︶᠃ ᠬᠠᠷᠭᠤᠭᠤᠯᠤᠨ ᠪᠠᠶᠢᠴᠠᠭᠠᠬᠤ ᠳᠤ ᠳᠥᠭᠦᠮ ᠦᠵᠡᠭᠦᠯᠬᠦ ᠶᠢᠨ ᠲᠥᠯᠥᠭᠡ᠂ ᠢᠯᠡᠴᠢᠯᠡᠨ |
ᠮᠡᠳᠡᠭᠦᠯᠦᠭᠰᠡᠨ ᠮᠠᠲ᠋ᠧᠷᠢᠶᠠᠯ ᠤᠨ ᠠᠭᠤᠯᠭ᠎ᠠ ᠶᠢ ᠪᠣᠳᠠᠲᠠᠶ ᠪᠠᠶᠢᠯᠭᠠᠵᠤ᠂ ᠬᠠᠷᠢᠯᠴᠠᠬᠤ ᠤᠲᠠᠰᠤ᠂ ᠬᠠᠶ᠋ᠢᠭ ᠪᠠ |
ᠰᠢᠤᠳᠠᠨ ᠤ ᠳ᠋ᠤᠭᠠᠷ ᠢ ᠲᠣᠳᠣᠷᠬᠠᠶ ᠪᠢᠴᠢᠵᠦ᠂ ᠨᠢᠭᠡᠴᠢ ᠶᠢᠨ ᠢᠯᠡᠴᠢᠯᠡᠨ ᠮᠡᠳᠡᠭᠦᠯᠬᠦ ᠳᠤ ᠠᠯᠪᠠᠨ ᠲᠠᠮᠠᠭ᠎ᠠ ᠳᠠᠷᠤᠵᠤ᠂ |
ᠬᠤᠪᠢ ᠬᠥᠮᠦᠨ ᠤ ᠢᠯᠡᠴᠢᠯᠡᠨ ᠮᠡᠳᠡᠭᠦᠯᠬᠦ ᠳᠤ ᠦᠨᠡᠨ ᠪᠣᠳᠠᠲᠠᠶ ᠣᠪᠣᠭ ᠨᠡᠷ᠎ᠡ ᠶᠢᠨ ᠭᠠᠷ ᠤᠨ ᠥᠰᠥᠭ ᠵᠢᠷᠤᠬᠤ |
ᠬᠡᠷᠡᠭᠲᠡᠶ᠃ |
ᠬᠠᠶ᠋ᠢᠭ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠬᠡᠬᠤᠲᠠ ᠶᠢᠨ ᠰᠠᠶᠢᠬᠠᠨ ᠲᠣᠭᠤᠷᠢᠭ ᠤᠨ |
ᠭᠠᠵᠠᠷ ᠰᠢᠨᠵᠢᠯᠡᠭᠡᠨ ᠤ ᠲᠣᠪᠴᠢᠶ᠎ᠠ ᠶᠢᠨ ᠡᠮᠦᠨ᠎ᠡ ᠵᠡᠭᠡᠯᠢ ᠶᠢᠨ 68 ᠨᠣᠮᠧᠷ ᠥᠪᠥᠷ ᠮᠣᠩᠭᠤᠯ ᠤᠨ ᠥᠪᠡᠷᠲᠡᠭᠡᠨ |
ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠪᠥᠲᠥᠭᠡᠨ ᠪᠠᠶᠢᠭᠤᠯᠤᠯᠲᠠ ᠶᠢᠨ |
ᠬᠠᠮᠢᠶᠠᠷᠤᠯᠲᠠ ᠶᠢᠨ ᠭᠠᠵᠠᠷ︔ ᠰᠢᠤᠳᠠᠨ ᠤ ᠳ᠋ᠤᠭᠠᠷ᠄ 010020 |
ᠬᠠᠷᠢᠯᠴᠠᠬᠤ ᠬᠥᠮᠥᠨ᠄ ᠸᠠᠩ ᠹᠠᠩ ᠵᠠᠩ ᠵᠢᠶᠦ᠋ᠨ ᠪᠢᠨ |
ᠬᠠᠷᠢᠯᠴᠠᠬᠤ ᠤᠲᠠᠰᠤ᠄ 0471 - 6969040 |
ᠢᠮᠧᠯ᠄ nmgjtjsc@126.com᠃ |
ᠳᠠᠭᠠᠯᠳᠤᠭᠤᠯᠤᠯ᠄ᠵᠠᠰᠠᠮᠠᠯ ᠵᠠᠮ ᠤᠨ ᠢᠨᠵᠧᠨᠧᠷᠢᠩ ᠤᠨ ᠪᠠᠷᠢᠯᠭ᠎ᠠ ᠪᠠᠷᠢᠬᠤ ᠠᠵᠤ ᠠᠬᠤᠶᠢᠯᠠᠯ ᠤᠨ ᠬᠢᠷᠢ |
ᠬᠡᠮ ᠤᠨ ᠲᠤᠰᠬᠠᠢ ᠮᠡᠷᠭᠡᠵᠢᠯᠲᠡᠨ ᠤ ᠬᠢᠨᠠᠨ ᠪᠠᠶᠢᠴᠠᠭᠠᠭᠰᠠᠨ ᠰᠠᠨᠠᠯ |
|
ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ |
2025 ᠣᠨ ᠤ 3 ᠳ᠋ᠤᠭᠠᠷ ᠰᠠᠷ᠎ᠠ ᠶᠢᠨ 3 ᠤ ᠡᠳᠦᠷ |