
1 ᠰᠠᠷ᠎ᠠ ᠵᠢᠨ 20᠎ᠤ ᠡᠳᠦᠷ᠂ ᠪᠥᠬᠥ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠠᠵᠢᠯ ᠵᠢᠴᠢ ᠨᠠᠮ᠎ᠤᠨ ᠴᠢᠬᠡᠴᠢ ᠵᠠᠰᠠᠭ᠎ᠤᠨ ᠪᠠᠢ᠌ᠭᠤᠯᠤᠯᠲᠠ ᠵᠢᠨ ᠠᠵᠢᠯ᠎ᠤᠨ ᠬᠤᠷᠠᠯ ᠬᠥᠬᠡᠬᠣᠲᠠ᠎ᠳᠤ ᠬᠤᠷᠠᠯᠳᠤᠪᠠ᠃ ᠬᠤᠷᠠᠯ᠎ᠨᠢ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭ᠋ᠠᠵᠤ᠂ ᠨᠠᠮ᠎ᠤᠨ ᠬᠣᠷᠢᠳᠤᠭ᠋ᠠᠷ ᠶᠡᠬᠡ ᠬᠤᠷᠠᠯ ᠪᠠ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠬᠣᠶᠠᠳᠤᠭ᠋ᠠᠷ᠂ ᠭᠤᠷᠪᠠᠳᠤᠭ᠋ᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠬᠣᠷᠢᠳᠤᠭ᠋ᠠᠷ ᠬᠤᠭᠤᠴᠠᠭ᠋ᠠᠨ᠎ᠤ ᠲᠥᠪ᠎ᠤᠨ ᠰᠠᠬᠢᠯᠭ᠎ᠠ ᠪᠠᠲᠤ ᠪᠠᠢ᠌ᠴᠠᠭ᠋ᠠᠬᠤ ᠬᠣᠷᠢᠶᠠᠨ᠎ᠤ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠂ ᠪᠥᠬᠥ ᠤᠯᠤᠰ᠎ᠤᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠠᠵᠢᠯ᠎ᠤᠨ ᠬᠤᠷᠠᠯ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠠᠷᠪᠠᠨ ᠨᠢᠭᠡᠳᠦᠭᠡᠷ ᠬᠤᠭᠤᠴᠠᠭ᠋ᠠᠨ᠎ᠤ ᠶᠢᠰᠦᠳᠦᠭᠡᠷ ᠪᠥᠬᠥᠳᠡ ᠬᠤᠷᠠᠯ ᠵᠢᠴᠢ ᠪᠥᠬᠥ ᠣᠷᠣᠨ᠎ᠤ ᠠᠵᠤ ᠠᠬᠤᠢ ᠵᠢᠨ ᠠᠵᠢᠯ᠎ᠤᠨ ᠬᠤᠷᠠᠯ ᠪᠠ ᠪᠥᠬᠥ ᠣᠷᠣᠨ᠎ᠤ 《ᠬᠣᠶᠠᠷ ᠬᠤᠷᠠᠯ》᠎ᠤᠨ ᠪᠠᠢ᠌ᠷᠢᠯᠠᠭᠤᠯᠤᠯᠲᠠ ᠵᠢᠨ ᠱᠠᠭ᠋ᠠᠷᠳᠠᠯᠭ᠎ᠠ ᠵᠢ ᠪᠥᠬᠥ ᠲᠠᠯ᠎ᠠ᠎ᠪᠠᠷ ᠨᠠᠢ᠌ᠳᠠᠪᠤᠷᠢᠵᠢᠭᠤᠯᠵᠤ᠂ 2024 ᠣᠨ᠎ᠤ ᠠᠵᠢᠯ᠎ᠢ ᠳ᠋ᠦᠩᠨᠡᠨ᠂ ᠪᠠᠶ᠋ᠢᠳᠠᠯ᠎ᠢ ᠵᠠᠳᠠᠯᠵᠤ᠂ 2025 ᠣᠨ᠎ᠤ ᠭᠣᠣᠯᠳᠠᠯᠭ᠎ᠠ᠎ᠲᠠᠢ ᠡᠭᠦᠷᠭᠡ ᠵᠢ ᠰᠤᠳᠤᠯᠤᠨ ᠪᠠᠢ᠌ᠷᠢᠯᠠᠭᠤᠯᠪᠠ᠃ ᠬᠤᠷᠠᠯ᠎ᠠᠴᠠ ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ ᠴᠢ᠊ ᠪᠠᠲᠤ ᠵᠢᠨ ᠪᠦᠬᠦ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠠᠵᠢᠯ᠎ᠤᠨ ᠲᠤᠬᠠᠢ ᠴᠣᠬᠣᠯᠠᠪᠤᠷᠢ ᠵᠢ ᠤᠯᠠᠮᠵᠢᠯᠠᠪᠠ᠃ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠵᠠᠢ ᠶᠢᠩ ᠵᠢᠶᠦ᠋ᠨ ᠠᠵᠢᠯ᠎ᠤᠨ ᠢᠯᠡᠳᠬᠡᠯ ᠬᠢᠵᠡᠢ᠃

ᠬᠤᠷᠠᠯ᠎ᠠᠴᠠ᠂ 2024 ᠣᠨ᠎ᠳᠤ᠂ ᠪᠦᠬᠦ ᠣᠷᠣᠨ᠎ᠤ ᠡᠯ᠎ᠡ ᠱᠠᠲᠤᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠰᠠᠯᠠᠭ᠎ᠠ ᠮᠥᠴᠢᠷ᠎ᠤᠳ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ ᠥᠭᠭᠦᠭᠰᠡᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠡᠷᠡᠰ ᠲᠤᠭᠤᠰᠢᠯᠠᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ᠎ᠪᠠᠷ ᠠᠵᠢᠯ᠎ᠤᠨ ᠭᠣᠣᠯ ᠰᠢᠵᠢᠮ ᠪᠣᠯᠭ᠋ᠠᠵᠤ᠂ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠢ ᠭᠦᠨᠵᠡᠭᠡᠢ ᠥᠷᠨᠢᠭᠦᠯᠵᠦ᠂ ᠬᠥᠮᠥᠨ᠎ᠤ ᠬᠦᠴᠦᠨ᠎ᠤ ᠡᠬᠢ ᠪᠠᠶᠠᠯᠢᠭ᠎ᠢ ᠨᠡᠭᠡᠭᠡᠨ ᠠᠰᠢᠭᠯᠠᠬᠤ ᠵᠢ ᠴᠢᠩᠭ᠋ᠠᠳᠬᠠᠬᠤ᠎ᠪᠠᠷ ᠭᠣᠣᠯ ᠰᠡᠳᠦᠪ ᠪᠣᠯᠭ᠋ᠠᠵᠤ᠂ ᠥᠪᠡᠷᠲᠡᠭᠡᠨ ᠵᠠᠰᠠᠬᠤ ᠣᠷᠣᠨ᠎ᠤ 《ᠬᠣᠶᠠᠷ ᠶᠡᠬᠡ ᠶᠠᠪᠤᠳᠠᠯ》᠎ᠢ ᠰᠠᠶ᠋ᠢᠲᠤᠷ ᠬᠢᠬᠦ᠎ᠲᠠᠢ ᠨᠢᠭᠲᠠ ᠤᠶᠠᠯᠳᠤᠭᠤᠯᠵᠤ᠂ ᠥᠭᠡᠷᠡᠴᠢᠯᠡᠯᠲᠡ ᠬᠢᠵᠦ ᠰᠢᠨ᠎ᠡ ᠵᠢ ᠡᠭᠦᠳᠬᠦ᠂ ᠬᠠᠷᠢᠭᠤᠴᠠᠯᠭ᠎ᠠ ᠡᠭᠦᠷᠭᠡᠯᠡᠨ ᠠᠵᠢᠯ ᠬᠢᠵᠦ᠂ ᠠᠷᠠᠳ᠎ᠤᠨ ᠠᠮᠢᠳᠤᠷᠠᠯ᠎ᠢ ᠪᠠᠲᠤᠯᠠᠨ ᠰᠠᠢ᠌ᠵᠢᠷᠠᠭᠤᠯᠬᠤ ᠲᠠᠯ᠎ᠠ᠎ᠪᠠᠷ ᠢᠯᠡᠳᠲᠡ ᠦᠷ᠎ᠡ ᠪᠦᠲᠦᠮᠵᠢ ᠣᠯᠵᠤ᠂ ᠠᠵᠤ ᠠᠬᠤᠢ ᠨᠡᠢ᠌ᠭᠡᠮ᠎ᠤᠨ ᠬᠥᠭᠵᠢᠯᠲᠡ᠎ᠳᠤ ᠦᠢ᠍ᠯᠡᠴᠢᠯᠡᠬᠦ ᠲᠠᠯ᠎ᠠ᠎ᠪᠠᠷ ᠬᠢᠯᠠᠰ ᠴᠡᠭ ᠤᠯᠠᠨ ᠢᠯᠡᠷᠡᠵᠦ᠂ ᠰᠢᠨ᠎ᠡ ᠵᠠᠮ ᠵᠶ᠋ᠡᠷ ᠵᠠᠮᠨᠠᠵᠤ ᠳᠤᠮᠳᠠ ᠲᠦᠪᠰᠢᠨ᠎ᠳᠤ ᠣᠷᠣᠬᠤ ᠡᠷᠴᠢ ᠵᠣᠷᠢᠭ ᠨᠡᠩ ᠲᠡᠭᠦᠯᠳᠡᠷ ᠪᠣᠯᠵᠠᠢ ᠭᠡᠵᠦ ᠵᠢᠭ᠋ᠠᠵᠤ ᠭᠠᠷᠭ᠋ᠠᠪᠠ᠃ ᠨᠢᠭᠡ᠎ᠳᠤ᠂ ᠬᠠᠷᠢᠭᠤᠴᠠᠯᠭ᠎ᠠ ᠡᠭᠦᠷᠭᠡᠯᠡᠬᠦ ᠵᠢ ᠴᠢᠩᠭ᠋ᠠᠳᠬᠠᠵᠤ᠂ ᠪᠣᠳᠠᠲᠠᠢ ᠠᠵᠢᠯᠯᠠᠬᠤ ᠵᠢ ᠴᠢᠬᠤᠯᠠᠴᠢᠯᠠᠵᠤ᠂ ᠶᠡᠬᠡ ᠲᠠᠯ᠎ᠠ᠎ᠳᠤ ᠦᠨᠡᠨᠴᠢ᠎ᠪᠠᠷ ᠦᠢ᠍ᠯᠡᠴᠢᠯᠡᠵᠡᠢ᠃ ᠪᠥᠬᠥ ᠣᠷᠣᠨ᠎ᠤ ᠬᠣᠲᠠ ᠪᠠᠯᠭ᠋ᠠᠰᠤᠨ᠎ᠤ 20.1 ᠲᠦᠮᠡᠨ ᠬᠥᠮᠥᠨ᠎ᠳᠤ ᠰᠢᠨ᠎ᠡ᠎ᠪᠠᠷ ᠠᠵᠢᠯ ᠣᠯᠭᠣᠵᠤ᠂ ᠬᠣᠲᠠ ᠪᠠᠯᠭ᠋ᠠᠰᠤᠨ᠎ᠤ ᠪᠠᠢ᠌ᠴᠠᠭ᠋ᠠᠯᠲᠠ ᠵᠢᠨ ᠠᠵᠢᠯ ᠠᠯᠳᠠᠯᠲᠠ ᠵᠢᠨ ᠨᠣᠷᠮ᠎ᠠ ᠶᠡᠬᠡ᠎ᠪᠠᠷ ᠪᠠᠭᠤᠷᠠᠵᠤ᠂ ᠶᠡᠬᠡ ᠳᠡᠭᠡᠳᠦ ᠰᠤᠷᠭ᠋ᠠᠭᠤᠯᠢ ᠲᠡᠭᠦᠰᠦᠭᠰᠡᠳ ᠵᠡᠷᠭᠡ ᠭᠣᠣᠯᠳᠠᠯᠭ᠎ᠠ᠎ᠲᠠᠢ ᠬᠥᠮᠥᠰ ᠪᠠ ᠶᠠᠳᠠᠭᠤ᠎ᠠᠴᠠ ᠠᠩᠭᠢᠵᠢᠷᠠᠭᠰᠠᠨ ᠬᠥᠮᠥᠨ ᠠᠮᠠ ᠵᠢᠨ ᠠᠵᠢᠯ ᠣᠯᠭᠣᠯᠲᠠ ᠶᠡᠷᠦᠩᠬᠡᠢ᠎ᠳᠡᠭᠡᠨ ᠲᠣᠭᠲᠠᠭᠤᠨ ᠪᠠᠢ᠌ᠵᠤ᠂ ᠠᠵᠤ ᠠᠬᠤᠢ ᠵᠢᠨ ᠲᠣᠭᠲᠠᠭᠤᠨ ᠵᠶ᠋ᠠᠷ ᠠᠵᠢᠯᠯᠠᠬᠤ ᠪᠠ ᠨᠡᠢ᠌ᠭᠡᠮ᠎ᠤᠨ ᠡᠶ᠎ᠡ ᠵᠣᠬᠢᠴᠠᠯ᠎ᠲᠠᠢ ᠲᠣᠭᠲᠠᠭᠤᠨ ᠪᠠᠶ᠋ᠢᠬᠤ᠎ᠳᠤ ᠴᠢᠬᠤᠯᠠ ᠲᠤᠯᠭ᠋ᠠᠭᠤᠷᠢᠯᠠᠯ ᠬᠠᠩᠭ᠋ᠠᠭᠰᠠᠨ ᠪᠠᠢ᠌ᠨ᠎ᠠ᠃ ᠬᠣᠶᠠᠷ᠎ᠲᠤ᠂ ᠪᠠᠲᠤᠯᠠᠭ᠎ᠠ ᠵᠢ ᠴᠢᠩᠭ᠋ᠠᠳᠬᠠᠵᠤ᠂ ᠬᠦᠴᠢᠷ ᠠᠰᠠᠭᠤᠳᠠᠯ᠎ᠢ ᠰᠢᠢ᠍ᠳᠪᠦᠷᠢᠯᠡᠵᠦ᠂ ᠠᠷᠠᠳ᠎ᠤᠨ ᠠᠮᠢᠳᠤᠷᠠᠯ᠎ᠤᠨ ᠪᠤᠶᠠᠨ ᠵᠢᠷᠭ᠋ᠠᠯ᠎ᠢ ᠨᠡᠮᠡᠭᠳᠡᠭᠦᠯᠵᠡᠢ᠃ ᠪᠦᠬᠦ ᠠᠷᠠᠳ ᠵᠶ᠋ᠠᠷ ᠵᠶ᠋ᠠᠨ ᠳᠠᠭ᠋ᠠᠳᠬᠠᠯ᠎ᠳᠤ ᠣᠷᠣᠯᠴᠠᠬᠤ ᠲᠥᠯᠥᠪᠯᠡᠭᠡ ᠵᠢ ᠭᠦᠨᠵᠡᠭᠡᠢ ᠬᠡᠷᠡᠭᠵᠢᠭᠦᠯᠵᠦ᠂ ᠬᠡᠪᠴᠢᠶ᠎ᠡ ᠵᠢ ᠥᠷᠭᠡᠳᠬᠡᠬᠦ ᠣᠷᠣᠨ ᠵᠠᠢ ᠢᠪᠴᠤᠷᠠᠬᠤ ᠵᠡᠷᠭᠡ ᠬᠦᠴᠢᠷᠳᠡᠯ᠎ᠢ ᠢᠯᠠᠨ ᠳᠠᠪᠠᠵᠤ᠂ ᠨᠠᠰᠤᠵᠢᠯ᠎ᠤᠨ ᠠᠰᠠᠷᠠᠮᠵᠢ᠂ ᠠᠵᠢᠯ ᠠᠯᠳᠠᠯᠲᠠ᠂ ᠠᠵᠢᠯ᠎ᠠᠴᠠ ᠪᠣᠯᠤᠭᠰᠠᠨ ᠭᠡᠮᠲᠦᠯ᠎ᠤᠨ ᠳᠠᠭ᠋ᠠᠳᠬᠠᠯ᠎ᠳᠤ ᠴᠥᠮ ᠵᠢᠯ᠎ᠤᠨ ᠬᠡᠪᠴᠢᠶ᠎ᠡ ᠵᠢ ᠥᠷᠭᠡᠳᠬᠡᠬᠦ ᠡᠭᠦᠷᠭᠡ᠎ᠪᠠᠨ ᠳᠠᠪᠠᠭᠤᠯᠤᠨ ᠪᠡᠶᠡᠯᠡᠭᠦᠯᠵᠦ᠂ ᠨᠠᠰᠤᠵᠢᠯ᠎ᠤᠨ ᠦᠨᠳᠦᠰᠦᠨ ᠳᠠᠭ᠋ᠠᠳᠬᠠᠯ᠎ᠳᠤ ᠣᠷᠣᠯᠴᠠᠭᠰᠠᠨ ᠨᠤᠷᠮ᠎ᠠ ᠵᠢ 95%᠎ᠳᠤ ᠬᠦᠷᠭᠡᠨ᠎ᠡ᠃ 95 ᠵᠦᠢ᠍ᠯ᠎ᠤᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠦᠢ᠍ᠯᠡᠴᠢᠯᠡᠭᠡ᠂ 92 ᠵᠦᠢ᠍ᠯ᠎ᠤᠨ ᠠᠷᠠᠳ᠎ᠲᠤ ᠠᠰᠢᠭ ᠬᠦᠷᠲᠡᠭᠡᠬᠦ ᠲᠠᠷᠢᠶᠠᠴᠢᠳ᠎ᠲᠤ ᠠᠰᠢᠭ ᠬᠦᠷᠲᠡᠭᠡᠬᠦ ᠨᠥᠬᠥᠪᠦᠷᠢ ᠣᠯᠭᠣᠬᠤ᠎ᠳᠤ 《ᠪᠦᠷᠢᠨ ᠴᠢᠳᠠᠮᠵᠢᠲᠤ ᠺᠠᠷᠲ》᠎ᠢ ᠪᠡᠶᠡᠯᠡᠭᠦᠯᠵᠦ᠂ ᠡᠯᠧᠺᠲᠷᠣᠨ ᠨᠡᠢ᠌ᠭᠡᠮ᠎ᠤᠨ ᠪᠠᠲᠤᠯᠠᠭ᠎ᠠ ᠵᠢᠨ ᠺᠠᠷᠲ᠎ᠤᠨ ᠪᠦᠷᠬᠦᠴᠡ ᠵᠢᠨ ᠨᠣᠷᠮ᠎ᠠ 69.6%᠎ᠳᠤ ᠬᠥᠷᠪᠡ᠃ ᠮᠠᠯᠴᠢᠨ ᠲᠠᠷᠢᠶᠠᠴᠢᠨ ᠬᠦᠴᠦ ᠶᠠᠪᠤᠭᠰᠠᠳ᠎ᠤᠨ ᠴᠠᠯᠢᠩ᠎ᠢ ᠥᠷᠢᠲᠦᠵᠦ ᠪᠠᠢ᠌ᠭ᠎ᠠ ᠪᠠᠶ᠋ᠢᠳᠠᠯ᠎ᠢ ᠲᠤᠰᠬᠠᠢ᠌ᠯᠠᠨ ᠴᠡᠭᠴᠡᠯᠡᠨ ᠵᠠᠰᠠᠬᠤ ᠵᠢ ᠭᠦᠨᠵᠡᠭᠡᠢ᠌ᠷᠡᠭᠦᠯᠵᠦ᠂ ᠴᠠᠯᠢᠩ ᠥᠷᠢᠲᠦᠵᠦ ᠪᠠᠢ᠌ᠭ᠎ᠠ ᠬᠡᠷᠡᠭ᠎ᠢ ᠬᠥᠳᠡᠯᠦᠩᠭᠦᠢ᠎ᠪᠠᠷ ᠴᠡᠪᠡᠷᠯᠡᠪᠡ᠃ ᠭᠤᠷᠪᠠ᠎ᠳᠤ ᠥᠭᠡᠷᠡᠴᠢᠯᠡᠯᠲᠡ ᠵᠢ ᠴᠢᠩᠭ᠋ᠠᠳᠬᠠᠨ᠂ ᠰᠢᠪᠲᠤᠯᠤᠯᠲᠠ ᠭᠠᠷᠭ᠋ᠠᠬᠤ᠎ᠪᠠᠷ ᠴᠢᠷᠮᠠᠢ᠌ᠵᠤ᠂ ᠰᠢᠨ᠎ᠡ ᠵᠢ ᠡᠭᠦᠳᠬᠦ ᠬᠦᠴᠦᠨ ᠴᠢᠳᠠᠯ᠎ᠢ ᠬᠤᠷᠠᠮᠳᠤᠭᠤᠯᠵᠠᠢ᠃ ᠠᠵᠢᠯ ᠣᠯᠭᠣᠬᠤ ᠬᠦᠷᠢᠶ᠎ᠡ ᠴᠠᠷᠠᠭ᠎ᠠ ᠵᠢᠨ ᠶᠡᠷᠦᠩᠬᠡᠢ᠌ᠯᠡᠭᠰᠡᠨ ᠥᠭᠡᠷᠡᠴᠢᠯᠡᠯᠲᠡ ᠵᠢᠨ 16 ᠵᠦᠢ᠍ᠯ᠎ᠤᠨ ᠠᠷᠭ᠎ᠠ ᠬᠡᠮᠵᠢᠶ᠎ᠡ ᠵᠢ ᠲᠣᠭᠲᠠᠭ᠋ᠠᠵᠤ᠂ 《ᠤᠯᠠᠨ ᠲᠠᠰ ᠳᠠᠪᠬᠤᠷᠭ᠎ᠠ ᠤᠯᠠᠨ ᠲᠤᠯᠭ᠋ᠠᠭᠤᠷᠢᠲᠤ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠤᠨ ᠰᠢᠰᠲ᠋ᠧᠮᠵᠢ ᠵᠢ ᠪᠠᠢ᠌ᠭᠤᠯᠬᠤ ᠲᠤᠬᠠᠢ ᠰᠠᠨᠠᠯ》᠎ᠢ ᠨᠡᠢ᠌ᠲᠡᠯᠡᠨ᠂ ᠨᠡᠢ᠌ᠭᠡᠮ᠎ᠤᠨ ᠳᠠᠭ᠋ᠠᠳᠬᠠᠯ᠎ᠤᠨ ᠲᠤᠬᠠᠢ᠌ᠯᠠᠭᠰᠠᠨ ᠠᠵᠢᠯ᠎ᠢ ᠭᠠᠷᠲᠠᠨ ᠭᠦᠢ᠍ᠴᠡᠳᠬᠡᠬᠦ ᠣᠷᠣᠨ ᠪᠦᠰᠡ ᠠᠯᠤᠰᠯᠠᠨ 《ᠬᠠᠮᠲᠤ ᠬᠢᠨᠠᠨ ᠨᠢᠭᠡᠳᠦᠯᠲᠡᠢ ᠭᠦᠢ᠍ᠴᠡᠳᠬᠡᠬᠦ》 ᠥᠭᠡᠷᠡᠴᠢᠯᠡᠯᠲᠡ ᠵᠢ ᠪᠥᠬᠥ ᠲᠠᠯ᠎ᠠ᠎ᠪᠠᠷ ᠬᠡᠷᠡᠭᠵᠢᠭᠦᠯᠵᠦ᠂ 《ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠪᠣᠯᠪᠠᠰᠤᠷᠠᠯ + ᠬᠥᠳᠡᠯᠮᠦᠷᠢ ᠦᠢ᠍ᠯᠡᠴᠢᠯᠡᠭᠡ》 ᠵᠢᠨ ᠬᠣᠣᠰ ᠨᠡᠷᠡᠲᠦ ᠲᠥᠷᠥᠯ ᠲᠡᠮᠳᠡᠭᠲᠦ ᠵᠢᠨ ᠪᠠᠢ᠌ᠭᠤᠯᠤᠯᠲᠠ ᠵᠢ ᠥᠷᠨᠢᠭᠦᠯᠵᠦ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠵᠢᠯ ᠠᠯᠳᠠᠯᠲᠠ ᠵᠢᠨ ᠳᠠᠭ᠋ᠠᠳᠬᠠᠯ᠎ᠤᠨ ᠬᠡᠷᠡᠭᠵᠢᠭᠦᠯᠬᠦ ᠠᠷᠭ᠎ᠠ》᠎ᠳᠤ ᠵᠠᠰᠠᠪᠤᠷᠢ ᠣᠷᠣᠭᠤᠯᠬᠤ ᠵᠢ ᠲᠦᠯᠬᠢᠨ ᠠᠬᠢᠭᠤᠯᠪᠠ᠃ ᠳᠥᠷᠪᠡ᠎ᠳᠤ᠂ ᠰᠠᠭᠤᠷᠢ ᠵᠢ ᠪᠡᠬᠢᠵᠢᠭᠦᠯᠵᠦ᠂ ᠲᠣᠭᠲᠠᠭᠤᠨ᠎ᠢ ᠪᠠᠲᠤᠯᠠᠵᠤ᠂ ᠠᠮᠤᠷ ᠲᠦᠪᠰᠢᠨ᠎ᠤ ᠰᠡᠷᠭᠡᠢ᠌ᠯᠡᠯᠲᠡ ᠵᠢᠨ ᠱᠤᠭᠤᠮ᠎ᠢ ᠪᠡᠬᠢᠵᠢᠭᠦᠯᠵᠡᠢ᠃ 《ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠠᠵᠢᠯ᠎ᠤᠨ ᠪᠥᠬᠥ ᠬᠦᠷᠢᠶ᠎ᠡ ᠴᠠᠷᠠᠭ᠎ᠠ᠂ ᠬᠥᠳᠡᠯᠮᠦᠷᠢ ᠬᠦᠴᠦᠨ᠎ᠢ ᠬᠡᠷᠡᠭᠯᠡᠬᠦ ᠪᠥᠬᠥ ᠬᠡᠯᠬᠢᠶ᠎ᠡ》 ᠵᠢᠨ ᠬᠢᠨᠠᠨ ᠪᠠᠢ᠌ᠴᠠᠭ᠋ᠠᠵᠤ ᠬᠠᠤᠯᠢ ᠬᠡᠷᠡᠭᠵᠢᠭᠦᠯᠬᠦ ᠠᠵᠢᠯᠯᠠᠭ᠎ᠠ ᠵᠢ ᠦᠷᠭᠦᠯᠵᠢᠯᠡᠨ ᠥᠷᠨᠢᠭᠦᠯᠵᠦ᠂ ᠠᠵᠤ ᠠᠬᠤᠢ᠌ᠯᠠᠯ᠎ᠤᠨ ᠠᠵᠢᠯᠴᠢᠨ ᠬᠡᠷᠡᠭᠯᠡᠬᠦ ᠪᠠ ᠬᠥᠳᠡᠯᠮᠦᠷᠢ ᠦᠢ᠍ᠯᠡᠴᠢᠯᠡᠭᠡ ᠵᠢᠨ ᠲᠣᠮᠢᠯᠠᠯᠲᠠ᠎ᠪᠠᠷ ᠠᠵᠢᠯᠴᠢᠨ ᠬᠡᠷᠡᠭᠯᠡᠬᠦ ᠵᠢ ᠵᠢᠷᠤᠮᠵᠢᠭᠤᠯᠵᠠᠢ᠃ ᠬᠥᠳᠡᠯᠮᠦᠷᠢ ᠠᠵᠢᠯᠲᠠᠨ᠎ᠤ ᠶᠠᠪᠤᠳᠠᠯ᠎ᠤᠨ ᠮᠠᠷᠭᠤᠯᠳᠤᠭ᠋ᠠᠨ᠎ᠢ ᠤᠯᠠᠨ ᠡᠰᠢᠵᠢᠭᠦᠯᠦᠨ ᠰᠢᠢ᠍ᠳᠪᠦᠷᠢᠯᠡᠬᠦ ᠲᠣᠭᠲᠠᠴᠠ ᠵᠢᠨ ᠪᠠᠢ᠌ᠭᠤᠯᠤᠯᠲᠠ ᠵᠢ ᠴᠢᠩᠭ᠋ᠠᠳᠬᠠᠵᠤ᠂ ᠡᠶᠡᠳᠡᠭᠦᠯᠦᠭᠡᠳ ᠠᠮᠵᠢᠯᠲᠠ ᠣᠯᠣᠭᠰᠠᠨ ᠨᠤᠷᠮ᠎ᠠ᠂ ᠬᠥᠨᠳᠡᠯᠡᠨ᠎ᠠᠴᠠ ᠲᠠᠰᠤᠯᠤᠭᠰᠠᠨ ᠬᠡᠷᠡᠭ᠎ᠢ ᠳᠠᠭᠤᠰᠬᠠᠭᠰᠠᠨ ᠨᠤᠷᠮ᠎ᠠ᠎ᠨᠢ ᠴᠥᠮ ᠤᠯᠤᠰ᠎ᠤᠨ ᠱᠠᠭ᠋ᠠᠷᠳᠠᠯᠭ᠎ᠠ᠎ᠠᠴᠠ ᠥᠨᠳᠥᠷ ᠪᠣᠯᠵᠠᠢ᠃ ᠰᠠᠭᠤᠷᠢ ᠮᠥᠩᠭᠥᠨ᠎ᠤ ᠪᠡᠯᠡ ᠮᠥᠩᠭᠥ ᠵᠢᠨ ᠬᠠᠮᠢᠶᠠᠷᠤᠯᠲᠠ᠂ ᠤᠷ᠎ᠠ ᠴᠢᠳᠠᠪᠤᠷᠢ ᠵᠢᠨ ᠪᠣᠯᠪᠠᠰᠤᠷᠠᠯ ᠪᠠ ᠶᠠᠰᠤ ᠴᠢᠨᠠᠷ᠎ᠤᠨ ᠬᠢᠨᠠᠨ ᠬᠠᠮᠢᠶᠠᠷᠤᠯᠲᠠ ᠵᠢ ᠦᠨᠡᠯᠡᠬᠦ ᠵᠡᠷᠭᠡ 10 ᠲᠤᠰᠬᠠᠢ ᠴᠡᠭᠴᠡᠯᠡᠨ ᠵᠠᠰᠠᠯᠲᠠ ᠵᠢ ᠯᠠᠪᠳᠠᠭᠤᠨ ᠪᠠᠲᠤᠲᠠᠢ ᠥᠷᠨᠢᠭᠦᠯᠵᠦ᠂ ᠪᠥᠬᠥ ᠵᠢᠯ᠎ᠳᠤ ᠴᠢᠬᠤᠯᠠ ᠶᠡᠬᠡ ᠶᠠᠷᠢᠶ᠎ᠠ ᠬᠡᠯᠡᠯᠴᠡᠭᠡᠨ᠎ᠤ ᠪᠠᠶ᠋ᠢᠳᠠᠯ᠂ ᠬᠠᠮᠲᠤᠯᠢᠭ᠎ᠤᠨ ᠬᠡᠲᠦᠷᠡᠮᠡᠬᠡᠢ ᠬᠡᠷᠡᠭ ᠪᠠ ᠠᠶᠤᠯᠭᠦᠢ ᠦᠢ᠍ᠯᠡᠳᠪᠦᠷᠢᠯᠡᠯ᠎ᠤᠨ ᠡᠨᠳᠡᠯ ᠭᠠᠷᠤᠭᠰᠠᠨ ᠦᠭᠡᠢ᠃ ᠲᠠᠪᠤ᠎ᠳᠤ᠂ ᠦᠢ᠍ᠯᠡᠴᠢᠯᠡᠭᠡ᠎ᠪᠠᠨ ᠴᠢᠩᠭ᠋ᠠᠳᠬᠠᠵᠤ᠂ ᠰᠤᠷᠲᠠᠯ ᠵᠶ᠋ᠠᠨ ᠰᠢᠯᠢᠳᠡᠭᠵᠢᠭᠦᠯᠵᠦ᠂ ᠰᠠᠢ᠍ᠢ᠍ᠨ ᠰᠠᠢ᠌ᠬᠠᠨ ᠳᠦᠷᠢ ᠲᠥᠷᠬᠦ ᠵᠢ ᠪᠤᠢ ᠪᠣᠯᠭ᠋ᠠᠵᠠᠢ᠃ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠺᠠᠳ᠋ᠷᠴᠤᠳ᠎ᠤᠨ 《ᠭᠠᠷ ᠭᠠᠷ ᠵᠶ᠋ᠠᠨ ᠬᠣᠯᠪᠣᠯᠴᠠᠨ ᠦᠨᠳᠦᠰᠦᠨ ᠱᠠᠲᠤ᠎ᠲᠠᠢ ᠬᠠᠷᠢᠯᠴᠠᠬᠤ》 ᠠᠵᠢᠯᠯᠠᠭ᠎ᠠ ᠵᠢ ᠪᠠᠢ᠌ᠩᠭᠤᠵᠢᠭᠤᠯᠤᠨ ᠥᠷᠨᠢᠭᠦᠯᠵᠦ᠂ ᠦᠨᠳᠦᠰᠦᠨ ᠱᠠᠲᠤ ᠵᠢ ᠬᠠᠪᠰᠤᠷᠤᠨ ᠠᠰᠠᠭᠤᠳᠠᠯ᠎ᠢ ᠪᠠᠢ᠌ᠴᠠᠭ᠋ᠠᠬᠤ᠂ ᠳᠤᠲᠠᠭᠤᠳᠠᠯ᠎ᠢ ᠨᠥᠬᠥᠪᠦᠷᠢᠯᠡᠬᠦ ᠳᠤᠮᠳᠠ ᠰᠤᠷᠲᠠᠯ᠎ᠢ᠎ᠨᠢ ᠪᠣᠯᠪᠠᠰᠤᠷᠠᠭᠤᠯᠵᠤ᠂ ᠴᠢᠳᠠᠪᠤᠷᠢ ᠵᠢ᠎ᠨᠢ ᠳᠡᠭᠡᠭᠰᠢᠯᠡᠭᠦᠯᠪᠡ᠃ ᠠᠵᠢᠯ ᠣᠯᠭᠣᠯᠲᠠ ᠵᠢᠨ ᠤᠯᠠᠨ ᠨᠠᠢ᠌ᠳᠠ ᠵᠢᠨ ᠦᠢ᠍ᠯᠡᠴᠢᠯᠡᠭᠡ ᠵᠢ ᠦᠨᠳᠦᠰᠦᠨ ᠱᠠᠲᠤᠨ᠎ᠳᠤ ᠳᠣᠷᠣᠭᠰᠢ ᠪᠠᠭᠤᠯᠭ᠋ᠠᠬᠤ ᠵᠢ ᠶᠡᠬᠡᠪᠡᠷ ᠲᠦᠯᠬᠢᠨ ᠠᠬᠢᠭᠤᠯᠵᠤ᠂ 《ᠭᠡᠷ᠎ᠤᠨ ᠡᠭᠦᠳᠡᠨ᠎ᠳᠠᠬᠢ》 ᠠᠵᠢᠯ ᠣᠯᠭᠣᠯᠲᠠ ᠵᠢᠨ ᠦᠢ᠍ᠯᠡᠴᠢᠯᠡᠭᠡᠨ᠎ᠤ ᠥᠷᠲᠡᠭᠡ ᠵᠢ 1052 ᠪᠠᠢ᠌ᠭᠤᠯᠵᠤ᠂ ᠡᠳᠦᠷ᠎ᠤᠨ ᠬᠦᠴᠦᠨ᠎ᠤ ᠵᠠᠬ᠎ᠠ ᠳᠡᠯᠭᠡᠭᠦᠷ᠂ ᠡᠳᠦᠷ᠎ᠤᠨ ᠬᠦᠴᠦᠨ᠎ᠤ 153 ᠥᠷᠲᠡᠭᠡ ᠵᠢ ᠵᠢᠷᠤᠮᠵᠢᠭᠤᠯᠤᠨ ᠪᠦᠲᠦᠭᠡᠨ ᠪᠠᠢ᠌ᠭᠤᠯᠵᠤ᠂ ᠬᠠᠩᠭ᠋ᠠᠯᠭ᠎ᠠ ᠬᠡᠷᠡᠭᠴᠡᠭᠡ ᠵᠢᠨ ᠵᠣᠬᠢᠴᠠᠯᠳᠤᠯ ᠨᠠᠩ ᠥᠨᠳᠥᠷ ᠪᠦᠲᠦᠮᠵᠢᠲᠡᠢ ᠪᠣᠯᠪᠠ᠃
ᠬᠤᠷᠠᠯ᠎ᠠᠴᠠ᠂ 2025 ᠣᠨ ᠪᠣᠯ ᠥᠭᠡᠷᠡᠴᠢᠯᠡᠯᠲᠡ ᠵᠢ ᠤᠯᠠᠮ ᠴᠢᠨᠠᠭᠰᠢᠳᠠ ᠪᠦᠬᠦ ᠲᠠᠯ᠎ᠠ᠎ᠪᠠᠷ ᠭᠦᠨᠵᠡᠭᠡᠢ᠌ᠷᠡᠭᠦᠯᠬᠦ ᠵᠠᠩᠭᠢᠯᠠᠭ᠎ᠠ ᠵᠢᠨ ᠨᠢᠭᠡ ᠵᠢᠯ ᠮᠥᠨ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠦᠪᠵᠢᠭᠦᠯᠭᠡ ᠵᠢᠨ ᠰᠡᠭᠦᠯ ᠬᠤᠷᠢᠶᠠᠬᠤ ᠵᠢᠯ ᠮᠥᠨ᠂ ᠨᠠᠮ᠎ᠤᠨ ᠬᠣᠷᠢᠳᠤᠭ᠋ᠠᠷ ᠶᠡᠬᠡ ᠬᠤᠷᠠᠯ ᠪᠣᠯᠣᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠬᠣᠶᠠᠳᠤᠭ᠋ᠠᠷ᠂ ᠭᠤᠷᠪᠠᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ 《ᠬᠣᠶᠠᠷ ᠶᠡᠬᠡ ᠶᠠᠪᠤᠳᠠᠯ》᠎ᠢ ᠰᠠᠶ᠋ᠢᠲᠤᠷ ᠬᠢᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ᠎ᠪᠠᠷ ᠠᠵᠢᠯ᠎ᠤᠨ ᠭᠣᠣᠯ ᠰᠢᠵᠢᠮ ᠪᠣᠯᠭ᠋ᠠᠵᠤ᠂ ᠠᠵᠢᠯ ᠣᠯᠭᠣᠯᠲᠠ ᠵᠢ ᠠᠬᠢᠭᠤᠯᠬᠤ ᠠᠵᠢᠯᠯᠠᠭ᠎ᠠ᠎ᠪᠠᠷ ᠬᠥᠲᠥᠯᠥᠮᠵᠢ ᠪᠣᠯᠭ᠋ᠠᠵᠤ᠂ ᠥᠭᠡᠷᠡᠴᠢᠯᠡᠯᠲᠡ ᠵᠢ ᠠᠳᠬᠤᠵᠤ᠂ ᠬᠥᠭᠵᠢᠯᠲᠡ ᠵᠢ ᠠᠬᠢᠭᠤᠯᠵᠤ᠂ ᠠᠷᠠᠳ᠎ᠤᠨ ᠠᠮᠢᠳᠤᠷᠠᠯ᠎ᠳᠤ ᠠᠰᠢᠭ ᠬᠦᠷᠲᠡᠭᠡᠵᠦ᠂ ᠠᠶᠤᠯ ᠲᠦᠭᠰᠢᠭᠦᠷᠢ ᠵᠢ ᠰᠡᠷᠭᠡᠢ᠌ᠯᠡᠵᠦ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠦᠪᠵᠢᠭᠦᠯᠭᠡ ᠵᠢᠨ ᠬᠠᠷᠠᠯᠲᠠ ᠡᠭᠦᠷᠭᠡ ᠵᠢ ᠴᠢᠨᠠᠷ ᠰᠠᠢ᠌ᠲᠠᠢ ᠪᠡᠶᠡᠯᠡᠭᠦᠯᠵᠦ᠂ 《ᠠᠷᠪᠠᠨ ᠲᠠᠪᠤᠳᠤᠭ᠋ᠠᠷ ᠲᠠᠪᠤᠨ ᠵᠢᠯ》᠎ᠤᠨ ᠰᠠᠢ᠍ᠢ᠍ᠨ ᠡᠬᠢᠯᠡᠯᠲᠡ ᠵᠢ ᠪᠡᠶᠡᠯᠡᠭᠦᠯᠬᠦ᠎ᠳᠤ ᠪᠠᠲᠤ ᠰᠠᠭᠤᠷᠢ ᠲᠠᠯᠪᠢᠬᠤ ᠬᠡᠷᠡᠭᠲᠡᠢ᠃ ᠨᠢᠭᠡ᠎ᠳᠤ᠂ ᠥᠭᠡᠷᠡᠴᠢᠯᠡᠯᠲᠡ ᠵᠢ ᠴᠢᠨᠠᠭᠰᠢᠳᠠ ᠪᠦᠬᠦ ᠲᠠᠯ᠎ᠠ᠎ᠪᠠᠷ ᠭᠦᠨᠵᠡᠭᠡᠢ᠌ᠷᠡᠭᠦᠯᠬᠦ᠎ᠪᠠᠷ ᠬᠥᠳᠡᠯᠭᠡᠬᠦ ᠬᠦᠴᠦᠨ ᠪᠣᠯᠭ᠋ᠠᠵᠤ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠦᠢ᠍ᠯᠡᠰ᠎ᠤᠨ ᠰᠢᠨ᠎ᠡ ᠵᠢ ᠡᠭᠦᠳᠬᠦ 《ᠨᠢᠭᠡ ᠬᠥᠯᠭᠡ ᠰᠢᠲᠠᠷ᠎ᠠ》 ᠵᠢᠨ ᠦᠵᠡᠯ ᠰᠠᠨᠠᠭ᠎ᠠ ᠵᠢ ᠪᠠᠲᠤ ᠪᠡᠬᠢ ᠪᠤᠢ ᠪᠣᠯᠭ᠋ᠠᠵᠤ᠂ ᠬᠠᠷᠢᠭᠤᠴᠠᠯᠭ᠎ᠠ ᠲᠣᠳᠣᠷᠬᠠᠢ᠂ ᠬᠡᠯᠬᠢᠶ᠎ᠡ ᠪᠦᠷᠢᠨ ᠪᠦᠲᠦᠨ᠂ ᠨᠢᠭᠲᠠ ᠬᠣᠯᠪᠣᠯᠳᠤᠭᠰᠠᠨ ᠠᠵᠢᠯ᠎ᠤᠨ ᠲᠣᠭᠲᠠᠴᠠ ᠵᠢ ᠪᠦᠷᠢᠨᠰᠢᠭᠦᠯᠦᠨ᠂ ᠮᠥᠷᠳᠡᠨ ᠲᠠᠭ᠋ᠠᠵᠤ ᠦᠷ᠎ᠡ ᠪᠦᠲᠦᠮᠵᠢ ᠠᠰᠠᠭᠤᠬᠤ ᠵᠢ ᠴᠢᠩᠭ᠋ᠠᠳᠬᠠᠵᠤ᠂ ᠠᠵᠢᠯ᠎ᠤᠨ ᠨᠡᠢ᠌ᠯᠡᠮᠡᠯ ᠬᠦᠴᠦᠨ᠎ᠢ ᠪᠤᠢ ᠪᠣᠯᠭ᠋ᠠᠵᠤ᠂ ᠬᠠᠳᠠᠭ᠋ᠠᠰᠤ ᠬᠠᠳᠠᠬᠤ ᠵᠣᠷᠢᠭ ᠰᠠᠨᠠᠭ᠎ᠠ᠎ᠪᠠᠷ ᠡᠯ᠎ᠡ ᠵᠦᠢ᠍ᠯ᠎ᠤᠨ ᠥᠭᠡᠷᠡᠴᠢᠯᠡᠯᠲᠡ ᠵᠢᠨ ᠡᠷᠲᠡ ᠦᠷ᠎ᠡ ᠪᠦᠲᠦᠮᠵᠢ ᠣᠯᠵᠤ᠂ ᠡᠷᠲᠡ ᠦᠷ᠎ᠡ ᠪᠦᠲᠦᠮᠵᠢ ᠭᠠᠷᠭ᠋ᠠᠬᠤ ᠵᠢ ᠲᠦᠯᠬᠢᠨ ᠠᠬᠢᠭᠤᠯᠬᠤ ᠬᠡᠷᠡᠭᠲᠡᠶ᠃ ᠬᠣᠶᠠᠷ᠎ᠲᠤ᠂ ᠠᠵᠢᠯ ᠣᠯᠭᠣᠯᠲᠠ ᠵᠢ ᠠᠬᠢᠭᠤᠯᠬᠤ ᠠᠵᠢᠯᠯᠠᠭ᠎ᠠ ᠥᠷᠨᠢᠭᠦᠯᠬᠦ᠎ᠪᠠᠷ ᠬᠥᠲᠥᠯᠥᠮᠵᠢ ᠪᠣᠯᠭ᠋ᠠᠵᠤ᠂ ᠴᠢᠨᠠᠷ ᠰᠠᠢ᠌ᠲᠠᠢ ᠭᠦᠢ᠍ᠴᠡᠳ ᠠᠵᠢᠯ ᠣᠯᠭᠣᠯᠲᠠ ᠵᠢ ᠠᠬᠢᠭᠤᠯᠬᠤ ᠬᠡᠷᠡᠭᠲᠡᠢ᠃ ᠠᠵᠢᠯ ᠣᠯᠭᠣᠯᠲᠠ ᠵᠢ ᠲᠡᠷᠢᠭᠦᠨ᠎ᠳᠤ ᠲᠠᠯᠪᠢᠬᠤ ᠤᠳᠤᠷᠢᠳᠤᠮᠵᠢ ᠵᠢ ᠨᠡᠩ ᠲᠤᠪᠤᠢ᠍ᠢ᠍ᠯᠭ᠋ᠠᠵᠤ᠂ ᠨᠡᠩ ᠤᠯᠠᠨ ᠠᠵᠢᠯ ᠣᠯᠭᠣᠯᠲᠠ ᠵᠢᠨ ᠠᠵᠢᠯ᠎ᠤᠨ ᠪᠠᠶ᠋ᠢᠷᠢ ᠵᠢ ᠠᠭᠤᠳᠠᠯᠤᠨ᠂ ᠭᠣᠣᠯᠳᠠᠯᠭ᠎ᠠ᠎ᠲᠠᠢ ᠬᠥᠮᠥᠰ᠎ᠤᠨ ᠠᠵᠢᠯ ᠣᠯᠭᠣᠯᠲᠠ ᠵᠢ ᠲᠣᠭᠲᠠᠪᠤᠷᠢᠵᠢᠭᠤᠯᠵᠤ᠂ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠪᠣᠯᠪᠠᠰᠤᠷᠠᠯ᠎ᠢ ᠨᠠᠷᠢᠯᠢᠭ ᠣᠨᠣᠴᠠᠲᠠᠢ᠎ᠪᠠᠷ ᠥᠷᠨᠢᠭᠦᠯᠵᠦ᠂ ᠠᠵᠢᠯ ᠣᠯᠭᠣᠯᠲᠠ ᠵᠢᠨ ᠤᠯᠠᠨ ᠨᠠᠢ᠌ᠳᠠ ᠵᠢᠨ ᠦᠢ᠍ᠯᠡᠴᠢᠯᠡᠭᠡᠨ᠎ᠤ ᠶᠠᠰᠤ ᠴᠢᠨᠠᠷ᠎ᠢ ᠬᠦᠴᠦᠯᠡᠨ ᠳᠡᠭᠡᠭᠰᠢᠯᠡᠭᠦᠯᠵᠦ᠂ ᠣᠨ᠎ᠳᠤ ᠬᠤᠳᠠ ᠪᠠᠯᠭ᠋ᠠᠰᠤᠨ᠎ᠤ 18 ᠲᠦᠮᠡ᠎ᠠᠴᠠ ᠳᠡᠭᠡᠭᠰᠢ ᠬᠥᠮᠥᠨ᠎ᠳᠤ ᠰᠢᠨ᠎ᠡ᠎ᠪᠠᠷ ᠠᠵᠢᠯ ᠣᠯᠭᠣᠬᠤ ᠵᠢ ᠦᠨᠡᠨ ᠬᠦ᠌ ᠪᠠᠲᠤᠯᠠᠵᠤ᠂ ᠬᠤᠳᠠ ᠪᠠᠯᠭ᠋ᠠᠰᠤᠨ᠎ᠤ ᠪᠠᠢ᠌ᠴᠠᠭ᠋ᠠᠯᠲᠠ ᠵᠢᠨ ᠠᠵᠢᠯ ᠠᠯᠳᠠᠯᠲᠠ ᠵᠢᠨ ᠨᠤᠷᠮ᠎ᠠ ᠵᠢ 5.5% ᠣᠷᠴᠢᠮ᠎ᠳᠤ ᠬᠢᠵᠠᠭ᠋ᠠᠷᠯᠠᠨ᠎ᠠ᠃ ᠭᠤᠷᠪᠠ᠎ᠳᠤ᠂ ᠰᠢᠰᠲ᠋ᠧᠮ᠎ᠢ ᠪᠦᠷᠢᠨᠰᠢᠭᠦᠯᠬᠦ ᠪᠠ ᠨᠢᠭᠡᠳᠦᠯᠲᠡᠢ ᠲᠥᠯᠥᠪᠵᠢᠭᠦᠯᠬᠦ ᠲᠡᠰ ᠳᠠᠪᠬᠤᠷᠭ᠎ᠠ ᠵᠢ ᠳᠡᠭᠡᠭᠰᠢᠯᠡᠭᠦᠯᠬᠦ᠎ᠪᠠᠷ ᠵᠠᠩᠭᠢᠯᠠᠭ᠎ᠠ ᠪᠣᠯᠭ᠋ᠠᠵᠤ᠂ ᠨᠡᠢ᠌ᠭᠡᠮ᠎ᠤᠨ ᠪᠠᠲᠤᠯᠠᠭ᠎ᠠ ᠵᠢᠨ ᠠᠷᠠᠳ᠎ᠤᠨ ᠠᠮᠢᠳᠤᠷᠠᠯ᠎ᠤᠨ ᠲᠣᠣᠷ᠎ᠢ ᠨᠢᠭᠲᠠ ᠪᠠᠢ᠌ᠭᠤᠯᠬᠤ ᠬᠡᠷᠡᠭᠲᠡᠢ᠃ ᠨᠡᠢ᠌ᠭᠡᠮ᠎ᠤᠨ ᠪᠠᠲᠤᠯᠠᠭ᠎ᠠ ᠵᠢᠨ ᠥᠭᠡᠷᠡᠴᠢᠯᠡᠯᠲᠡ ᠵᠢᠨ ᠶᠠᠰᠤ ᠴᠢᠨᠠᠷ᠎ᠢ ᠳᠡᠭᠡᠭᠰᠢᠯᠡᠭᠦᠯᠬᠦ ᠢᠨᠵᠧᠨᠧᠷᠢᠩ᠎ᠢ ᠭᠦᠨᠵᠡᠭᠡᠢ ᠬᠡᠷᠡᠭᠵᠢᠭᠦᠯᠵᠦ᠂ ᠬᠡᠪᠴᠢᠶ᠎ᠡ ᠵᠢ ᠥᠷᠭᠡᠳᠬᠡᠬᠦ᠂ ᠪᠠᠷᠢᠮᠵᠢᠶ᠎ᠠ ᠵᠢ ᠳᠡᠭᠡᠭᠰᠢᠯᠡᠭᠦᠯᠬᠦ᠂ ᠲᠠᠷᠬᠠᠭ᠋ᠠᠬᠤ᠂ ᠴᠢᠩᠭ᠎ᠠ ᠬᠠᠮᠢᠶᠠᠷᠬᠤ ᠵᠡᠷᠭᠡ ᠵᠠᠩᠭᠢᠯᠠᠭ᠎ᠠ ᠵᠢᠨ ᠭᠣᠭᠴᠣᠭ᠎ᠠ ᠵᠢ ᠴᠢᠩᠭ᠎ᠠ ᠠᠩᠬᠠᠷᠴᠤ᠂ ᠲᠥᠷᠥ ᠵᠢᠨ ᠪᠣᠳᠣᠯᠭ᠎ᠠ ᠵᠢ ᠦᠷᠭᠦᠯᠵᠢᠯᠡᠨ ᠨᠠᠢ᠌ᠳᠠᠪᠤᠷᠢᠵᠢᠭᠤᠯᠤᠨ ᠲᠡᠭᠦᠯᠳᠡᠷᠵᠢᠭᠦᠯᠵᠦ᠂ ᠨᠡᠢ᠌ᠭᠡᠮ᠎ᠤᠨ ᠪᠠᠲᠤᠯᠠᠭ᠎ᠠ ᠵᠢᠨ ᠰᠢᠰᠲ᠋ᠧᠮ᠎ᠢ ᠤᠯᠠᠮ ᠨᠢᠭᠡ ᠠᠯᠬᠤᠮ ᠪᠦᠷᠢᠨᠰᠢᠭᠦᠯᠵᠦ᠂ ᠭᠠᠷᠳᠠᠨ ᠭᠦᠢ᠍ᠴᠡᠳᠬᠡᠬᠦ ᠦᠢ᠍ᠯᠡᠴᠢᠯᠡᠭᠡᠨ᠎ᠤ ᠬᠢᠷᠢ ᠲᠦᠪᠰᠢᠨ᠎ᠢ ᠳᠡᠭᠡᠭᠰᠢᠯᠡᠭᠦᠯᠦᠨ᠂ ᠠᠷᠠᠳ᠎ᠤᠨ ᠠᠮᠢᠳᠤᠷᠠᠯ᠎ᠤᠨ ᠨᠠᠭ᠋ᠠᠲᠤ ᠵᠠᠬ᠎ᠠ ᠵᠢᠨ ᠪᠠᠷᠢᠮᠵᠢᠶ᠎ᠠ ᠵᠢ ᠦᠨᠡᠨ ᠬᠦ᠌ ᠪᠠᠲᠤᠯᠠᠬᠤ ᠬᠡᠷᠡᠭᠲᠡᠢ᠃ ᠳᠥᠷᠪᠡ᠎ᠳᠤ᠂ ᠠᠵᠢᠯᠲᠠᠨ᠎ᠤ ᠶᠠᠪᠤᠳᠠᠯ ᠴᠢᠳᠠᠪᠤᠷᠢᠲᠠᠨ᠎ᠤ ᠬᠠᠮᠢᠶᠠᠷᠤᠯᠲᠠ ᠦᠢ᠍ᠯᠡᠴᠢᠯᠡᠭᠡᠨ᠎ᠤ ᠰᠢᠰᠲ᠋ᠧᠮ᠎ᠢ ᠲᠡᠭᠦᠯᠳᠡᠷᠵᠢᠭᠦᠯᠬᠦ᠎ᠪᠠᠷ ᠭᠠᠷᠳᠠᠴᠠ ᠪᠣᠯᠭ᠋ᠠᠵᠤ᠂ ᠴᠢᠳᠠᠪᠤᠷᠢᠲᠠᠨ᠎ᠤ ᠠᠮᠢᠵᠢᠷᠠᠯ᠎ᠤᠨ ᠬᠦᠴᠦᠨ᠎ᠢ ᠦᠷᠭᠦᠯᠵᠢᠯᠡᠨ ᠬᠥᠭᠵᠢᠭᠡᠬᠦ ᠬᠡᠷᠡᠭᠲᠡᠢ᠃ ᠴᠢᠳᠠᠪᠤᠷᠢᠲᠠᠨ᠎ᠤ ᠪᠠᠢ᠌ᠭᠤᠯᠤᠯ ᠲᠣᠭᠲᠠᠴᠠ ᠵᠢᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠵᠦ᠂ ᠲᠡᠷᠢᠭᠦᠨ᠎ᠤ ᠰᠢᠨ᠎ᠡ ᠵᠢ ᠡᠭᠦᠳᠬᠦ ᠴᠢᠳᠠᠪᠤᠷᠢᠲᠠᠨ᠎ᠢ ᠢᠳᠡᠪᠬᠢᠲᠡᠢ᠎ᠪᠠᠷ ᠬᠥᠮᠥᠵᠢᠭᠦᠯᠦᠨ ᠪᠣᠢ᠌ᠵᠢᠭᠤᠯᠵᠤ᠂ ᠳᠡᠭᠡᠳᠦ ᠮᠡᠷᠭᠡᠵᠢᠯ᠎ᠤᠨ ᠴᠢᠳᠠᠪᠤᠷᠢᠲᠠᠨ᠎ᠢ ᠬᠥᠮᠥᠵᠢᠭᠦᠯᠬᠦ ᠵᠢ ᠴᠢᠩᠭ᠋ᠠᠷᠠᠭᠤᠯᠤᠨ᠂ ᠬᠥᠮᠥᠨ᠎ᠤ ᠬᠦᠴᠦᠨ᠎ᠤ ᠡᠬᠢ ᠪᠠᠶᠠᠯᠢᠭ᠎ᠤᠨ ᠦᠢ᠍ᠯᠡᠴᠢᠯᠡᠭᠡᠨ᠎ᠤ ᠦᠢ᠍ᠯᠡᠰ᠎ᠤᠨ ᠬᠥᠭᠵᠢᠯᠲᠡ ᠵᠢ ᠲᠦᠷᠭᠡᠳᠬᠡᠵᠦ᠂ ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ᠎ᠤ ᠶᠠᠪᠤᠳᠠᠯ᠎ᠤᠨ ᠬᠠᠮᠢᠶᠠᠷᠤᠯᠲᠠ ᠵᠢ ᠴᠢᠩᠭ᠋ᠠᠳᠬᠠᠨ᠂ ᠥᠪᠡᠷᠲᠡᠭᠡᠨ ᠵᠠᠰᠠᠬᠤ ᠣᠷᠣᠨ᠎ᠤ ᠠᠵᠤ ᠠᠬᠤᠢ ᠨᠡᠢ᠌ᠭᠡᠮ᠎ᠤᠨ ᠬᠥᠭᠵᠢᠯᠲᠡ᠎ᠳᠤ ᠴᠢᠳᠠᠪᠤᠷᠢᠲᠠᠨ᠎ᠤ ᠡᠬᠢ ᠪᠠᠶᠠᠯᠢᠭ᠎ᠢ ᠬᠤᠷᠠᠮᠳᠤᠭᠤᠯᠤᠨ᠂ ᠴᠢᠳᠠᠪᠤᠷᠢᠲᠠᠨ᠎ᠤ ᠠᠮᠢᠵᠢᠷᠠᠯ᠎ᠤᠨ ᠬᠦᠴᠦᠨ᠎ᠢ ᠬᠥᠭᠵᠢᠭᠡᠵᠦ᠂ ᠴᠢᠳᠠᠪᠤᠷᠢᠲᠠᠨ ᠲᠤᠯᠭ᠋ᠠᠭᠤᠷᠢᠯᠠᠯ᠎ᠢ ᠪᠠᠲᠤᠳᠬᠠᠨ᠎ᠠ᠃ ᠲᠠᠪᠤ᠎ᠳᠤ ᠠᠩᠬᠠᠨ᠎ᠤ ᠬᠤᠪᠢᠶᠠᠷᠢᠯᠠᠯᠲᠠ᠎ᠳᠠᠬᠢ ᠬᠥᠳᠡᠯᠮᠦᠷᠢ ᠵᠢᠨ ᠬᠥᠯᠥᠰᠦ ᠣᠯᠭᠣᠮᠵᠢ ᠵᠢᠨ ᠬᠤᠪᠢ ᠵᠢᠨ ᠵᠢᠩ᠎ᠢ ᠳᠡᠭᠡᠭᠰᠢᠯᠡᠭᠦᠯᠬᠦ᠎ᠪᠠᠷ ᠭᠣᠣᠯᠳᠠᠯᠭ᠎ᠠ ᠪᠣᠯᠭ᠋ᠠᠵᠤ᠂ ᠴᠠᠯᠢᠩ᠎ᠤᠨ ᠣᠷᠣᠯᠭ᠎ᠠ ᠵᠢᠨ ᠬᠤᠪᠢᠶᠠᠷᠢᠯᠠᠯᠲᠠ ᠵᠢᠨ ᠳᠦᠷᠢᠮ᠎ᠢ ᠲᠡᠭᠦᠯᠳᠡᠷᠵᠢᠭᠦᠯᠬᠦ ᠬᠡᠷᠡᠭᠲᠡᠶ᠃ ᠨᠠᠭ᠋ᠠᠲᠤ ᠵᠠᠬ᠎ᠠ ᠵᠢᠨ ᠴᠠᠯᠢᠩ᠎ᠤᠨ ᠪᠠᠷᠢᠮᠵᠢᠶ᠎ᠠ ᠵᠢ ᠲᠣᠬᠢᠷᠠᠭᠤᠯᠬᠤ ᠲᠣᠭᠲᠠᠴᠠ ᠵᠢ ᠨᠠᠢ᠌ᠳᠠᠪᠤᠷᠢᠵᠢᠭᠤᠯᠵᠤ᠂ ᠠᠵᠤ ᠠᠬᠤᠢ᠌ᠯᠠᠯ᠎ᠤᠨ ᠴᠠᠯᠢᠩ᠎ᠤᠨ ᠬᠣᠷᠸ᠎ᠠ ᠲᠣᠬᠢᠷᠠᠭᠤᠯᠤᠯ ᠡᠵᠡᠮᠳᠡᠯ᠎ᠢ ᠴᠢᠩᠭ᠋ᠠᠳᠬᠠᠨ᠂ ᠤᠯᠤᠰ᠎ᠤᠨ ᠥᠮᠴᠢᠯᠡᠯ᠎ᠤᠨ ᠠᠵᠤ ᠠᠬᠤᠢ᠌ᠯᠠᠯ᠎ᠤᠨ ᠴᠠᠯᠢᠩ ᠬᠥᠯᠥᠰᠦ ᠵᠢᠨ ᠳᠦᠷᠢᠮ᠎ᠤᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠵᠦ᠂ ᠠᠵᠢᠯ ᠦᠢ᠍ᠯᠡᠰ᠎ᠤᠨ ᠨᠢᠭᠡᠴᠢ ᠵᠢᠨ ᠴᠠᠯᠢᠩ ᠬᠥᠯᠥᠰᠦ ᠵᠢᠨ ᠳᠦᠷᠢᠮ᠎ᠤᠨ ᠥᠭᠡᠷᠡᠴᠢᠯᠡᠯᠲᠡ ᠵᠢ ᠲᠦᠯᠬᠢᠨ ᠠᠬᠢᠭᠤᠯᠵᠤ᠂ ᠣᠷᠣᠯᠭ᠎ᠠ ᠵᠢᠨ ᠬᠤᠪᠢᠶᠠᠷᠢᠯᠠᠯᠲᠠ ᠵᠢ ᠨᠡᠩ ᠵᠣᠬᠢᠰᠲᠠᠢ ᠪᠥᠭᠡᠳ ᠡᠮᠬᠢ ᠵᠢᠷᠤᠮ᠎ᠲᠠᠢ ᠪᠠᠢ᠌ᠯᠭ᠋ᠠᠬᠤ ᠵᠢ ᠠᠬᠢᠭᠤᠯᠬᠤ ᠬᠡᠷᠡᠭᠲᠡᠢ᠃ ᠵᠢᠷᠭᠤᠭ᠎ᠠ᠎ᠳᠤ᠂ ᠵᠠᠰᠠᠯᠲᠠ ᠵᠢᠨ ᠴᠢᠳᠠᠪᠤᠷᠢ ᠵᠢ ᠳᠡᠭᠡᠭᠰᠢᠯᠡᠭᠦᠯᠬᠦ᠎ᠪᠠᠷ ᠰᠠᠭᠤᠷᠢ ᠪᠣᠯᠭ᠋ᠠᠵᠤ᠂ ᠬᠥᠳᠡᠯᠮᠦᠷᠢᠴᠢᠳ᠎ᠤᠨ ᠬᠠᠤᠯᠢ ᠶᠣᠰᠣᠨ᠎ᠤ ᠡᠷᠬᠡ ᠠᠰᠢᠭ᠎ᠢ ᠪᠦᠬᠦ ᠬᠦᠴᠦᠨ ᠵᠶ᠋ᠡᠷ ᠵᠶ᠋ᠡᠨ ᠬᠠᠮᠠᠭ᠋ᠠᠯᠠᠬᠤ ᠬᠡᠷᠡᠭᠲᠡᠢ᠃ ᠬᠥᠳᠡᠯᠮᠦᠷᠢᠴᠢᠳ᠎ᠤᠨ ᠬᠠᠤᠯᠢ ᠶᠣᠰᠣᠨ᠎ᠤ ᠡᠷᠬᠡ ᠠᠰᠢᠭ ᠪᠠ ᠠᠵᠤ ᠠᠬᠤᠢ᠌ᠯᠠᠯ᠎ᠤᠨ ᠬᠥᠭᠵᠢᠯᠲᠡ ᠵᠢ ᠨᠢᠭᠡᠳᠦᠯᠲᠡᠢ ᠲᠥᠯᠥᠪᠯᠡᠨ ᠬᠠᠮᠠᠭ᠋ᠠᠯᠠᠵᠤ᠂ ᠠᠵᠢᠯ᠎ᠤᠨ ᠲᠣᠭᠲᠠᠴᠠ ᠵᠢ ᠲᠡᠭᠦᠯᠳᠡᠷᠵᠢᠭᠦᠯᠦᠨ᠂ ᠠᠮᠢᠳᠤᠯᠢᠭ ᠠᠵᠢᠯ ᠣᠯᠭᠣᠯᠲᠠ ᠪᠠ ᠰᠢᠨ᠎ᠡ ᠠᠵᠢᠯ ᠣᠯᠭᠣᠯᠲᠠ ᠵᠢᠨ ᠬᠡᠯᠪᠡᠷᠢ ᠪᠠᠶ᠋ᠢᠳᠠᠯ᠎ᠤᠨ ᠬᠥᠳᠡᠯᠮᠦᠷᠢᠴᠢᠳ᠎ᠤᠨ ᠡᠷᠬᠡ ᠠᠰᠢᠭ᠎ᠤᠨ ᠪᠠᠲᠤᠯᠠᠭ᠎ᠠ ᠵᠢ ᠴᠢᠩᠭ᠋ᠠᠳᠬᠠᠵᠤ᠂ ᠬᠢᠨᠠᠨ ᠪᠠᠢ᠌ᠴᠠᠭ᠋ᠠᠵᠤ ᠬᠠᠤᠯᠢ ᠬᠡᠷᠡᠭᠵᠢᠭᠦᠯᠬᠦ ᠪᠠ ᠮᠠᠷᠭᠤᠯᠳᠤᠭ᠋ᠠᠨ᠎ᠢ ᠡᠶᠡᠳᠡᠭᠦᠯᠬᠦ ᠪᠠ ᠬᠥᠨᠳᠡᠯᠡᠨ᠎ᠠᠴᠠ ᠲᠠᠰᠤᠯᠬᠤ ᠵᠢ ᠴᠢᠩᠭ᠋ᠠᠳᠬᠠᠵᠤ᠂ ᠦᠩᠭᠡᠨ ᠲᠠᠯ᠎ᠠ ᠪᠠ ᠦᠨᠳᠦᠰᠦ ᠰᠤᠷᠪᠤᠯᠵᠢ ᠵᠢ ᠵᠡᠷᠭᠡ᠎ᠪᠠᠷ ᠵᠠᠰᠠᠬᠤ ᠵᠢ ᠪᠠᠷᠢᠮᠲᠠᠯᠠᠵᠤ᠂ ᠬᠥᠳᠡᠯᠮᠦᠷᠢ ᠵᠢᠨ ᠬᠠᠷᠢᠴᠠᠭ᠎ᠠ ᠵᠢ ᠵᠠᠰᠠᠬᠤ ᠠᠵᠢᠯ᠎ᠤᠨ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠎ᠢ ᠨᠡᠮᠡᠭᠳᠡᠭᠦᠯᠬᠦ ᠵᠢ ᠦᠷᠭᠦᠯᠵᠢᠯᠡᠨ ᠲᠦᠯᠬᠢᠨ ᠠᠬᠢᠭᠤᠯᠬᠤ ᠬᠡᠷᠡᠭᠲᠡᠢ᠃ ᠲᠤᠯᠤᠭ᠎ᠠ᠎ᠳᠤ᠂ ᠨᠡᠢ᠌ᠭᠡᠮ᠎ᠤᠨ ᠡᠶ᠎ᠡ ᠵᠣᠬᠢᠴᠠᠩᠭᠤᠢ ᠲᠣᠭᠲᠠᠭᠤᠨ᠎ᠢ ᠬᠠᠮᠠᠭ᠋ᠠᠯᠠᠬᠤ᠎ᠪᠠᠷ ᠬᠣᠷᠢᠭ᠎ᠠ ᠱᠤᠭᠤᠮ ᠪᠣᠯᠭ᠋ᠠᠵᠤ᠂ ᠠᠶᠤᠯ ᠲᠦᠭᠰᠢᠭᠦᠷᠢ ᠵᠢ ᠰᠡᠷᠭᠡᠢ᠌ᠯᠡᠨ ᠠᠷᠢᠯᠭ᠋ᠠᠬᠤ ᠠᠵᠢᠯ᠎ᠢ ᠰᠠᠶ᠋ᠢᠲᠤᠷ ᠠᠳᠬᠤᠬᠤ ᠬᠡᠷᠡᠭᠲᠡᠢ᠃ ᠬᠣᠷᠢᠭ᠎ᠠ ᠱᠤᠭᠤᠮ᠎ᠤᠨ ᠰᠡᠳᠬᠢᠬᠦᠢ ᠵᠢ ᠪᠠᠲᠤ ᠪᠤᠢ ᠪᠣᠯᠭ᠋ᠠᠵᠤ᠂ ᠵᠠᠳᠠᠯᠤᠨ ᠰᠤᠳᠤᠯᠵᠤ ᠮᠠᠭ᠋ᠠᠳᠯᠠᠬᠤ ᠵᠢ ᠴᠢᠩᠭ᠋ᠠᠳᠬᠠᠵᠤ᠂ ᠪᠠᠴᠢᠮ ᠪᠠᠶ᠋ᠢᠳᠠᠯ᠎ᠢ ᠠᠷᠭ᠋ᠠᠴᠠᠨ ᠰᠢᠢ᠍ᠳᠪᠦᠷᠢᠯᠡᠬᠦ ᠵᠢ ᠴᠢᠩᠭ᠋ᠠᠳᠬᠠᠨ᠂ ᠠᠵᠢᠯ ᠲᠥᠷᠥᠯ᠎ᠤᠨ ᠴᠢᠨᠠᠷᠲᠠᠢ᠂ ᠣᠷᠣᠨ ᠪᠦᠰᠡ ᠵᠢᠨ ᠴᠢᠨᠠᠷᠲᠠᠢ᠂ ᠬᠡᠪᠴᠢᠶᠡᠵᠢᠯ᠎ᠤᠨ ᠴᠢᠨᠠᠷᠲᠠᠢ ᠠᠵᠢᠯ ᠠᠯᠳᠠᠯᠲᠠ ᠵᠢᠨ ᠲᠦᠭᠰᠢᠭᠦᠷᠢ ᠵᠢ ᠬᠦᠴᠦᠯᠡᠨ ᠰᠡᠷᠭᠡᠢ᠌ᠯᠡᠵᠦ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠬᠦᠷᠢᠶᠡᠨ᠎ᠳᠠᠬᠢ ᠰᠠᠭᠤᠷᠢ ᠮᠥᠩᠭᠥ ᠵᠢᠨ ᠪᠡᠯᠡ ᠮᠥᠩᠭᠥ ᠵᠢᠨ ᠬᠠᠮᠢᠶᠠᠷᠤᠯᠲᠠ ᠵᠢᠨ ᠠᠰᠠᠭᠤᠳᠠᠯ᠎ᠢ ᠲᠤᠰᠬᠠᠢ᠌ᠯᠠᠨ ᠴᠡᠭᠴᠡᠯᠡᠨ ᠵᠠᠰᠠᠬᠤ᠂ ᠴᠠᠯᠢᠩ ᠥᠷᠢᠲᠦᠬᠦ ᠵᠢ ᠵᠠᠰᠠᠬᠤ ᠪᠠ ᠲᠣᠭ᠎ᠠ ᠪᠦᠷᠢᠳᠬᠡᠯ᠎ᠤᠨ ᠲᠣᠭ᠎ᠠ ᠪᠠᠷᠢᠮᠲᠠ ᠵᠢ ᠵᠠᠰᠠᠬᠤ ᠲᠤᠰᠬᠠᠢ ᠠᠵᠢᠯᠯᠠᠭ᠎ᠠ ᠵᠢ ᠦᠷᠭᠦᠯᠵᠢᠯᠡᠨ ᠥᠷᠨᠢᠭᠦᠯᠵᠦ᠂ ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠬᠤ ᠬᠢᠨᠠᠯᠲᠠ ᠬᠠᠮᠢᠶᠠᠷᠤᠯᠲᠠ ᠵᠢ ᠴᠢᠩᠳᠠᠯᠠᠵᠤ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠬᠦᠷᠢᠶᠡᠨ᠎ᠳᠠᠬᠢ ᠠᠵᠢᠯ ᠲᠥᠷᠥᠯ᠎ᠤᠨ ᠠᠮᠤᠷ ᠲᠦᠪᠰᠢᠨ᠎ᠢ ᠴᠢᠩᠭ᠋ᠠᠳᠬᠠᠨ᠂ ᠴᠤᠬᠤᠶ᠋ᠢᠯᠲᠠ ᠵᠢᠨ ᠴᠢᠨᠠᠷᠲᠠᠢ ᠬᠡᠯᠪᠡᠷᠢᠯ᠎ᠤᠨ ᠴᠢᠨᠠᠷᠲᠠᠢ ᠠᠰᠠᠭᠤᠳᠠᠯ᠎ᠢ ᠴᠠᠭ ᠲᠤᠬᠠᠢᠳᠤᠨᠢ ᠢᠯᠡᠷᠡᠭᠦᠯᠵᠦ ᠰᠢᠢ᠍ᠳᠪᠦᠷᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ᠎ᠠᠴᠠ᠂ ᠯᠠᠪᠳᠠᠭᠤᠨ ᠲᠣᠭᠲᠠᠭᠤᠨ ᠵᠶ᠋ᠠᠷ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠵᠦ᠂ ᠰᠡᠳᠬᠢᠬᠦᠢ ᠵᠢᠨ ᠣᠢ᠌ᠯᠠᠭ᠋ᠠᠭᠳᠠᠬᠤᠨ᠎ᠤ 《ᠲᠠᠪᠤᠨ ᠬᠤᠪᠢᠷᠠᠯᠲᠠ》 ᠵᠢ ᠲᠦᠯᠬᠢᠨ ᠠᠬᠢᠭᠤᠯᠬᠤ ᠬᠡᠷᠡᠭᠲᠡᠢ᠄ 《ᠥᠪᠡᠷ᠎ᠤᠨ ᠪᠡᠶ᠎ᠡ᠎ᠪᠠᠨ ᠯᠡ ᠪᠤᠳᠤᠬᠤ》᠎ᠠᠴᠠ 《ᠬᠡᠬᠦᠳᠡᠭ ᠴᠡᠭᠡᠵᠢᠨ᠎ᠳᠡᠭᠡᠨ ᠶᠡᠬᠡ ᠲᠠᠯ᠎ᠠ ᠵᠢ ᠪᠤᠳᠤᠬᠤ》 ᠲᠡᠢ᠌ᠰᠢ ᠬᠤᠪᠢᠷᠠᠭᠤᠯᠵᠤ᠂ 《ᠨᠠᠳᠠ᠎ᠪᠠᠷ ᠦᠢ᠍ᠯᠡᠴᠢᠯᠡᠭᠦᠯᠬᠦ》᠎ᠠᠴᠠ 《ᠪᠢ ᠦᠢ᠍ᠯᠡᠴᠢᠯᠡᠨ᠎ᠡ》 ᠲᠡᠢ᠌ᠰᠢ ᠬᠤᠪᠢᠷᠠᠭᠤᠯᠵᠤ᠂ 《ᠭᠠᠭᠴᠠᠭ᠋ᠠᠷ ᠵᠶ᠋ᠠᠨ ᠲᠡᠮᠡᠴᠡᠬᠦ》᠎ᠠᠴᠠ 《ᠰᠢᠰᠲ᠋ᠧᠮᠵᠢᠭᠦᠯᠦᠨ ᠬᠤᠷᠠᠭᠤᠯᠬᠤ》 ᠲᠡᠢ᠌ᠰᠢ ᠬᠤᠪᠢᠷᠠᠭᠤᠯᠵᠤ᠂ 《ᠵᠠᠰᠠᠭ ᠵᠠᠬᠢᠷᠭ᠋ᠠᠨᠴᠢᠯᠠᠭᠰᠠᠨ ᠰᠡᠳᠬᠢᠬᠦᠢ》᠎ᠠᠴᠠ 《ᠵᠠᠬ᠎ᠠ ᠳᠡᠯᠭᠡᠭᠦᠷᠴᠢᠯᠡᠭᠰᠡᠨ ᠰᠡᠳᠬᠢᠬᠦᠢ》 ᠲᠡᠢ᠌ᠰᠢ ᠬᠤᠪᠢᠷᠠᠭᠤᠯᠵᠤ᠂ 《ᠢᠯᠡᠭᠦᠦ ᠬᠢᠵᠦ ᠳᠤᠲᠠᠭᠤ ᠶᠠᠷᠢᠬᠤ》᠎ᠠᠴᠠ 《ᠬᠢᠬᠦ ᠮᠥᠷᠲᠡᠭᠡᠨ ᠪᠠᠰᠠ ᠬᠡᠯᠡᠬᠦ》 ᠲᠡᠢ᠌ᠰᠢ ᠬᠤᠪᠢᠷᠠᠭᠤᠯᠵᠤ᠂ ᠨᠠᠩ ᠥᠨᠳᠥᠷ ᠵᠣᠭᠰᠣᠯᠲᠠ᠂ ᠨᠠᠩ ᠬᠠᠲᠠᠭᠤ ᠠᠷᠭ᠎ᠠ ᠬᠡᠮᠵᠢᠶ᠎ᠡ᠂ ᠨᠠᠩ ᠪᠣᠳᠠᠲᠠᠢ ᠰᠤᠷᠲᠠᠯ ᠵᠶ᠋ᠠᠷ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠬᠦᠷᠢᠶᠡᠨ᠎ᠳᠠᠬᠢ ᠡᠯ᠎ᠡ ᠵᠦᠢ᠍ᠯ᠎ᠤᠨ ᠠᠵᠢᠯ᠎ᠢ ᠴᠢᠩᠭ᠎ᠠ ᠠᠳᠬᠤᠵᠤ ᠪᠣᠳᠠᠲᠠᠢ ᠰᠠᠶ᠋ᠢᠲᠤᠷ ᠠᠳᠬᠤᠬᠤ ᠬᠡᠷᠡᠭᠲᠡᠶ ᠭᠡᠵᠦ ᠴᠢᠬᠤᠯᠠᠴᠢᠯᠠᠵᠠᠢ᠃
ᠬᠤᠷᠠᠯ᠎ᠠᠴᠠ᠂ ᠤᠯᠤᠰ ᠲᠥᠷᠥ ᠵᠢᠨ ᠪᠠᠢ᠌ᠭᠤᠯᠭ᠎ᠠ ᠵᠢᠨ ᠪᠠᠢ᠌ᠭᠤᠯᠤᠯᠲᠠ ᠵᠢ ᠦᠷᠭᠦᠯᠵᠢᠯᠡᠨ ᠠᠬᠢᠭᠤᠯᠵᠤ᠂ ᠥᠭᠡᠷᠡᠴᠢᠯᠡᠯᠲᠡ ᠵᠢᠨ ᠵᠣᠷᠢᠭ ᠰᠠᠨᠠᠭ᠎ᠠ ᠪᠣᠯᠣᠨ ᠴᠢᠩᠭ᠎ᠠ ᠪᠠᠷᠢᠮᠵᠢᠶ᠎ᠠ᠎ᠪᠠᠷ ᠨᠠᠮ᠎ᠢ ᠬᠠᠮᠢᠶᠠᠷᠴᠤ ᠨᠠᠮ᠎ᠢ ᠵᠠᠰᠠᠬᠤ ᠵᠢ ᠪᠠᠷᠢᠮᠲᠠᠯᠠᠵᠤ᠂ 《ᠳᠥᠷᠪᠡᠨ ᠰᠤᠷᠲᠠᠯ》᠎ᠢ ᠵᠠᠯᠠᠷᠠᠭᠤᠯᠤᠨ ᠰᠢᠨ᠎ᠡ ᠰᠤᠷᠲᠠᠯ᠎ᠢ ᠪᠤᠢ ᠪᠣᠯᠭ᠋ᠠᠵᠤ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠬᠦᠷᠢᠶᠡᠨ᠎ᠳᠠᠬᠢ ᠲᠤᠰᠬᠠᠢ ᠴᠡᠭᠴᠡᠯᠡᠨ ᠵᠠᠰᠠᠯᠲᠠ ᠵᠢᠨ ᠶᠠᠰᠤ ᠴᠢᠨᠠᠷ᠎ᠢ ᠳᠡᠭᠡᠭᠰᠢᠯᠡᠭᠦᠯᠦᠨ ᠲᠠᠰ ᠳᠡᠪᠰᠢᠭᠦᠯᠬᠦ ᠵᠢ ᠠᠬᠢᠭᠤᠯᠵᠤ᠂ ᠤᠯᠠᠨ ᠲᠦᠮᠡᠨ᠎ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ᠎ᠤᠨ ᠠᠰᠠᠭᠤᠳᠠᠯ᠎ᠢ ᠦᠷᠭᠦᠯᠵᠢᠯᠡᠨ ᠭᠦᠨᠵᠡᠭᠡᠢ᠌ᠷᠡᠭᠦᠯᠦᠨ ᠴᠡᠭᠴᠡᠯᠡᠨ ᠵᠠᠰᠠᠵᠤ᠂ ᠨᠠᠮ᠎ᠤᠨ ᠭᠡᠰᠢᠭᠦᠨ᠎ᠤ ᠬᠥᠮᠦᠵᠢᠯ ᠬᠠᠮᠢᠶᠠᠷᠤᠯᠲᠠ ᠬᠢᠭᠡᠳ ᠬᠢᠨᠠᠯᠲᠠ ᠲᠠᠯᠪᠢᠬᠤ ᠰᠠᠬᠢᠯᠭ᠎ᠠ ᠪᠠᠲᠤ ᠵᠢ ᠬᠡᠷᠡᠭᠵᠢᠭᠦᠯᠬᠦ ᠵᠢ ᠬᠠᠷᠢᠯᠴᠠᠨ ᠤᠶᠠᠯᠳᠤᠭᠤᠯᠬᠤ ᠵᠢ ᠠᠬᠢᠭᠤᠯᠤᠨ᠂ 《ᠠᠷᠢᠭᠤᠨ ᠴᠡᠪᠡᠷ ᠮᠥᠷᠲᠡᠭᠡᠨ ᠠᠵᠢᠯ ᠶᠠᠪᠤᠳᠠᠯ ᠬᠢᠬᠦ᠂ ᠠᠵᠢᠯ ᠶᠠᠪᠤᠳᠠᠯ ᠬᠢᠬᠦ᠎ᠳᠡᠭᠡᠨ ᠠᠷᠢᠭᠤᠨ ᠴᠡᠪᠡᠷ》 ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠨᠡᠷ᠎ᠡ ᠵᠢᠨ ᠬᠠᠭᠤᠳᠠᠰᠤ ᠵᠢ ᠢᠯᠡ ᠪᠣᠯᠭ᠋ᠠᠵᠤ᠂ ᠪᠥᠬᠥ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠶᠠᠰᠤ ᠴᠢᠨᠠᠷ ᠪᠠ ᠬᠢᠷᠢ ᠲᠦᠪᠰᠢᠨ᠎ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠪᠥᠬᠥ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠦᠢ᠍ᠯᠡᠰ᠎ᠤᠨ ᠴᠢᠨᠠᠷ ᠰᠠᠢ᠌ᠲᠠᠢ ᠬᠥᠭᠵᠢᠯᠲᠡ᠎ᠳᠤ ᠪᠠᠲᠤ ᠴᠢᠩᠭ᠎ᠠ ᠪᠠᠲᠤᠯᠠᠭ᠎ᠠ ᠬᠠᠩᠭ᠋ᠠᠬᠤ ᠬᠡᠷᠡᠭᠲᠡᠶ ᠭᠡᠵᠦ ᠱᠠᠭ᠋ᠠᠷᠳᠠᠪᠠ᠃
ᠬᠤᠷᠠᠯ᠎ᠠᠴᠠ᠂ ᠵᠢᠯ᠎ᠤᠨ ᠡᠴᠦᠰ ᠵᠢᠯ᠎ᠤᠨ ᠡᠬᠢᠨ᠎ᠤ ᠠᠵᠢᠯ᠎ᠢ ᠯᠠᠪᠳᠠᠭᠤᠨ ᠪᠠᠲᠤᠲᠠᠢ ᠰᠠᠶ᠋ᠢᠲᠤᠷ ᠬᠢᠵᠦ᠂ ᠠᠵᠢᠯ ᠣᠯᠭᠣᠯᠲᠠ ᠵᠢ ᠲᠤᠰᠠᠯᠠᠬᠤ ᠰᠠᠷ᠎ᠠ ᠵᠡᠷᠭᠡ ᠲᠤᠰᠬᠠᠢ ᠦᠢ᠍ᠯᠡᠴᠢᠯᠡᠭᠡᠨ᠎ᠤ ᠠᠵᠢᠯᠯᠠᠭ᠎ᠠ ᠵᠢ ᠨᠠᠷᠢᠨ ᠨᠢᠮᠪᠠᠢ ᠵᠣᠬᠢᠶᠠᠨ ᠪᠠᠢ᠌ᠭᠤᠯᠵᠤ᠂ ᠡᠯ᠎ᠡ ᠵᠦᠢ᠍ᠯ᠎ᠤᠨ ᠨᠡᠢ᠌ᠭᠡᠮ᠎ᠤᠨ ᠳᠠᠭ᠋ᠠᠳᠬᠠᠯ᠎ᠤᠨ ᠣᠯᠭᠣᠮᠵᠢ ᠵᠢ ᠴᠠᠭ ᠲᠤᠬᠠᠢᠳᠤᠨᠢ ᠲᠣᠭ᠎ᠠ ᠶᠣᠰᠣᠭ᠋ᠠᠷ ᠣᠯᠭᠣᠬᠤ ᠵᠢ ᠦᠨᠡᠨ ᠬᠦ᠌ ᠪᠠᠲᠤᠯᠠᠵᠤ᠂ ᠴᠠᠯᠢᠩ ᠥᠷᠢᠲᠦᠬᠦ ᠵᠢ ᠦᠨᠳᠦᠰᠦᠨ᠎ᠠᠴᠠ᠎ᠨᠢ ᠵᠠᠰᠠᠬᠤ ᠡᠪᠦᠯ᠎ᠤᠨ ᠤᠯᠠᠷᠢᠯ᠎ᠤᠨ ᠲᠤᠰᠬᠠᠢ ᠠᠵᠢᠯᠯᠠᠭ᠎ᠠ ᠵᠢ ᠦᠷᠭᠦᠯᠵᠢᠯᠡᠨ ᠥᠷᠨᠢᠭᠦᠯᠵᠦ᠂ ᠵᠣᠷᠢᠭᠤᠳᠠ ᠴᠠᠯᠢᠩ ᠥᠷᠢᠲᠦᠬᠦ ᠦᠢ᠍ᠯᠡ ᠠᠵᠢᠯᠯᠠᠭ᠎ᠠ᠎ᠳᠤ ᠬᠠᠤᠯᠢ ᠶᠣᠰᠣᠭ᠋ᠠᠷ ᠴᠢᠩᠭ᠎ᠠ ᠴᠣᠬᠢᠯᠲᠠ ᠥᠭᠴᠦ᠂ ᠵᠥᠷᠢᠴᠡᠯ᠎ᠢ ᠵᠢᠭᠰᠠᠭ᠋ᠠᠨ ᠪᠠᠢ᠌ᠴᠠᠭ᠋ᠠᠬᠤ ᠪᠠ ᠠᠷᠢᠯᠭ᠋ᠠᠨ ᠰᠢᠢ᠍ᠳᠪᠦᠷᠢᠯᠡᠬᠦ ᠵᠢ ᠴᠢᠩᠭ᠋ᠠᠳᠬᠠᠨ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠬᠦᠷᠢᠶᠡᠨ᠎ᠳᠠᠬᠢ ᠡᠯ᠎ᠡ ᠵᠦᠢ᠍ᠯ᠎ᠤᠨ ᠪᠠᠴᠢᠮ ᠪᠠᠶ᠋ᠢᠳᠠᠯ᠎ᠢ ᠠᠷᠭ᠋ᠠᠴᠠᠵᠤ ᠲᠣᠭᠲᠠᠭᠤᠨ᠎ᠢ ᠬᠠᠮᠠᠭ᠋ᠠᠯᠠᠬᠤ ᠠᠵᠢᠯ᠎ᠢ ᠦᠨᠡᠨ ᠬᠦ᠌ ᠰᠠᠶ᠋ᠢᠲᠤᠷ ᠬᠢᠬᠦ ᠬᠡᠷᠡᠭᠲᠡᠶ ᠭᠡᠵᠦ ᠱᠠᠭ᠋ᠠᠷᠳᠠᠵᠠᠢ᠃

ᠬᠤᠷᠠᠯ ᠳᠡᠭᠡᠷ᠎ᠡ᠂ ᠬᠥᠬᠡᠬᠣᠲᠠ᠂ ᠪᠤᠭᠤᠲᠤ ᠬᠣᠲᠠ᠂ ᠤᠯᠠᠭ᠋ᠠᠨᠬᠠᠳᠠ ᠬᠣᠲᠠ᠂ ᠰᠢᠯᠢ ᠵᠢᠨ ᠭᠣᠣᠯ ᠠᠶ᠋ᠢᠮᠠᠭ᠂ ᠠᠯᠠᠱ᠌ᠠ ᠠᠶ᠋ᠢᠮᠠᠭ ᠵᠡᠷᠭᠡ 5 ᠠᠶ᠋ᠢᠮᠠᠭ ᠬᠣᠲᠠ ᠵᠢᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠣᠪᠴᠢᠶ᠎ᠠ ᠵᠢᠨ ᠭᠣᠣᠯ ᠬᠠᠷᠢᠭᠤᠴᠠᠯᠭ᠋ᠠᠲᠠᠨ ᠨᠥᠬᠥᠳ ᠲᠤᠷᠰᠢᠯᠭ᠎ᠠ ᠰᠣᠯᠢᠯᠴᠠᠬᠤ ᠶᠠᠷᠢᠶ᠎ᠠ ᠲᠠᠯᠪᠢᠪᠠ᠃ ᠥᠪᠡᠷᠲᠡᠭᠡᠨ ᠵᠠᠰᠠᠬᠤ ᠣᠷᠣᠨ᠎ᠤ ᠰᠠᠬᠢᠯᠭ᠎ᠠ ᠪᠠᠲᠤ ᠪᠠᠢ᠌ᠴᠠᠭ᠋ᠠᠬᠤ ᠬᠣᠷᠢᠶ᠎ᠠ ᠬᠢᠨᠠᠨ ᠪᠠᠢ᠌ᠴᠠᠭ᠋ᠠᠬᠤ ᠵᠥᠪᠯᠡᠯ᠎ᠤᠨ ᠥᠪᠡᠷᠲᠡᠭᠡᠨ ᠵᠠᠰᠠᠬᠤ ᠣᠷᠣᠨ᠎ᠳᠤ ᠰᠠᠭᠤᠭ᠎ᠠ ᠨᠠᠮ᠎ᠤᠨ ᠬᠣᠷᠢᠶ᠎ᠠ ᠵᠢᠨ ᠵᠣᠬᠢᠶᠠᠨ ᠪᠠᠢ᠌ᠭᠤᠯᠬᠤ ᠬᠡᠯᠲᠡᠰ᠎ᠤᠨ ᠰᠠᠬᠢᠯᠭ᠎ᠠ ᠪᠠᠲᠤ ᠪᠠᠢ᠌ᠴᠠᠭ᠋ᠠᠬᠤ ᠬᠢᠨᠠᠨ ᠪᠠᠢ᠌ᠴᠠᠭ᠋ᠠᠬᠤ ᠳᠤᠭᠤᠢ᠌ᠯᠠᠩ᠎ᠤᠨ ᠳᠠᠷᠤᠭ᠎ᠠ᠂ ᠬᠣᠶᠠᠳᠤᠭ᠋ᠠᠷ ᠳᠡᠰ᠎ᠤᠨ ᠳᠡᠭᠡᠳᠦ ᠵᠡᠷᠭᠡ ᠵᠢᠨ ᠬᠢᠨᠠᠨ ᠪᠠᠢ᠌ᠴᠠᠭ᠋ᠠᠬᠤ ᠲᠤᠰᠢᠶᠠᠯᠲᠠᠨ ᠸᠠᠩ ᡁᠢ ᠴᠢᠶᠠᠩ ᠨᠥᠬᠥᠷ᠂ ᠲᠢᠩᠬᠢᠮ᠎ᠤᠨ ᠤᠳᠤᠷᠢᠳᠬᠤ ᠪᠠᠭ᠎ᠤᠨ ᠪᠦᠷᠢᠯᠳᠦᠬᠦᠨ᠂ ᠡᠯ᠎ᠡ ᠠᠶ᠋ᠢᠮᠠᠭ ᠬᠤᠳᠠ ᠵᠢᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠣᠪᠴᠢᠶ᠎ᠠ ᠵᠢᠴᠢ ᠠᠵᠢᠯ ᠣᠯᠭᠣᠯᠲᠠ ᠵᠢᠨ ᠦᠢ᠍ᠯᠡᠴᠢᠯᠡᠭᠡᠨ᠎ᠤ ᠲᠥᠪ᠂ ᠨᠡᠢ᠌ᠭᠡᠮ᠎ᠤᠨ ᠪᠠᠲᠤᠯᠠᠭ᠎ᠠ ᠵᠢᠨ ᠲᠥᠪ᠎ᠤᠨ ᠭᠣᠣᠯ ᠬᠠᠷᠢᠭᠤᠴᠠᠯᠭ᠋ᠠᠲᠠᠨ᠂ ᠲᠢᠩᠬᠢᠮ᠎ᠤᠨ ᠪᠠᠢ᠌ᠭᠤᠯᠭ᠎ᠠ᠂ ᠬᠠᠷᠢᠶ᠎ᠠ ᠨᠢᠭᠡᠴᠢ ᠵᠢᠨ ᠳᠡᠳ᠋ ᠭᠠᠵᠠᠷ᠎ᠤᠨ ᠲᠡᠰ᠎ᠠᠴᠠ ᠳᠡᠭᠡᠭᠰᠢᠬᠢ ᠺᠠᠳ᠋ᠷ ᠪᠠ ᠲᠢᠩᠬᠢᠮ᠎ᠤᠨ ᠠᠵᠢᠯ᠎ᠠᠴᠠ᠎ᠪᠠᠨ ᠠᠮᠠᠷᠠᠭᠰᠠᠨ ᠠᠬᠠᠮᠠᠳ ᠺᠠᠳ᠋ᠷ᠎ᠤᠨ ᠲᠥᠯᠥᠭᠡᠯᠡᠭᠴᠢ ᠨᠠᠷ ᠬᠤᠷᠠᠯ᠎ᠳᠤ ᠣᠷᠣᠯᠴᠠᠪᠠ᠃