ᠥᠪᠥᠷ ᠵᠠᠰᠠᠭ ᠲᠠᠷᠬᠠᠭᠠᠭᠰᠠᠨ ﹇2020﹈ 20 ᠳ᠋ᠤᠭᠠᠷ ᠲᠣᠭᠠᠲᠤ |
2020 ᠣᠨ ᠤ 12 ᠳ᠋ᠤᠭᠠᠷ ᠰᠠᠷ᠎ᠠ ᠶᠢᠨ 4 ᠤ ᠡᠳᠦᠷ |
ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ |
ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ |
ᠦᠢᠯᠡᠰ ᠤᠨ ᠨᠢᠭᠡᠴᠢ ᠳᠤ᠄ |
ᠡᠳᠦᠭᠡ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠴᠢᠬᠤᠯᠠ ᠶᠡᠭᠡ |
ᠰᠢᠢᠳᠪᠦᠷᠢᠲᠦ ᠪᠣᠳᠣᠯᠭ᠎ᠠ ᠶᠢ ᠬᠡᠷᠡᠭᠵᠢᠭᠦᠯᠬᠦ ᠬᠠᠷᠢᠭᠤᠴᠠᠯᠭ᠎ᠠ ᠵᠢᠨᠲ᠋ᠦ᠋ᠷᠢᠮ ᠤᠨ ᠲᠣᠭᠲᠠᠭᠠᠯ︾ ᠢ ᠲᠠ ᠨᠠᠷ ᠲᠤ |
ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠢ ᠲᠤᠭᠤᠰᠢᠯᠠᠭᠤᠯᠤᠨ ᠬᠡᠷᠡᠭᠵᠢᠭᠦᠯᠲᠦᠭᠡᠢ᠃ |
|
ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠴᠢᠬᠤᠯᠠ ᠶᠡᠭᠡ |
ᠰᠢᠢᠳᠪᠦᠷᠢᠲᠦ ᠪᠣᠳᠣᠯᠭ᠎ᠠ ᠶᠢ ᠬᠡᠷᠡᠭᠵᠢᠭᠦᠯᠬᠦ ᠬᠠᠷᠢᠭᠤᠴᠠᠯᠭ᠎ᠠ ᠶᠢᠨ ᠳᠦᠷᠢᠮ ᠤᠨ ᠲᠣᠭᠲᠠᠭᠠᠯ |
ᠨᠢᠭᠡᠳᠦᠭᠡᠷ ᠵᠦᠢᠯ ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢ ᠬᠡᠷᠡᠭᠵᠢᠭᠦᠯᠬᠦ ᠠᠵᠢᠯ ᠢ |
ᠵᠢᠷᠤᠮᠵᠢᠭᠤᠯᠵᠤ᠂ ᠠᠵᠢᠯ ᠤᠨᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠰᠢᠢᠳᠪᠦᠷᠢᠲᠦ ᠪᠣᠳᠣᠯᠭ᠎ᠠ ᠶᠢ ᠬᠡᠷᠡᠭᠵᠢᠭᠦᠯᠬᠦ |
ᠶᠠᠰᠤ ᠴᠢᠨᠠᠷ ᠪᠠ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢᠨ ᠲᠤᠰᠠᠳᠠ᠂ ︽ᠵᠠᠰᠠᠭ ᠵᠠᠬᠢᠷᠭᠠᠨ ᠤ ᠴᠢᠬᠤᠯᠠ ᠶᠡᠭᠡ |
ᠰᠢᠢᠳᠪᠦᠷᠢᠲᠦ ᠪᠣᠳᠣᠯᠭ᠎ᠠ ᠲᠣᠭᠲᠠᠭᠠᠬᠤ ᠳᠡᠰ ᠳᠠᠷᠠᠭᠠᠯᠠᠯ ᠤᠨ ᠲᠦᠷ ᠬᠡᠷᠡᠭᠵᠢᠭᠦᠯᠬᠦ ᠳᠦᠷᠢᠮ︾ ᠢ ᠦᠨᠳᠦᠰᠦᠯᠡᠨ᠂ |
ᠲᠤᠰ ᠲᠣᠭᠲᠠᠭᠠᠯ ᠢ ᠲᠣᠭᠲᠠᠭᠠᠪᠠ᠃ |
ᠬᠤᠶᠠᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ |
ᠣᠷᠳᠣᠨ ︵ᠳᠣᠷᠣᠭᠰᠢ ᠰᠢᠢᠳᠪᠦᠷᠢᠲᠦ ᠪᠣᠳᠣᠯᠭ᠎ᠠ ᠲᠣᠭᠲᠠᠭᠠᠬᠤ ᠪᠠᠶᠢᠭᠤᠯᠭ᠎ᠠ ᠭᠡᠵᠦ ᠲᠣᠪᠴᠢᠯᠠᠨ᠎ᠠ︶ ᠤ ᠵᠠᠰᠠᠭ |
ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢ ᠬᠡᠷᠡᠭᠵᠢᠭᠦᠯᠬᠦ ᠠᠵᠢᠯ ᠳᠤ ᠲᠤᠰ ᠲᠣᠭᠲᠠᠭᠠᠯ ᠢ |
ᠲᠣᠬᠢᠷᠠᠭᠤᠯᠤᠨ ᠬᠡᠷᠡᠭᠯᠡᠨ᠎ᠡ᠃ |
ᠭᠤᠷᠪᠠᠳᠤᠭᠠᠷ ᠵᠦᠢᠯ ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢ ᠬᠡᠷᠡᠭᠵᠢᠭᠦᠯᠬᠦ ᠳᠤ |
ᠡᠷᠬᠡᠪᠰᠢ ᠨᠠᠮ ᠤᠨ ᠪᠥᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ᠂ ᠨᠠᠮ ᠤᠨ ᠱᠤᠭᠤᠮ ᠴᠢᠭᠯᠡᠯᠲᠡ ᠲᠥᠷᠥ ᠶᠢᠨ |
ᠪᠣᠳᠣᠯᠭ᠎ᠠ ᠪᠠ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠲᠤᠭᠤᠰᠢᠯᠠᠭᠤᠯᠵᠤ᠂ |
ᠨᠠᠮ ᠤᠨ ᠤᠳᠤᠷᠢᠳᠬᠤ ᠭᠤᠣᠯᠯᠠᠭᠴᠢ ᠦᠢᠯᠡᠳᠦᠯ ᠢ ᠪᠠᠳᠠᠷᠠᠭᠤᠯᠤᠨ᠂ ᠵᠠᠰᠠᠭ ᠵᠠᠬᠢᠷᠭᠠᠨ ᠤ ᠴᠢᠬᠤᠯᠠ ᠶᠡᠭᠡ |
ᠰᠢᠢᠳᠪᠦᠷᠢᠲᠦ ᠪᠣᠳᠣᠯᠭ᠎ᠠ ᠶᠢ ᠬᠡᠷᠡᠭᠵᠢᠭᠦᠯᠬᠦ ᠪᠥᠬᠦ ᠶᠠᠪᠤᠴᠠ ᠳᠤ ᠨᠠᠮ ᠤᠨ ᠤᠳᠤᠷᠢᠳᠤᠯᠭ᠎ᠠ ᠶᠢ ᠲᠤᠭᠤᠰᠢᠯᠠᠭᠤᠯᠬᠤ |
ᠬᠡᠷᠡᠭᠲᠡᠢ᠃ |
ᠳᠥᠷᠪᠡᠳᠦᠭᠡᠷ ᠵᠦᠢᠯ ᠰᠢᠢᠳᠪᠦᠷᠢᠲᠦ ᠪᠣᠳᠣᠯᠭ᠎ᠠ ᠲᠣᠭᠲᠠᠭᠠᠬᠤ ᠪᠠᠶᠢᠭᠤᠯᠭ᠎ᠠ ᠨᠢᠭᠡᠳᠦᠯᠲᠡᠢ ᠤᠳᠤᠷᠢᠳᠤᠭᠰᠠᠨ᠂ |
ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠦᠷᠦᠭᠦᠯᠡᠵᠦ ᠬᠠᠷᠢᠭᠤᠴᠠᠭᠰᠠᠨ᠂ ᠬᠠᠮᠢᠶ᠎ᠠ ᠪᠦᠬᠦᠢ ᠨᠢᠭᠡᠴᠢ ᠲᠤᠰᠠᠯᠠᠵᠤ |
ᠬᠠᠮᠵᠢᠯᠴᠠᠭᠰᠠᠨ ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢ ᠬᠡᠷᠡᠭᠵᠢᠭᠦᠯᠬᠦ ᠠᠵᠢᠯ ᠤᠨ |
ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ ᠬᠡᠷᠡᠭᠲᠡᠢ᠃ |
ᠲᠠᠪᠤᠳᠤᠭᠠᠷ ᠵᠦᠢᠯ ᠰᠢᠢᠳᠪᠦᠷᠢᠲᠦ ᠪᠣᠳᠣᠯᠭ᠎ᠠ ᠲᠣᠭᠲᠠᠭᠠᠬᠤ ᠪᠠᠶᠢᠭᠤᠯᠭ᠎ᠠ ᠨᠢ ᠵᠠᠰᠠᠭ ᠵᠠᠬᠢᠷᠭᠠᠨ ᠤ ᠴᠢᠬᠤᠯᠠ |
ᠶᠡᠭᠡ ᠰᠢᠢᠳᠪᠦᠷᠢᠲᠦ ᠪᠣᠳᠣᠯᠭ᠎ᠠ ᠬᠡᠷᠡᠭᠵᠢᠭᠦᠯᠬᠦ ᠶᠢ ᠬᠠᠷᠢᠭᠤᠴᠠᠬᠤ ᠨᠢᠭᠡᠴᠢ ︵ᠳᠣᠷᠣᠭᠰᠢ ᠰᠢᠢᠳᠪᠦᠷᠢᠲᠦ ᠪᠣᠳᠣᠯᠭ᠎ᠠ ᠶᠢ |
ᠬᠡᠷᠡᠭᠵᠢᠭᠦᠯᠬᠦ ᠨᠢᠭᠡᠴᠢ ᠭᠡᠵᠦ ᠲᠣᠪᠴᠢᠯᠠᠨ᠎ᠠ︶ ᠪᠠᠨ ᠲᠣᠳᠣᠷᠬᠠᠢ ᠲᠣᠭᠲᠠᠭᠠᠵᠤ᠂ ᠰᠢᠢᠳᠪᠦᠷᠢᠲᠦ ᠪᠣᠳᠣᠯᠭ᠎ᠠ ᠶᠢᠨ |
ᠵᠦᠢᠯᠡᠰ ᠢ ᠬᠤᠶᠠᠷ ᠵᠢᠴᠢ ᠲᠡᠭᠦᠨ ᠠᠴᠠ ᠣᠯᠠᠨ ᠨᠢᠭᠡᠴᠢ ᠬᠡᠷᠡᠭᠵᠢᠭᠦᠯᠬᠦ ᠴᠢᠬᠤᠯᠠᠲᠠᠢ ᠪᠠᠶᠢᠪᠠᠯ᠂ ᠲᠦᠷᠦᠭᠦᠯᠡᠨ |
ᠬᠡᠷᠡᠭᠵᠢᠭᠦᠯᠬᠦ ᠨᠢᠭᠡᠴᠢ ᠶᠢ ᠲᠣᠳᠣᠷᠬᠠᠢ ᠲᠣᠭᠲᠠᠭᠠᠬᠤ ᠬᠡᠷᠡᠭᠲᠡᠢ᠃ |
ᠵᠢᠷᠭᠤᠳᠤᠭᠠᠷ ᠵᠦᠢᠯ ᠰᠢᠢᠳᠪᠦᠷᠢᠲᠦ ᠪᠣᠳᠣᠯᠭ᠎ᠠ ᠶᠢ ᠬᠡᠷᠡᠭᠵᠢᠭᠦᠯᠬᠦ ᠨᠢᠭᠡᠴᠢ ᠨᠢ ᠲᠣᠰ ᠨᠢᠭᠡᠴᠢ ︵ᠲᠣᠰ |
ᠰᠢᠰᠲ᠋ᠧᠮ︶ ᠶᠢᠨ ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠬᠡᠷᠡᠭᠵᠢᠭᠦᠯᠬᠦ ᠠᠵᠢᠯ ᠢ ᠪᠣᠳᠠᠲᠠᠢ |
ᠬᠠᠷᠢᠭᠤᠴᠠᠬᠤ ᠬᠡᠷᠡᠭᠲᠡᠢ᠃ |
ᠳᠣᠯᠣᠳᠤᠭᠠᠷ ᠵᠦᠢᠯ ᠰᠢᠢᠳᠪᠦᠷᠢᠲᠦ ᠪᠣᠳᠣᠯᠭ᠎ᠠ ᠲᠣᠭᠲᠠᠭᠠᠬᠤ ᠪᠠᠶᠢᠭᠤᠯᠭ᠎ᠠ ᠶᠢᠨ ᠬᠠᠷᠢᠭᠤᠴᠠᠯᠭᠠᠲᠠᠨ ᠨᠢ |
ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠮᠢᠶ᠎ᠠ ᠪᠦᠬᠦᠢ ᠰᠠᠯᠠᠭ᠎ᠠ ᠮᠥᠴᠢᠷ ᠢ ᠵᠣᠬᠢᠴᠠᠭᠤᠯᠵᠤ |
ᠪᠠᠶᠢᠭᠠᠳ ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠬᠡᠷᠡᠭᠵᠢᠭᠦᠯᠬᠦ ᠠᠵᠢᠯ ᠢ |
ᠨᠠᠶᠢᠳᠠᠪᠤᠷᠢᠵᠢᠭᠤᠯᠬᠤ ᠬᠡᠷᠡᠭᠲᠡᠢ᠃ |
ᠨᠠᠢᠮᠠᠳᠤᠭᠠᠷ ᠵᠦᠢᠯ ᠰᠢᠢᠳᠪᠦᠷᠢᠲᠦ ᠪᠣᠳᠣᠯᠭ᠎ᠠ ᠲᠣᠭᠲᠠᠭᠠᠬᠤ ᠪᠠᠶᠢᠭᠤᠯᠭ᠎ᠠ ᠨᠢ ᠵᠠᠰᠠᠭ ᠵᠠᠬᠢᠷᠭᠠᠨ ᠤ ᠴᠢᠬᠤᠯᠠ |
ᠶᠡᠭᠡ ᠰᠢᠢᠳᠪᠦᠷᠢᠲᠦ ᠪᠣᠳᠣᠯᠭ᠎ᠠ ᠶᠢ ᠬᠡᠷᠡᠭᠵᠢᠭᠦᠯᠦᠭᠰᠡᠨ ᠪᠠᠶᠢᠳᠠᠯ ᠢᠶᠠᠨ ᠲᠤᠰ ᠱᠠᠲᠤᠨ ᠤ ᠠᠷᠠᠳ ᠤᠨ ᠵᠠᠰᠠᠭ ᠤᠨ |
ᠣᠷᠳᠣᠨ ᠤ ᠰᠢᠮᠳᠠᠭᠤᠯᠤᠨ ᠪᠠᠶᠢᠴᠠᠭᠠᠬᠤ ᠠᠵᠢᠯ ᠤᠨ ᠬᠡᠪᠴᠢᠶᠡᠨ ᠳᠤ ᠣᠷᠣᠭᠤᠯᠵᠤ᠂ ᠪᠠᠶᠢᠩᠭᠤᠵᠢᠭᠰᠠᠨ ᠮᠦᠷᠳᠡᠨ |
ᠪᠠᠶᠢᠴᠠᠭᠠᠯᠲᠠ ᠶᠢ ᠬᠡᠷᠡᠭᠵᠢᠭᠦᠯᠦᠨ᠂ ᠬᠡᠷᠡᠭᠵᠢᠭᠦᠯᠬᠦ ᠠᠬᠢᠴᠠ᠂ ᠦᠷ᠎ᠡ ᠪᠦᠲᠦᠮᠵᠢ ᠵᠢᠴᠢ ᠣᠷᠣᠰᠢᠵᠤ ᠪᠠᠶᠢᠭ᠎ᠠ |
ᠠᠰᠠᠭᠤᠳᠠᠯ ᠢ ᠴᠠᠭ ᠲᠤᠬᠠᠢ ᠳᠤ ᠨᠢ ᠡᠵᠡᠮᠰᠢᠬᠦ ᠬᠡᠷᠡᠭᠲᠡᠢ᠃ |
ᠶᠢᠰᠦᠳᠦᠭᠡᠷ ᠵᠦᠢᠯ ᠰᠢᠢᠳᠪᠦᠷᠢᠲᠦ ᠪᠣᠳᠣᠯᠭ᠎ᠠ ᠶᠢ ᠬᠡᠷᠡᠭᠵᠢᠭᠦᠯᠬᠦ ᠨᠢᠭᠡᠴᠢ ᠨᠢ ᠵᠠᠰᠠᠭ ᠵᠠᠬᠢᠷᠭᠠᠨ ᠤ ᠴᠢᠬᠤᠯᠠ |
ᠶᠡᠭᠡ ᠰᠢᠢᠳᠪᠦᠷᠢᠲᠦ ᠪᠣᠳᠣᠯᠭ᠎ᠠ ᠶᠢ ᠪᠦᠬᠦ ᠲᠠᠯ᠎ᠠ ᠪᠠᠷ᠂ ᠴᠠᠭ ᠲᠤᠬᠠᠢ ᠳᠤ ᠨᠢ᠂ ᠵᠥᠪ ᠣᠨᠣᠪᠴᠢᠲᠠᠢ ᠬᠠᠤᠯᠢ ᠶᠣᠰᠣᠭᠠᠷ |
ᠬᠡᠷᠡᠭᠵᠢᠭᠦᠯᠬᠦ ᠶᠢᠨ ᠬᠠᠮᠲᠤ᠂ ᠰᠢᠢᠳᠪᠦᠷᠢᠲᠦ ᠪᠣᠳᠣᠯᠭ᠎ᠠ ᠲᠣᠭᠲᠠᠭᠠᠬᠤ ᠪᠠᠶᠢᠭᠤᠯᠭ᠎ᠠ ᠳᠤ ᠰᠢᠢᠳᠪᠦᠷᠢᠲᠦ ᠪᠣᠳᠣᠯᠭ᠎ᠠ ᠶᠢ |
ᠬᠡᠷᠡᠭᠵᠢᠭᠦᠯᠦᠭᠰᠡᠨ ᠪᠠᠶᠢᠳᠠᠯ ᠢᠶᠠᠨ ᠮᠡᠳᠡᠭᠦᠯᠬᠦ ᠬᠡᠷᠡᠭᠲᠡᠢ᠃ |
ᠠᠷᠪᠠᠳᠤᠭᠠᠷ ᠵᠦᠢᠯ ᠰᠢᠢᠳᠪᠦᠷᠢᠲᠦ ᠪᠣᠳᠣᠯᠭ᠎ᠠ ᠶᠢ ᠬᠡᠷᠡᠭᠵᠢᠭᠦᠯᠬᠦ ᠨᠢᠭᠡᠴᠢ ᠶᠢᠨ ᠭᠤᠣᠯ ᠬᠠᠷᠢᠭᠤᠴᠠᠯᠭᠠᠲᠠᠨ |
ᠪᠣᠯ ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢ ᠬᠡᠷᠡᠭᠵᠢᠭᠦᠯᠬᠦ ᠨᠢᠭᠡᠳᠦᠭᠡᠷ |
ᠬᠠᠷᠢᠭᠤᠴᠠᠯᠭᠠᠲᠠᠨ ᠮᠥᠨ᠂ ᠪᠤᠰᠤᠳ ᠬᠠᠷᠢᠭᠤᠴᠠᠯᠭᠠᠲᠠᠨ ᠨᠢ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ |
ᠶᠣᠰᠣᠭᠠᠷ᠂ ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢ ᠬᠡᠷᠡᠭᠵᠢᠭᠦᠯᠬᠦ ᠲᠠᠯ᠎ᠠ ᠶᠢᠨ ᠵᠣᠬᠢᠬᠤ |
ᠬᠠᠷᠢᠭᠤᠴᠠᠯᠭ᠎ᠠ ᠶᠢ ᠡᠭᠦᠷᠭᠡᠯᠡᠬᠦ ᠬᠡᠷᠡᠭᠲᠡᠢ᠃ |
ᠠᠷᠪᠠᠨ ᠨᠢᠭᠡᠳᠦᠭᠡᠷ ᠵᠦᠢᠯ ᠰᠢᠢᠳᠪᠦᠷᠢᠲᠦ ᠪᠣᠳᠣᠯᠭ᠎ᠠ ᠲᠣᠭᠲᠠᠭᠠᠬᠤ ᠪᠠᠶᠢᠭᠤᠯᠭ᠎ᠠ ᠪᠠ ᠰᠢᠢᠳᠪᠦᠷᠢᠲᠦ |
ᠪᠣᠳᠣᠯᠭ᠎ᠠ ᠶᠢ ᠬᠡᠷᠡᠭᠵᠢᠭᠦᠯᠬᠦ ᠨᠢᠭᠡᠴᠢ ᠨᠢ ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ |
ᠲᠣᠭᠲᠠᠭᠠᠬᠤ ᠲᠠᠯ᠎ᠠ ᠪᠠᠷ ᠬᠢ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠢ ᠵᠠᠰᠠᠭ ᠤᠨ |
ᠣᠷᠳᠣᠨ ᠤ ᠣᠨᠣᠯ ᠤᠨ ᠰᠤᠷᠤᠯᠴᠠᠯᠭ᠎ᠠ ᠶᠢᠨ ᠭᠤᠣᠯ ᠳᠤᠭᠤᠶᠢᠯᠠᠩ ᠤᠨ ᠰᠤᠷᠤᠯᠴᠠᠬᠤ ᠪᠤᠶᠤ ᠬᠠᠤᠯᠢ ᠳᠦᠷᠢᠮ ᠢ |
ᠤᠬᠠᠭᠤᠯᠵᠤ ᠪᠣᠯᠪᠠᠰᠤᠷᠠᠭᠤᠯᠬᠤ ᠠᠭᠤᠯᠭ᠎ᠠ ᠳᠤ ᠣᠷᠣᠭᠤᠯᠬᠤ ᠬᠡᠷᠡᠭᠲᠡᠢ᠃ |
ᠠᠷᠪᠠᠨ ᠬᠤᠶᠠᠳᠤᠭᠠᠷ ᠵᠦᠢᠯ ᠰᠢᠢᠳᠪᠦᠷᠢᠲᠦ ᠪᠣᠳᠣᠯᠭ᠎ᠠ ᠶᠢ ᠬᠡᠷᠡᠭᠵᠢᠭᠦᠯᠬᠦ ᠨᠢᠭᠡᠴᠢ ᠶᠢᠨ ᠭᠤᠣᠯ |
ᠬᠠᠷᠢᠭᠤᠴᠠᠯᠭᠠᠲᠠᠨ ᠨᠢ ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠲᠣᠭᠲᠠᠭᠠᠬᠤ ᠡᠭᠦᠷᠭᠡ |
ᠬᠠᠷᠢᠭᠤᠴᠠᠯᠭ᠎ᠠ ᠶᠢ ᠭᠦᠢᠴᠡᠳᠬᠡᠭᠰᠡᠨ ᠪᠠᠶᠢᠳᠠᠯ ᠢᠶᠠᠨ ᠵᠢᠯ ᠤᠨ ᠡᠴᠦᠰ ᠤᠨ ᠲᠤᠰᠢᠶᠠᠯ ᠤᠨᠮᠡᠳᠡᠭᠦᠯᠦᠯᠲᠡ ᠳᠤ |
ᠣᠷᠣᠭᠤᠯᠬᠤ ᠬᠡᠷᠡᠭᠲᠡᠢ᠃ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢ ᠬᠡᠷᠡᠭᠵᠢᠭᠦᠯᠦᠭᠰᠡᠨ |
ᠪᠠᠶᠢᠳᠠᠯ ᠢᠶᠠᠷ ᠨᠢ ᠰᠢᠢᠳᠪᠦᠷᠢᠲᠦ ᠪᠣᠳᠣᠯᠭ᠎ᠠ ᠶᠢ ᠬᠡᠷᠡᠭᠵᠢᠭᠦᠯᠦᠭᠰᠡᠨ ᠨᠢᠭᠡᠴᠢ ᠵᠢᠴᠢ ᠲᠡᠳᠡᠭᠡᠷ ᠤᠨ ᠬᠠᠷᠢᠭᠤᠴᠠᠯᠭᠠᠲᠠᠨ |
ᠨᠠᠷ ᠢ ᠰᠢᠯᠭᠠᠨ ᠬᠢᠨᠠᠵᠤ ᠦᠨᠡᠯᠡᠬᠦ ᠶᠢᠨ ᠴᠢᠬᠤᠯᠠ ᠠᠭᠤᠯᠭ᠎ᠠ ᠪᠣᠯᠭᠠᠬᠤ ᠬᠡᠷᠡᠭᠲᠡᠢ᠃ |
ᠠᠷᠪᠠᠨ ᠭᠤᠷᠪᠠᠳᠤᠭᠠᠷ ᠵᠦᠢᠯ ᠰᠢᠢᠳᠪᠦᠷᠢᠲᠦ ᠪᠣᠳᠣᠯᠭ᠎ᠠ ᠶᠢ ᠬᠡᠷᠡᠭᠵᠢᠭᠦᠯᠬᠦ ᠨᠢᠭᠡᠴᠢ ᠨᠢ ᠲᠣᠭᠲᠠᠮᠠᠯ |
ᠬᠤᠭᠤᠴᠠᠭ᠎ᠠ ᠲᠠᠢ ᠪᠠᠷ ᠬᠤᠷᠠᠯ ᠬᠤᠷᠠᠯᠳᠤᠭᠤᠯᠵᠤ᠂ ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ |
ᠪᠣᠳᠣᠯᠭ᠎ᠠ ᠶᠢᠨ ᠬᠡᠷᠡᠭᠵᠢᠭᠦᠯᠬᠦ ᠠᠵᠢᠯ ᠢ ᠲᠤᠰᠬᠠᠢ ᠰᠡᠳᠦᠪ ᠢᠶᠠᠷ ᠰᠤᠳᠤᠯᠬᠤ ᠬᠡᠷᠡᠭᠲᠡᠢ᠃ |
ᠠᠷᠪᠠᠨ ᠳᠥᠷᠪᠡᠳᠦᠭᠡᠷ ᠵᠦᠢᠯ ᠬᠠᠤᠯᠢ ᠶᠣᠰᠣᠭᠠᠷ ᠭᠠᠷᠭᠠᠭᠰᠠᠨ ᠵᠠᠰᠠᠭ ᠵᠠᠬᠢᠷᠭᠠᠨ ᠤ ᠴᠢᠬᠤᠯᠠ ᠶᠡᠭᠡ |
ᠰᠢᠢᠳᠪᠦᠷᠢᠲᠦ ᠪᠣᠳᠣᠯᠭ᠎ᠠ ᠶᠢ ᠪᠣᠯ ᠬᠠᠤᠯᠢ ᠪᠠᠷ ᠲᠣᠭᠲᠠᠭᠠᠭᠰᠠᠨ ᠵᠢᠷᠤᠮ ᠢ ᠳᠠᠮᠵᠢᠭᠰᠠᠨ ᠦᠭᠡᠢ ᠪᠠᠶᠢᠪᠠᠯ ᠳᠤᠷ᠎ᠠ ᠪᠠᠷ |
ᠬᠤᠪᠢᠷᠠᠭᠠᠬᠤ ᠪᠤᠶᠤ ᠬᠡᠷᠡᠭᠵᠢᠭᠦᠯᠬᠦ ᠶᠢ ᠨᠢ ᠵᠣᠭᠰᠣᠭᠠᠵᠤ ᠪᠣᠯᠬᠤ ᠦᠭᠡᠢ᠃ |
ᠠᠷᠪᠠᠨ ᠲᠠᠪᠤᠳᠤᠭᠠᠷ ᠵᠦᠢᠯ ᠰᠢᠢᠳᠪᠦᠷᠢᠲᠦ ᠪᠣᠳᠣᠯᠭ᠎ᠠ ᠶᠢ ᠬᠡᠷᠡᠭᠵᠢᠭᠦᠯᠬᠦ ᠨᠢᠭᠡᠴᠢ ᠨᠢ ᠵᠠᠰᠠᠭ ᠵᠠᠬᠢᠷᠭᠠᠨ ᠤ |
ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠣᠷᠣᠰᠢᠵᠤ ᠪᠠᠶᠢᠭ᠎ᠠ ᠠᠰᠠᠭᠤᠳᠠᠯ᠂ ᠪᠤᠰᠤᠳᠴᠢ |
ᠪᠠᠶᠢᠳᠠᠯ ᠠᠴᠠ ᠪᠣᠯᠵᠤ ᠴᠢᠬᠤᠯᠠ ᠶᠡᠭᠡ ᠬᠤᠪᠢᠷᠠᠯᠲᠠ ᠭᠠᠷᠤᠭᠰᠠᠨ᠂ ᠡᠰᠡᠬᠦᠯ᠎ᠡ ᠰᠢᠢᠳᠪᠦᠷᠢᠲᠦ ᠪᠣᠳᠣᠯᠭ᠎ᠠ ᠶᠢ |
ᠬᠡᠷᠡᠭᠵᠢᠭᠦᠯᠬᠦ ᠶᠠᠪᠤᠴᠠ ᠳᠤ ᠳᠠᠭᠠᠭᠠᠬᠤ ᠠᠷᠭ᠎ᠠ ᠦᠭᠡᠢ ᠬᠦᠴᠦᠨ ᠡᠭᠦᠰᠦᠭᠰᠡᠨ ᠵᠡᠷᠭᠡ ᠰᠢᠢᠳᠪᠦᠷᠢᠲᠦ ᠪᠣᠳᠣᠯᠭ᠎ᠠ ᠳᠤ |
ᠲᠣᠭᠲᠠᠭᠠᠭᠰᠠᠨ ᠬᠠᠷᠠᠯᠲᠠ ᠶᠢᠨ ᠪᠡᠶᠡᠯᠡᠭᠳᠡᠬᠦ ᠶᠢ ᠬᠦᠨᠳᠦ ᠨᠣᠴᠢᠲᠠᠢ ᠨᠥᠯᠥᠭᠡᠯᠡᠭᠰᠡᠨ ᠢ ᠣᠯᠵᠤ ᠮᠡᠳᠡᠪᠡᠯ᠂ |
ᠰᠢᠢᠳᠪᠦᠷᠢᠲᠦ ᠪᠣᠳᠣᠯᠭ᠎ᠠ ᠲᠣᠭᠲᠠᠭᠠᠭᠰᠠᠨ ᠪᠠᠶᠢᠭᠤᠯᠭ᠎ᠠ ᠳᠤ ᠴᠠᠭ ᠲᠤᠬᠠᠢ ᠳᠤ ᠨᠢ ᠮᠡᠳᠡᠭᠦᠯᠬᠦ ᠬᠡᠷᠡᠭᠲᠡᠢ᠃ |
ᠠᠷᠪᠠᠨ ᠠᠷᠪᠠᠨᠵᠢᠷᠭᠤᠳᠤᠭᠠᠷ ᠵᠦᠢᠯ ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢ |
ᠬᠡᠷᠡᠭᠵᠢᠭᠦᠯᠦᠭᠰᠡᠨ ᠤ ᠳᠠᠷᠠᠭ᠎ᠠ ᠦᠨᠡᠯᠡᠨ ᠵᠢᠱᠢᠯᠲᠡ ᠬᠢᠬᠦ ᠳᠤ᠂ ᠪᠣᠳᠠᠲᠠᠢ ᠦᠨᠡᠯᠡᠨ ᠵᠢᠱᠢᠬᠦ ᠠᠵᠢᠯ ᠢ ᠡᠭᠦᠷᠭᠡᠯᠡᠭᠰᠡᠨ |
ᠨᠢᠭᠡᠴᠢ ᠨᠢ ᠰᠢᠢᠳᠪᠦᠷᠢᠲᠦ ᠪᠣᠳᠣᠯᠭ᠎ᠠ ᠲᠣᠭᠲᠠᠭᠠᠭᠰᠠᠨ ᠪᠠᠶᠢᠭᠤᠯᠭ᠎ᠠ ᠶᠢᠨ ᠱᠠᠭᠠᠷᠳᠠᠯᠭ᠎ᠠ ᠶᠣᠰᠣᠭᠠᠷ ᠰᠢᠢᠳᠪᠦᠷᠢᠲᠦ |
ᠪᠣᠳᠣᠯᠭ᠎ᠠ ᠶᠢ ᠬᠡᠷᠡᠭᠵᠢᠭᠦᠯᠦᠭᠰᠡᠨ ᠤ ᠳᠠᠷᠠᠭᠠᠬᠢ ᠦᠨᠡᠯᠡᠨ ᠵᠢᠱᠢᠬᠦ ᠠᠵᠢᠯ ᠢ ᠰᠠᠶᠢᠲᠤᠷ ᠬᠢᠬᠦ ᠬᠡᠷᠡᠭᠲᠡᠢ᠃ |
ᠠᠷᠪᠠᠨ ᠳᠣᠯᠣᠳᠤᠭᠠᠷ ᠵᠦᠢᠯ ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢ |
ᠬᠡᠷᠡᠭᠵᠢᠭᠦᠯᠦᠭᠰᠡᠨ ᠪᠥᠬᠦ ᠶᠠᠪᠤᠴᠠ ᠶᠢ ᠨᠢ ᠲᠡᠮᠳᠡᠭᠯᠡᠬᠦ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠳᠠᠩᠰᠠ |
ᠡᠪᠬᠡᠮᠡᠯ ᠤᠨ ᠬᠠᠮᠢᠶᠠᠷᠤᠯᠲᠠ ᠶᠢ ᠴᠢᠩᠭᠠᠳᠬᠠᠨ᠂ ᠰᠢᠢᠳᠪᠦᠷᠢᠲᠦ ᠪᠣᠳᠣᠯᠭ᠎ᠠ ᠶᠢ ᠬᠡᠷᠡᠭᠵᠢᠭᠦᠯᠬᠦ ᠶᠠᠪᠤᠴᠠ ᠳᠠᠬᠢ |
ᠮᠠᠲ᠋ᠧᠷᠢᠶᠠᠯ ᠤᠨ ᠮᠡᠳᠡᠭᠡ ᠵᠠᠩᠭᠢ ᠶᠢ ᠬᠠᠤᠯᠢ ᠶᠣᠰᠣᠭᠠᠷ ᠬᠠᠳᠠᠭᠠᠯᠠᠬᠤ ᠬᠡᠷᠡᠭᠲᠡᠢ᠃ |
ᠠᠷᠪᠠᠨ ᠨᠠᠢᠮᠠᠳᠤᠭᠠᠷ ᠵᠦᠢᠯ ᠰᠢᠢᠳᠪᠦᠷᠢᠲᠦ ᠪᠣᠳᠣᠯᠭ᠎ᠠ ᠶᠢ ᠬᠡᠷᠡᠭᠵᠢᠭᠦᠯᠬᠦ ᠨᠢᠭᠡᠴᠢ ᠨᠢ ᠰᠢᠢᠳᠪᠦᠷᠢᠲᠦ |
ᠪᠣᠳᠣᠯᠭ᠎ᠠ ᠶᠢ ᠬᠡᠷᠡᠭᠵᠢᠭᠦᠯᠦᠭᠰᠡᠨ ᠪᠠᠶᠢᠳᠠᠯ ᠢᠶᠠᠨ ᠰᠣᠨᠢᠨ ᠰᠡᠳᠬᠦᠯ᠂ ᠵᠠᠰᠠᠭ ᠤᠨ ᠣᠷᠳᠣᠨ ᠤ ᠰᠦᠯᠵᠢᠶ᠎ᠡ ᠵᠡᠷᠭᠡ ᠪᠠᠷ |
ᠳᠠᠮᠵᠢᠭᠤᠯᠤᠨ ᠨᠡᠶᠢᠭᠡᠮ ᠳᠤ ᠬᠠᠤᠯᠢ ᠶᠣᠰᠣᠭᠠᠷ ᠢᠯᠡ ᠪᠣᠯᠭᠠᠬᠤ ᠬᠡᠷᠡᠭᠲᠡᠢ᠂ ᠢᠯᠡ ᠪᠣᠯᠭᠠᠵᠤ ᠪᠣᠯᠬᠤ ᠦᠭᠡᠢ ᠨᠢ |
ᠡᠭᠦᠨ ᠳᠤ ᠪᠠᠭᠲᠠᠬᠤ ᠦᠭᠡᠢ᠃ |
ᠠᠷᠪᠠ ᠶᠢᠰᠦᠳᠦᠭᠡᠷ ᠵᠦᠢᠯ ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢ |
ᠬᠡᠷᠡᠭᠵᠢᠭᠦᠯᠬᠦ ᠳᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠥᠷᠥ ᠶᠢᠨ |
ᠵᠥᠪᠯᠡᠯᠭᠡᠨ ᠤ ᠭᠡᠰᠢᠭᠦᠨ ᠪᠠ ᠨᠡᠶᠢᠭᠡᠮ ᠤᠨ ᠡᠯ᠎ᠡ ᠡᠲᠡᠭᠡᠳ ᠤᠨ ᠬᠢᠨ ᠤ ᠬᠢᠨᠠᠯᠲᠠ ᠲᠠᠯᠪᠢᠯᠲᠠ ᠶᠢ |
ᠰᠠᠨᠠᠭᠠᠴᠢᠯᠠᠭ᠎ᠠ ᠠᠴᠠ ᠪᠠᠨ ᠬᠦᠯᠢᠶᠡᠬᠦ ᠬᠡᠷᠡᠭᠲᠡᠢ᠃ |
ᠬᠤᠷᠢᠳᠤᠭᠠᠷ ᠵᠦᠢᠯ ᠠᠷᠠᠳ ᠢᠷᠭᠡᠨ᠂ ᠬᠠᠤᠯᠢ ᠶᠢᠨ ᠡᠷᠬᠡᠲᠡᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠨᠢ |
ᠵᠠᠰᠠᠭ ᠵᠠᠬᠢᠷᠭᠠᠨ ᠤ ᠴᠢᠬᠤᠯᠠ ᠶᠡᠭᠡᠰᠢᠢᠳᠪᠦᠷᠢᠲᠦ ᠪᠣᠳᠣᠯᠭ᠎ᠠ ᠶᠢ ᠬᠡᠷᠡᠭᠵᠢᠭᠦᠯᠬᠦ ᠳᠤ ᠬᠠᠤᠯᠢ ᠲᠣᠭᠲᠠᠭᠠᠯ ᠠᠴᠠ |
ᠵᠥᠷᠢᠴᠡᠭᠰᠡᠨ ᠠᠰᠠᠭᠤᠳᠠᠯ ᠣᠷᠣᠰᠢᠵᠤ ᠪᠠᠶᠢᠨ᠎ᠠ ᠭᠡᠵᠦ ᠦᠵᠡᠪᠡᠯ᠂ ᠵᠠᠬᠢᠳᠠᠯ ᠴᠢᠮᠡᠭᠡ᠂ ᠤᠲᠠᠰᠤ᠂ ᠡᠯᠧᠺᠲᠷᠣᠨ |
ᠰᠢᠤᠳᠠᠨ ᠤ ᠵᠦᠢᠯ ᠵᠡᠷᠭᠡ ᠠᠷᠭ᠎ᠠ ᠮᠠᠶ᠋ᠢᠭ ᠢᠶᠠᠷ ᠢᠯᠡᠴᠢᠯᠡᠨ ᠮᠡᠳᠡᠭᠦᠯᠵᠦ᠂ ᠵᠠᠭᠠᠯᠳᠤᠵᠤ ᠪᠣᠯᠣᠨ᠎ᠠ᠂ ᠬᠤᠯᠪᠣᠭᠳᠠᠯ |
ᠪᠦᠬᠦᠢ ᠪᠠᠶᠢᠭᠤᠯᠭ᠎ᠠ ᠨᠢ ᠴᠠᠭ ᠲᠤᠬᠠᠢ ᠳᠤ ᠨᠢ ᠭᠥᠯᠢᠶᠡᠨ ᠠᠪᠴᠤ ᠭᠦᠢᠴᠡᠳᠬᠡᠬᠦ ᠶᠢᠨ ᠬᠠᠮᠲᠤ ᠬᠠᠤᠯᠢ ᠶᠣᠰᠣᠭᠠᠷ |
ᠰᠢᠢᠳᠪᠦᠷᠢᠯᠡᠬᠦ ᠬᠡᠷᠡᠭᠲᠡᠢ᠃ |
ᠬᠤᠷᠢᠨ ᠨᠢᠭᠡᠳᠦᠭᠡᠷ ᠵᠦᠢᠯ ᠰᠢᠢᠳᠪᠦᠷᠢᠲᠦ ᠪᠣᠳᠣᠯᠭ᠎ᠠ ᠶᠢ ᠬᠡᠷᠡᠭᠵᠢᠭᠦᠯᠬᠦ ᠨᠢᠭᠡᠴᠢ ᠳᠤ ᠳᠣᠤᠷᠠᠬᠢ |
ᠪᠠᠶᠢᠳᠠᠯ ᠤᠨ ᠨᠢᠭᠡ ᠨᠢ ᠪᠠᠶᠢᠪᠠᠯ᠂ ᠰᠢᠢᠳᠪᠦᠷᠢᠲᠦ ᠪᠣᠳᠣᠯᠭ᠎ᠠ ᠲᠣᠭᠲᠠᠭᠠᠭᠰᠠᠨ ᠪᠠᠶᠢᠭᠤᠯᠭ᠎ᠠ ᠨᠢ ᠵᠠᠷᠯᠢᠭᠳᠠᠵᠤ |
ᠪᠠᠶᠢᠭᠠᠳ ᠵᠠᠯᠠᠷᠠᠭᠤᠯᠤᠭᠤᠯᠬᠤ ᠬᠡᠷᠡᠭᠲᠡᠢ︔ ᠵᠠᠯᠠᠷᠠᠭᠤᠯᠬᠤ ᠶᠢ ᠲᠡᠪᠴᠢᠭᠰᠡᠨ ᠪᠠᠶᠢᠪᠠᠯ᠂ ᠲᠡᠳᠡᠭᠡᠷ ᠤᠨ ᠭᠤᠣᠯ |
ᠬᠠᠷᠢᠭᠤᠴᠠᠯᠭᠠᠲᠠᠨ ᠲᠠᠢ ᠨᠢ ᠪᠣᠯᠵᠣᠨ ᠶᠠᠷᠢᠯᠴᠠᠬᠤ ᠶᠢᠨ ᠬᠠᠮᠲᠤ᠂ ᠰᠢᠢᠳᠪᠦᠷᠢᠲᠦ ᠪᠣᠳᠣᠯᠭ᠎ᠠ ᠬᠡᠷᠡᠭᠵᠢᠭᠦᠯᠬᠦ ᠨᠢᠭᠡᠴᠢ ᠶᠢ |
ᠨᠡᠪᠲᠡᠷᠡᠭᠦᠯᠦᠨ ᠮᠡᠳᠡᠭᠡᠯᠡᠬᠦ ᠬᠡᠷᠡᠭᠲᠡᠢ᠃ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠯᠪᠠᠨ |
ᠲᠤᠰᠢᠶᠠᠯᠲᠠᠨ ᠤ ᠵᠠᠰᠠᠭ ᠤᠨ ᠶᠠᠪᠤᠳᠠᠯ ᠤᠨ ᠰᠢᠢᠳᠬᠡᠯ ᠤᠨ ᠬᠠᠤᠯᠢ︾ ᠵᠡᠷᠭᠡ ᠬᠠᠤᠯᠢ ᠴᠠᠭᠠᠵᠠ᠂ ᠬᠠᠤᠯᠢ |
ᠲᠣᠭᠲᠠᠭᠠᠯ ᠳᠤ ᠲᠣᠭᠲᠠᠭᠠᠭᠰᠠᠨ ᠪᠠᠶᠢᠳᠠᠯ ᠳᠤ ᠨᠡᠶᠢᠴᠡᠭᠰᠡᠨ ᠪᠠᠶᠢᠪᠠᠯ᠂ ᠬᠠᠷᠢᠭᠤᠴᠠᠯᠭ᠎ᠠ ᠲᠠᠢ ᠤᠳᠤᠷᠢᠳᠬᠤ ᠬᠥᠮᠥᠰ |
ᠪᠠ ᠰᠢᠭᠤᠳ ᠬᠠᠷᠢᠭᠤᠴᠠᠯᠭᠠᠲᠠᠨ ᠢ ᠬᠠᠤᠯᠢ ᠶᠣᠰᠣᠭᠠᠷ ᠰᠢᠢᠳᠪᠦᠷᠢᠯᠡᠬᠦ ᠬᠡᠷᠡᠭᠲᠡᠢ᠃ |
︵ᠨᠢᠭᠡ︶ ᠲᠦᠷᠦᠭᠦᠯᠡᠨ ᠬᠢᠬᠦ᠂ ᠬᠠᠮᠵᠢᠯᠴᠠᠬᠤ ᠵᠡᠷᠭᠡ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠭᠰᠡᠨ ᠨᠢ |
ᠰᠤᠯᠠ ᠪᠠᠶᠢᠬᠤ︔ |
︵ᠬᠤᠶᠠᠷ︶ ᠬᠡᠷᠡᠭᠵᠢᠭᠦᠯᠬᠦ ᠶᠢ ᠲᠡᠪᠴᠢᠭᠰᠡᠨ᠂ ᠲᠦᠯᠬᠢᠯᠴᠡᠭᠰᠡᠨ ᠪᠠ ᠬᠤᠶᠢᠰᠢᠯᠠᠭᠤᠯᠤᠭᠰᠠᠨ ᠪᠠᠶᠢᠬᠤ︔ |
︵ᠭᠤᠷᠪᠠ︶ ᠴᠢᠬᠤᠯᠠ ᠶᠡᠭᠡ ᠠᠰᠠᠭᠤᠳᠠᠯ ᠢ ᠣᠯᠵᠤ ᠮᠡᠳᠡᠭᠡᠳ ᠨᠢᠭᠤᠵᠤ ᠥᠯᠥ ᠮᠡᠳᠡᠭᠦᠯᠬᠦ᠂ ᠬᠤᠳᠠᠯ ᠢᠶᠠᠷ |
ᠮᠡᠳᠡᠭᠦᠯᠬᠦ ᠪᠤᠶᠤ ᠣᠷᠬᠢᠭᠳᠠᠭᠤᠯᠤᠭᠰᠠᠨ ᠪᠠᠶᠢᠬᠤ︔ |
︵ᠳᠥᠷᠪᠡ︶ ᠬᠠᠷᠢᠭᠤᠴᠠᠯᠭ᠎ᠠ ᠠᠯᠳᠠᠵᠤ ᠲᠤᠰᠢᠶᠠᠯ ᠢᠶᠠᠨ ᠭᠤᠲᠤᠭᠠᠭᠰᠠᠨ᠂ ᠬᠤᠳᠠᠯ ᠬᠡᠯᠡᠵᠦ ᠬᠠᠭᠤᠷᠮᠠᠭ ᠢᠶᠠᠷ |
ᠵᠣᠬᠢᠶᠠᠭᠰᠠᠨ ᠪᠠᠶᠢᠬᠤ︔ |
︵ᠲᠠᠪᠤ︶ ᠬᠠᠷᠢᠭᠤᠴᠠᠯᠭ᠎ᠠ ᠨᠡᠬᠡᠮᠵᠢᠯᠡᠬᠦ ᠶᠣᠰᠣᠲᠠᠢ ᠪᠤᠰᠤᠳ ᠪᠠᠶᠢᠳᠠᠯ᠃ |
ᠬᠤᠷᠢᠨ ᠬᠤᠶᠠᠳᠤᠭᠠᠷ ᠵᠦᠢᠯ ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢ |
ᠬᠡᠷᠡᠭᠵᠢᠭᠦᠯᠬᠦ ᠶᠠᠪᠤᠴᠠ ᠳᠤ ᠬᠠᠷᠢᠭᠤᠴᠠᠯᠭ᠎ᠠ ᠨᠡᠬᠡᠮᠵᠢᠯᠡᠵᠦ ᠰᠢᠢᠳᠪᠦᠷᠢᠯᠡᠭᠰᠡᠨ ᠲᠣᠭᠲᠠᠭᠠᠯ ᠢ ᠬᠦᠯᠢᠶᠡᠬᠦ ᠦᠭᠡᠢ ᠪᠣᠯ᠂ |
︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠯᠪᠠᠲᠠᠨ ᠤ ᠬᠠᠤᠯᠢ︾ ᠵᠡᠷᠭᠡ ᠬᠠᠤᠯᠢ ᠴᠠᠭᠠᠵᠠ᠂ ᠬᠠᠤᠯᠢ |
ᠲᠣᠭᠲᠠᠭᠠᠯ ᠤᠨ ᠲᠣᠭᠲᠠᠭᠠᠯ ᠶᠣᠰᠣᠭᠠᠷ ᠲᠠᠬᠢᠨ ᠬᠢᠨᠠᠬᠤ᠂ ᠭᠤᠮᠣᠳᠠᠯ ᠲᠣᠭᠠᠴᠢᠬᠤ ᠪᠠᠷ ᠳᠤᠷᠠᠳᠴᠤ ᠪᠣᠯᠣᠨ᠎ᠠ᠃ |
|
ᠬᠤᠷᠢᠨ ᠭᠤᠷᠪᠠᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ |
ᠣᠷᠳᠣᠨ ᠤ ᠡᠭᠦᠷᠭᠡ ᠴᠢᠳᠠᠪᠤᠷᠢᠲᠤ ᠰᠠᠯᠠᠭ᠎ᠠᠮᠥ᠋ᠴᠢᠷ᠂ ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ |
ᠣᠷᠳᠣᠨ ᠨᠢ ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢ ᠬᠡᠷᠡᠭᠵᠢᠭᠦᠯᠬᠦ ᠳᠤ᠂ ᠲᠣᠰ |
ᠲᠣᠭᠲᠠᠭᠠᠯ ᠢᠶᠠᠷ ᠯᠠᠪᠯᠠᠯᠲᠠ ᠪᠣᠯᠭᠠᠨ ᠬᠡᠷᠡᠭᠵᠢᠭᠦᠯᠬᠦ ᠬᠡᠷᠡᠭᠲᠡᠢ᠃ |
ᠬᠤᠷᠢᠨ ᠳᠥᠷᠪᠡᠳᠦᠭᠡᠷ ᠵᠦᠢᠯ ᠲᠣᠰ ᠲᠣᠭᠲᠠᠭᠠᠯ ᠢ 2021 ᠣᠨ ᠤ 1 ᠳ᠋ᠦ᠋ᠭᠡᠷ ᠰᠠᠷ᠎ᠠ ᠶᠢᠨ 1 ᠤ |
ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ |