ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ |
ᠪᠢᠴᠢᠭ ᠮᠠᠲ᠋ᠧᠷᠢᠶᠠᠯ |
ᠥᠪᠥᠷ ᠵᠠᠰᠠᠭ ᠠᠯᠪᠠᠨ ᠲᠠᠷᠬᠠᠭᠠᠭᠰᠠᠨ ︹2021︺ 6 ᠳ᠋ᠤᠭᠠᠷ ᠲᠣᠭᠠᠲᠤ |
ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠪᠠ ᠪᠠᠲᠤᠯᠠᠭ᠎ᠠ ᠶᠢᠨ ᠪᠠᠷᠢᠮᠵᠢᠶ᠎ᠠ ᠪᠠᠨ ᠪᠠᠷᠠᠭᠠᠨ ᠤ ᠦᠨ᠎ᠡ ᠶᠢᠨ |
ᠥᠰᠥᠯᠲᠡ ᠯᠦᠭᠡ ᠬᠤᠯᠪᠣᠵᠤ ᠬᠠᠮᠲᠤᠷᠠᠨ ᠬᠦᠳᠡᠯᠦᠯᠴᠡᠬᠦ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ |
ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨᠣᠷᠳᠣᠨ ᠤ ᠠᠯᠪᠠᠨ |
ᠲᠢᠩᠬᠢᠮ ᠤᠨ ᠮᠡᠳᠡᠭᠳᠡᠯ |
ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ |
ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠤᠮᠦ ᠠᠵᠤ ᠠᠬᠤᠶᠢᠯᠠᠯ᠂ ᠠᠵᠢᠯ ᠦᠢᠯᠡᠰ ᠤᠨ |
ᠨᠢᠭᠡᠴᠢ ᠳᠤ᠄ |
ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠪᠠ ᠪᠠᠲᠤᠯᠠᠭ᠎ᠠ ᠶᠢᠨ ᠪᠠᠷᠢᠮᠵᠢᠶ᠎ᠠ ᠪᠠᠨ ᠪᠠᠷᠠᠭᠠᠨ ᠤ ᠦᠨ᠎ᠡ ᠶᠢᠨ |
ᠥᠰᠥᠯᠲᠡ ᠯᠦᠭᠡ ᠬᠤᠯᠪᠣᠵᠤ ᠬᠠᠮᠲᠤᠷᠠᠨ ᠬᠥᠳᠡᠯᠦᠯᠴᠡᠬᠦ ᠲᠣᠭᠲᠠᠴᠠ ︵ᠳᠣᠷᠣᠭᠰᠢ ᠬᠠᠮᠲᠤᠷᠠᠨ ᠬᠥᠳᠡᠯᠦᠯᠴᠡᠬᠦ |
ᠲᠣᠭᠲᠠᠴᠠ ᠭᠡᠵᠦ ᠲᠣᠪᠴᠢᠯᠠᠨ᠎ᠠ︶ ᠶᠢ ᠪᠦᠷᠢᠨᠰᠢᠭᠦᠯᠦᠨ ᠲᠡᠭᠦᠯᠳᠡᠷᠵᠢᠭᠦᠯᠬᠦ ᠨᠢ ᠪᠠᠷᠠᠭᠠᠨ ᠤ ᠦᠨ᠎ᠡ ᠶᠢᠨ |
ᠥᠰᠥᠯᠲᠡ ᠶᠢᠨ ᠨᠥᠯᠥᠭᠡ ᠶᠢ ᠨᠠᠮᠳᠠᠭᠤᠯᠬᠤ᠂ ᠬᠦᠴᠢᠷᠳᠡᠯᠲᠡᠶ ᠣᠯᠠᠨ ᠲᠦᠮᠡᠨ ᠤ ᠦᠨᠳᠦᠰᠦᠨ ᠠᠮᠢᠳᠤᠷᠠᠯ ᠢ |
ᠪᠠᠲᠤᠯᠠᠬᠤ ᠳᠤ ᠴᠢᠬᠤᠯᠠ ᠦᠢᠯᠡᠳᠦᠯ ᠲᠠᠢ ᠶᠤᠮ᠃ ᠠᠵᠤ ᠠᠬᠤᠶ ᠶᠢᠨ ᠬᠥᠭᠵᠢᠯᠲᠡ ᠶᠢᠨ ᠰᠢᠨ᠎ᠡ ᠬᠡᠪ ᠪᠠᠶᠢᠳᠠᠯ ᠳᠤ |
ᠰᠠᠨᠠᠭᠠᠴᠢᠯᠠᠭ᠎ᠠ ᠠᠴᠠ ᠪᠠᠨ ᠵᠣᠬᠢᠴᠠᠵᠤ᠂ ᠡᠵᠡᠮᠰᠢᠨ᠂ ᠬᠥᠲᠥᠯᠥᠨ ᠳᠠᠭᠠᠭᠤᠯᠵᠤ᠂ ᠣᠳᠣᠬᠠᠨ ᠤ ᠦᠨ᠎ᠡ ᠬᠠᠩᠰᠢ ᠶᠢᠨ |
ᠠᠵᠢᠯᠯᠠᠭᠠᠨ ᠤ ᠰᠢᠨ᠎ᠡ ᠣᠨᠴᠠᠯᠢᠭ᠂ ᠰᠢᠨ᠎ᠡ ᠬᠤᠪᠢᠷᠠᠯᠲᠠ ᠶᠢ ᠪᠦᠲᠦᠮᠵᠢᠲᠡᠶ ᠠᠷᠭᠠᠴᠠᠭᠠᠵᠤ᠂ ᠬᠠᠮᠲᠤᠷᠠᠨ ᠬᠥᠳᠡᠯᠦᠯᠴᠡᠬᠦ |
ᠲᠣᠭᠲᠠᠴᠠ ᠶᠢᠨ ᠦᠢᠯᠡᠳᠦᠯ ᠢ ᠨᠡᠩ ᠰᠠᠶᠢᠲᠤᠷ ᠪᠠᠳᠠᠷᠠᠭᠤᠯᠤᠨ᠂ ᠮᠠᠨ ᠤ ᠣᠷᠣᠨ ᠳᠠᠬᠢ ᠪᠠᠷᠠᠭᠠᠨ ᠤ ᠦᠨ᠎ᠡ |
ᠥᠰᠦᠭᠰᠡᠨ ᠠᠴᠠ ᠪᠣᠯᠵᠤ ᠬᠦᠴᠢᠷᠳᠡᠯᠲᠡᠶ ᠣᠯᠠᠨ ᠲᠦᠮᠡᠨ ᠤ ᠦᠨᠳᠦᠰᠦᠨ ᠠᠮᠢᠳᠤᠷᠠᠯ ᠤᠨ ᠬᠢᠷᠢ ᠲᠦᠪᠰᠢᠨ ᠤ |
ᠪᠠᠭᠤᠷᠠᠬᠤ ᠦᠭᠡᠢ ᠪᠠᠶᠢᠬᠤ ᠶᠢ ᠦᠨᠡᠨ ᠬᠦ ᠪᠠᠲᠤᠯᠠᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ |
ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠮᠠᠨ ᠤ ᠣᠷᠣᠨ ᠤ ᠬᠠᠮᠲᠤᠷᠠᠨ ᠬᠥᠳᠡᠯᠦᠯᠴᠡᠬᠦ |
ᠲᠣᠭᠲᠠᠴᠠ ᠶᠢ ᠤᠯᠠᠮ ᠨᠢᠭᠡ ᠠᠯᠬᠤᠮᠲ᠋ᠡᠭᠦᠯᠳᠡᠷᠵᠢᠭᠦᠯᠬᠦ ᠬᠤᠯᠪᠣᠭᠳᠠᠯ ᠪᠦᠬᠦᠢ ᠤᠴᠢᠷ ᠢ ᠳᠣᠣᠷᠠᠬᠢ ᠮᠡᠲᠦ |
ᠮᠡᠳᠡᠭᠳᠡᠪᠡ᠃ |
ᠨᠢᠭᠡ᠂ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠡᠬᠢᠯᠡᠭᠦᠯᠬᠦ |
ᠬᠠᠮᠲᠤᠷᠠᠨ ᠬᠥᠳᠡᠯᠦᠯᠴᠡᠬᠦ ᠲᠣᠭᠲᠠᠴᠠ ᠶᠢ ᠠᠶᠢᠮᠠᠭ ᠬᠤᠲᠠ ᠪᠠᠷ ᠨᠢᠭᠡᠴᠢ ᠪᠣᠯᠭᠠᠨ ᠨᠢᠭᠡᠳᠦᠯᠲᠡᠶ ᠡᠬᠢᠯᠡᠭᠦᠯᠵᠦ᠂ |
ᠳᠤᠤᠷᠠᠬᠢ ᠳᠤᠷ᠎ᠠ ᠶᠢᠨ ᠨᠢᠭᠡ ᠨᠥᠬᠦᠴᠡᠯ ᠢ ᠬᠠᠩᠭᠠᠪᠠᠯ ᠳᠠᠷᠤᠶ ᠬᠠᠮᠲᠤᠷᠠᠨ ᠬᠥᠳᠡᠯᠦᠯᠴᠡᠬᠦ ᠲᠣᠭᠲᠠᠴᠠ ᠶᠢ |
ᠡᠬᠢᠯᠡᠭᠦᠯᠦᠨ᠎ᠡ᠄ |
︵ᠨᠢᠭᠡ︶ ᠠᠶᠢᠮᠠᠭ ᠬᠤᠲᠠ ᠶᠢᠨ ᠰᠠᠭᠤᠭᠠᠯᠢ ᠠᠷᠠᠳ ᠤᠨ ᠬᠡᠷᠡᠭᠯᠡᠭᠡ ᠶᠢᠨ ᠦᠨ᠎ᠡ ᠬᠠᠩᠰᠢ ᠶᠢᠨ ᠵᠢᠭᠠᠯᠲᠠ |
ᠲᠤᠭ᠎ᠠ ︵CPI︶ ᠶᠢᠨ ᠭᠠᠭᠴᠠ ᠰᠠᠷ᠎ᠠ ᠶᠢᠨ ᠠᠳᠠᠯᠢ ᠬᠤᠭᠤᠴᠠᠭᠠᠨ ᠤ ᠬᠢ ᠲᠠᠢ ᠠᠳᠠᠯᠢᠳᠬᠠᠭᠰᠠᠨ ᠥᠰᠦᠯᠲᠡ ᠶᠢᠨ |
ᠬᠡᠮᠵᠢᠶ᠎ᠡ ᠶᠢ 3 % ᠳᠤ ᠬᠦᠷᠭᠡᠨ᠎ᠡ᠃ |
︵ᠬᠤᠶᠠᠷ︶ ᠠᠶᠢᠮᠠᠭ ᠬᠤᠲᠠ ᠶᠢᠨ CPI ᠳᠠᠬᠢ ᠢᠳᠡᠭᠡᠨ ᠤ ᠵᠦᠢᠯ ᠤᠨ ᠦᠨ᠎ᠡ ᠬᠠᠩᠰᠢ ᠶᠢᠨ ᠵᠢᠭᠠᠯᠲᠠ |
ᠲᠤᠭ᠎ᠠ ᠶᠢᠨ ᠭᠠᠭᠴᠠ ᠰᠠᠷ᠎ᠠ ᠶᠢᠨ ᠠᠳᠠᠯᠢ ᠬᠤᠭᠤᠴᠠᠭᠠᠨ ᠤ ᠬᠢ ᠲᠠᠢ ᠠᠳᠠᠯᠢᠳᠬᠠᠭᠰᠠᠨ ᠥᠰᠦᠯᠲᠡ ᠶᠢᠨ |
ᠬᠡᠮᠵᠢᠶ᠎ᠡ ᠶᠢ 6 % ᠳᠤ ᠬᠦᠷᠭᠡᠨ᠎ᠡ᠃ |
ᠬᠤᠶᠠᠷ᠂ ᠪᠠᠲᠤᠯᠠᠭ᠎ᠠ ᠬᠦᠷᠲᠡᠬᠦ ᠡᠲᠡᠭᠡᠳ ᠤᠯᠤᠰ ᠤᠨ ᠲᠣᠭᠲᠠᠮᠠᠯ ᠬᠤᠭᠤᠴᠠᠭ᠎ᠠ ᠲᠠᠢ ᠠᠰᠠᠷᠠᠮᠵᠢ ᠶᠢᠨ |
ᠨᠥᠬᠦᠪᠥᠷᠢ ᠬᠦᠷᠲᠡᠵᠦ ᠪᠠᠶᠢᠭ᠎ᠠ ᠠᠰᠠᠷᠠᠨ ᠬᠠᠷᠠᠭᠠᠯᠵᠠᠭᠤᠯᠬᠤ ᠡᠲᠡᠭᠡᠳ᠂ ᠠᠮᠢᠳᠤᠷᠠᠯ ᠤᠨ ᠨᠠᠭᠠᠳᠤ ᠵᠠᠬ᠎ᠠ ᠶᠢᠨ |
ᠪᠠᠲᠤᠯᠠᠭ᠎ᠠ ᠬᠦᠷᠲᠡᠵᠦ ᠪᠠᠶᠢᠭ᠎ᠠ ᠡᠲᠡᠭᠡᠳ᠂ ᠣᠨᠴᠠ ᠬᠦᠴᠢᠷᠳᠡᠯᠲᠡᠶ ᠬᠥᠮᠦᠰ᠂ ᠠᠵᠢᠯ ᠠᠯᠳᠠᠯᠲᠠ ᠶᠢᠨ ᠳᠠᠭᠠᠳᠬᠠᠯ ᠤᠨ |
ᠮᠥᠩᠭᠦ ᠠᠪᠴᠤ ᠪᠠᠶᠢᠭ᠎ᠠ ᠬᠥᠮᠦᠰ᠂ ᠨᠡᠶᠢᠭᠡᠮ ᠤᠨ ᠲᠠᠷᠠᠬᠠᠶ ᠰᠠᠭᠤᠵᠤ ᠪᠠᠶᠢᠭ᠎ᠠ ᠪᠠ ᠠᠰᠠᠷᠠᠮᠵᠢ ᠶᠢᠨ ᠪᠠᠶᠢᠭᠤᠯᠤᠮᠵᠢ ᠳᠤ |
ᠲᠥᠪᠯᠡᠷᠡᠭᠦᠯᠵᠦ ᠠᠰᠠᠷᠠᠨ ᠲᠡᠵᠢᠭᠡᠵᠦ ᠪᠠᠶᠢᠭ᠎ᠠ ᠥᠨᠥᠴᠢᠨ ᠬᠡᠦᠬᠡᠳ᠂ ᠪᠣᠳᠠᠲᠠᠶ ᠠᠰᠠᠷᠠᠨ ᠲᠡᠵᠢᠭᠡᠬᠦ ᠬᠥᠮᠦᠨ ᠥᠬᠡᠶ |
ᠬᠡᠦᠬᠡᠳ᠂ ᠳᠡᠭᠡᠳᠦ ᠵᠡᠷᠭᠡ ᠶᠢᠨ ᠰᠤᠷᠭᠠᠭᠤᠯᠢ ᠳᠠᠬᠢ ᠭᠡᠷ ᠪᠦᠯᠢ ᠶᠢᠨ ᠠᠵᠤ ᠠᠬᠤᠶ ᠨᠢ ᠬᠦᠴᠢᠷᠳᠡᠯᠲᠡᠶ ᠰᠤᠷᠤᠭᠴᠢᠳ |
ᠪᠠᠭᠲᠠᠨ᠎ᠠ᠃ |
ᠭᠤᠷᠪᠠ᠂ ᠨᠡᠮᠡᠭᠦᠷᠢ ᠥᠭᠬᠦ ᠪᠠᠷᠢᠮᠵᠢᠶ᠎ᠠ |
ᠦᠨ᠎ᠡ ᠬᠠᠩᠰᠢ ᠶᠢᠨ ᠲᠦᠷ ᠴᠠᠭ ᠤᠨ ᠨᠡᠮᠡᠭᠦᠷᠢ ᠶᠢ ᠠᠶᠢᠮᠠᠭ ᠬᠤᠲᠠ ᠪᠠᠷ ᠨᠢᠭᠡᠴᠢ ᠪᠣᠯᠭᠠᠨ ᠨᠢᠭᠡᠳᠦᠯᠲᠡᠶ |
ᠣᠯᠭᠤᠬᠤ ᠨᠡᠮᠡᠭᠦᠷᠢ ᠶᠢᠨ ᠪᠠᠷᠢᠮᠵᠢᠶ᠎ᠠ ᠶᠢ ᠬᠡᠷᠡᠭᠵᠢᠭᠦᠯᠦᠨ᠎ᠡ᠃ ᠨᠡᠮᠡᠭᠦᠷᠢ ᠶᠢᠨ ᠪᠠᠷᠢᠮᠵᠢᠶ᠎ᠠ ᠶᠢ ᠳᠣᠣᠷᠠᠬᠢ ᠲᠣᠮᠢᠶ᠎ᠠ |
ᠶᠣᠰᠣᠭᠠᠷ ᠰᠠᠷ᠎ᠠ ᠪᠠᠷ ᠵᠢᠱᠢᠵᠦ ᠪᠣᠳᠣᠨ᠎ᠠ᠄ |
︵ᠨᠢᠭᠡ︶ ᠬᠤᠲᠠ ᠶᠢᠨ ᠦᠨ᠎ᠡ ᠬᠠᠩᠰᠢ ᠶᠢᠨ ᠲᠦᠷ ᠴᠠᠭ ᠤᠨ ᠨᠡᠮᠡᠭᠦᠷᠢ ᠶᠢᠨ ᠪᠠᠷᠢᠮᠵᠢᠶ᠎ᠠ = ᠠᠶᠢᠮᠠᠭ |
ᠬᠤᠲᠠ ᠳᠠᠬᠢ ᠬᠤᠲᠠ ᠶᠢᠨ ᠠᠮᠢᠳᠤᠷᠠᠯ ᠤᠨ ᠨᠠᠭᠠᠳᠤ ᠵᠠᠬ᠎ᠠ ᠶᠢ ᠪᠠᠲᠤᠯᠠᠬᠤ ᠪᠠᠲᠤᠯᠠᠭ᠎ᠠ ᠶᠢᠨ ᠪᠠᠷᠢᠮᠵᠢᠶ᠎ᠠ × ᠠᠶᠢᠮᠠᠭ |
ᠬᠤᠲᠠ ᠳᠠᠬᠢ ᠬᠤᠲᠠ ᠪᠠᠯᠭᠠᠰᠤᠨ ᠤ ᠣᠷᠣᠯᠭ᠎ᠠ ᠪᠠᠭᠠᠲᠠᠶ ᠰᠠᠭᠤᠭᠠᠯᠢ ᠠᠷᠠᠳ ᠤᠨ ᠦᠨᠳᠦᠰᠦᠨ ᠠᠮᠢᠳᠤᠷᠠᠯ ᠤᠨ |
ᠵᠠᠷᠤᠳᠠᠯ ᠤᠨ ᠦᠨ᠎ᠡ ᠬᠠᠩᠰᠢ ᠶᠢᠨ ᠵᠢᠭᠠᠯᠲᠠ ᠲᠤᠭ᠎ᠠ ︵SCPI︶ ᠶᠢᠨ ᠠᠳᠠᠯᠢ ᠬᠤᠭᠤᠴᠠᠭᠠᠨ ᠤ ᠬᠢ ᠲᠠᠢ |
ᠠᠳᠠᠯᠢᠳᠬᠠᠭᠰᠠᠨ ᠥᠰᠦᠯᠲᠡ ᠶᠢᠨ ᠬᠡᠮᠵᠢᠶ᠎ᠡ᠃ |
︵ᠬᠤᠶᠠᠷ︶ ᠮᠠᠯᠵᠢᠬᠤ ᠲᠠᠷᠢᠶᠠᠯᠠᠬᠤ ᠣᠷᠣᠨ ᠳᠠᠬᠢ ᠦᠨ᠎ᠡ ᠬᠠᠩᠰᠢ ᠶᠢᠨ ᠲᠦᠷ ᠴᠠᠭ ᠤᠨ ᠨᠡᠮᠡᠭᠦᠷᠢ ᠶᠢᠨ |
ᠪᠠᠷᠢᠮᠵᠢᠶ᠎ᠠ = ᠠᠶᠢᠮᠠᠭ ᠬᠤᠲᠠ ᠳᠠᠬᠢ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠨᠠᠭᠠᠳᠤ ᠵᠠᠬ᠎ᠠ ᠶᠢ |
ᠪᠠᠲᠤᠯᠠᠬᠤ ᠪᠠᠲᠤᠯᠠᠭ᠎ᠠ ᠶᠢᠨ ᠪᠠᠷᠢᠮᠵᠢᠶ᠎ᠠ × ᠠᠶᠢᠮᠠᠭ ᠬᠤᠲᠠ ᠳᠠᠬᠢ ᠬᠤᠲᠠ ᠪᠠᠯᠭᠠᠰᠤᠨ ᠤ ᠣᠷᠣᠯᠭ᠎ᠠ ᠪᠠᠭᠠᠲᠠᠶ |
ᠰᠠᠭᠤᠭᠠᠯᠢ ᠠᠷᠠᠳ ᠤᠨ ᠦᠨᠳᠦᠰᠦᠨ ᠠᠮᠢᠳᠤᠷᠠᠯ ᠤᠨ ᠵᠠᠷᠤᠳᠠᠯ ᠤᠨ ᠦᠨ᠎ᠡ ᠬᠠᠩᠰᠢ ᠶᠢᠨ ᠵᠢᠭᠠᠯᠲᠠ ᠲᠤᠭ᠎ᠠ |
︵SCPI︶ ᠶᠢᠨ ᠠᠳᠠᠯᠢ ᠬᠤᠭᠤᠴᠠᠭᠠᠨ ᠤ ᠬᠢ ᠲᠠᠢ ᠠᠳᠠᠯᠢᠳᠬᠠᠭᠰᠠᠨ ᠥᠰᠦᠯᠲᠡ ᠶᠢᠨ ᠬᠡᠮᠵᠢᠶ᠎ᠡ᠃ |
ᠬᠤᠲᠠ ᠶᠢᠨ ᠬᠥᠮᠦᠨ ᠪᠦᠷᠢ ᠶᠢᠨ ᠰᠠᠷ᠎ᠠ ᠶᠢᠨ ᠨᠡᠮᠡᠭᠦᠷᠢ ᠨᠢ 30 ᠲᠥᠭᠦᠷᠢᠭ ᠲᠤ ᠬᠦᠷᠬᠦ ᠦᠭᠡᠶ ᠪᠠᠶᠢᠪᠠᠯ 30 |
ᠲᠥᠭᠦᠷᠢᠭ ᠢᠶᠠᠷ ᠣᠯᠭᠤᠵᠣ᠂ 30ᠲᠥᠭᠦᠷᠢᠭ ᠠᠴᠠ ᠳᠠᠪᠠᠭᠰᠠᠨ ᠪᠠᠶᠢᠪᠠᠯ ᠪᠣᠳᠠᠲᠠᠢ ᠪᠠᠶᠢᠳᠠᠯ ᠢ ᠨᠢ ᠦᠨᠳᠦᠰᠦᠯᠡᠨ |
ᠥᠭᠬᠦ ᠬᠡᠷᠡᠭᠲᠡᠶ︔ ᠮᠠᠯᠵᠢᠬᠤ ᠲᠠᠷᠢᠶᠠᠯᠠᠬᠤ ᠣᠷᠣᠨ ᠤ ᠬᠥᠮᠦᠨ ᠪᠦᠷᠢ ᠶᠢᠨ ᠰᠠᠷ᠎ᠠ ᠵᠢᠨᠨᠡᠮᠡᠭᠦᠷᠢ ᠨᠢ 15 |
ᠲᠥᠭᠦᠷᠢᠭ ᠲᠤ ᠬᠦᠷᠬᠦ ᠦᠭᠡᠶ ᠪᠠᠶᠢᠪᠠᠯ 15 ᠲᠥᠭᠦᠷᠢᠭ ᠢᠶᠠᠷ ᠣᠯᠭᠤᠵᠤ᠂ 15 ᠲᠥᠭᠦᠷᠢᠭ ᠠᠴᠠ ᠳᠠᠪᠠᠭᠰᠠᠨ |
ᠪᠠᠶᠢᠪᠠᠯ ᠪᠣᠳᠠᠲᠠᠢ ᠪᠠᠶᠢᠳᠠᠯ ᠢ ᠨᠢ ᠦᠨᠳᠦᠰᠦᠯᠡᠨ ᠣᠯᠭᠤᠨ᠎ᠠ᠃ |
ᠠᠵᠢᠯ ᠠᠯᠳᠠᠯᠲᠠ ᠶᠢᠨ ᠳᠠᠭᠠᠳᠬᠠᠯ ᠤᠨ ᠮᠥᠩᠭᠦ ᠠᠪᠴᠤ ᠪᠠᠶᠢᠭ᠎ᠠ ᠬᠥᠮᠦᠰ᠂ ᠨᠡᠶᠢᠭᠡᠮ ᠤᠨ ᠲᠠᠷᠠᠬᠠᠶ ᠰᠠᠭᠤᠵᠤ |
ᠪᠠᠶᠢᠭ᠎ᠠ ᠪᠠ ᠠᠰᠠᠷᠠᠮᠵᠢ ᠶᠢᠨ ᠪᠠᠶᠢᠭᠤᠯᠤᠮᠵᠢ ᠶᠢᠨ ᠲᠥᠪᠯᠡᠷᠡᠭᠦᠯᠵᠦ ᠠᠰᠠᠷᠠᠨ ᠲᠡᠵᠢᠭᠡᠵᠦ ᠪᠠᠶᠢᠭ᠎ᠠ ᠥᠨᠥᠴᠢᠨ ᠬᠡᠦᠬᠡᠳ᠂ |
ᠪᠣᠳᠠᠲᠠᠶ ᠠᠰᠠᠷᠠᠨ ᠲᠡᠵᠢᠭᠡᠬᠦ ᠬᠥᠮᠦᠨ ᠦᠭᠡᠶ ᠬᠡᠦᠬᠡᠳ᠂ ᠳᠡᠭᠡᠳᠦ ᠵᠡᠷᠭᠡ ᠶᠢᠨ ᠰᠤᠷᠭᠠᠭᠤᠯᠢ ᠳᠠᠬᠢ ᠭᠡᠷ ᠪᠦᠯᠢ ᠶᠢᠨ |
ᠠᠵᠤ ᠠᠬᠤᠶ ᠨᠢ ᠬᠦᠴᠢᠷᠳᠡᠯᠲᠡᠶ ᠰᠤᠷᠤᠭᠴᠢᠳ ᠲᠤ ᠥᠭᠬᠦ ᠨᠡᠮᠡᠭᠦᠷᠢ ᠶᠢᠨ ᠪᠠᠷᠢᠮᠵᠢᠶ᠎ᠠ ᠶᠢ ᠬᠤᠲᠠ ᠶᠢᠨ |
ᠦᠨᠡᠬᠠᠩᠰᠢ ᠶᠢᠨ ᠲᠦᠷ ᠴᠠᠭ ᠤᠨ ᠨᠡᠮᠡᠭᠦᠷᠢ ᠶᠢᠨ ᠪᠠᠷᠢᠮᠵᠢᠶ᠎ᠠ ᠪᠠᠷ ᠯᠠᠪᠯᠠᠯᠲᠠ ᠪᠣᠯᠭᠠᠨ ᠬᠡᠷᠡᠭᠵᠢᠭᠦᠯᠬᠦ ᠬᠡᠷᠡᠭᠲᠡᠢ᠃ |
ᠳᠥᠷᠪᠡ᠂ ᠪᠡᠯᠡ ᠮᠥᠩᠭᠦᠨ ᠤ ᠢᠷᠡᠯᠲᠡ |
ᠤᠯᠤᠰ ᠤᠨ ᠲᠣᠭᠲᠠᠮᠠᠯ ᠬᠤᠭᠤᠴᠠᠭ᠎ᠠ ᠲᠠᠢ ᠠᠰᠠᠷᠠᠮᠵᠢ ᠶᠢᠨ ᠨᠥᠬᠦᠪᠥᠷᠢ ᠬᠦᠷᠲᠡᠵᠦ ᠪᠠᠶᠢᠭ᠎ᠠ ᠠᠰᠠᠷᠠᠨ |
ᠬᠠᠷᠠᠭᠠᠯᠵᠠᠭᠤᠯᠬᠤ ᠡᠲᠡᠭᠡᠳ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠵᠦ ᠪᠠᠶᠢᠭ᠎ᠠ ᠡᠲᠡᠭᠡᠳ᠂ |
ᠣᠨᠴᠠ ᠬᠦᠴᠢᠷᠳᠡᠯᠲᠡᠶ ᠬᠥᠮᠦᠰ᠂ ᠨᠡᠶᠢᠭᠡᠮ ᠤᠨ ᠲᠠᠷᠠᠬᠠᠶ ᠰᠠᠭᠤᠵᠤ ᠪᠠᠶᠢᠭ᠎ᠠ ᠪᠠ ᠠᠰᠠᠷᠠᠮᠵᠢ ᠵᠢᠨᠪᠠᠶᠢᠭᠤᠯᠤᠮᠵᠢ ᠳᠤ |
ᠲᠥᠪᠯᠡᠷᠡᠭᠦᠯᠵᠦ ᠠᠰᠠᠷᠠᠨ ᠲᠡᠵᠢᠭᠡᠵᠦ ᠪᠠᠶᠢᠭ᠎ᠠ ᠥᠨᠥᠴᠢᠨ ᠬᠡᠦᠬᠡᠳ᠂ ᠪᠣᠳᠠᠲᠠᠶ ᠠᠰᠠᠷᠠᠨ ᠲᠡᠵᠢᠭᠡᠬᠦ ᠬᠥᠮᠦᠨ ᠥᠬᠡᠶ |
ᠬᠡᠦᠬᠡᠳ᠂ ᠳᠡᠭᠡᠳᠦ ᠵᠡᠷᠭᠡ ᠶᠢᠨ ᠰᠤᠷᠭᠠᠭᠤᠯᠢ ᠳᠠᠬᠢ ᠭᠡᠷ ᠪᠦᠯᠢ ᠶᠢᠨ ᠠᠵᠤ ᠠᠬᠤᠶ ᠨᠢ ᠬᠦᠴᠢᠷᠳᠡᠯᠲᠡᠶ |
ᠰᠤᠷᠤᠭᠴᠢᠳ ᠲᠤ ᠣᠯᠭᠤᠬᠤ ᠦᠨ᠎ᠡ ᠬᠠᠩᠰᠢ ᠶᠢᠨ ᠲᠦᠷ ᠴᠠᠭ ᠤᠨ ᠨᠡᠮᠡᠭᠦᠷᠢ ᠶᠢᠨ ᠪᠠᠯᠠ ᠮᠥᠩᠭᠦ ᠶᠢ ᠠᠳᠠᠯᠢ |
ᠱᠠᠲᠤᠨ ᠤ ᠵᠠᠰᠠᠭ ᠤᠨ ᠣᠷᠳᠣᠨ ᠤ ᠡᠳ᠋ ᠤᠨ ᠵᠠᠰᠠᠭ ᠤᠨ ᠲᠥᠰᠦᠪ ᠲᠤ ᠣᠷᠣᠭᠤᠯᠵᠤ᠂ ᠥᠪᠡᠷᠲᠡᠭᠡᠨ ᠵᠠᠰᠠᠬᠤ |
ᠣᠷᠣᠨ ᠠᠴᠠ ᠭᠤᠤᠯᠳᠠᠭᠤ ᠱᠠᠩᠨᠠᠵᠤ ᠨᠥᠬᠦᠪᠥᠷᠢᠯᠡᠬᠦ ᠬᠡᠯᠪᠡᠷᠢ ᠪᠠᠷ ᠳᠠᠮᠵᠢᠭᠤᠯᠤᠨ ᠠᠶᠢᠮᠠᠭ ᠬᠤᠲᠠ᠂ ᠬᠤᠰᠢᠭᠤ |
ᠰᠢᠶᠠᠨ ︵ᠬᠤᠲᠠ᠂ ᠲᠣᠭᠤᠷᠢᠭ︶ ᠤ ᠬᠠᠮᠲᠤᠷᠠᠨ ᠬᠥᠳᠡᠯᠦᠯᠴᠡᠬᠦ ᠨᠡᠮᠡᠭᠦᠷᠢ ᠵᠢᠨᠪᠠᠯᠠ ᠮᠥᠩᠭᠦ ᠳᠤ ᠨᠢ ᠨᠥᠬᠦᠪᠥᠷᠢ |
ᠣᠯᠭᠤᠨ᠎ᠠ᠃ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠭᠰᠡᠳ᠂ ᠣᠨᠴᠠ ᠬᠦᠴᠢᠷᠳᠡᠯᠲᠡᠶ ᠬᠥᠮᠦᠰ᠂ ᠨᠡᠶᠢᠭᠡᠮ ᠤᠨ ᠲᠠᠷᠠᠬᠠᠶ |
ᠰᠠᠭᠤᠵᠤ ᠪᠠᠶᠢᠭ᠎ᠠ ᠪᠠ ᠠᠰᠠᠷᠠᠮᠵᠢ ᠶᠢᠨ ᠪᠠᠶᠢᠭᠤᠯᠤᠮᠵᠢ ᠳᠤ ᠲᠥᠪᠯᠡᠷᠡᠭᠦᠯᠵᠦ ᠠᠰᠠᠷᠠᠨ ᠲᠡᠵᠢᠭᠡᠵᠦ ᠪᠠᠶᠢᠭ᠎ᠠ ᠥᠨᠥᠴᠢᠨ |
ᠬᠡᠦᠬᠡᠳ᠂ ᠪᠣᠳᠠᠲᠠᠶ ᠠᠰᠠᠷᠠᠨ ᠲᠡᠵᠢᠭᠡᠬᠦ ᠬᠥᠮᠦᠨ ᠥᠬᠡᠶ |
ᠬᠡᠦᠬᠡᠳ ᠲᠤ ᠣᠯᠭᠤᠬᠤ ᠦᠨ᠎ᠡ ᠬᠠᠩᠰᠢ ᠶᠢᠨ ᠲᠦᠷ ᠴᠠᠭ ᠤᠨ ᠨᠡᠮᠡᠭᠦᠷᠢ ᠶᠢ ᠪᠣᠯ ᠥᠪᠡᠷᠲᠡᠭᠡᠨ ᠵᠠᠰᠠᠬᠤ |
ᠣᠷᠣᠨ ᠤ ᠡᠯ᠎ᠡ ᠱᠠᠲᠤᠨ ᠤ ᠡᠳ᠋ ᠤᠨ ᠵᠠᠰᠠᠭ ᠤᠨ ᠲᠣᠬᠢᠷᠠᠭᠤᠯᠤᠭᠰᠠᠨ ᠬᠦᠴᠢᠷᠳᠡᠯᠲᠡᠶ ᠣᠯᠠᠨ ᠲᠦᠮᠡᠨ ᠢ |
ᠲᠡᠩᠭᠡᠷᠡᠭᠦᠯᠦᠨ ᠲᠤᠰᠠᠯᠠᠬᠤ ᠨᠥᠬᠦᠪᠥᠷᠢ ᠶᠢᠨ ᠪᠠᠯᠠ ᠮᠥᠩᠭᠦ ᠠᠴᠠ ᠭᠠᠷᠭᠠᠵᠤ ᠪᠣᠯᠤᠨ᠎ᠠ᠃ ᠠᠵᠢᠯ ᠠᠯᠳᠠᠯᠲᠠ ᠶᠢᠨ |
ᠳᠠᠭᠠᠳᠬᠠᠯ ᠤᠨ ᠮᠥᠩᠭᠦ ᠠᠪᠴᠤ ᠪᠠᠶᠢᠭ᠎ᠠ ᠬᠥᠮᠦᠰ ᠲᠤ ᠣᠯᠭᠤᠬᠤ ᠦᠨ᠎ᠡ ᠬᠠᠩᠰᠢ ᠶᠢᠨ ᠲᠦᠷ ᠴᠠᠭ ᠤᠨ |
ᠨᠡᠮᠡᠭᠦᠷᠢ ᠶᠢᠨ ᠪᠡᠯᠡ ᠮᠥᠩᠭᠦ ᠶᠢ ᠨᠢ ᠠᠵᠢᠯ ᠠᠯᠳᠠᠯᠲᠠ ᠶᠢᠨ ᠳᠠᠭᠠᠳᠬᠠᠯ ᠤᠨ ᠰᠠᠭᠤᠷᠢ ᠮᠥᠩᠭᠦ ᠠᠴᠠ ᠭᠠᠷᠭᠠᠨ᠎ᠠ᠃ |
ᠲᠠᠪᠤ᠂ ᠨᠡᠮᠡᠭᠦᠷᠢ ᠥᠭᠬᠦ ᠠᠷᠭ᠎ᠠ ᠮᠠᠶ᠋ᠢᠭ |
ᠦᠨ᠎ᠡ ᠬᠠᠩᠰᠢ ᠶᠢᠨ ᠲᠦᠷ ᠴᠠᠭ ᠤᠨ ᠨᠡᠮᠡᠭᠦᠷᠢ ᠳᠤ ︽ᠰᠠᠷ᠎ᠠ ᠪᠠᠷ ᠵᠢᠱᠢᠨ ᠪᠣᠳᠣᠵᠤ᠂ ᠰᠠᠷ᠎ᠠ ᠪᠠᠷ ᠣᠯᠭᠤᠬᠤ︾ |
ᠠᠷᠭ᠎ᠠ ᠶᠢ ᠠᠪᠴᠤ᠂ ᠡᠬᠢᠯᠡᠭᠦᠯᠬᠦ ᠨᠥᠬᠦᠴᠡᠯ ᠳᠤ ᠬᠦᠷᠦᠭᠰᠡᠨ ᠠᠶᠢᠮᠠᠭ ᠬᠤᠲᠠ ᠨᠢ ᠦᠨ᠎ᠡ ᠬᠠᠩᠰᠢ ᠶᠢᠨ ᠵᠢᠭᠠᠯᠲᠠ |
ᠲᠤᠭ᠎ᠠ ᠶᠢ ᠲᠣᠭᠲᠠᠭᠠᠭᠠᠳ ᠨᠡᠶᠢᠲᠡᠯᠡᠭᠰᠡᠨ ᠤ ᠳᠠᠷᠠᠭ᠎ᠠ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠴᠠᠭ |
ᠲᠤᠬᠠᠶ ᠳᠤ ᠨᠢ ᠡᠬᠢᠯᠡᠭᠦᠯᠬᠦ ᠶᠢᠨ ᠬᠠᠮᠲᠤ᠂ ᠵᠢᠭᠠᠯᠲᠠ ᠲᠤᠭ᠎ᠠ ᠶᠢ ᠨᠡᠶᠢᠲᠡᠯᠡᠭᠰᠡᠨ ᠤ ᠳᠠᠷᠠᠭ᠎ᠠ 20 ᠠᠵᠢᠯᠯᠠᠬᠤ |
ᠡᠳᠦᠷ ᠲᠤ ᠦᠨ᠎ᠡ ᠬᠠᠩᠰᠢ ᠶᠢᠨ ᠲᠦᠷ ᠴᠠᠭ ᠤᠨ ᠨᠡᠮᠡᠭᠦᠷᠢ ᠣᠯᠭᠤᠬᠤ ᠠᠵᠢᠯ ᠢᠶᠠᠨ ᠪᠡᠶᠡᠯᠡᠭᠦᠯᠬᠦ ᠶᠢ ᠦᠨᠡᠨ ᠬᠦ |
ᠪᠠᠲᠤᠯᠠᠬᠤ ᠬᠡᠷᠡᠭᠲᠡᠶ᠃ ᠣᠳᠣ ᠶᠢᠨ ᠪᠠᠶᠢᠭ᠎ᠠ ᠠᠷᠭ᠎ᠠ ᠵᠠᠮ ᠢᠶᠠᠷ ᠳᠠᠮᠵᠢᠭᠤᠯᠤᠨ ᠬᠦᠴᠢᠷᠳᠡᠯᠲᠡᠶ ᠣᠯᠠᠨ ᠲᠦᠮᠡᠨ ᠳᠤ |
ᠦᠨ᠎ᠡ ᠬᠠᠩᠰᠢ ᠶᠢᠨ ᠲᠦᠷ ᠴᠠᠭ ᠤᠨ ᠨᠡᠮᠡᠭᠦᠷᠢ ᠣᠯᠭᠤᠬᠤ ᠳᠤ ᠪᠠᠨ᠂ ᠣᠯᠭᠤᠭᠰᠠᠨ ᠨᠡᠮᠡᠭᠦᠷᠢ ᠶᠢ ᠪᠠᠨ ︽ᠦᠨ᠎ᠡ |
ᠬᠠᠩᠰᠢ ᠶᠢᠨ ᠲᠦᠷ ᠴᠠᠭ ᠤᠨ ᠨᠡᠮᠡᠭᠦᠷᠢ︾ ᠭᠡᠵᠦ ᠲᠣᠳᠣᠷᠬᠠᠶᠢᠯᠠᠬᠤ ᠬᠡᠷᠡᠭᠲᠡᠶ᠃ ᠲᠣᠰ ᠰᠠᠷ᠎ᠠ ᠶᠢᠨ ᠠᠯᠢᠪᠠ ᠡᠬᠢᠯᠡᠭᠦᠯᠬᠦ |
ᠨᠥᠬᠦᠴᠡᠯ ᠨᠢ ᠴᠥᠮ ᠬᠠᠨᠤᠮᠵᠢ ᠥᠬᠡᠶ ᠪᠠᠶᠢᠪᠠᠯ ᠳᠠᠷᠤᠢ |
ᠬᠠᠮᠲᠤᠷᠠᠨ ᠬᠦᠳᠡᠯᠦᠯᠴᠡᠬᠦ ᠲᠣᠭᠲᠠᠴᠠ ᠶᠢ ᠪᠠᠨ ᠵᠣᠭᠰᠣᠭᠠᠵᠤ᠂ ᠦᠨ᠎ᠡ ᠬᠠᠩᠰᠢ ᠶᠢᠨ ᠲᠦᠷ ᠴᠠᠭ ᠤᠨ |
ᠨᠡᠮᠡᠭᠦᠷᠢ ᠣᠯᠭᠤᠬᠤ ᠠᠵᠢᠯ ᠢᠶᠠᠨ ᠵᠣᠭᠰᠣᠭᠠᠨ᠎ᠠ᠃ |
ᠵᠢᠷᠭᠤᠭ᠎ᠠ᠂ ᠠᠵᠢᠯ ᠤᠨ ᠲᠣᠭᠲᠠᠴᠠ |
ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ ᠬᠠᠮᠲᠤᠷᠠᠨ ᠬᠥᠳᠡᠯᠦᠯᠴᠡᠬᠦ |
ᠲᠣᠭᠲᠠᠴᠠ ᠳᠤ ᠬᠡᠷᠡᠭᠵᠢᠭᠦᠯᠬᠦ ᠠᠵᠢᠯ ᠤᠨ ᠲᠣᠭᠲᠠᠴᠠ ᠶᠢ ᠪᠠᠶᠢᠭᠤᠯᠵᠤ᠂ ᠠᠶᠢᠮᠠᠭ ᠬᠤᠲᠠ ᠶᠢᠨ ᠬᠥᠭᠵᠢᠭᠦᠯᠦᠯᠲᠡ ᠪᠠ |
ᠥᠭᠡᠷᠡᠴᠢᠯᠡᠯᠲᠡ ᠶᠢᠨ ᠵᠥᠪᠯᠡᠯ ᠲᠦᠷᠦᠭᠦᠯᠡᠨ᠂ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠲᠠᠢ ᠬᠠᠮᠲᠤᠷᠠᠯᠴᠠᠨ |
ᠲᠣᠭᠲᠠᠮᠠᠯ ᠬᠤᠭᠤᠴᠠᠭ᠎ᠠ ᠲᠠᠢ ᠵᠥᠪᠳᠡᠯᠴᠡᠬᠦ ᠠᠵᠢᠯ ᠢ ᠥᠷᠨᠢᠭᠦᠯᠵᠦ᠂ ᠬᠦᠴᠢᠷᠳᠡᠯᠲᠡᠶ ᠣᠯᠠᠨ ᠲᠦᠮᠡᠨ ᠤ ᠦᠨᠳᠦᠰᠦᠨ |
ᠠᠮᠢᠳᠤᠷᠠᠯ ᠳᠤ ᠦᠵᠡᠭᠦᠯᠬᠦ ᠪᠠᠷᠠᠭᠠᠨ ᠤ ᠦᠨ᠎ᠡ ᠶᠢᠨ ᠥᠰᠥᠯᠲᠡ ᠶᠢᠨ ᠨᠥᠯᠥᠭᠡ ᠶᠢ ᠨᠢᠭᠲᠠ ᠠᠩᠬᠠᠷᠬᠤ ᠬᠡᠷᠡᠭᠲᠡᠶ᠃ |
ᠤᠯᠤᠰ ᠤᠨ ᠲᠤᠭ᠎ᠠ ᠪᠦᠷᠢᠳᠬᠡᠯ ᠤᠨ ᠲᠣᠪᠴᠢᠶᠠᠨ ᠤ ᠡᠯ᠎ᠡ ᠬᠤᠲᠠ ᠶᠢᠨ ᠳᠡᠰ ᠤᠨ ᠪᠠᠶᠢᠴᠠᠭᠠᠯᠲᠠ ᠶᠢᠨ ᠠᠩᠭᠢ ᠨᠢ |
ᠬᠠᠮᠢᠶ᠎ᠠ ᠪᠦᠬᠦᠢ ᠦᠨ᠎ᠡ ᠬᠠᠩᠰᠢ ᠶᠢᠨ ᠵᠢᠭᠠᠯᠲᠠ ᠲᠤᠭ᠎ᠠ ᠶᠢᠨ ᠲᠤᠭ᠎ᠠ ᠪᠠᠷᠢᠮᠲᠠ ᠶᠢ ᠴᠠᠭ ᠲᠤᠬᠠᠶ ᠳᠤ ᠨᠢ ᠬᠠᠩᠭᠠᠵᠤ |
ᠥᠭᠬᠦ ᠬᠡᠷᠡᠭᠲᠡᠶ︔ ᠠᠶᠢᠮᠠᠭ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠨᠢ ᠵᠢᠭᠠᠯᠲᠠ |
ᠲᠤᠭ᠎ᠠ ᠶᠢᠨ ᠬᠤᠪᠢᠷᠠᠵᠤ ᠪᠠᠶᠢᠭ᠎ᠠ ᠪᠠᠶᠢᠳᠠᠯ ᠢ ᠦᠨᠳᠦᠰᠦᠯᠡᠨ᠂ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠴᠠᠭ |
ᠲᠤᠬᠠᠶ ᠳᠤ ᠨᠢ ᠡᠬᠢᠯᠡᠭᠦᠯᠬᠦ ᠪᠤᠶᠤ ᠵᠣᠭᠰᠣᠭᠠᠵᠤ᠂ ᠦᠨ᠎ᠡ ᠬᠠᠩᠰᠢ ᠶᠢᠨ ᠲᠦᠷ ᠴᠠᠭ ᠤᠨ ᠨᠡᠮᠡᠭᠦᠷᠢ ᠶᠢᠨ |
ᠪᠠᠷᠢᠮᠵᠢᠶ᠎ᠠ ᠶᠢ ᠣᠨᠣᠪᠴᠢᠲᠠᠶ ᠵᠢᠱᠢᠨ ᠪᠤᠳᠤᠬᠤ ᠬᠡᠷᠡᠭᠲᠡᠶ︔ ᠠᠶᠢᠮᠠᠭ ᠬᠤᠲᠠ ᠶᠢᠨ ᠡᠳ᠋ ᠤᠨ ᠵᠠᠰᠠᠭ ᠤᠨ |
ᠲᠣᠪᠴᠢᠶ᠎ᠠ ᠨᠢ ᠦᠨ᠎ᠡ ᠬᠠᠩᠰᠢ ᠶᠢᠨ |
ᠲᠦᠷ ᠴᠠᠭ ᠤᠨ ᠨᠡᠮᠡᠭᠦᠷᠢ ᠶᠢᠨ ᠪᠡᠯᠡ ᠮᠥᠩᠭᠦ ᠶᠢ ᠢᠳᠡᠪᠬᠢᠲᠡᠶ ᠲᠣᠬᠢᠷᠠᠭᠤᠯᠬᠤ ᠬᠡᠷᠡᠭᠲᠡᠶ︔ᠥᠪᠡᠷᠲᠡᠭᠡᠨ |
ᠵᠠᠰᠠᠬᠤ ᠣᠷᠣᠨ ᠤ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠲᠢᠩᠬᠢᠮ᠂ ᠰᠤᠷᠭᠠᠨ ᠬᠥᠮᠦᠵᠢᠯ ᠤᠨ |
ᠲᠢᠩᠬᠢᠮ ᠪᠠ ᠠᠶᠢᠮᠠᠭ ᠬᠤᠲᠠ ᠶᠢᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ᠂ |
ᠠᠷᠠᠳ ᠤᠨ ᠶᠠᠪᠤᠳᠠᠯ ᠤᠨ ᠲᠣᠪᠴᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ |
ᠲᠣᠪᠴᠢᠶ᠎ᠠ ᠵᠢᠴᠢ ᠠᠶᠢᠮᠠᠭ ᠬᠤᠲᠠ ᠳᠤ ᠬᠠᠷᠢᠶᠠᠯᠠᠭᠳᠠᠬᠤ ᠶᠡᠭᠡ ᠳᠡᠭᠡᠳᠦ ᠰᠤᠷᠭᠠᠭᠤᠯᠢ ᠨᠢ ᠲᠣᠰ ᠰᠠᠯᠠᠭ᠎ᠠ ᠮᠥᠴᠢᠷ᠂ |
ᠲᠣᠰ ᠨᠢᠭᠡᠴᠢ ᠶᠢᠨ ᠪᠠᠲᠤᠯᠠᠭ᠎ᠠ ᠬᠦᠷᠲᠡᠭᠡᠬᠦ ᠡᠲᠡᠭᠡᠳ ᠲᠤ ᠦᠨ᠎ᠡ ᠬᠠᠩᠰᠢ ᠶᠢᠨ ᠲᠦᠷ ᠴᠠᠭ ᠤᠨ ᠨᠡᠮᠡᠭᠦᠷᠢ ᠶᠢᠨ |
ᠪᠡᠯᠡ ᠮᠥᠩᠭᠦ ᠣᠯᠭᠤᠬᠤ ᠶᠢ ᠰᠠᠶᠢᠲᠤᠷ ᠵᠣᠬᠢᠶᠠᠨ ᠪᠠᠶᠢᠭᠤᠯᠬᠤ ᠬᠡᠷᠡᠭᠲᠡᠶ᠃ |
ᠲᠤᠯᠤᠭ᠎ᠠ᠂ ᠬᠤᠯᠪᠣᠭᠳᠠᠯ ᠪᠦᠬᠦᠢ ᠱᠠᠭᠠᠷᠳᠠᠯᠭ᠎ᠠ |
︵ᠨᠢᠭᠡ︶ ᠡᠯ᠎ᠡ ᠠᠶᠢᠮᠠᠭ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠨᠢ ᠬᠠᠮᠲᠤᠷᠠᠨ |
ᠬᠥᠳᠡᠯᠦᠯᠴᠡᠬᠦ ᠲᠣᠭᠲᠠᠴᠠ ᠶᠢ ᠡᠬᠢᠯᠡᠭᠦᠯᠬᠦ ᠪᠤᠶᠤ ᠵᠣᠭᠰᠣᠭᠠᠭᠰᠠᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ |
ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠲᠢᠩᠬᠢᠮ᠂ ᠰᠤᠷᠭᠠᠨ ᠬᠥᠮᠦᠵᠢᠯ ᠤᠨ ᠲᠢᠩᠬᠢᠮ ᠪᠠ |
ᠠᠶᠢᠮᠠᠭ ᠬᠤᠲᠠ ᠶᠢᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ᠂ ᠠᠷᠠᠳ ᠤᠨ |
ᠶᠠᠪᠤᠳᠠᠯ ᠤᠨ ᠲᠣᠪᠴᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ |
ᠠᠶᠢᠮᠠᠭ ᠬᠤᠲᠠ ᠳᠤ ᠬᠠᠷᠢᠶᠠᠯᠠᠭᠳᠠᠬᠤ ᠶᠡᠭᠡ ᠳᠡᠭᠡᠳᠦ ᠰᠤᠷᠭᠠᠭᠤᠯᠢ ᠳᠤ ᠴᠠᠭ ᠲᠤᠬᠠᠶ ᠳᠤ ᠨᠢ ᠮᠡᠳᠡᠭᠳᠡᠬᠦ ᠬᠡᠷᠡᠭᠲᠡᠶ᠃ |
︵ᠬᠤᠶᠠᠷ︶ ᠥᠪᠡᠷᠲᠡᠭᠡᠨ ᠵᠠᠰᠠᠬᠤ ᠣᠷᠣᠨ ᠤ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ |
ᠲᠢᠩᠬᠢᠮ ᠨᠢ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠤᠯᠤᠰ ᠤᠨ ᠲᠣᠭᠲᠠᠮᠠᠯ ᠬᠤᠭᠤᠴᠠᠭ᠎ᠠ ᠲᠠᠢ |
ᠠᠰᠠᠷᠠᠮᠵᠢ ᠶᠢᠨ ᠨᠥᠬᠦᠪᠥᠷᠢ ᠬᠦᠷᠲᠡᠵᠦ ᠪᠠᠶᠢᠭ᠎ᠠ ᠠᠰᠠᠷᠠᠨ ᠬᠠᠷᠠᠭᠠᠯᠵᠠᠭᠤᠯᠬᠤ ᠡᠲᠡᠭᠡᠳ ᠲᠤ ᠦᠨ᠎ᠡ ᠬᠠᠩᠰᠢ ᠶᠢᠨ |
ᠲᠦᠷ ᠴᠠᠭ ᠤᠨ ᠨᠡᠮᠡᠭᠦᠷᠢ ᠶᠢᠨ ᠪᠡᠯᠡ ᠮᠥᠩᠭᠦ ᠣᠯᠭᠤᠬᠤ ᠠᠵᠢᠯ ᠢ ᠪᠣᠳᠠᠲᠠᠢ ᠬᠠᠷᠢᠭᠤᠴᠠᠬᠤ ᠬᠡᠷᠡᠭᠲᠡᠢ︔ |
ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠨᠢ ᠥᠪᠡᠷᠲᠡᠭᠡᠨ ᠵᠠᠰᠠᠬᠤ ᠣᠷᠣᠨ ᠤ ᠱᠠᠲᠤᠨ ᠤ |
ᠰᠢᠭᠤᠳ ᠬᠠᠷᠢᠶ᠎ᠠ ᠶᠡᠭᠡ ᠳᠡᠭᠡᠳᠦ ᠰᠤᠷᠭᠠᠭᠤᠯᠢ ᠶᠢᠨ ᠪᠠᠲᠤᠯᠠᠭ᠎ᠠ ᠬᠦᠷᠲᠡᠬᠦ ᠡᠲᠡᠭᠡᠳ ᠲᠤ ᠦᠨ᠎ᠡ ᠬᠠᠩᠰᠢ ᠶᠢᠨ ᠲᠦᠷ |
ᠴᠠᠭ ᠤᠨ ᠨᠡᠮᠡᠭᠦᠷᠢ ᠶᠢᠨ ᠪᠡᠯᠡ ᠮᠥᠩᠭᠦ ᠣᠯᠭᠤᠬᠤ ᠠᠵᠢᠯ ᠢ ᠪᠣᠳᠠᠲᠠᠶ ᠬᠠᠷᠢᠭᠤᠴᠠᠵᠤ᠂ ᠥᠪᠡᠷᠲᠡᠭᠡᠨ ᠵᠠᠰᠠᠬᠤ |
ᠣᠷᠣᠨ ᠤ ᠱᠠᠲᠤᠨ ᠤ ᠰᠢᠭᠤᠳ ᠬᠠᠷᠢᠶ᠎ᠠ ᠶᠡᠭᠡ ᠳᠡᠭᠡᠳᠦ ᠰᠤᠷᠭᠠᠭᠤᠯᠢ ᠳᠠᠬᠢ ᠭᠡᠷ ᠪᠦᠯᠢ ᠶᠢᠨ ᠠᠵᠤ ᠠᠬᠤᠶ ᠨᠢ |
ᠬᠦᠴᠢᠷᠳᠡᠯᠲᠡᠶ ᠰᠤᠷᠤᠭᠴᠢᠳ ᠲᠤ ᠣᠯᠭᠤᠬᠤ ᠨᠡᠮᠡᠭᠦᠷᠢ ᠶᠢᠨ ᠪᠠᠷᠢᠮᠵᠢᠶ᠎ᠠ ᠶᠢ |
ᠳᠡᠭᠡᠳᠦ ᠰᠤᠷᠭᠠᠭᠤᠯᠢ ᠶᠢᠨ ᠪᠠᠶᠢᠭ᠎ᠠ ᠭᠠᠵᠠᠷ ᠤᠨ ᠨᠡᠮᠡᠭᠦᠷᠢ ᠶᠢᠨ ᠪᠠᠷᠢᠮᠵᠢᠶ᠎ᠠ ᠶᠣᠰᠣᠭᠠᠷ ᠬᠡᠷᠡᠭᠵᠢᠭᠦᠯᠬᠦ |
ᠬᠡᠷᠡᠭᠲᠡᠶ᠃ ᠠᠶᠢᠮᠠᠭ ᠬᠤᠲᠠ ᠶᠢᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ᠂ |
ᠠᠷᠠᠳ ᠤᠨ ᠶᠠᠪᠤᠳᠠᠯ ᠤᠨ ᠲᠣᠪᠴᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ |
ᠲᠣᠪᠴᠢᠶ᠎ᠠ ᠪᠣᠯᠤᠨ ᠠᠶᠢᠮᠠᠭ ᠬᠤᠲᠠ ᠳᠤ ᠬᠠᠷᠢᠶᠠᠯᠠᠭᠳᠠᠬᠤ ᠶᠡᠭᠡ ᠳᠡᠭᠡᠳᠦ ᠰᠤᠷᠭᠠᠭᠤᠯᠢ ᠨᠢ ᠠᠶᠢᠮᠠᠭ ᠬᠤᠲᠠ ᠵᠢᠴᠢ |
ᠬᠤᠰᠢᠭᠤ ᠰᠢᠶᠠᠨ ᠤ ᠱᠠᠲᠤᠨ ᠤ ᠪᠠᠲᠤᠯᠠᠭ᠎ᠠ ᠬᠦᠷᠲᠡᠬᠦ ᠡᠲᠡᠭᠡᠳ ᠤᠨ ᠦᠨ᠎ᠡ ᠬᠠᠩᠰᠢ ᠶᠢᠨ ᠲᠦᠷ ᠴᠠᠭ ᠤᠨ |
ᠨᠡᠮᠡᠭᠦᠷᠢ ᠶᠢᠨ ᠪᠠᠯᠠ ᠮᠥᠩᠭᠦ ᠣᠯᠭᠤᠬᠤ ᠠᠵᠢᠯ ᠢ ᠪᠣᠳᠠᠲᠠᠶ ᠬᠠᠷᠢᠭᠤᠴᠠᠬᠤ ᠬᠡᠷᠡᠭᠲᠡᠢ᠃ |
︵ᠭᠤᠷᠪᠠ︶ ᠡᠯ᠎ᠡ ᠠᠶᠢᠮᠠᠭ ᠬᠤᠲᠠ ᠨᠢ ᠲᠣᠭᠲᠠᠭᠠᠭᠰᠠᠨ ᠦᠨ᠎ᠡ ᠬᠠᠩᠰᠢ ᠶᠢᠨ ᠲᠦᠷ ᠴᠠᠭ ᠤᠨ ᠨᠡᠮᠡᠭᠦᠷᠢ |
ᠣᠯᠭᠤᠬᠤ ᠬᠡᠪᠴᠢᠶ᠎ᠡ ᠪᠠ ᠬᠦᠷᠲᠡᠬᠦ ᠡᠲᠡᠭᠡᠳ ᠲᠤ ᠨᠡᠮᠡᠭᠦᠷᠢ ᠣᠯᠭᠤᠬᠤ ᠠᠵᠢᠯ ᠢ ᠴᠢᠩᠳᠠᠯᠠᠵᠤ᠂ ᠪᠠᠲᠤᠯᠠᠭ᠎ᠠ ᠬᠦᠷᠲᠡᠬᠦ |
ᠡᠲᠡᠭᠡᠳ ᠤᠨ ᠲᠤᠭ᠎ᠠ ᠪᠠᠷᠢᠮᠲᠠ ᠶᠢ ᠴᠠᠭ ᠲᠤᠬᠠᠶ ᠳᠤ ᠨᠢ ᠰᠢᠨᠡᠳᠬᠡᠨ᠂ ︽ᠪᠠᠲᠤᠯᠠᠪᠠᠰᠤ ᠵᠣᠬᠢᠬᠤ ᠶᠢ ᠨᠢ ᠪᠦᠬᠦᠨ ᠢ |
ᠪᠠᠲᠤᠯᠠᠵᠤ᠂ ᠨᠥᠬᠦᠪᠥᠷᠢᠯᠡᠪᠡᠰᠦ ᠵᠣᠬᠢᠬᠤ ᠳᠤ ᠨᠢ ᠪᠦᠬᠦᠨ ᠢ ᠨᠥᠬᠦᠪᠥᠷᠢᠯᠡᠬᠦ︾ ᠶᠢ ᠭᠦᠢᠴᠡᠳᠬᠡᠭᠰᠡᠨ ᠪᠠᠶᠢᠬᠤ ᠬᠡᠷᠡᠭᠲᠡᠶ᠃ |
︵ᠳᠥᠷᠪᠡ︶ ᠡᠯ᠎ᠡ ᠠᠶᠢᠮᠠᠭ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠨᠢ |
ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠳᠤ ᠬᠠᠮᠲᠤᠷᠠᠨ |
ᠬᠥᠳᠡᠯᠦᠯᠴᠡᠬᠦ ᠲᠣᠭᠲᠠᠴᠠ ᠶᠢ ᠡᠬᠢᠯᠡᠭᠦᠯᠦᠭᠰᠡᠨ ᠪᠤᠶᠤ ᠵᠣᠭᠰᠣᠭᠠᠭᠰᠠᠨ ᠪᠠᠶᠢᠳᠠᠯ᠂ ᠦᠨ᠎ᠡ ᠬᠠᠩᠰᠢ ᠶᠢᠨ ᠲᠦᠷ |
ᠴᠠᠭ ᠤᠨ ᠨᠡᠮᠡᠭᠦᠷᠢ ᠶᠢᠨ ᠪᠡᠯᠡ ᠮᠥᠩᠭᠦ ᠣᠯᠭᠤᠭᠰᠠᠨ ᠪᠠᠶᠢᠳᠠᠯ ᠢᠶᠠᠨ ᠰᠠᠷ᠎ᠠ ᠰᠠᠷ᠎ᠠ ᠮᠡᠳᠡᠭᠦᠯᠵᠦ᠂ ᠥᠪᠡᠷᠲᠡᠭᠡᠨ |
ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠨᠢ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ |
ᠬᠠᠮᠲᠤᠷᠠᠯᠴᠠᠨ ᠡᠯ᠎ᠡ ᠠᠶᠢᠮᠠᠭ ᠬᠤᠲᠠ ᠶᠢᠨ ᠬᠠᠮᠲᠤᠷᠠᠨ ᠬᠥᠳᠡᠯᠦᠯᠴᠡᠬᠦ ᠲᠣᠭᠲᠠᠴᠠ ᠶᠢᠨ ᠠᠵᠢᠯ ᠳᠤ ᠬᠢᠨᠠᠯᠲᠠ |
ᠲᠠᠯᠪᠢᠵᠤ᠂ ᠮᠡᠳᠡᠭᠡ ᠵᠠᠩᠭᠢ ᠪᠠᠨ ᠦᠨᠡᠨ ᠪᠣᠳᠠᠲᠠᠶ ᠮᠡᠳᠡᠭᠦᠯᠵᠦ ᠬᠦᠷᠭᠡᠭᠰᠡᠨ ᠦᠭᠡᠢ᠂ ᠴᠠᠭ ᠲᠤᠬᠠᠶ ᠳᠤ ᠨᠢ ᠨᠡᠮᠡᠭᠦᠷᠢ |
ᠣᠯᠭᠤᠭᠰᠠᠨ ᠦᠭᠡᠢ ᠠᠶᠢᠮᠠᠭ ᠬᠤᠲᠠ ᠶᠢ ᠨᠡᠪᠲᠡᠷᠡᠭᠦᠯᠦᠨ ᠮᠡᠳᠡᠭᠡᠯᠡᠬᠦ ᠬᠡᠷᠡᠭᠲᠡᠶ᠃ |
︵ᠲᠠᠪᠤ︶ ᠲᠣᠰ ᠮᠡᠳᠡᠭᠳᠡᠯ ᠢ ᠳᠠᠷᠤᠮᠠᠯᠯᠠᠨ ᠶᠠᠪᠤᠭᠤᠯᠤᠭᠰᠠᠨ ᠡᠳᠦᠷ ᠠᠴᠠ ᠡᠬᠢᠯᠡᠨ |
ᠬᠡᠷᠡᠭᠵᠢᠭᠦᠯᠦᠨ᠎ᠡ᠂ ︽ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠪᠠ ᠪᠠᠲᠤᠯᠠᠭ᠎ᠠ ᠶᠢᠨ ᠪᠠᠷᠢᠮᠵᠢᠶ᠎ᠠ ᠪᠠᠨ ᠪᠠᠷᠠᠭᠠᠨ ᠤ |
ᠦᠨ᠎ᠡ ᠶᠢᠨ ᠥᠰᠥᠯᠲᠡ ᠯᠦᠭᠡ ᠬᠤᠯᠪᠣᠵᠤ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠤᠯᠠᠮ ᠨᠢᠭᠡ ᠠᠯᠬᠤᠮ |
ᠲᠡᠭᠦᠯᠳᠡᠷᠵᠢᠭᠦᠯᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ |
ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ︹2017︺ 15 |
ᠳ᠋ᠤᠭᠠᠷ ᠲᠣᠭᠠᠲᠤ︶ ᠢ ᠬᠠᠮᠲᠤ ᠳᠤ ᠨᠢ ᠬᠦᠴᠦᠨ ᠥᠬᠡᠶ ᠪᠣᠯᠭᠠᠨ᠎ᠠ᠃ |
ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ |
ᠠᠯᠪᠠᠨ ᠲᠢᠩᠬᠢᠮ |
2021 ᠣᠨ ᠤ 1 ᠳ᠋ᠦ᠋ᠭᠡᠷ ᠰᠠᠷ᠎ᠠ ᠶᠢᠨ 30 ᠤ ᠡᠳᠦᠷ ᠳᠠᠷᠤᠮᠠᠯᠯᠠᠨ ᠲᠠᠷᠬᠠᠭᠠᠪ᠊ |