ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠭᠦᠳᠡ ᠬᠤᠷᠠᠯ ᠪᠣᠯᠤᠨ |
ᠰᠢ ᠶᠢᠨ ᠫᠢᠩ ᠶᠡᠷᠦᠩᠬᠡᠢ ᠱᠦᠵᠢ ᠶᠢᠨ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ |
ᠪᠣᠯᠤᠨ ᠴᠢᠨᠠᠷ ᠰᠠᠶᠢᠲᠠᠢ ᠬᠥᠭᠵᠢᠯᠲᠡ ᠶᠢ ᠭᠦᠨᠵᠡᠭᠡᠢ ᠠᠬᠢᠭᠤᠯᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ |
ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠶᠢᠨ ᠲᠥᠯᠥᠭᠡ᠂ ᠴᠢᠨᠠᠷ ᠰᠠᠶᠢᠲᠠᠶ |
ᠬᠥᠭᠵᠢᠯᠲᠡ ᠶᠢ ᠪᠦᠬᠦ ᠲᠠᠯ᠎ᠠ ᠪᠠᠷ ᠠᠬᠢᠭᠤᠯᠬᠤ ᠬᠠᠷᠠᠯᠲᠠ ᠱᠠᠭᠠᠷᠳᠠᠯᠭ᠎ᠠ ᠶᠣᠰᠣᠭᠠᠷ᠂ ᠠᠮᠢ ᠠᠬᠤᠶ ᠶᠢ ᠲᠡᠷᠢᠭᠦᠨ ᠳᠤ |
ᠲᠠᠯᠪᠢᠬᠤ᠂ ᠪᠣᠬᠢᠷᠲᠤᠯ ᠥᠬᠡᠶ ᠬᠥᠭᠵᠢᠭᠦᠯᠬᠦ ᠣᠳᠣᠬᠢᠴᠢᠯᠠᠯᠲᠠ ᠶᠢᠨ ᠵᠠᠮ ᠢᠶᠠᠷ ᠭᠤᠶᠢᠪᠢᠰᠢ ᠥᠬᠡᠶ ᠰᠠᠶᠢᠲᠤᠷ |
ᠵᠠᠮᠨᠠᠨ᠎ᠠ᠂ 11 ᠰᠠᠷ᠎ᠠ ᠶᠢᠨ 30 ᠤ ᠡᠳᠦᠷ᠂ ᠤᠰᠤᠨ ᠠᠰᠢᠭᠯᠠᠯᠲᠠ ᠶᠢᠨ ᠲᠢᠩᠬᠢᠮ ᠤᠨ ᠰᠡᠷᠭᠡᠶᠢᠯᠡᠯᠲᠡ ᠶᠢᠨ ᠭᠠᠵᠠᠷ᠂ |
ᠤᠰᠤ ᠭᠠᠩ ᠤᠨ ᠭᠠᠮᠰᠢᠭ ᠢ ᠰᠡᠷᠭᠡᠶᠢᠯᠡᠬᠦ ᠮᠡᠷᠭᠡᠵᠢᠯ ᠤᠨ ᠲᠥᠪ ᠨᠢ ᠣᠳᠣᠬᠠᠨ ᠤ ᠬᠠᠲᠤᠨ ᠭᠤᠤᠯ ᠤᠨ ᠰᠥᠩ |
ᠬᠠᠯᠢᠶ᠎ᠠ ᠶᠢ ᠰᠡᠷᠭᠡᠶᠢᠯᠡᠬᠦ ᠠᠵᠢᠯ ᠲᠠᠢ ᠤᠶᠠᠯᠳᠤᠭᠤᠯᠤᠨ᠂ ᠬᠠᠲᠤᠨ ᠭᠤᠤᠯ ᠤᠨ ᠣᠷᠳᠣᠰ ᠬᠤᠲᠠ ᠶᠢᠨ ᠵᠦᠩᠭᠠᠷ |
ᠬᠤᠰᠢᠭᠤᠨ ᠤ ᠬᠡᠰᠡᠭ ᠲᠤ ᠬᠦᠷᠴᠦ ︽ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ |
ᠴᠢᠨᠠᠷ ᠰᠠᠶᠢᠲᠠᠶ ᠬᠥᠭᠵᠢᠯᠲᠡ ᠶᠢ ᠳᠥᠯᠭᠢᠨ ᠠᠬᠢᠭᠤᠯᠬᠤ︾ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ |
ᠥᠷᠨᠢᠭᠦᠯᠪᠡ᠃ |
ᠠᠵᠢᠯᠯᠠᠭ᠎ᠠ ᠶᠢᠨ ᠳᠤᠮᠳᠠ᠂ ᠨᠠᠮ ᠤᠨ ᠭᠡᠰᠢᠭᠦᠳ ᠲᠠᠶᠢᠯᠪᠤᠷᠢᠯᠠᠯᠲᠠ ᠶᠢ ᠲᠠᠭᠠᠵᠤ ᠤᠷᠢᠳ ᠬᠤᠵᠢᠳ ᠮᠠ |
ᠵᠠ ᠶᠢᠨ ᠬᠤᠪᠢᠰᠬᠠᠯ ᠤᠨ ᠠᠵᠢᠯᠯᠠᠭ᠎ᠠ ᠶᠢᠨ ᠦᠵᠡᠭᠦᠯᠦᠯᠭᠡ ᠶᠢᠨ ᠲᠢᠩᠬᠢᠮ᠂ ᠵᠠᠩ ᠦᠢᠯᠡ ᠶᠢᠨ ᠲᠡᠦᠬᠡ ᠶᠢᠨ |
ᠳᠤᠷᠠᠰᠬᠠᠯᠲᠤ ᠵᠦᠢᠯᠡᠰ ᠤᠨ ᠦᠵᠡᠭᠦᠯᠦᠯᠭᠡ ᠶᠢᠨ ᠲᠢᠩᠬᠢᠮ᠂ ᠬᠤᠪᠢᠰᠬᠠᠯ ᠤᠨ ᠳᠤᠷᠠᠰᠬᠠᠯᠲᠤ ᠵᠦᠢᠯᠡᠰ ᠤᠨ |
ᠦᠵᠡᠭᠦᠯᠦᠯᠭᠡ ᠶᠢᠨ ᠲᠢᠩᠬᠢᠮ ᠵᠡᠷᠭᠡ ᠦᠵᠡᠭᠦᠯᠦᠯᠭᠡ ᠶᠢᠨ ᠲᠣᠭᠤᠷᠢᠭ ᠢ ᠲᠣᠭᠤᠷᠢᠨ ᠦᠵᠡᠪᠡ᠃ ᠲᠠᠯᠠᠪᠠᠢ ᠶᠢᠨ |
ᠳᠣᠲᠣᠷᠠᠬᠢ 50 ᠭᠠᠷᠤᠢ ᠬᠡᠰᠡᠭᠲᠦ ᠵᠢᠷᠤᠭ ᠤᠨ ᠬᠠᠪᠲᠠᠰᠤ ᠶᠢᠨ ᠬᠤᠪᠣᠷ ᠨᠠᠨᠳᠢᠨ ᠲᠡᠦᠬᠡ ᠶᠢᠨ ᠭᠡᠷᠡᠯ ᠵᠢᠷᠤᠭ᠂ |
ᠬᠥᠮᠦᠨ ᠤ ᠲᠠᠨᠢᠯᠴᠠᠭᠤᠯᠭ᠎ᠠ᠂ ᠦᠵᠡᠭᠳᠡᠯ ᠢ ᠲᠠᠬᠢᠨ ᠢᠯᠡᠷᠡᠭᠦᠯᠬᠦ ᠪᠠᠷ ᠳᠠᠮᠵᠢᠭᠤᠯᠵᠤ᠂ ᠨᠠᠮ ᠤᠨ ᠭᠡᠰᠢᠭᠦᠳ ᠮᠠ ᠵᠠ |
ᠣᠷᠣᠨ ᠤ ᠨᠢᠭᠤᠴᠠ ᠨᠠᠮ ᠤᠨ ᠭᠡᠰᠢᠭᠦᠨ ᠤ ᠳᠠᠶᠢᠰᠤᠨ ᠤ ᠠᠷᠤ ᠲᠠᠯ᠎ᠠ ᠶᠢ ᠪᠠᠲᠤ ᠰᠠᠬᠢᠬᠤ᠂ ᠭᠤᠣᠯ ᠤᠨ |
ᠰᠡᠷᠭᠡᠶᠢᠯᠡᠯᠲᠡ ᠶᠢ ᠰᠢᠪᠲᠤᠯᠬᠤ᠂ ᠨᠢᠭᠤᠴᠠ ᠮᠡᠳᠡᠭᠡ ᠶᠢ ᠳᠠᠮᠵᠢᠭᠤᠯᠬᠤ᠂ ᠴᠢᠯᠥᠭᠡᠯᠡᠬᠦ ᠶᠡᠭᠡ ᠴᠡᠷᠢᠭ ᠲᠠᠢ ᠬᠠᠮᠵᠢᠯᠴᠠᠨ |
ᠴᠠᠩ ᠲᠠᠨ ᠢ ᠰᠢᠪᠲᠤᠯᠬᠤ᠂ ᠤᠯᠠᠭᠠᠨ ᠵᠠᠰᠠᠭ ᠪᠠᠶᠢᠭᠤᠯᠤᠭᠰᠠᠨ ᠬᠤᠪᠢᠰᠬᠠᠯ ᠤᠨ ᠥᠩᠭᠡᠷᠡᠯᠲᠡ ᠶᠢ ᠰᠢᠰᠲ᠋ᠧᠮ ᠲᠠᠢ |
ᠤᠶᠢᠢᠯᠠᠭᠠᠨ ᠰᠤᠷᠤᠯᠴᠠᠵᠠᠢ᠃ ᠲᠣᠭᠤᠷᠢᠨ ᠦᠵᠡᠭᠰᠡᠨ ᠤ ᠲᠠᠷᠠᠭ᠎ᠠ᠂ ᠨᠠᠮ ᠤᠨ ᠭᠡᠰᠢᠭᠦᠳ ᠨᠠᠮ ᠳᠤ ᠣᠷᠣᠬᠤ |
ᠲᠠᠩᠭᠠᠷᠢᠭ ᠤᠨ ᠦᠭᠡᠰ ᠢᠶᠠᠨ ᠲᠠᠬᠢᠨ ᠡᠷᠭᠢᠴᠡᠭᠦᠯᠬᠦ ᠪᠠᠷ ᠲᠠᠮᠵᠢᠨ᠂ ᠰᠡᠳᠬᠢᠯ ᠰᠠᠨᠠᠭᠠᠨ ᠤ ᠤᠬᠢᠶᠠᠯ ᠢ ᠳᠠᠬᠢᠨᠲᠠ |
ᠬᠦᠯᠢᠶᠡᠵᠦ᠂ ᠲᠥᠪ ᠴᠢᠩᠭ᠎ᠠ ᠠᠮᠠᠯᠠᠯᠲᠠ ᠪᠠᠨ ᠪᠠᠲᠤ ᠴᠡᠭᠡᠵᠢᠯᠡᠵᠦ᠂ ᠡᠪ ᠬᠠᠮᠲᠤ ᠨᠠᠮ ᠤᠨ ᠭᠡᠰᠢᠭᠦᠨ ᠤ ᠤᠯᠤᠰ |
ᠲᠦᠷᠤ ᠶᠢᠨ ᠬᠠᠷᠢᠭᠤᠴᠠᠯᠭ᠎ᠠ᠂ ᠠᠵᠢᠯ ᠤᠨ ᠡᠭᠦᠷᠭᠡᠯᠡᠯ ᠪᠣᠯᠤᠨ ᠢᠷᠠᠭᠤ ᠠᠯᠳᠠᠷᠲᠤ ᠡᠭᠦᠷᠭᠡ ᠪᠠᠨ ᠪᠠᠲᠤ ᠴᠡᠭᠡᠵᠢᠯᠡᠪᠡ᠃ |
ᠳᠠᠷᠠᠭ᠎ᠠ ᠨᠢ ᠬᠠᠲᠤᠨ ᠭᠤᠣᠯ ᠤᠨ ᠯᠦᠩ ᠺᠸᠦ ᠭᠤᠣᠯ ᠤᠨ ᠵᠠᠮ ᠤᠨ ᠬᠠᠮᠢᠶᠠᠷᠤᠯᠲᠠ ᠶᠢᠨ ᠬᠡᠰᠡᠭ ᠤᠨ |
ᠠᠵᠢᠯᠲᠠᠳ ᠢ ᠲᠣᠬᠤᠨᠢᠭᠤᠯᠵᠤ᠂ ᠲᠤᠰ ᠬᠡᠰᠡᠭ ᠭᠤᠣᠯ ᠮᠥᠷᠡᠨ ᠤ ᠰᠥᠩ ᠬᠠᠯᠢᠶ᠎ᠠ ᠶᠢᠨ ᠪᠠᠶᠢᠳᠠᠯ ᠢ ᠪᠠᠶᠢᠴᠠᠭᠠᠨ |
ᠦᠵᠡᠭᠡᠳ᠂ ᠬᠠᠲᠤᠨ ᠭᠤᠣᠯ ᠤᠨ ᠰᠥᠩ ᠬᠠᠯᠢᠶ᠎ᠠ ᠶᠢ ᠰᠡᠷᠭᠡᠶᠢᠯᠡᠬᠦ ᠠᠵᠢᠯ ᠢ ᠰᠠᠶᠢᠲᠤᠷ ᠬᠢᠬᠦ ᠲᠤᠬᠠᠶ ᠦᠨᠳᠦᠰᠦᠨ |
ᠱᠠᠲᠤᠨ ᠤ ᠤᠰᠤᠨ ᠠᠰᠢᠭᠯᠠᠯᠲᠠ ᠶᠢᠨ ᠰᠠᠯᠠᠭ᠎ᠠ ᠮᠥᠴᠢᠷ ᠲᠠᠢ ᠰᠠᠨᠠᠯ ᠢᠶᠠᠨ ᠰᠣᠯᠢᠯᠴᠠᠨ ᠶᠠᠷᠢᠯᠴᠠᠵᠤ᠂ ᠲᠤᠬᠠᠢ ᠶᠢᠨ |
ᠲᠠᠯᠠᠪᠠᠢ ᠶᠢᠨ ᠰᠣᠯᠢᠯᠴᠠᠭ᠎ᠠ ᠰᠤᠷᠤᠯᠴᠠᠯᠭ᠎ᠠ ᠪᠠᠷ ᠳᠠᠮᠵᠢᠨ ᠪᠦᠬᠦ ᠠᠵᠢᠯᠲᠠᠳ ᠲᠤ ᠦᠨᠳᠦᠰᠦᠨ ᠱᠠᠲᠤᠨ ᠤ ᠤᠰᠤᠨ |
ᠠᠰᠢᠭᠯᠠᠯᠲᠠ ᠶᠢᠨ ᠠᠵᠢᠯᠲᠠᠳ ᠤᠨ ᠬᠠᠬᠢᠷ ᠬᠦᠢᠳᠡᠨ ᠢ ᠬᠠᠶᠢᠬᠤᠷᠤᠯ ᠦᠭᠡᠢ ᠪᠠᠷ ᠬᠠᠳᠤᠨ ᠭᠤᠣᠯ ᠤᠨ ᠰᠦᠩ |
ᠬᠠᠯᠢᠶ᠎ᠠ ᠶᠢ ᠰᠡᠷᠭᠡᠶᠢᠯᠡᠬᠦ ᠨᠢᠭᠡᠳᠦᠭᠡᠷ ᠹᠷᠣᠨᠲ ᠤᠨ ᠠᠵᠢᠯ ᠤᠨ ᠪᠠᠶᠢᠷᠢ ᠶᠢ ᠪᠠᠲᠤ ᠰᠠᠬᠢᠬᠤ ᠬᠠᠷᠢᠭᠤᠴᠠᠯᠭ᠎ᠠ ᠶᠢᠨ |
ᠵᠣᠷᠢᠭ ᠰᠠᠨᠠᠭ᠎ᠠ ᠶᠢ ᠮᠡᠳᠡᠷᠡᠭᠦᠯᠵᠦ᠂ ᠳᠠᠷᠠᠭᠠᠴᠢ ᠶᠢᠨ ᠲᠤᠬᠠᠶᠢᠯᠠᠭᠰᠠᠨ ᠠᠵᠢᠯ ᠳᠠᠭᠠᠨ ᠰᠠᠭᠤᠷᠢᠯᠠᠵᠤ᠂ ᠤᠯᠤᠰ |
ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ |
ᠪᠠᠷᠢᠮᠲᠠᠯᠠᠵᠤ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠤᠨ ᠴᠢᠨᠠᠷ ᠰᠠᠶᠢᠲᠠᠢ |
ᠬᠥᠭᠵᠢᠯᠲᠡ ᠶᠢ ᠠᠬᠢᠭᠤᠯᠬᠤ ᠳᠤ ᠢᠳᠡᠪᠬᠢᠲᠡᠢ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ |
|