|
ᠶᠠᠮᠤᠨ ᠤ ᠪᠠᠶᠢᠭᠤᠯᠭ᠎ᠠ ᠶᠢᠨ ᠡᠯ᠎ᠡ ᠵᠤᠷᠭᠠᠨ ᠲᠣᠪᠴᠢᠶ᠎ᠠ᠂ ᠶᠠᠮᠤᠨ ᠤ ᠰᠢᠭᠤᠳ ᠬᠠᠷᠢᠶ᠎ᠠ ᠡᠯ᠎ᠡ ᠨᠢᠭᠡᠴᠢ᠂ ᠡᠯ᠎ᠡ |
ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠤᠰᠤᠨ ᠠᠰᠢᠭᠯᠠᠯᠲᠠ ︵ᠤᠰᠤᠨ ᠤ |
ᠶᠠᠪᠤᠳᠠᠯ︶ ᠶᠢᠨ ᠲᠢᠩᠬᠢᠮ ︵ᠲᠣᠪᠴᠢᠶ᠎ᠠ︶᠂ ᠡᠯ᠎ᠡ ᠲᠤᠰᠠᠭᠠᠷ ᠲᠥᠯᠥᠪᠯᠡᠭᠡ ᠬᠢᠬᠦ ᠬᠤᠳᠠ ᠶᠢᠨ ᠤᠰᠤᠨ |
ᠠᠰᠢᠭᠯᠠᠯᠲᠠ ︵ᠤᠰᠤᠨ ᠤ ᠶᠠᠪᠤᠳᠠᠯ︶ ᠶᠢᠨ ᠲᠣᠪᠴᠢᠶ᠎ᠠ᠂ ᠰᠢᠨᠵᠢᠶᠠᠩ ᠤᠨ ᠦᠢᠯᠡᠳᠪᠦᠷᠢᠯᠡᠯ ᠪᠦᠳᠦᠭᠡᠨ |
ᠪᠠᠶᠢᠭᠤᠯᠤᠯᠲᠠ ᠶᠢᠨ ᠪᠢᠩᠲ᠋ᠤᠸᠠᠨ ᠤ ᠤᠰᠤᠨ ᠠᠰᠢᠭᠯᠠᠯᠲᠠ ᠶᠢᠨ ᠲᠣᠪᠴᠢᠶ᠎ᠠ ᠳᠤ᠄ |
|
︽ᠤᠰᠤᠨ ᠠᠰᠢᠭᠯᠠᠯᠲᠠ ᠶᠢᠨ ᠠᠵᠢᠯ ᠲᠦᠷᠦᠯ ᠤᠨ ᠬᠢᠨᠠᠯᠲᠠ ᠲᠠᠯᠪᠢᠬᠤ ᠠᠵᠢᠯ ᠢ ᠴᠢᠩᠭᠠᠳᠬᠠᠬᠤ ᠲᠤᠬᠠᠶ |
ᠵᠢᠯᠣᠭᠤᠳᠬᠤ ᠰᠠᠨᠠᠯ︾ ᠢ ᠶᠠᠮᠤᠨ ᠤ ᠶᠠᠪᠤᠳᠠᠯ ᠤᠨ ᠬᠤᠷᠠᠯᠳᠤᠭᠠᠨ ᠠᠴᠠ ᠨᠢᠭᠡᠨᠲᠡ ᠬᠢᠨᠠᠨ ᠶᠠᠷᠢᠯᠴᠠᠵᠤ ᠪᠠᠲᠤᠯᠠᠪᠠ᠂ |
ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠶ ᠵᠢᠷᠤᠮᠯᠠᠨ ᠬᠡᠷᠡᠭᠵᠢᠭᠦᠯᠲᠦᠭᠡᠶ᠃ |
|
ᠤᠰᠤᠨ ᠠᠰᠢᠭᠯᠠᠯᠲᠠ ᠶᠢᠨ ᠶᠠᠮᠤᠨ |
|
2021 ᠣᠨ ᠤ 7 ᠰᠠᠷ᠎ᠠ ᠶᠢᠨ 21 ᠤ ᠡᠳᠦᠷ |
|
|
|
ᠤᠰᠤᠨ ᠠᠰᠢᠭᠯᠠᠯᠲᠠ ᠶᠢᠨ ᠠᠵᠢᠯ ᠲᠥᠷᠥᠯ ᠳᠤ ᠬᠢᠨᠠᠯᠲᠠ ᠲᠠᠯᠪᠢᠬᠤ ᠠᠵᠢᠯ ᠢ ᠴᠢᠩᠭᠠᠳᠬᠠᠬᠤ ᠲᠤᠬᠠᠶ |
ᠵᠢᠯᠣᠭᠤᠳᠬᠤ ᠰᠠᠨᠠᠯ |
|
ᠰᠢ ᠶᠢᠨ ᠫᠢᠩ ᠶᠡᠷᠦᠩᠬᠡᠶ ᠱᠦᠵᠢ ᠶᠢᠨ ︽ᠤᠰᠤ ᠠᠷᠪᠢᠯᠠᠬᠤ ᠶᠢ ᠲᠡᠷᠢᠭᠦᠨ ᠳᠤ ᠲᠠᠯᠪᠢᠬᠤ᠂ ᠣᠷᠣᠨ ᠵᠠᠶ ᠶᠢ |
ᠲᠡᠩᠴᠡᠭᠦᠷᠢᠲᠡᠶ ᠪᠠᠶᠢᠯᠭᠠᠬᠤ᠂ ᠰᠢᠰᠲ᠋ᠧᠮ ᠲᠠᠢ ᠵᠠᠰᠠᠬᠤ᠂ ᠬᠤᠶᠠᠷ ᠲᠠᠯ᠎ᠠ ᠪᠠᠷ ᠬᠦᠴᠦᠯᠡᠬᠦ︾ ᠤᠰᠤ ᠵᠠᠰᠠᠬᠤ |
ᠰᠡᠳᠬᠢᠴᠡ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ |
ᠬᠤᠷᠢᠶᠠᠨ ᠤ ᠤᠰᠤ ᠵᠠᠰᠠᠬᠤ ᠠᠵᠢᠯ ᠤᠨ ᠴᠢᠬᠤᠯᠠ ᠶᠡᠭᠡ ᠰᠢᠢᠳᠪᠤᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ︽ |
ᠤᠴᠢᠷ ᠶᠠᠪᠤᠳᠠᠯ ᠤᠨ ᠳᠤᠮᠳᠠᠬᠢ ᠪᠠ ᠤᠴᠢᠷ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ |
ᠵᠢᠷᠤᠮᠵᠢᠭᠤᠯᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠵᠢᠯᠣᠭᠤᠳᠬᠤ ᠰᠠᠨᠠᠯ︾ ︵ᠲᠥᠷᠥ ᠲᠠᠷᠬᠠᠭᠠᠭᠰᠠᠨ |
﹇2019﹈ 18 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠤᠰᠤᠨ ᠠᠰᠢᠭᠯᠠᠯᠲᠠ ᠶᠢᠨ ᠠᠵᠢᠯ |
ᠲᠥᠷᠥᠯ ᠳᠤ ᠬᠢᠨᠠᠯᠲᠠ ᠲᠠᠯᠪᠢᠬᠤ ᠠᠵᠢᠯ ᠢ ᠦᠨᠡᠨ ᠬᠦ ᠰᠠᠶᠢᠲᠤᠷ ᠬᠢᠵᠦ᠂ ᠤᠰᠤᠨ ᠠᠰᠢᠭᠯᠠᠯᠲᠠ ᠶᠢᠨ ᠠᠵᠢᠯ |
ᠲᠥᠷᠥᠯ ᠳᠤ ᠬᠢᠨᠠᠯᠲᠠ ᠲᠠᠯᠪᠢᠬᠤ ᠴᠢᠳᠠᠪᠤᠷᠢ ᠶᠢᠨ ᠪᠠᠶᠢᠭᠤᠯᠤᠯᠲᠠ ᠶᠢ ᠳᠡᠭᠡᠭᠰᠢᠯᠡᠭᠦᠯᠦᠨ᠂ ᠤᠰᠤᠨ ᠠᠰᠢᠭᠯᠠᠯᠲᠠ ᠶᠢᠨ |
ᠠᠵᠢᠯ ᠲᠥᠷᠥᠯ ᠳᠤ ᠬᠢᠨᠠᠯᠲᠠ ᠲᠠᠯᠪᠢᠬᠤ ᠪᠦᠷᠢᠨ ᠲᠡᠭᠦᠯᠳᠡᠷ ᠰᠢᠰᠲ᠋ᠧᠮᠵᠢ ᠶᠢ ᠪᠠᠶᠢᠭᠤᠯᠵᠤ᠂ ᠤᠰᠤᠨ |
ᠠᠰᠢᠭᠯᠠᠯᠲᠠ ᠶᠢᠨ ᠠᠵᠢᠯ ᠲᠥᠷᠥᠯ ᠳᠤ ᠬᠢᠨᠠᠯᠲᠠ ᠲᠠᠯᠪᠢᠬᠤ ᠡᠭᠦᠷᠭᠡ ᠬᠠᠷᠢᠭᠤᠴᠠᠯᠭ᠎ᠠ ᠶᠢ ᠬᠦᠢᠴᠡᠳᠭᠡᠬᠦ ᠶᠢᠨ |
ᠲᠦᠯᠦᠭᠡ᠂ ᠳᠣᠣᠷᠠᠬᠢ ᠮᠡᠲᠦ ᠰᠠᠨᠠᠯ ᠢ ᠳᠤᠷᠠᠳᠪᠠ᠃ |
|
ᠨᠢᠭᠡ᠂ ᠶᠡᠷᠦᠩᠬᠡᠶ ᠱᠠᠭᠠᠷᠳᠠᠯᠭ᠎ᠠ |
|
︵ᠨᠢᠭᠡ︶ ᠵᠢᠯᠣᠭᠤᠳᠬᠤ ᠦᠵᠡᠯ ᠰᠠᠨᠠᠭ᠎ᠠ |
|
ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ |
ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠰᠢ ᠶᠢᠨ ᠫᠢᠩ ᠶᠡᠷᠦᠩᠬᠡᠶ ᠱᠦᠵᠢ ᠶᠢᠨ ᠤᠰᠤ ᠵᠠᠰᠠᠬᠤ |
ᠠᠵᠢᠯ ᠤᠨ ᠲᠤᠬᠠᠶ ᠴᠢᠬᠤᠯᠠ ᠥᠭᠦᠯᠡᠯᠲᠡ ᠪᠣᠯᠤᠨ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ |
ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠠᠷᠠᠳ ᠤᠨ ᠠᠵᠤ ᠠᠬᠤᠶ ᠪᠣᠯᠤᠨ ᠨᠡᠶᠢᠭᠡᠮ ᠤᠨ |
ᠬᠥᠭᠵᠢᠯᠲᠡ ᠶᠢᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠪᠣᠯᠤᠨ 2035 ᠣᠨ ᠤ |
ᠠᠯᠤᠰ ᠤᠨ ᠬᠠᠷᠠᠯᠲᠠ ᠠᠴᠠ ᠪᠣᠳᠣᠯᠬᠢᠯᠠᠨ᠂ ᠤᠰᠤᠨ ᠠᠰᠢᠭᠯᠠᠯᠲᠠ ᠶᠢᠨ ᠥᠭᠡᠷᠡᠴᠢᠯᠡᠯᠲᠡ ᠶᠢ ᠪᠥᠬᠦ ᠲᠠᠯ᠎ᠠ ᠪᠠᠷ |
ᠭᠦᠨᠵᠡᠭᠡᠶᠢᠷᠡᠭᠦᠯᠬᠦ ᠰᠢᠢᠳᠪᠤᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠢᠳᠡᠪᠬᠢᠲᠡᠶ ᠦᠢᠯᠡᠳᠦᠯᠭᠡᠵᠢᠬᠦᠯᠵᠦ᠂ |
ᠤᠰᠤᠨ ᠤ ᠬᠠᠤᠯᠢ ᠴᠠᠭᠠᠵᠠ ᠬᠠᠤᠯᠢ ᠲᠣᠭᠲᠠᠭᠠᠯ ᠢ ᠲᠤᠭᠤᠰᠢᠯᠠᠭᠤᠯᠤᠨ ᠬᠡᠷᠡᠭᠵᠢᠭᠦᠯᠦᠭᠰᠡᠨ ᠪᠠ ᠤᠰᠤᠨ |
ᠠᠰᠢᠭᠯᠠᠯᠲᠠ ᠶᠢᠨ ᠰᠠᠯᠠᠭ᠎ᠠ ᠮᠥᠴᠢᠷ ᠤᠨ ᠬᠠᠤᠯᠢ ᠪᠠᠷ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠪᠠᠨ |
ᠬᠦᠢᠴᠡᠳᠭᠡᠭᠰᠡᠨ ᠪᠠᠶᠢᠳᠠᠯ ᠳᠤ ᠠᠩᠬᠠᠷᠤᠯ ᠢᠶᠠᠨ ᠲᠥᠪᠯᠡᠷᠡᠭᠦᠯᠦᠨ᠂ ᠬᠢᠨᠠᠯᠲᠠ ᠲᠠᠯᠪᠢᠬᠤ ᠠᠵᠢᠯ ᠤᠨ ᠬᠠᠷᠠᠯᠲᠠ ᠪᠠᠨ |
ᠲᠣᠳᠣᠷᠬᠠᠶᠢᠯᠠᠵᠤ᠂ ᠬᠢᠨᠠᠯᠲᠠ ᠲᠠᠯᠪᠢᠬᠤ ᠠᠵᠢᠯ ᠤᠨ ᠰᠡᠳᠬᠢᠮᠵᠢ ᠪᠠᠨ ᠰᠢᠨ᠎ᠡ ᠪᠠᠷ ᠡᠭᠦᠳᠴᠦ᠂ ᠬᠢᠨᠠᠯᠲᠠ ᠲᠠᠯᠪᠢᠬᠤ |
ᠠᠵᠢᠯ ᠤᠨ ᠬᠦᠴᠦᠨ ᠴᠢᠳᠠᠪᠤᠷᠢ ᠪᠠᠨ ᠳᠡᠭᠡᠭᠰᠢᠯᠡᠭᠦᠯᠦᠨ᠂ ᠰᠢᠨ᠎ᠡ ᠱᠠᠲᠤ ᠦᠶ᠎ᠡ ᠶᠢᠨ ᠤᠰᠤᠨ ᠠᠰᠢᠭᠯᠠᠯᠲᠠ ᠶᠢᠨ |
ᠴᠢᠨᠠᠷ ᠰᠠᠶᠢᠲᠠᠶ ᠬᠥᠭᠵᠢᠯᠲᠡ ᠶᠢ ᠲᠦᠷᠭᠡᠳᠬᠡᠨ ᠠᠬᠢᠭᠤᠯᠤᠨ᠎ᠠ᠃ |
|
︵ᠬᠤᠶᠠᠷ︶ ᠦᠨᠳᠦᠰᠦᠨ ᠵᠠᠷᠴᠢᠮ |
|
— ᠬᠠᠤᠯᠢ ᠶᠣᠰᠣᠭᠠᠷ ᠬᠢᠨᠠᠯᠲᠠ ᠲᠠᠯᠪᠢᠬᠤ ᠶᠢ ᠪᠠᠷᠢᠮᠲᠠᠯᠠᠨ᠎ᠠ᠃ ᠬᠢᠨᠠᠯᠲᠠ ᠲᠠᠯᠪᠢᠬᠤ ᠠᠵᠢᠯ ᠨᠢ ᠬᠠᠤᠯᠢ |
ᠴᠠᠭᠠᠵᠠ ᠬᠠᠤᠯᠢ ᠲᠣᠭᠲᠠᠭᠠᠯ ᠤᠨ ᠡᠷᠬᠡ ᠣᠯᠭᠤᠯᠲᠠ ᠪᠠ ᠰᠠᠯᠠᠭ᠎ᠠ ᠮᠥᠴᠢᠷ ᠤᠨ ︽ᠭᠤᠷᠪᠠ ᠶᠢ ᠲᠣᠭᠲᠠᠭᠠᠬᠤ︾ |
ᠲᠣᠭᠲᠠᠭᠠᠯ ᠶᠣᠰᠣᠭᠠᠷ ᠬᠢᠨᠠᠯᠲᠠ ᠲᠠᠯᠪᠢᠬᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠨ᠎ᠡ᠃ |
|
— ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠶᠢ ᠪᠠᠷᠢᠮᠲᠠᠯᠠᠨ᠎ᠠ᠃ ᠬᠢᠨᠠᠯᠲᠠ ᠲᠠᠯᠪᠢᠬᠤ ᠠᠵᠢᠯ ᠢ |
ᠥᠷᠨᠢᠭᠦᠯᠬᠦ ᠳᠤ ᠨᠢᠭᠡᠳᠦᠯᠲᠡᠶ ᠲᠥᠯᠥᠪᠯᠡᠨ ᠵᠣᠬᠢᠴᠠᠭᠤᠯᠬᠤ᠂ ᠱᠠᠳᠤ ᠬᠤᠪᠢᠶᠠᠨ ᠬᠠᠷᠢᠭᠤᠴᠠᠬᠤ᠂ ᠱᠠᠳᠤ ᠱᠠᠳᠤ ᠪᠠᠷ |
ᠬᠠᠷᠢᠭᠤᠴᠠᠯᠭ᠎ᠠ ᠲᠠᠢ ᠪᠠᠶᠢᠬᠤ᠂ ᠲᠤᠰ ᠲᠤᠰ ᠤᠨ ᠬᠠᠷᠢᠭᠤᠴᠠᠯᠭ᠎ᠠ ᠪᠠᠨ ᠭᠦᠢᠴᠡᠳᠬᠡᠬᠦ ᠶᠢ ᠪᠠᠷᠢᠮᠲᠠᠯᠠᠨ᠎ᠠ᠃ |
|
— ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠎ᠠ᠃ ᠠᠰᠠᠭᠤᠳᠠᠯ ᠢᠶᠠᠷ ᠤᠳᠤᠷᠢᠳᠤᠮᠵᠢ |
ᠪᠣᠯᠭᠠᠬᠤ᠂ ᠴᠡᠭᠴᠡᠯᠡᠨ ᠰᠠᠶᠢᠵᠢᠷᠠᠭᠤᠯᠬᠤ ᠪᠠᠷ ᠬᠠᠷᠠᠯᠲᠠ ᠪᠣᠯᠭᠠᠬᠤ᠂ ᠬᠠᠷᠢᠭᠤᠴᠠᠯᠭ᠎ᠠ ᠨᠡᠬᠡᠮᠵᠢᠯᠡᠬᠦ ᠪᠠᠷ ᠭᠠᠷᠳᠠᠴᠠ |
ᠪᠣᠯᠭᠠᠬᠤ ᠶᠢ ᠪᠠᠷᠢᠮᠲᠠᠯᠠᠵᠤ᠂ ᠲᠣᠳᠣᠷᠬᠠᠢ ᠬᠠᠭᠤᠳᠠᠰᠤ ᠶᠢᠨ ᠮᠠᠶ᠋ᠢᠭ ᠤᠨ ᠬᠠᠮᠢᠶᠠᠷᠤᠯᠲᠠ ᠶᠢ ᠬᠡᠷᠡᠭᠵᠢᠭᠦᠯᠦᠨ᠎ᠡ᠃ |
|
— ᠰᠢᠨ᠎ᠡ ᠶᠢ ᠡᠭᠦᠳᠬᠦ ᠪᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠨ᠎ᠠ᠃ ᠤᠳᠤ ᠦᠶ᠎ᠡ ᠶᠢᠨ ᠰᠢᠨᠵᠢᠯᠡᠬᠦ |
ᠤᠬᠠᠭᠠᠨ ᠮᠡᠷᠭᠡᠵᠢᠯ ᠤᠨ ᠠᠷᠭ᠎ᠠ ᠪᠠᠷᠢᠯ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠬᠢᠨᠠᠯᠲᠠ ᠲᠠᠯᠪᠢᠬᠤ ᠠᠷᠭ᠎ᠠ |
ᠮᠠᠶ᠋ᠢᠭ ᠪᠠ ᠠᠷᠭ᠎ᠠ ᠪᠠᠷᠢᠯ ᠤᠨ ᠲᠠᠯ᠎ᠠ ᠪᠠᠷ ᠰᠢᠨ᠎ᠡ ᠶᠢ ᠡᠭᠦᠳᠬᠦ ᠶᠢ ᠲᠦᠯᠬᠢᠨ ᠠᠬᠢᠭᠤᠯᠵᠤ᠂ ᠬᠢᠨᠠᠯᠲᠠ ᠲᠠᠯᠪᠢᠬᠤ |
ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠦᠨ᠎ᠡ᠃ |
︵ᠭᠤᠷᠪᠠ︶ ᠭᠤᠣᠯ ᠬᠠᠷᠠᠯᠲᠠ |
|
2022 ᠣᠨ ᠳᠤ᠂ ᠤᠰᠤᠨ ᠠᠰᠢᠭᠯᠠᠯᠲᠠ ᠶᠢᠨ ᠠᠵᠢᠯ ᠲᠥᠷᠥᠯ ᠤᠨ ᠬᠢᠨᠠᠯᠲᠠ ᠲᠠᠯᠪᠢᠬᠤ ᠠᠵᠢᠯ ᠤᠨ |
ᠪᠠᠶᠢᠭᠤᠯᠤᠯ ᠲᠣᠭᠲᠠᠴᠠ ᠪᠠ ᠲᠦᠷᠢᠮ ᠠᠷᠭ᠎ᠠ ᠬᠡᠮᠵᠢᠶ᠎ᠡ ᠶᠢ ᠠᠩᠬ᠎ᠠ ᠠᠯᠬᠤᠮ ᠲᠡᠭᠦᠯᠳᠡᠷᠵᠢᠭᠦᠯᠵᠦ᠂ ᠪᠥᠬᠦ ᠲᠠᠯ᠎ᠠ ᠶᠢ |
ᠬᠠᠮᠤᠷᠤᠭᠰᠠᠨ᠂ ᠳᠡᠭᠡᠭᠰᠢ ᠳᠣᠷᠣᠭᠰᠢ ᠨᠡᠪᠲᠡᠷᠡᠭᠰᠡᠨ ᠤᠰᠤᠨ ᠠᠰᠢᠭᠯᠠᠯᠲᠠ ᠶᠢᠨ ᠠᠵᠢᠯ ᠲᠥᠷᠥᠯ ᠤᠨ ᠬᠢᠨᠠᠯᠲᠠ |
ᠲᠠᠯᠪᠢᠬᠤ ᠰᠢᠰᠲ᠋ᠧᠮᠵᠢ ᠶᠢ ᠦᠨᠳᠦᠰᠦᠨ ᠳᠡᠭᠡᠨ ᠪᠠᠶᠢᠭᠤᠯᠤᠨ᠎ᠠ᠃ |
|
2025 ᠣᠨ ᠳᠤ᠂ ᠤᠰᠤᠨ ᠠᠰᠢᠭᠯᠠᠯᠲᠠ ᠶᠢᠨ ᠠᠵᠢᠯ ᠲᠥᠷᠥᠯ ᠤᠨ ᠬᠢᠨᠠᠯᠲᠠ ᠲᠠᠯᠪᠢᠯᠲᠠ ᠶᠢ |
ᠪᠠᠶᠢᠩᠭᠤᠵᠢᠭᠤᠯᠬᠤ᠂ ᠵᠢᠷᠤᠮᠵᠢᠭᠤᠯᠬᠤ ᠪᠠ ᠲᠤᠰᠬᠠᠶᠢᠵᠢᠭᠤᠯᠬᠤ ᠶᠢ ᠦᠨᠳᠦᠰᠦᠨ ᠳᠡᠭᠡᠨ ᠪᠡᠶᠡᠯᠡᠭᠦᠯᠦᠨ᠎ᠡ᠃ |
|
2035 ᠣᠨ ᠳᠤ᠂ ᠤᠰᠤᠨ ᠠᠰᠢᠭᠯᠠᠯᠲᠠ ᠶᠢᠨ ᠠᠵᠢᠯ ᠲᠦᠷᠦᠯ ᠤᠨ ᠬᠢᠨᠠᠯᠲᠠ ᠲᠠᠯᠪᠢᠬᠤ ᠰᠢᠰᠲ᠋ᠧᠮ ᠪᠣᠯᠤᠨ |
ᠬᠢᠨᠠᠯᠲᠠ ᠲᠠᠯᠪᠢᠬᠤ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠣᠳᠣᠬᠢᠴᠢᠯᠠᠭᠰᠠᠨ ᠬᠢᠨᠠᠯᠲᠠ ᠲᠠᠯᠪᠢᠬᠤ |
ᠠᠷᠭ᠎ᠠ ᠪᠠᠷᠢᠯ ᠢ ᠪᠦᠬᠦ ᠲᠠᠯ᠎ᠠ ᠪᠠᠷ ᠬᠡᠷᠡᠭᠯᠡᠭᠡᠨ ᠳᠤ ᠤᠷᠤᠭᠤᠯᠤᠨ᠎ᠠ᠃ |
|
ᠬᠤᠶᠠᠷ᠂ ᠬᠢᠨᠠᠯᠲᠠ ᠲᠠᠯᠪᠢᠬᠤ ᠲᠦᠷᠢᠮ ᠤᠨ ᠰᠢᠰᠲ᠋ᠧᠮ ᠢ ᠪᠠᠶᠢᠭᠤᠯᠤᠨ᠎ᠠ |
|
︵ᠲᠦᠷᠪᠡ︶ ᠬᠢᠨᠠᠯᠲᠠ ᠲᠠᠯᠪᠢᠬᠤ ᠠᠵᠢᠯ ᠤᠨ ᠲᠣᠭᠲᠠᠭᠠᠯ ᠢ ᠲᠣᠭᠲᠠᠭᠠᠨ᠎ᠠ |
|
ᠬᠢᠨᠠᠯᠲᠠ ᠲᠠᠯᠪᠢᠬᠤ ᠠᠵᠢᠯ ᠤᠨ ᠲᠣᠭᠲᠠᠭᠠᠯ ᠳᠤ ᠬᠢᠨᠠᠯᠲᠠ ᠲᠠᠯᠪᠢᠬᠤ ᠬᠦᠷᠢᠶ᠎ᠡ ᠬᠡᠪᠴᠢᠶ᠎ᠡ᠂ ᠬᠢᠨᠠᠯᠲᠠ ᠲᠠᠯᠪᠢᠬᠤ |
ᠵᠤᠶᠢᠯᠡᠰ᠂ ᠵᠢᠷᠤᠮ ᠤᠨ ᠲᠦᠷᠢᠮ᠂ ᠡᠷᠬᠡ ᠮᠡᠳᠡᠯ ᠤᠨ ᠬᠠᠷᠢᠭᠤᠴᠠᠯᠭ᠎ᠠ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ |
ᠱᠠᠭᠠᠷᠳᠠᠯᠭ᠎ᠠ ᠵᠢᠴᠢ ᠬᠠᠷᠢᠭᠤᠴᠠᠯᠭ᠎ᠠ ᠨᠡᠬᠡᠮᠵᠢᠯᠡᠬᠦ ᠲᠣᠭᠲᠠᠴᠠ ᠶᠢ ᠲᠣᠳᠣᠷᠬᠠᠶᠢᠯᠠᠵᠤ᠂ ᠵᠠᠩᠭᠢᠯᠠᠭ᠎ᠠ ᠶᠢᠨ |
ᠭᠤᠭᠴᠤᠭ᠎ᠠ ᠶᠢ ᠲᠣᠪᠤᠶᠢᠮ᠎ᠠ ᠰᠠᠶᠢᠲᠤᠷ ᠠᠳᠬᠤᠵᠤ᠂ ᠤᠰᠤᠨ ᠠᠰᠢᠭᠯᠠᠯᠲᠠ ᠶᠢᠨ ᠠᠵᠢᠯ ᠲᠥᠷᠥᠯ ᠤᠨ ᠬᠢᠨᠠᠯᠲᠠ |
ᠲᠠᠯᠪᠢᠬᠤ ᠠᠵᠢᠯᠯᠠᠭ᠎ᠠ ᠶᠢ ᠵᠢᠷᠤᠮᠵᠢᠭᠤᠯᠬᠤ ᠬᠡᠷᠡᠭᠲᠡᠶ᠃ |
|
︵ᠲᠠᠪᠤ︶ ᠲᠤᠰᠬᠠᠶ ᠮᠡᠷᠭᠡᠵᠢᠯ ᠤᠨ ᠬᠢᠨᠠᠯᠲᠠ ᠲᠠᠯᠪᠢᠵᠤ ᠪᠠᠶᠢᠴᠠᠭᠠᠬᠤ ᠠᠷᠭ᠎ᠠ ᠶᠢ ᠲᠤᠭᠳᠠᠭᠠᠨ᠎ᠠ |
|
ᠲᠤᠰᠬᠠᠶ ᠮᠡᠷᠭᠡᠵᠢᠯ ᠤᠨ ᠬᠢᠨᠠᠯᠲᠠ ᠲᠠᠯᠪᠢᠵᠤ ᠪᠠᠶᠢᠴᠠᠭᠠᠬᠤ ᠠᠷᠭ᠎ᠠ ᠳᠤ ᠪᠠᠶᠢᠴᠠᠭᠠᠬᠤ ᠬᠠᠷᠢᠭᠤᠴᠠᠯᠭ᠎ᠠ ᠶᠢᠨ |
ᠭᠤᠤᠯ ᠴᠣᠭᠴᠠ᠂ ᠡᠭᠦᠷᠭᠡ ᠬᠠᠷᠢᠭᠤᠴᠠᠯᠭ᠎ᠠ ᠶᠢᠨ ᠬᠡᠪᠴᠢᠶ᠎ᠡ᠂ ᠠᠰᠠᠭᠤᠳᠠᠯ ᠢ ᠲᠥᠷᠥᠯ ᠬᠤᠪᠢᠶᠠᠬᠤ᠂ ᠠᠰᠠᠭᠤᠳᠠᠯ ᠢ |
ᠮᠠᠭᠠᠳᠯᠠᠨ ᠲᠣᠭᠲᠠᠭᠠᠬᠤ ᠵᠢᠴᠢ ᠬᠠᠷᠢᠭᠤᠴᠠᠯᠭ᠎ᠠ ᠨᠡᠬᠡᠮᠵᠢᠯᠡᠬᠦ ᠪᠠᠷᠢᠮᠵᠢᠶ᠎ᠠ᠂ ᠲᠠᠰ ᠳᠠᠪᠬᠤᠷᠭ᠎ᠠ᠂ ᠠᠷᠭ᠎ᠠ ᠮᠠᠶ᠋ᠢᠭ᠂ |
ᠵᠢᠷᠤᠮ ᠵᠡᠷᠭᠡ ᠶᠢ ᠲᠣᠳᠣᠷᠬᠠᠶᠢᠯᠠᠵᠤ᠂ ᠡᠯ᠎ᠡ ᠲᠤᠰᠬᠠᠶ ᠮᠡᠷᠭᠡᠵᠢᠯ ᠤᠨ ᠬᠦᠷᠢᠶ᠎ᠡ ᠴᠠᠷᠠᠭ᠎ᠠ ᠶᠢᠨ ᠠᠰᠠᠭᠤᠳᠠᠯ ᠢ ᠲᠥᠷᠥᠯ |
ᠬᠤᠪᠢᠶᠠᠬᠤ ᠪᠠᠷᠢᠮᠵᠢᠶ᠎ᠠ ᠶᠢ ᠪᠣᠶ ᠪᠣᠯᠭᠠᠵᠤ᠂ ᠬᠢᠨᠠᠯᠲᠠ ᠲᠠᠯᠪᠢᠵᠤ ᠪᠠᠶᠢᠴᠠᠭᠠᠬᠤ ᠡᠯ᠎ᠡ ᠭᠤᠭᠴᠤᠭ᠎ᠠ ᠶᠢ ᠪᠦᠲᠦᠮᠵᠢᠲᠡᠶ |
ᠵᠣᠯᠭᠠᠭᠤᠯᠬᠤ ᠪᠠ ᠪᠢᠲᠡᠭᠦᠦ ᠴᠠᠭᠠᠷᠢᠭ ᠢᠶᠠᠷ ᠬᠠᠮᠢᠶᠠᠷᠬᠤ ᠶᠢ ᠪᠡᠶᠡᠯᠡᠭᠦᠯᠬᠦ ᠬᠡᠷᠡᠭᠲᠡᠶ᠃ |
|
︵ᠵᠢᠷᠭᠤᠭ᠎ᠠ︶ ᠬᠢᠨᠠᠯᠲᠠ ᠲᠠᠯᠪᠢᠬᠤ ᠡᠩᠨᠡᠭᠡ ᠶᠢᠨ ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠨ᠎ᠠ |
|
ᠬᠢᠨᠠᠯᠲᠠ ᠲᠠᠯᠪᠢᠬᠤ ᠡᠩᠨᠡᠭᠡᠨ ᠤ ᠬᠠᠮᠢᠶᠠᠷᠤᠯᠲᠠ ᠶᠢᠨ ᠠᠷᠭ᠎ᠠ ᠳᠤ ᠬᠢᠨᠠᠯᠲᠠ ᠲᠠᠯᠪᠢᠬᠤ ᠡᠩᠨᠡᠭᠡᠨ ᠤ ᠠᠵᠢᠯ ᠤᠨ |
ᠡᠭᠦᠷᠭᠡ ᠬᠠᠷᠢᠭᠤᠴᠠᠯᠭ᠎ᠠ᠂ ᠠᠵᠢᠯ ᠤᠨ ᠱᠠᠭᠠᠷᠳᠠᠯᠭ᠎ᠠ ᠪᠣᠯᠤᠨ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ |
ᠲᠣᠳᠣᠷᠬᠠᠶᠢᠯᠠᠵᠤ᠂ ᠤᠰᠤᠨ ᠠᠰᠢᠭᠯᠠᠯᠲᠠ ᠶᠢᠨ ᠠᠵᠢᠯ ᠲᠥᠷᠥᠯ ᠤᠨ ᠬᠢᠨᠠᠯᠲᠠ ᠲᠠᠯᠪᠢᠬᠤ ᠠᠵᠢᠯᠲᠠᠳ ᠤᠨ |
ᠰᠠᠬᠢᠯᠭ᠎ᠠ ᠪᠠᠲᠤ ᠶᠢᠨ ᠱᠠᠭᠠᠷᠳᠠᠯᠭ᠎ᠠ ᠶᠢ ᠳᠤᠷᠠᠳᠴᠤ᠂ ᠤᠰᠤᠨ ᠠᠰᠢᠭᠯᠠᠯᠲᠠ ᠶᠢᠨ ᠠᠵᠢᠯ ᠲᠥᠷᠥᠯ ᠤᠨ ᠬᠢᠨᠠᠯᠲᠠ |
ᠲᠠᠯᠪᠢᠬᠤ ᠳᠠᠭᠠᠨ ᠦᠨᠡᠨᠴᠢ ᠰᠢᠳᠤᠷᠭᠤ᠂ ᠲᠤᠰᠬᠠᠶ ᠮᠡᠷᠭᠡᠵᠢᠯ ᠲᠠᠢ᠂ ᠲᠥᠪ ᠭᠤᠣᠯᠴᠢ᠂ ᠥᠨᠳᠥᠷ ᠦᠷ᠎ᠡ |
ᠠᠰᠢᠭ ᠲᠠᠢ᠂ ᠠᠷᠢᠭᠤᠨ ᠴᠢᠬᠡᠴᠢ ᠡᠩᠨᠡᠭᠡ ᠶᠢ ᠪᠠᠶᠢᠭᠤᠯᠬᠤ ᠬᠡᠷᠡᠭᠲᠡᠶ᠃ |
|
ᠭᠤᠷᠪᠠ᠂ ᠬᠢᠨᠠᠯᠲᠠ ᠲᠠᠯᠪᠢᠬᠤ ᠠᠵᠢᠯ ᠤᠨ ᠪᠠᠶᠢᠭᠤᠯᠤᠯ ᠢ ᠲᠡᠭᠦᠯᠳᠡᠷᠵᠢᠭᠦᠯᠦᠨ᠎ᠡ |
|
︵ᠲᠤᠯᠤᠭ᠎ᠠ︶ ᠶᠡᠷᠦᠩᠬᠡᠶᠢᠯᠡᠭᠰᠡᠨ ᠬᠢᠨᠠᠯᠲᠠ ᠲᠠᠯᠪᠢᠯᠲᠠ ᠶᠢ ᠪᠥᠷᠢᠨᠰᠢᠬᠦᠯᠥᠨ᠎ᠡ |
|
ᠶᠡᠷᠦᠩᠬᠡᠶᠢᠯᠡᠨ ᠬᠢᠨᠠᠯᠲᠠ ᠲᠠᠯᠪᠢᠬᠤ ᠨᠢ ᠨᠢᠭᠡᠳᠦᠯᠲᠡᠶ ᠲᠥᠯᠥᠪᠯᠡᠨ ᠵᠣᠬᠢᠴᠠᠭᠤᠯᠵᠤ ᠬᠢᠨᠠᠯᠲᠠ ᠲᠠᠯᠪᠢᠵᠤ |
ᠪᠠᠶᠢᠴᠠᠭᠠᠬᠤ ᠠᠵᠢᠯ ᠢ ᠬᠠᠷᠢᠭᠤᠴᠠᠨ᠎ᠠ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠣᠨ ᠤ |
ᠭᠤᠣᠯ ᠠᠵᠢᠯ ᠢᠶᠠᠷ ᠭᠤᠣᠯᠯᠠᠭᠤᠯᠤᠨ᠂ ᠬᠢᠨᠠᠯᠲᠠ ᠲᠠᠯᠪᠢᠬᠤ ᠬᠡᠷᠡᠭᠴᠡᠭᠡ ᠶᠢ ᠲᠣᠭᠲᠠᠭᠠᠵᠤ᠂ ᠣᠨ ᠤ ᠬᠢᠨᠠᠯᠲᠠ |
ᠲᠠᠯᠪᠢᠬᠤ ᠠᠵᠢᠯ ᠤᠨ ᠲᠥᠯᠥᠪᠯᠡᠭᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ |
ᠤᠰᠤᠨ ᠠᠰᠢᠭᠯᠠᠯᠲᠠ ᠶᠢᠨ ᠠᠵᠢᠯ ᠲᠥᠷᠥᠯ ᠤᠨ ᠬᠢᠨᠠᠯᠲᠠ ᠲᠠᠯᠪᠢᠬᠤ ᠲᠠᠪᠴᠠᠩ ᠢ ᠨᠢᠭᠡᠳᠦᠯᠲᠡᠶ ᠲᠥᠯᠥᠪᠯᠡᠨ |
ᠬᠡᠷᠡᠭᠯᠡᠵᠦ᠂ ᠡᠯ᠎ᠡ ᠲᠥᠷᠥᠯ ᠤᠨ ᠬᠢᠨᠠᠯᠲᠠ ᠲᠠᠯᠪᠢᠵᠤ ᠪᠠᠶᠢᠴᠠᠭᠠᠬᠤ ᠶᠢ ᠵᠣᠬᠢᠴᠠᠭᠤᠯᠤᠨ ᠬᠠᠷᠢᠯᠴᠠᠨ ᠬᠠᠮᠵᠢᠯᠴᠠᠨ |
ᠠᠵᠢᠯ ᠢᠶᠠᠨ ᠥᠷᠨᠢᠭᠦᠯᠦᠨ᠎ᠡ᠃ ᠡᠯ᠎ᠡ ᠵᠤᠶᠢᠯ ᠤᠨ ᠬᠢᠨᠠᠯᠲᠠ ᠲᠠᠯᠪᠢᠵᠤ ᠪᠠᠶᠢᠴᠠᠭᠠᠭᠰᠠᠨ ᠦᠷ᠎ᠡ ᠪᠦᠲᠦᠭᠡᠯ ᠢ |
ᠶᠡᠷᠦᠩᠬᠡᠶᠢᠯᠡᠨ ᠬᠤᠷᠢᠶᠠᠩᠭᠤᠶᠢᠯᠠᠵᠤ᠂ ᠬᠠᠷᠢᠭᠤᠴᠠᠯᠭ᠎ᠠ ᠨᠡᠬᠡᠮᠵᠢᠯᠡᠬᠦ ᠪᠠ ᠣᠨ ᠤ ᠬᠢᠨᠠᠯᠲᠠ ᠲᠠᠯᠪᠢᠬᠤ ᠠᠵᠢᠯ ᠤᠨ |
ᠠᠮᠵᠢᠯᠲᠠ ᠪᠦᠲᠦᠮᠵᠢ ᠶᠢᠨ ᠦᠨᠡᠯᠡᠯᠲᠡ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ |
|
︵ᠨᠠᠢᠮᠠ︶ ᠲᠤᠰᠬᠠᠶ ᠮᠡᠷᠭᠡᠵᠢᠯ ᠤᠨ ᠬᠢᠨᠠᠯᠲᠠ ᠲᠠᠯᠪᠢᠯᠲᠠ ᠶᠢ ᠲᠡᠬᠦᠯᠳᠡᠷᠵᠢᠬᠦᠯᠦᠨ᠎ᠡ |
|
ᠲᠤᠰᠬᠠᠶ ᠮᠡᠷᠭᠡᠵᠢᠯ ᠤᠨ ᠬᠢᠨᠠᠯᠲᠠ ᠨᠢ ᠲᠤᠰᠢᠶᠠᠯ ᠬᠠᠷᠢᠭᠤᠴᠠᠯᠭ᠎ᠠ ᠶᠢᠨ ᠬᠡᠪᠴᠢᠶᠡᠨ ᠳᠠᠬᠢ ᠬᠢᠨᠠᠯᠲᠠ ᠲᠠᠯᠪᠢᠬᠤ |
ᠠᠵᠢᠯ ᠢ ᠬᠠᠷᠢᠭᠤᠴᠠᠨ᠎ᠠ᠃ ᠲᠤᠰᠬᠠᠶ ᠮᠡᠷᠭᠡᠵᠢᠯ ᠤᠨ ᠬᠠᠮᠢᠶᠠᠷᠤᠯᠲᠠ ᠶᠢᠨ ᠠᠵᠢᠯ ᠤᠨ ᠱᠠᠭᠠᠷᠳᠠᠯᠭ᠎ᠠ ᠶᠣᠰᠣᠭᠠᠷ᠂ |
ᠲᠤᠰᠬᠠᠶ ᠮᠡᠷᠭᠡᠵᠢᠯ ᠤᠨ ᠬᠢᠨᠠᠯᠲᠠ ᠪᠠᠶᠢᠴᠠᠭᠠᠯᠲᠠ ᠶᠢᠨ ᠠᠷᠭ᠎ᠠ ᠶᠢ ᠲᠣᠭᠲᠠᠭᠠᠵᠤ᠂ ᠲᠤᠰᠬᠠᠶ ᠮᠡᠷᠭᠡᠵᠢᠯ ᠤᠨ ᠬᠢᠨᠠᠯᠲᠠ |
ᠪᠠᠶᠢᠴᠠᠭᠠᠯᠲᠠ ᠶᠢ ᠥᠷᠨᠢᠭᠦᠯᠦᠨ᠂ ᠬᠠᠷᠢᠭᠤᠴᠠᠯᠭᠠᠲᠤ ᠨᠢᠭᠡᠴᠢ ᠶᠢ ᠰᠢᠮᠳᠠᠭᠤᠯᠵᠤ ᠪᠠᠶᠢᠭᠠᠳ ᠠᠰᠠᠭᠤᠳᠠᠯ ᠢ ᠴᠡᠭᠴᠡᠯᠡᠨ |
ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠵᠤ᠂ ᠰᠤᠳᠤᠯᠤᠨ ᠮᠠᠭᠠᠳᠯᠠᠬᠤ ᠪᠠᠶᠢᠴᠠᠭᠠᠯᠲᠠ ᠳᠤ ᠢᠯᠡᠷᠡᠭᠦᠯᠦᠭᠰᠡᠨ |
ᠲᠦᠭᠡᠮᠡᠯ ᠴᠢᠨᠠᠷᠲᠠᠶ ᠪᠠ ᠵᠢᠮ᠎ᠡ ᠶᠣᠰᠣᠴᠢ ᠴᠢᠨᠠᠷᠲᠠᠶ ᠠᠰᠠᠭᠤᠳᠠᠯ ᠳᠤ ᠰᠢᠰᠲ᠋ᠧᠮ ᠲᠠᠢ ᠵᠠᠳᠠᠯᠤᠯᠲᠠ ᠬᠢᠵᠦ ᠰᠤᠳᠤᠯᠤᠨ |
ᠮᠠᠭᠠᠳᠯᠠᠵᠤ᠂ ᠵᠣᠬᠢᠬᠤ ᠠᠷᠭ᠎ᠠ ᠬᠡᠮᠵᠢᠶ᠎ᠡ ᠲᠣᠭᠲᠠᠭᠠᠨ᠂ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ |
|
|
︵ᠶᠢᠰᠦ︶ ᠲᠤᠰᠬᠠᠶ ᠵᠦᠢᠯ ᠢᠶᠠᠷ ᠬᠢᠨᠠᠯᠲᠠ ᠲᠠᠯᠪᠢᠬᠤ ᠶᠢ ᠬᠡᠷᠡᠭᠵᠢᠭᠦᠯᠦᠨ᠎ᠡ |
|
ᠲᠤᠰᠬᠠᠶ ᠬᠢᠨᠠᠯᠲᠠ ᠲᠠᠯᠪᠢᠯᠲᠠ ᠨᠢ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ |
ᠤᠳᠤᠷᠢᠳᠬᠤ ᠨᠥᠬᠦᠳ ᠤᠨ ᠵᠢᠭᠠᠪᠤᠷᠢ ᠴᠣᠬᠤᠯᠠᠪᠤᠷᠢ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ᠂ |
︽ᠪᠠᠴᠢᠮ ᠪᠡᠷᠬᠡ ᠠᠶᠤᠯᠲᠠᠶ ᠬᠦᠨᠳᠦ︾ ᠵᠤᠶᠢᠯᠡᠰ ᠲᠤ ᠬᠢᠨᠠᠯᠲᠠ ᠲᠠᠯᠪᠢᠵᠤ ᠪᠠᠶᠢᠴᠠᠭᠠᠬᠤ ᠵᠢᠴᠢ ᠴᠢᠬᠤᠯᠠ |
ᠢᠯᠡᠴᠢᠯᠡᠨ ᠮᠡᠳᠡᠭᠦᠯᠦᠯᠲᠡ ᠶᠢ ᠪᠠᠶᠢᠴᠠᠭᠠᠬᠤ ᠪᠠ ᠡᠳᠦᠷ ᠲᠤᠲᠤᠮ ᠤᠨ ᠬᠢᠨᠠᠯᠲᠠ ᠲᠠᠯᠪᠢᠯᠲᠠ ᠳᠤ ᠳᠠᠬᠢᠨ ᠬᠢᠨᠠᠯᠲᠠ |
ᠲᠠᠯᠪᠢᠬᠤ ᠶᠢ ᠬᠠᠷᠢᠭᠤᠴᠠᠨ ᠥᠷᠨᠢᠭᠦᠯᠦᠨ᠎ᠡ᠃ ᠶᠠᠮᠤᠨ ᠲᠣᠰ ᠱᠠᠲᠤᠨ ᠤ ᠬᠢᠨ ᠲᠤᠰᠬᠠᠶ ᠲᠤᠰᠢᠶᠠᠯ ᠤᠨ ᠬᠢᠨᠠᠯᠲᠠ |
ᠲᠠᠯᠪᠢᠬᠤ ᠡᠩᠨᠡᠭᠡ ᠶᠢ ᠪᠠᠶᠢᠭᠤᠯᠤᠨ ᠲᠤᠰᠬᠠᠶ ᠵᠤᠶᠢᠯ ᠤᠨ ᠬᠢᠨᠠᠯᠲᠠ ᠲᠠᠯᠪᠢᠬᠤ ᠶᠢ ᠥᠷᠨᠢᠭᠦᠯᠵᠦ᠂ ᠲᠤᠰᠬᠠᠶ |
ᠵᠤᠶᠢᠯ ᠤᠨ ᠬᠢᠨᠠᠯᠲᠠ ᠲᠠᠯᠪᠢᠬᠤ ᠳᠤ ᠨᠡᠶᠢᠭᠡᠮ ᠠᠴᠠ ᠦᠢᠯᠡᠴᠢᠯᠡᠭᠡ ᠬᠤᠳᠠᠯᠳᠤᠨ ᠠᠪᠬᠤ ᠠᠷᠭ᠎ᠠ ᠮᠠᠶ᠋ᠢᠭ ᠢᠶᠠᠷ |
ᠳᠠᠮᠵᠢᠭᠤᠯᠤᠨ᠂ ᠬᠠᠤᠯᠢ ᠶᠣᠰᠣᠭᠠᠷ ᠡᠭᠦᠷᠭᠡ ᠡᠭᠦᠷᠭᠡᠯᠡᠵᠦ ᠪᠣᠯᠤᠨ᠎ᠠ᠃ |
|
︵ᠠᠷᠪᠠ︶ ᠡᠳᠦᠷ ᠲᠤᠲᠤᠮ ᠤᠨ ᠬᠢᠨᠠᠯᠲᠠ ᠲᠠᠯᠪᠢᠯᠲᠠ ᠶᠢ ᠨᠠᠶᠢᠳᠠᠪᠤᠷᠢᠵᠢᠭᠤᠯᠤᠨ᠎ᠠ |
|
ᠡᠳᠦᠷ ᠲᠤᠲᠤᠮ ᠤᠨ ᠬᠢᠨᠠᠯᠲᠠ ᠲᠠᠯᠪᠢᠯᠲᠠ ᠨᠢ ᠣᠨ ᠤ ᠬᠢᠨᠠᠯᠲᠠ ᠪᠠᠶᠢᠴᠠᠭᠠᠯᠲᠠ ᠶᠢᠨ ᠠᠵᠢᠯ ᠤᠨ |
ᠲᠥᠯᠥᠪᠯᠡᠭᠡ ᠶᠢ ᠬᠡᠷᠡᠭᠵᠢᠭᠦᠯᠬᠦ ᠪᠠ ᠥᠷᠨᠢᠭᠦᠯᠬᠦ ᠶᠢ ᠬᠠᠷᠢᠭᠤᠴᠠᠨ᠎ᠠ᠃ ᠪᠠᠶᠢᠴᠠᠭᠠᠭᠰᠠᠨ ᠪᠠᠶᠢᠳᠠᠯ ᠢ ᠦᠨᠳᠦᠰᠦᠯᠡᠨ᠂ |
ᠪᠠᠶᠢᠴᠠᠭᠠᠯᠲᠠ ᠶᠢᠨ ᠮᠡᠳᠡᠭᠦᠯᠦᠯᠲᠡ ᠵᠣᠬᠢᠶᠠᠵᠤ᠂ ᠣᠷᠣᠰᠢᠵᠤ ᠪᠠᠶᠢᠭ᠎ᠠ ᠠᠰᠠᠭᠤᠳᠠᠯ ᠢ ᠵᠢᠭᠠᠨ ᠭᠠᠷᠭᠠᠬᠤ ᠶᠢᠨ ᠬᠠᠮᠲᠤ |
ᠠᠰᠠᠭᠤᠳᠠᠯ ᠢ ᠬᠤᠯᠪᠣᠭᠳᠠᠯ ᠪᠦᠬᠦᠢ ᠨᠢᠭᠡᠴᠢ ᠳᠤ ᠬᠠᠷᠢᠭᠤ ᠲᠤᠰᠬᠠᠵᠤ᠂ ᠲᠡᠭᠦᠨ ᠢ ᠰᠢᠪᠠᠳᠠᠵᠤ ᠪᠠᠶᠢᠭᠠᠳ |
ᠠᠰᠠᠭᠤᠳᠠᠯ ᠢ ᠴᠠᠭ ᠲᠤᠬᠠᠶ ᠳᠤᠨᠢ ᠰᠢᠢᠳᠪᠤᠷᠢᠯᠡᠬᠦᠯᠵᠦ᠂ ᠳᠠᠯᠳᠠ ᠭᠡᠮ ᠢ ᠠᠷᠢᠯᠭᠠᠨ᠂ ᠠᠶᠤᠯ ᠲᠦᠭᠰᠢᠭᠦᠷᠢ ᠶᠢ |
ᠰᠡᠷᠭᠡᠶᠢᠯᠡᠭᠦᠯᠦᠨᠡ᠃ ᠡᠯ᠎ᠡ ᠰᠠᠪᠠ ᠭᠠᠵᠠᠷ ᠤᠨ ᠬᠠᠮᠢᠶᠠᠷᠤᠯᠲᠠ ᠶᠢᠨ ᠪᠠᠶᠢᠭᠤᠯᠤᠮᠵᠢ ᠪᠣᠯᠤᠨ ᠬᠤᠲᠠ᠂ ᠰᠢᠶᠠᠨ ᠤ |
ᠡᠯ᠎ᠡ ᠱᠠᠲᠤᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ |
ᠤᠰᠤᠨ ᠠᠰᠢᠭᠯᠠᠯᠲᠠ ᠶᠢᠨ ᠶᠠᠮᠤᠨ ᠪᠣᠯᠤᠨ ᠮᠤᠵᠢ ᠶᠢᠨ ᠱᠠᠲᠤᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ |
ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠲᠣᠭᠲᠠᠭᠠᠭᠰᠠᠨ ᠣᠨ ᠤ ᠬᠢᠨᠠᠯᠲᠠ ᠲᠠᠯᠪᠢᠬᠤ ᠠᠵᠢᠯ ᠤᠨ |
ᠲᠥᠯᠥᠪᠯᠡᠭᠡ ᠶᠣᠰᠣᠭᠠᠷ᠂ ᠡᠳᠦᠷ ᠲᠤᠳᠤᠮ ᠤᠨ ᠬᠢᠨᠠᠯᠲᠠ ᠲᠠᠯᠪᠢᠬᠤ ᠠᠵᠢᠯ ᠢ ᠲᠤᠰ ᠲᠤᠰ ᠥᠷᠨᠢᠭᠦᠯᠦᠨ᠎ᠡ᠃ |
ᠲᠦᠷᠪᠡ᠂ ᠬᠢᠨᠠᠯᠲᠠ ᠲᠠᠯᠪᠢᠬᠤ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠦᠨ᠎ᠡ |
|
︵ᠠᠷᠪᠠᠨ ᠨᠢᠭᠡ︶ ᠨᠢᠭᠡᠳᠦᠯᠲᠡᠶ ᠲᠥᠯᠥᠪᠯᠡᠨ ᠵᠣᠬᠢᠴᠠᠭᠤᠯᠵᠤ ᠬᠢᠨᠠᠯᠲᠠ ᠲᠠᠯᠪᠢᠵᠤ ᠪᠠᠶᠢᠴᠠᠭᠠᠨ᠎ᠠ |
|
ᠶᠡᠷᠦᠩᠬᠡᠶᠢᠯᠡᠨ ᠬᠢᠨᠠᠯᠲᠠ ᠲᠠᠯᠪᠢᠬᠤ ᠰᠠᠯᠠᠭ᠎ᠠ ᠮᠥᠴᠢᠷ ᠤᠳ ᠨᠢᠭᠡᠳᠦᠯᠲᠡᠶ ᠲᠥᠯᠥᠪᠯᠡᠨ ᠵᠣᠬᠢᠴᠠᠭᠤᠯᠬᠤ |
ᠦᠢᠯᠡᠳᠦᠯ ᠢᠶᠠᠨ ᠪᠠᠳᠠᠷᠠᠭᠤᠯᠵᠤ᠂ ᠲᠤᠬᠠᠶᠢᠯᠠᠭᠰᠠᠨ ᠠᠵᠢᠯ ᠤᠨ ᠱᠠᠭᠠᠷᠳᠠᠯᠭ᠎ᠠ ᠪᠠ ᠪᠣᠳᠠᠲᠠᠶ ᠪᠠᠶᠢᠳᠠᠯ ᠢ ᠬᠦᠢᠴᠡᠳ |
ᠪᠣᠳᠣᠯᠬᠢᠯᠠᠨ᠂ ᠨᠢᠭᠡᠳᠦᠯᠲᠡᠶ ᠲᠥᠯᠥᠪᠯᠡᠨ ᠵᠢᠷᠤᠮᠵᠢᠭᠤᠯᠵᠤ ᠰᠢᠮᠳᠠᠭᠤᠯᠤᠨ ᠪᠠᠶᠢᠴᠠᠭᠠᠵᠤ ᠰᠢᠯᠭᠠᠨ ᠬᠢᠨᠠᠬᠤ |
ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠬᠢᠨᠠᠯᠲᠠ ᠲᠠᠯᠪᠢᠬᠤ ᠲᠥᠰᠦᠯ ᠪᠠ ᠬᠢᠨᠠᠯᠲᠠ ᠲᠠᠯᠪᠢᠬᠤ ᠡᠭᠦᠷᠭᠡ ᠶᠢ |
ᠡᠮᠬᠢᠯᠡᠨ ᠨᠡᠶᠢᠯᠡᠭᠦᠯᠵᠦ ᠰᠢᠯᠢᠳᠡᠭᠵᠢᠭᠦᠯᠦᠨ᠂ ᠬᠢᠨᠠᠯᠲᠠ ᠲᠠᠯᠪᠢᠬᠤ ᠬᠡᠪᠴᠢᠶ᠎ᠡ᠂ ᠬᠦᠷᠢᠶ᠎ᠡ᠂ ᠳᠠᠪᠲᠠᠮᠵᠢ ᠪᠠ ᠴᠠᠭ ᠤᠨ |
ᠬᠢᠵᠠᠭᠠᠷ ᠢ ᠴᠢᠩᠭ᠎ᠠ ᠡᠵᠡᠮᠳᠡᠵᠦ᠂ ᠦᠨᠳᠦᠰᠦᠨ ᠱᠠᠲᠤᠨ ᠤ ᠳᠠᠷᠤᠭᠠᠰᠤ ᠶᠢ ᠦᠨᠡᠨ ᠬᠦ ᠬᠥᠩᠭᠡᠷᠡᠭᠦᠯᠬᠦ ᠬᠡᠷᠡᠭᠲᠡᠶ᠃ |
ᠡᠯ᠎ᠡ ᠵᠦᠢᠯ ᠤᠨ ᠬᠢᠨᠠᠯᠲᠠ ᠲᠠᠯᠪᠢᠬᠤ ᠠᠵᠢᠯ ᠢ ᠵᠣᠬᠢᠴᠠᠭᠤᠯᠤᠨ ᠵᠣᠬᠢᠶᠠᠨ ᠪᠠᠶᠢᠭᠤᠯᠵᠤ᠂ ᠬᠢᠨᠠᠯᠲᠠ ᠲᠠᠯᠪᠢᠵᠤ ᠬᠠᠤᠯᠢ |
ᠬᠡᠷᠡᠭᠵᠢᠭᠦᠯᠬᠦ ᠶᠢᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠢᠳᠡᠪᠬᠢᠲᠡᠶ ᠪᠠᠷ ᠬᠠᠶᠢᠨ ᠰᠦᠪᠡᠭᠴᠢᠯᠡᠵᠦ᠂ |
ᠬᠠᠷᠢᠯᠴᠠᠨ ᠨᠥᠬᠦᠪᠥᠷᠢᠯᠡᠬᠦ ᠶᠢ ᠦᠨᠡᠨ ᠬᠦ ᠪᠠᠲᠤᠯᠠᠵᠤ᠂ ᠨᠡᠶᠢᠯᠡᠮᠡᠯ ᠬᠦᠴᠦᠨ ᠢ ᠪᠦᠷᠢᠯᠳᠦᠭᠦᠯᠦᠨ᠎ᠡ᠃ |
|
︵ᠠᠷᠪᠠᠨ ᠬᠤᠶᠠᠷ︶ ᠠᠵᠢᠯ ᠤᠨ ᠲᠥᠯᠥᠪᠯᠡᠭᠡ ᠪᠠᠷ ᠬᠥᠲᠥᠯᠦᠨ ᠳᠠᠭᠠᠭᠤᠯᠬᠤ ᠶᠢ ᠪᠠᠷᠢᠮᠲᠠᠯᠠᠨ᠎ᠠ |
|
ᠶᠡᠷᠦᠩᠬᠡᠶᠢᠯᠡᠨ ᠬᠢᠨᠠᠯᠲᠠ ᠲᠠᠯᠪᠢᠬᠤ ᠰᠠᠯᠠᠭ᠎ᠠ ᠮᠥᠴᠢᠷ ᠤᠳ ᠬᠢᠨᠠᠯᠲᠠ ᠲᠠᠯᠪᠢᠬᠤ ᠬᠡᠷᠡᠭᠴᠡᠭᠡ ᠱᠠᠭᠠᠷᠳᠠᠯᠭ᠎ᠠ ᠶᠢ |
ᠬᠤᠷᠢᠶᠠᠩᠭᠤᠶᠢᠯᠠᠨ ᠡᠮᠬᠢᠯᠡᠵᠦ᠂ ᠣᠨ ᠤ ᠬᠢᠨᠠᠯᠲᠠ ᠲᠠᠯᠪᠢᠬᠤ ᠭᠤᠤᠯᠳᠠᠯᠭ᠎ᠠ ᠶᠢ ᠦᠨᠳᠦᠰᠦᠯᠡᠨ᠂ ᠬᠢᠨᠠᠯᠲᠠ ᠲᠠᠯᠪᠢᠬᠤ |
ᠠᠵᠢᠯ ᠤᠨ ᠲᠥᠯᠥᠪᠯᠡᠭᠡ ᠲᠣᠭᠲᠠᠭᠠᠵᠤ᠂ ᠱᠠᠭᠠᠷᠳᠠᠯᠭ᠎ᠠ ᠶᠣᠰᠣᠭᠠᠷ ᠴᠢᠬᠤᠯᠠ ᠪᠥᠬᠦᠶ ᠬᠢᠨᠠᠨ ᠵᠥᠪᠰᠢᠶᠡᠷᠡᠬᠦ᠂ |
ᠮᠡᠳᠡᠭᠦᠯᠦᠨ ᠳᠠᠩᠰᠠᠯᠠᠭᠤᠯᠬᠤ ᠵᠢᠷᠤᠮ ᠢ ᠬᠦᠢᠴᠡᠳᠭᠡᠵᠦ᠂ ᠬᠢᠨᠠᠯᠲᠠ ᠲᠠᠯᠪᠢᠬᠤ ᠠᠵᠢᠯ ᠤᠨ ᠲᠣᠭᠲᠠᠭᠠᠯ ᠳᠤ ᠨᠡᠶᠢᠴᠡᠬᠦ |
ᠪᠦᠭᠡᠳ ᠡᠮᠬᠢ ᠵᠢᠷᠤᠮ ᠲᠠᠢ᠂ ᠥᠨᠳᠥᠷ ᠦᠷ᠎ᠡ ᠪᠦᠲᠦᠮᠵᠢᠲᠡᠶ ᠪᠠᠷ ᠥᠷᠨᠢᠬᠦ ᠶᠢ ᠦᠨᠡᠨ ᠬᠦ ᠪᠠᠲᠤᠯᠠᠬᠤ ᠬᠡᠷᠡᠭᠲᠡᠶ᠃ |
|
︵ᠠᠷᠪᠠᠨ ᠭᠤᠷᠪᠠ︶ ᠬᠢᠨᠠᠯᠲᠠ ᠲᠠᠯᠪᠢᠵᠤ ᠪᠠᠶᠢᠴᠠᠭᠠᠬᠤ ᠱᠠᠭᠠᠷᠳᠠᠯᠭ᠎ᠠ ᠶᠢ ᠴᠢᠩᠳᠠᠯᠠᠨ᠎ᠠ |
|
ᠬᠢᠨᠠᠯᠲᠠ ᠲᠠᠯᠪᠢᠵᠤ ᠪᠠᠶᠢᠴᠠᠭᠠᠬᠤ ᠳᠠᠭᠠᠨ ᠬᠠᠤᠯᠢ ᠲᠣᠭᠲᠠᠭᠠᠯ ᠢ ᠴᠢᠩᠭ᠎ᠠ ᠵᠢᠷᠤᠮᠯᠠᠨ ᠠᠵᠢᠯ ᠢᠶᠠᠨ ᠥᠷᠨᠢᠭᠦᠯᠵᠦ᠂ |
︽ᠴᠢᠩᠭ᠎ᠠ᠂ ᠪᠣᠳᠠᠲᠠᠶ᠂ ᠨᠠᠷᠢᠯᠢᠭ᠂ ᠬᠠᠲᠠᠭᠤ︾ ᠠᠵᠢᠯ ᠤᠨ ᠰᠤᠷᠲᠠᠯ ᠢ ᠪᠠᠳᠠᠷᠠᠭᠤᠯᠬᠤ ᠶᠢ ᠪᠠᠷᠢᠮᠲᠠᠯᠠᠨ᠂ |
ᠬᠢᠨᠠᠯᠲᠠ ᠲᠠᠯᠪᠢᠵᠤ ᠪᠠᠶᠢᠴᠠᠭᠠᠬᠤ ᠠᠷᠭ᠎ᠠ ᠮᠠᠶ᠋ᠢᠭ ᠢ ᠰᠢᠨᠵᠢᠯᠡᠬᠦ ᠤᠬᠠᠭᠠᠨᠴᠢ ᠪᠠᠷ ᠬᠡᠷᠡᠭᠯᠡᠵᠦ᠂ ︽ᠰᠦᠪᠡᠭᠴᠢ ᠶᠢ |
ᠬᠠᠷᠭᠤᠭᠤᠯᠤᠨ ᠪᠠᠶᠢᠴᠠᠭᠠᠬᠤ ᠬᠠᠤᠯᠢ︾ ᠪᠠ ︽ᠳᠥᠷᠪᠡᠨ ᠥᠬᠡᠶ ᠬᠤᠶᠠᠷ ᠰᠢᠯᠤᠭᠤᠨ︾ ᠳᠠᠯᠳᠠᠭᠤᠷ ᠪᠠᠶᠢᠴᠠᠭᠠᠵᠤ |
ᠳᠠᠯᠳᠠᠭᠤᠷ ᠰᠤᠷᠪᠤᠯᠵᠢᠯᠠᠬᠤ ᠠᠵᠢᠯ ᠤᠨ ᠠᠷᠭ᠎ᠠ ᠮᠠᠶ᠋ᠢᠭ ᠢ ᠶᠡᠬᠡᠪᠡᠷ ᠬᠡᠷᠡᠭᠵᠢᠭᠦᠯᠵᠦ᠂ ᠬᠢᠨᠠᠯᠲᠠ ᠲᠠᠯᠪᠢᠵᠤ |
ᠪᠠᠶᠢᠴᠠᠭᠠᠬᠤ ᠠᠵᠢᠯ ᠤᠨ ᠦᠷ᠎ᠡ ᠪᠦᠲᠦᠭᠡᠯ ᠤᠨ ᠨᠠᠶᠢᠳᠠᠪᠤᠷᠢᠲᠠᠶ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃ |
|
︵ᠠᠷᠪᠠᠨ ᠲᠥᠷᠪᠡ︶ ᠬᠢᠨᠠᠯᠲᠠ ᠲᠠᠯᠪᠢᠵᠤ ᠪᠠᠶᠢᠴᠠᠭᠠᠬᠤ ᠴᠤᠪᠤᠷᠠᠯ ᠢ ᠵᠢᠷᠤᠮᠵᠢᠭᠤᠯᠤᠨ᠎ᠠ |
|
ᠬᠢᠨᠠᠯᠲᠠ ᠲᠠᠯᠪᠢᠵᠤ ᠪᠠᠶᠢᠴᠠᠭᠠᠬᠤ ᠠᠵᠢᠯ ᠢ ︽ᠪᠠᠶᠢᠴᠠᠭᠠᠬᠤ᠂ ᠮᠡᠳᠡᠷᠡᠬᠦ᠂ ᠥᠭᠡᠷᠡᠴᠢᠯᠡᠬᠦ᠂ ᠲᠣᠷᠭᠠᠬᠤ︾ |
ᠠᠵᠢᠯ ᠤᠨ ᠴᠤᠪᠤᠷᠠᠯ ᠪᠠ ᠠᠰᠠᠭᠤᠳᠠᠯ ᠤᠨ ᠨᠠᠷᠢᠨ ᠬᠠᠭᠤᠳᠠᠰᠤ ᠶᠢ ᠴᠢᠩᠭ᠎ᠠ ᠵᠢᠷᠤᠮᠯᠠᠨ ᠥᠷᠨᠢᠭᠦᠯᠵᠦ᠂ |
ᠢᠯᠡᠷᠡᠭᠦᠯᠦᠭᠰᠡᠨ ᠠᠰᠠᠭᠤᠳᠠᠯ ᠢ ᠬᠠᠷᠭᠤᠭᠤᠯᠤᠨ ᠪᠠᠶᠢᠴᠠᠭᠠᠵᠤ ᠨᠤᠲᠠᠯᠠᠨ ᠲᠣᠭᠲᠠᠭᠠᠵᠤ᠂ ᠬᠠᠷᠢᠭᠤᠴᠠᠯᠭ᠎ᠠ ᠲᠠᠢ |
ᠨᠢᠭᠡᠴᠢ ᠶᠢ ᠰᠢᠮᠳᠠᠭᠤᠯᠵᠤ ᠪᠠᠶᠢᠭᠠᠳ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠴᠠᠭ ᠲᠤᠬᠠᠶ ᠳᠤᠨᠢ |
ᠨᠠᠶᠢᠳᠠᠪᠤᠷᠢᠵᠢᠭᠤᠯᠬᠤ ᠶᠢᠨ ᠬᠠᠮᠲᠤ ᠬᠠᠤᠯᠢ ᠲᠣᠭᠲᠠᠭᠠᠯ ᠶᠣᠰᠣᠭᠠᠷ ᠬᠠᠷᠢᠭᠤᠴᠠᠯᠭ᠎ᠠ ᠨᠡᠬᠡᠮᠵᠢᠯᠡᠬᠦ ᠰᠠᠨᠠᠯ ᠰᠠᠨᠠᠭᠤᠯᠭ᠎ᠠ |
ᠳᠤᠷᠠᠳᠤᠨ᠂ ᠬᠠᠷᠢᠭᠤᠴᠠᠯᠭ᠎ᠠ ᠲᠠᠢ ᠨᠢᠭᠡᠴᠢ ᠠᠴᠠ ᠬᠠᠷᠢᠭᠤᠴᠠᠯᠭ᠎ᠠ ᠨᠡᠬᠡᠮᠵᠢᠯᠡᠬᠦ ᠶᠢ ᠬᠡᠷᠡᠭᠵᠢᠭᠦᠯᠬᠦ ᠬᠡᠷᠡᠭᠲᠡᠶ᠃ |
|
︵ᠠᠷᠪᠠᠨ ᠲᠠᠪᠤ︶ ᠬᠢᠨᠠᠯᠲᠠ ᠲᠠᠯᠪᠢᠬᠤ ᠮᠡᠳᠡᠭᠡ ᠵᠠᠩᠭᠢ ᠶᠢᠨ ᠲᠠᠪᠴᠠᠩ ᠢ ᠪᠠᠶᠢᠭᠤᠯᠤᠨ᠎ᠠ |
|
ᠬᠢᠨᠠᠯᠲᠠ ᠲᠠᠯᠪᠢᠵᠤ ᠪᠠᠶᠢᠴᠠᠭᠠᠬᠤ ᠠᠵᠢᠯ ᠢ ᠬᠢᠨᠠᠯᠲᠠ ᠲᠠᠯᠪᠢᠬᠤ ᠮᠡᠳᠡᠭᠡ ᠵᠠᠩᠭᠢ ᠶᠢᠨ ᠲᠠᠪᠴᠠᠩ ᠢ ᠠᠰᠢᠭᠯᠠᠬᠤ |
ᠪᠠ ᠲᠡᠭᠦᠨ ᠳᠤ ᠲᠦᠰᠢᠭᠯᠡᠨ ᠥᠷᠨᠢᠭᠦᠯᠬᠦ ᠬᠡᠷᠡᠭᠲᠡᠶ᠃ ᠤᠰᠤᠨ ᠠᠰᠢᠭᠯᠠᠯᠲᠠ ᠶᠢᠨ ᠶᠠᠮᠤᠨ ᠪᠦᠬᠦ ᠤᠯᠤᠰ ᠤᠨ |
ᠬᠤᠯᠪᠣᠯᠳᠤᠨ ᠨᠡᠪᠲᠡᠷᠡᠯᠴᠡᠭᠰᠡᠨ ᠤᠶᠤᠨᠴᠢᠯᠠᠭᠰᠠᠨ ᠶᠡᠷᠦᠩᠬᠡᠶᠢᠯᠡᠭᠰᠡᠨ ᠬᠢᠨᠠᠯᠲᠠ ᠶᠢᠨ ᠲᠠᠪᠴᠠᠩ ᠢ ᠪᠠᠶᠢᠭᠤᠯᠵᠤ᠂ |
ᠲᠠᠪᠴᠠᠩ ᠤᠨ ᠠᠭᠤᠯᠵᠠᠷ ᠢ ᠨᠡᠭᠡᠭᠡᠵᠦ᠂ ᠶᠠᠮᠤᠨ ᠮᠤᠵᠢ ᠶᠢᠨ ᠬᠢᠨᠠᠯᠲᠠ ᠶᠢᠨ ᠲᠤᠭ᠎ᠠ ᠪᠠᠷᠢᠮᠲᠠ ᠶᠢ ᠪᠦᠲᠦᠮᠵᠢᠲᠡᠢ |
ᠵᠣᠯᠭᠠᠭᠤᠯᠬᠤ ᠪᠠ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ ᠶᠢ ᠪᠡᠶᠡᠯᠡᠭᠦᠯᠦᠨ᠎ᠡ᠃ |
|
ᠲᠠᠪᠤ᠂ ᠬᠢᠨᠠᠯᠲᠠ ᠲᠠᠯᠪᠢᠭᠰᠠᠨ ᠦᠷ᠎ᠡ ᠪᠦᠲᠦᠭᠡᠯ ᠤᠨ ᠬᠡᠷᠡᠭᠯᠡᠯᠲᠡ ᠶᠢ ᠴᠢᠩᠭᠠᠳᠬᠠᠨ᠎ᠠ |
|
︵ᠠᠷᠪᠠᠨ ᠵᠢᠷᠭᠤᠭ᠎ᠠ︶ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠤᠨ᠎ᠠ |
|
ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠳᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠨᠠᠷᠢᠨ |
ᠲᠠᠩᠰᠠ ᠶᠢᠨ ᠬᠡᠯᠪᠡᠷᠢ ᠶᠢᠨ ᠬᠠᠮᠢᠶᠠᠷᠤᠯᠲᠠ ᠶᠢ ᠬᠡᠷᠡᠭᠵᠢᠭᠦᠯᠦᠨ᠎ᠡ᠃ ᠠᠳᠠᠯᠢ ᠪᠤᠰᠤ ᠠᠰᠠᠭᠤᠳᠠᠯ ᠳᠤ ᠴᠢᠭᠯᠡᠭᠦᠯᠦᠨ᠂ |
ᠬᠠᠷᠢᠭᠤᠴᠠᠯᠭ᠎ᠠ ᠶᠢᠨ ᠭᠤᠤᠯ ᠴᠣᠭᠴᠠ ᠶᠢ ᠲᠣᠳᠣᠷᠬᠠᠶᠢᠯᠠᠵᠤ᠂ ᠠᠰᠠᠭᠤᠳᠠᠯ ᠤᠨ ᠨᠠᠷᠢᠨ ᠲᠠᠩᠰᠠ ᠶᠢ ᠴᠠᠭ |
ᠲᠤᠬᠠᠶ ᠳᠤᠨᠢ ᠪᠠᠭᠤᠯᠭᠠᠵᠤ᠂ ᠴᠡᠭᠴᠡᠯᠡᠨ ᠰᠠᠶᠢᠵᠢᠷᠠᠭᠤᠯᠬᠤ ᠪᠣᠳᠠᠲᠠᠶ ᠱᠠᠭᠠᠷᠳᠠᠯᠭ᠎ᠠ ᠶᠢ ᠲᠣᠳᠣᠷᠬᠠᠶᠢᠯᠠᠨ᠂ |
ᠬᠠᠷᠢᠭᠤᠴᠠᠯᠭ᠎ᠠ ᠲᠠᠢ ᠨᠢᠭᠡᠴᠢ ᠶᠢ ᠰᠢᠮᠳᠠᠭᠤᠯᠤᠨ ᠴᠠᠭ ᠲᠤᠬᠠᠶ ᠳᠤᠨᠢ ᠴᠡᠭᠴᠡᠯᠡᠨ ᠰᠠᠶᠢᠵᠢᠷᠠᠭᠤᠯᠵᠤ᠂ ᠴᠡᠭᠴᠡᠯᠡᠨ |
ᠰᠠᠶᠢᠵᠢᠷᠠᠭᠤᠯᠬᠤ ᠪᠢᠲᠡᠭᠦᠦ ᠴᠠᠭᠠᠷᠢᠭ ᠤᠨ ᠬᠠᠮᠢᠶᠠᠷᠤᠯᠲᠠ ᠶᠢ ᠬᠡᠷᠡᠭᠵᠢᠭᠦᠯᠬᠦ ᠬᠡᠷᠡᠭᠲᠡᠶ᠃ ᠴᠡᠭᠴᠡᠯᠡᠨ |
ᠰᠠᠶᠢᠵᠢᠷᠠᠭᠤᠯᠤᠭᠰᠠᠨ ᠪᠠᠶᠢᠳᠠᠯ ᠳᠤ ᠴᠠᠭ ᠲᠤᠨᠢ ᠲᠣᠬᠢᠷᠠᠭᠤᠯᠤᠨ ᠳᠠᠬᠢᠨ ᠪᠠᠶᠢᠴᠠᠭᠠᠯᠲᠠ ᠬᠢᠵᠦ᠂ ᠴᠡᠭᠴᠡᠯᠡᠨ |
ᠰᠠᠶᠢᠵᠢᠷᠠᠭᠤᠯᠬᠤ ᠠᠵᠢᠯ ᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ |
|
︵ᠠᠷᠪᠠᠨ ᠳᠣᠯᠤᠭ᠎ᠠ︶ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠳᠠᠯᠠᠨ᠎ᠠ |
|
ᠬᠠᠤᠯᠢ ᠲᠣᠭᠲᠠᠭᠠᠯ ᠢ ᠴᠢᠩᠭ᠎ᠠ ᠵᠢᠷᠤᠮᠯᠠᠨ ᠬᠢᠨᠠᠯᠲᠠ ᠲᠠᠯᠪᠢᠵᠤ ᠪᠠᠶᠢᠴᠠᠭᠠᠬᠤ ᠶᠠᠪᠤᠴᠠ ᠳᠤ ᠣᠯᠵᠤ ᠮᠡᠳᠡᠭᠰᠡᠨ |
ᠠᠰᠠᠭᠤᠳᠠᠯ ᠢ ᠬᠠᠮᠢᠶᠠᠷᠤᠯᠲᠠ ᠶᠢᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠬᠠᠷᠢᠭᠤᠴᠠᠯᠭ᠎ᠠ ᠨᠡᠬᠡᠮᠵᠢᠯᠡᠨ᠎ᠡ᠃ |
ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠡᠯ᠎ᠡ ᠵᠤᠶᠢᠯ ᠤᠨ ᠬᠢᠨᠠᠯᠲᠠ ᠲᠠᠯᠪᠢᠵᠤ ᠪᠠᠶᠢᠴᠠᠭᠠᠬᠤ |
ᠠᠷᠭ᠎ᠠ ᠶᠢ ᠴᠢᠩᠭ᠎ᠠ ᠵᠢᠷᠤᠮᠯᠠᠨ ᠬᠠᠷᠢᠭᠤᠴᠠᠯᠭ᠎ᠠ ᠨᠡᠬᠡᠮᠵᠢᠯᠡᠨ᠎ᠡ︔ ᠨᠠᠮ ᠤᠨ ᠰᠠᠬᠢᠯᠭ᠎ᠠ ᠵᠠᠰᠠᠭ ᠤᠨ ᠰᠠᠬᠢᠯᠭ᠎ᠠ ᠶᠢ |
ᠵᠥᠷᠢᠴᠡᠭᠰᠡᠨ ᠰᠡᠵᠢᠭᠯᠡᠯᠲᠡᠶ ᠠᠵᠢᠯᠯᠠᠭ᠎ᠠ ᠶᠢ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠳᠤ |
ᠠᠰᠠᠭᠤᠳᠠᠯ ᠤᠨ ᠰᠦᠪᠡᠭᠴᠢ ᠶᠢ ᠴᠠᠭ ᠲᠤᠬᠠᠶ ᠳᠤᠨᠢ ᠰᠢᠯᠵᠢᠭᠦᠯᠦᠨ ᠬᠦᠷᠭᠡᠬᠦ ᠬᠡᠷᠡᠭᠲᠡᠶ︔ ᠬᠠᠤᠯᠢ ᠶᠢ ᠵᠥᠷᠢᠴᠡᠭᠰᠡᠨ |
ᠰᠡᠵᠢᠭᠯᠡᠯᠲᠡᠶ ᠶᠠᠯᠠᠲᠤ ᠠᠵᠢᠯᠯᠠᠭ᠎ᠠ ᠶᠢ ᠬᠠᠤᠯᠢ ᠴᠠᠭᠠᠵᠠ ᠶᠢᠨ ᠪᠠᠶᠢᠭᠤᠯᠭ᠎ᠠ ᠳᠤ ᠰᠢᠯᠵᠢᠭᠦᠯᠦᠨ ᠬᠦᠷᠭᠡᠵᠦ ᠬᠠᠤᠯᠢ |
ᠶᠣᠰᠣᠭᠠᠷ ᠰᠢᠢᠳᠪᠤᠷᠢᠯᠡᠬᠦᠯᠦᠨ᠎ᠡ᠃ |
|
︵ᠠᠷᠪᠠᠨ ᠨᠠᠢᠮᠠ︶ ᠰᠢᠯᠭᠠᠨ ᠦᠨᠡᠯᠡᠬᠦ ᠰᠢᠰᠲ᠋ᠧᠮᠵᠢ ᠳᠤ ᠤᠷᠤᠭᠤᠯᠤᠨ᠎ᠠ |
|
ᠬᠢᠨᠠᠯᠲᠠ ᠲᠠᠯᠪᠢᠭᠰᠠᠨ ᠠᠵᠢᠯ ᠤᠨ ᠦᠷ᠎ᠡ ᠪᠦᠲᠦᠭᠡᠯ ᠢ ᠲᠣᠰ ᠭᠠᠵᠠᠷ ᠣᠷᠣᠨ ᠲᠣᠰ ᠰᠠᠯᠠᠭ᠎ᠠ ᠮᠥᠴᠢᠷ ᠤᠨ |
ᠣᠨ ᠤ ᠰᠢᠯᠭᠠᠨ ᠦᠨᠡᠯᠡᠬᠦ᠂ ᠰᠢᠯᠢᠳᠡᠭ ᠢ ᠰᠢᠯᠭᠠᠷᠠᠭᠤᠯᠵᠤ ᠲᠡᠷᠢᠭᠦᠨ ᠢ ᠰᠢᠯᠭᠠᠷᠠᠭᠤᠯᠬᠤ᠂ ᠵᠡᠷᠭᠡ ᠳᠡᠰ ᠢ ᠦᠨᠡᠯᠡᠨ |
ᠲᠣᠭᠲᠠᠭᠠᠬᠤ᠂ ᠲᠥᠰᠦᠪ ᠤᠨ ᠲᠣᠬᠢᠷᠠᠭᠤᠯᠤᠯᠲᠠ ᠵᠡᠷᠭᠡ ᠯᠠᠪᠯᠠᠯᠲᠠ ᠶᠢᠨ ᠠᠭᠤᠯᠭ᠎ᠠ ᠪᠣᠯᠭᠠᠵᠤ᠂ ᠬᠤᠪᠢ ᠬᠥᠮᠦᠨ ᠤ |
ᠰᠢᠯᠢᠳᠡᠭ ᠢ ᠰᠢᠯᠭᠠᠷᠠᠭᠤᠯᠵᠤ ᠲᠡᠷᠢᠭᠦᠨ ᠢ ᠰᠢᠯᠭᠠᠷᠠᠭᠤᠯᠬᠤ ᠶᠢᠨ ᠴᠢᠬᠤᠯᠠ ᠯᠠᠪᠯᠠᠯᠲᠠ ᠪᠣᠯᠭᠠᠬᠤ ᠬᠡᠷᠡᠭᠲᠡᠶ᠃ ᠠᠵᠤ |
ᠠᠬᠤᠶᠢᠯᠠᠯ ᠪᠣᠯᠤᠨ ᠠᠵᠢᠯᠯᠠᠵᠤ ᠪᠠᠶᠢᠭ᠎ᠠ ᠬᠥᠮᠦᠰ ᠤᠨ ᠬᠠᠷᠢᠭᠤᠴᠠᠯᠭ᠎ᠠ ᠨᠡᠬᠡᠮᠵᠢᠯᠡᠭᠰᠡᠨ ᠪᠠᠶᠢᠳᠠᠯ ᠢ ᠬᠥᠳᠡᠯᠦᠩᠭᠦᠶ |
ᠦᠨᠡᠯᠡᠯᠲᠡ ᠶᠢᠨ ᠬᠠᠮᠢᠶᠠᠷᠤᠯᠲᠠ ᠳᠤ ᠣᠷᠣᠭᠤᠯᠤᠨ᠎ᠠ᠃ |
|
︵ᠠᠷᠪᠠ ᠶᠢᠰᠦ︶ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠦᠨ᠎ᠡ |
|
ᠬᠠᠮᠢᠶ᠎ᠠ ᠪᠥᠬᠦᠶ ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ ᠤᠳ ᠬᠢᠨᠠᠯᠲᠠ ᠲᠠᠯᠪᠢᠵᠤ ᠪᠠᠶᠢᠴᠠᠭᠠᠭᠠᠳ |
ᠢᠯᠡᠷᠡᠭᠦᠯᠦᠭᠰᠡᠨ ᠠᠰᠠᠭᠤᠳᠠᠯ ᠳᠤ ᠰᠢᠰᠲ᠋ᠧᠮ ᠲᠠᠢ ᠵᠠᠳᠠᠯᠤᠯᠲᠠ ᠬᠢᠵᠦ᠂ ᠳ᠋ᠦᠩᠨᠡᠨ ᠪᠣᠯᠪᠠᠰᠤᠷᠠᠭᠤᠯᠵᠤ᠂ ᠲᠥᠷᠥ ᠶᠢᠨ |
ᠪᠣᠳᠣᠯᠭ᠎ᠠ ᠶᠢᠨ ᠠᠷᠭ᠎ᠠ ᠬᠡᠮᠵᠢᠶ᠎ᠡ ᠵᠢᠴᠢ ᠲᠦᠷᠢᠮ ᠲᠣᠭᠲᠠᠭᠠᠯ ᠢ ᠲᠡᠭᠦᠯᠳᠡᠷᠵᠢᠭᠦᠯᠦᠨ᠂ ᠠᠵᠢᠯ ᠲᠥᠷᠥᠯ ᠤᠨ |
ᠬᠠᠮᠢᠶᠠᠷᠤᠯᠲᠠ ᠶᠢ ᠵᠢᠯᠣᠭᠤᠳᠤᠨ ᠰᠠᠶᠢᠵᠢᠷᠠᠭᠤᠯᠵᠤ᠂ ᠠᠵᠢᠯ ᠲᠥᠷᠥᠯ ᠤᠨ ᠵᠠᠰᠠᠯᠲᠠ ᠶᠢᠨ ᠬᠦᠴᠦᠨ ᠴᠢᠳᠠᠪᠤᠷᠢ ᠶᠢ |
ᠳᠡᠭᠡᠭᠰᠢᠯᠡᠭᠦᠯᠦᠨ᠂ ᠠᠵᠢᠯ ᠲᠥᠷᠥᠯ ᠤᠨ ᠲᠦᠭᠰᠢᠭᠦᠷᠢ ᠶᠢ ᠠᠷᠢᠯᠭᠠᠨ ᠰᠡᠷᠭᠡᠶᠢᠯᠡᠬᠦ ᠬᠡᠷᠡᠭᠲᠡᠶ᠃ |
ᠵᠢᠷᠭᠤᠭ᠎ᠠ᠂ ᠬᠢᠨᠠᠯᠲᠠ ᠲᠠᠯᠪᠢᠬᠤ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢ ᠨᠠᠶᠢᠳᠠᠪᠤᠷᠢᠵᠢᠭᠤᠯᠤᠨ᠎ᠠ |
|
︵ᠬᠤᠷᠢ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ |
|
ᠡᠯ᠎ᠡ ᠱᠠᠲᠤᠨ ᠤ ᠤᠰᠤᠨ ᠤ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠤᠰᠤᠨ |
ᠠᠰᠢᠭᠯᠠᠯᠲᠠ ᠶᠢᠨ ᠠᠵᠢᠯ ᠲᠥᠷᠥᠯ ᠳᠤ ᠬᠢᠨᠠᠯᠲᠠ ᠲᠠᠯᠪᠢᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ |
ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠦᠨ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠦᠨᠡᠨ ᠬᠦ |
ᠴᠢᠩᠭᠠᠳᠬᠠᠵᠤ᠂ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠲᠣᠭᠲᠠᠴᠠ ᠶᠢ ᠪᠠᠶᠢᠭᠤᠯᠤᠨ᠂ ᠤᠰᠤᠨ |
ᠠᠰᠢᠭᠯᠠᠯᠲᠠ ᠶᠢᠨ ᠠᠵᠢᠯ ᠲᠥᠷᠥᠯ ᠳᠤ ᠬᠢᠨᠠᠯᠲᠠ ᠲᠠᠯᠪᠢᠬᠤ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠤᠰᠤᠨ |
ᠠᠰᠢᠭᠯᠠᠯᠲᠠ ᠶᠢᠨ ᠠᠵᠢᠯ ᠲᠥᠷᠥᠯ ᠳᠤ ᠬᠢᠨᠠᠯᠲᠠ ᠲᠠᠯᠪᠢᠬᠤ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠂ |
ᠬᠢᠨᠠᠯᠲᠠ ᠲᠠᠯᠪᠢᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠶ᠃ ᠵᠠᠰᠠᠭ ᠤᠨ ᠣᠷᠳᠣᠨ ᠤ ᠬᠠᠮᠢᠶ᠎ᠠ ᠪᠥᠬᠦᠶ |
ᠰᠠᠯᠠᠭ᠎ᠠ ᠮᠥᠴᠢᠷ ᠯᠦᠭᠡ ᠶᠢᠨ ᠨᠡᠪᠲᠡᠷᠡᠯᠴᠡᠭᠡ ᠵᠣᠬᠢᠴᠠᠭᠤᠯᠭ᠎ᠠ ᠪᠠᠨ ᠴᠢᠩᠭᠠᠳᠬᠠᠵᠤ᠂ ᠤᠰᠤᠨ ᠳᠤ ᠬᠤᠯᠪᠣᠭᠳᠠᠬᠤ |
ᠴᠢᠬᠤᠯᠠ ᠶᠡᠭᠡ ᠠᠰᠠᠭᠤᠳᠠᠯ ᠳᠤ ᠬᠢᠨᠠᠯᠲᠠ ᠲᠠᠯᠪᠢᠬᠤ ᠶᠢ ᠬᠡᠷᠡᠭᠵᠢᠭᠦᠯᠦᠨ᠂ ᠬᠠᠮᠵᠢᠯᠴᠠᠨ ᠬᠠᠮᠲᠤᠷᠠᠯᠴᠠᠬᠤ᠂ ᠵᠡᠷᠭᠡᠪᠡᠷ |
ᠤᠷᠤᠭᠰᠢᠯᠠᠭᠰᠠᠨ ᠬᠢᠨᠠᠯᠲᠠ ᠲᠠᠯᠪᠢᠬᠤ ᠪᠠᠶᠢᠷᠢᠰᠢᠯ ᠢ ᠪᠣᠶ ᠪᠣᠯᠭᠠᠨ᠎ᠠ᠃ |
|
︵ᠬᠤᠷᠢᠨ ᠨᠢᠭᠡ︶ ᠵᠠᠷᠤᠳᠠᠯ ᠤᠨ ᠪᠠᠲᠤᠯᠠᠭ᠎ᠠ ᠶᠢ ᠨᠠᠶᠢᠳᠠᠪᠤᠷᠢᠵᠢᠭᠤᠯᠤᠨ᠎ᠠ |
|
ᠡᠯ᠎ᠡ ᠱᠠᠲᠤᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ |
ᠮᠥᠴᠢᠷ ᠤᠳ ᠬᠢᠨᠠᠯᠲᠠ ᠲᠠᠯᠪᠢᠬᠤ ᠠᠵᠢᠯ ᠤᠨ ᠵᠠᠷᠤᠳᠠᠯ ᠢ ᠬᠠᠤᠯᠢ ᠲᠣᠭᠲᠠᠭᠠᠯ ᠶᠣᠰᠣᠭᠠᠷ ᠨᠠᠶᠢᠳᠠᠪᠤᠷᠢᠵᠢᠭᠤᠯᠵᠤ᠂ |
ᠬᠢᠨᠠᠯᠲᠠ ᠲᠠᠯᠪᠢᠬᠤ ᠠᠵᠢᠯ ᠤᠨ ᠵᠠᠷᠤᠳᠠᠯ ᠢ ᠲᠥᠰᠦᠪ ᠤᠨ ᠬᠠᠮᠢᠶᠠᠷᠤᠯᠲᠠ ᠳᠤ ᠣᠷᠣᠭᠤᠯᠬᠤ ᠬᠡᠷᠡᠭᠲᠡᠶ᠃ ᠬᠢᠨᠠᠯᠲᠠ |
ᠲᠠᠯᠪᠢᠬᠤ ᠠᠵᠢᠯ ᠥᠷᠨᠢᠭᠦᠯᠬᠦ ᠴᠢᠬᠤᠯᠠ ᠪᠥᠬᠦᠢ ᠲᠤᠨᠤᠭ ᠲᠥᠬᠦᠭᠡᠷᠦᠮᠵᠢ ᠲᠣᠬᠢᠷᠠᠭᠤᠯᠵᠤ᠂ ᠤᠰᠤᠨ |
ᠠᠰᠢᠭᠯᠠᠯᠲᠠ ᠶᠢᠨ ᠠᠵᠢᠯ ᠲᠥᠷᠥᠯ ᠤᠨ ᠬᠢᠨᠠᠯᠲᠠ ᠲᠠᠯᠪᠢᠬᠤ ᠠᠵᠢᠯ ᠤᠨ ᠤᠷᠤᠭᠰᠢᠲᠠᠶ ᠶᠠᠪᠤᠭᠳᠠᠬᠤ ᠶᠢ ᠪᠠᠲᠤᠯᠠᠬᠤ |
ᠬᠡᠷᠡᠭᠲᠡᠶ᠃ |
|
︵ᠬᠤᠷᠢᠨ ᠬᠤᠶᠠᠳᠤᠭᠠᠷ ᠵᠤᠶᠢᠯ︶ ᠬᠢᠨᠠᠯᠲᠠ ᠲᠠᠯᠪᠢᠬᠤ ᠠᠷᠭ᠎ᠠ ᠪᠠᠷᠢᠯ ᠢ ᠳᠡᠭᠡᠭᠰᠢᠯᠡᠭᠦᠯᠦᠨ᠎ᠡ |
|
ᠡᠯ᠎ᠡ ᠱᠠᠲᠤᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ |
ᠮᠥᠴᠢᠷ ᠤᠳ ᠬᠢᠨᠠᠯᠲᠠ ᠲᠠᠯᠪᠢᠬᠤ ᠠᠷᠭ᠎ᠠ ᠪᠠᠷᠢᠯ ᠳᠤ ᠲᠠᠰᠤᠷᠠᠯᠲᠠ ᠥᠬᠡᠶ ᠰᠢᠨ᠎ᠡ ᠶᠢ ᠡᠭᠦᠳᠴᠦ᠂ ᠮᠡᠳᠡᠭᠡ |
ᠵᠠᠩᠭᠢᠵᠢᠯᠲᠠ ᠶᠢᠨ ᠬᠢᠷᠢ ᠬᠡᠮᠵᠢᠶ᠎ᠡ ᠪᠠᠨ ᠳᠡᠭᠡᠭᠰᠢᠯᠡᠭᠦᠯᠦᠨ᠂ ᠳᠠᠭᠠᠭᠤᠯᠢ ᠣᠳᠣᠨ ᠤ ᠠᠯᠤᠰ ᠰᠡᠷᠡᠯ᠂ ᠵᠢᠯᠣᠭᠤᠴᠢ |
ᠥᠬᠡᠶ ᠨᠢᠰᠬᠡᠯ᠂ ᠲᠣᠮᠣ ᠳ᠋ᠠᠶᠢᠲ᠋ᠠ᠂ ᠵᠣᠬᠢᠶᠠᠮᠠᠯ ᠣᠶᠤᠨ ᠴᠢᠳᠠᠪᠤᠷᠢ ᠵᠡᠷᠭᠡ ᠮᠡᠷᠭᠡᠵᠢᠯ ᠢ ᠢᠳᠡᠪᠬᠢᠲᠡᠶ ᠬᠡᠷᠡᠭᠯᠡᠵᠦ᠂ |
ᠠᠰᠠᠭᠤᠳᠠᠯ ᠢ ᠢᠯᠡᠷᠡᠭᠦᠯᠬᠦ ᠴᠢᠳᠠᠪᠤᠷᠢ ᠪᠠᠨ ᠨᠡᠮᠡᠭᠳᠡᠭᠦᠯᠦᠨ᠂ ᠬᠢᠨᠠᠯᠲᠠ ᠲᠠᠯᠪᠢᠵᠤ ᠪᠠᠶᠢᠴᠠᠭᠠᠬᠤ ᠠᠵᠢᠯ ᠤᠨ |
ᠴᠢᠳᠠᠪᠤᠷᠢ ᠪᠠᠨ ᠳᠡᠭᠡᠭᠰᠢᠯᠡᠭᠦᠯᠬᠦ ᠶᠢ ᠠᠬᠢᠭᠤᠯᠬᠤ ᠬᠡᠷᠡᠭᠲᠡᠶ᠃ |
|
︵ᠬᠤᠷᠢᠨ ᠭᠤᠷᠪᠠ︶ ᠴᠢᠳᠠᠪᠤᠷᠢᠲᠠᠨ ᠬᠥᠮᠦᠵᠢᠭᠦᠯᠬᠦ ᠶᠢ ᠴᠢᠬᠤᠯᠠᠴᠢᠯᠠᠨ᠎ᠠ |
|
ᠡᠯ᠎ᠡ ᠱᠠᠲᠤᠨ ᠤ ᠤᠰᠤᠨ ᠤ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠬᠢᠨᠠᠯᠲᠠ |
ᠲᠠᠯᠪᠢᠬᠤ ᠠᠵᠢᠯᠲᠠᠳ ᠤᠨ ᠲᠤᠰᠬᠠᠶ ᠮᠡᠷᠭᠡᠵᠢᠯ ᠤᠨ ᠮᠡᠳᠡᠯᠭᠡ ᠪᠣᠯᠤᠨ ᠦᠢᠯᠡᠳᠦᠯᠭᠡ ᠶᠢᠨ ᠮᠡᠷᠭᠡᠵᠢᠯ ᠤᠨ |
ᠴᠢᠳᠠᠪᠤᠷᠢ ᠶᠢᠨ ᠪᠣᠯᠪᠠᠰᠤᠷᠠᠭᠤᠯᠤᠯ ᠢ ᠴᠢᠩᠭᠠᠳᠬᠠᠨ᠂ ᠴᠢᠳᠠᠪᠤᠷᠢᠲᠠᠨ ᠬᠥᠮᠦᠵᠢᠭᠦᠯᠬᠦ ᠪᠠ ᠬᠡᠷᠡᠭᠯᠡᠬᠦ ᠲᠣᠭᠲᠠᠴᠠ ᠶᠢ |
ᠪᠠᠶᠢᠭᠤᠯᠬᠤ ᠬᠡᠷᠡᠭᠲᠡᠶ᠃ ᠬᠢᠨᠠᠯᠲᠠ ᠲᠠᠯᠪᠢᠬᠤ ᠠᠵᠢᠯᠳᠠᠨ ᠤ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ |
ᠰᠡᠳᠬᠢᠯᠭᠡ᠂ ᠲᠡᠮᠡᠴᠡᠯ ᠤᠨ ᠵᠣᠷᠢᠭ ᠰᠠᠨᠠᠭ᠎ᠠ᠂ ᠠᠵᠢᠯ ᠦᠢᠯᠡᠰ ᠢᠶᠠᠨ ᠳᠡᠭᠡᠳᠦᠯᠡᠬᠦ ᠵᠣᠷᠢᠭ ᠰᠠᠨᠠᠭ᠎ᠠ ᠪᠠ ᠰᠢᠨ᠎ᠡ ᠶᠢ |
ᠡᠭᠦᠳᠬᠦ ᠵᠣᠷᠢᠭ ᠰᠠᠨᠠᠭ᠎ᠠ ᠶᠢ ᠴᠢᠬᠤᠯᠠᠴᠢᠯᠠᠨ ᠬᠥᠮᠦᠵᠢᠭᠦᠯᠵᠦ᠂ ᠬᠢᠨᠠᠯᠲᠠ ᠲᠠᠯᠪᠢᠬᠤ ᠠᠵᠢᠯ ᠤᠨ ᠬᠢᠷᠢ |
ᠲᠦᠪᠰᠢᠨ ᠢᠶᠠᠨ ᠲᠠᠰᠤᠷᠠᠯᠳᠠ ᠦᠭᠡᠢ ᠳᠡᠭᠡᠭᠰᠢᠯᠡᠭᠦᠯᠦᠨ᠎ᠡ᠃ |
|
︵ᠬᠤᠷᠢᠨ ᠳᠥᠷᠪᠡ︶ ᠬᠢᠨᠠᠯᠲᠠ ᠲᠠᠯᠪᠢᠬᠤ ᠠᠭᠤᠷ ᠠᠮᠢᠰᠬᠤᠯ ᠢ ᠪᠣᠶ ᠪᠣᠯᠭᠠᠨ᠎ᠠ |
|
ᠡᠯ᠎ᠡ ᠱᠠᠲᠤᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ |
ᠮᠥᠴᠢᠷ ᠤᠳ ᠬᠠᠤᠯᠢ ᠶᠣᠰᠣᠭᠠᠷ ᠬᠢᠨᠠᠯᠲᠠ ᠲᠠᠯᠪᠢᠬᠤ᠂ ᠰᠢᠨᠵᠢᠯᠡᠬᠦ ᠤᠬᠠᠭᠠᠨᠴᠢ ᠪᠠᠷ ᠬᠢᠨᠠᠯᠲᠠ ᠲᠠᠯᠪᠢᠬᠤ᠂ |
ᠠᠷᠠᠳ ᠤᠨ ᠲᠥᠯᠥᠭᠡ ᠬᠢᠨᠠᠯᠲᠠ ᠲᠠᠯᠪᠢᠬᠤ᠂ ᠢᠯᠡ ᠪᠠᠷ ᠬᠢᠨᠠᠯᠲᠠ ᠲᠠᠯᠪᠢᠬᠤ ᠤᠬᠠᠭᠤᠯᠭ᠎ᠠ ᠶᠢᠨ ᠤᠳᠤᠷᠢᠳᠤᠮᠵᠢ ᠶᠢ |
ᠪᠣᠶ ᠪᠣᠯᠭᠠᠬᠤ ᠬᠡᠷᠡᠭᠲᠡᠶ᠃ ᠶᠠᠷᠢᠶ᠎ᠠ ᠬᠡᠯᠡᠯᠴᠡᠭᠡᠨ ᠤ ᠵᠢᠯᠣᠭᠤᠳᠤᠮᠵᠢ ᠶᠢ ᠴᠢᠩᠭᠠᠳᠬᠠᠵᠤ᠂ ᠤᠰᠤᠨ ᠳᠤ ᠬᠤᠯᠪᠣᠭᠳᠠᠬᠤ |
ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠲᠠᠶᠢᠯᠤᠮᠵᠢ ᠶᠢ ᠴᠢᠬᠤᠯᠠᠴᠢᠯᠠᠵᠤ᠂ ᠤᠰᠤᠨ |
ᠠᠰᠢᠭᠯᠠᠯᠲᠠ ᠶᠢᠨ ᠠᠵᠢᠯ ᠲᠥᠷᠥᠯ ᠤᠨ ᠬᠢᠨᠠᠯᠲᠠ ᠲᠠᠯᠪᠢᠬᠤ ᠠᠵᠢᠯ ᠤᠨ ᠳᠤᠮᠳᠠᠬᠢ ᠰᠠᠶᠢᠨ ᠲᠤᠷᠰᠢᠯᠭ᠎ᠠ ᠶᠢ |
ᠢᠳᠡᠪᠬᠢᠲᠡᠶ ᠪᠠᠷ ᠤᠬᠠᠭᠤᠯᠵᠤ᠂ ᠤᠰᠤᠨ ᠠᠰᠢᠭᠯᠠᠯᠲᠠ ᠶᠢᠨ ᠠᠵᠢᠯ ᠲᠥᠷᠥᠯ ᠤᠨ ᠬᠢᠨᠠᠯᠲᠠ ᠲᠠᠯᠪᠢᠬᠤ ᠠᠵᠢᠯ ᠤᠨ |
ᠠᠷᠠᠳ ᠤᠯᠠᠨ ᠳᠤ ᠣᠯᠭᠤᠭᠰᠠᠨ ᠪᠣᠳᠠᠲᠤ ᠠᠰᠢᠭ ᠪᠣᠯᠤᠨ ᠬᠤᠪᠢᠷᠠᠯᠲᠠ ᠶᠢ ᠲᠤᠪᠤᠶᠢᠯᠭᠠᠨ ᠤᠬᠠᠭᠤᠯᠵᠤ᠂ |
12314 ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠦᠢᠯᠡᠴᠢᠯᠡᠭᠡᠨ ᠤ ᠲᠠᠪᠴᠠᠩ ᠢ ᠭᠦᠢᠴᠡᠳ ᠬᠡᠷᠡᠭᠯᠡᠨ᠂ |
ᠤᠯᠠᠨ ᠨᠡᠶᠢᠲᠡ ᠶᠢ ᠬᠥᠲᠥᠯᠥᠨ ᠵᠢᠯᠣᠭᠤᠳᠴᠤ ᠪᠠᠶᠢᠭᠠᠳ ᠠᠵᠢᠯ ᠲᠥᠷᠥᠯ ᠤᠨ ᠬᠢᠨᠠᠯᠲᠠ ᠲᠠᠯᠪᠢᠬᠤ ᠶᠢ |
ᠲᠤᠰᠠᠯᠠᠭᠤᠯᠵᠤ᠂ ᠪᠥᠬᠦ ᠨᠡᠶᠢᠭᠡᠮ ᠢᠶᠠᠷ ᠢᠶᠠᠨ ᠤᠰᠤᠨ ᠠᠰᠢᠭᠯᠠᠯᠲᠠ ᠶᠢᠨ ᠠᠵᠢᠯ ᠲᠥᠷᠥᠯ ᠤᠨ ᠬᠢᠨᠠᠯᠲᠠ |
ᠲᠠᠯᠪᠢᠬᠤ ᠶᠢ ᠣᠶᠢᠯᠠᠭᠠᠬᠤ ᠪᠠ ᠳᠡᠮᠵᠢᠬᠦ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠨ᠎ᠠ᠃ |