ᠲᠣᠰ ᠥᠷᠲᠡᠭᠡᠨ ᠤ ᠮᠡᠳᠡᠭᠡ 3 ᠰᠠᠷ᠎ᠠ ᠶᠢᠨ 6 ᠤ ᠡᠳᠦᠷ᠂ ᠤᠰᠤᠨ ᠵᠦᠶ ᠶᠢᠨ ᠮᠡᠳᠡᠭᠡ ᠵᠠᠩᠭᠢ ᠶᠢ |
ᠤᠷᠢᠳᠴᠢᠯᠠᠨ ᠮᠡᠳᠡᠭᠡᠯᠡᠬᠦ ᠠᠵᠢᠯ ᠤᠨ ᠸᠢᠳᠢᠣ᠋ ᠬᠤᠷᠠᠯ ᠪᠡᠭᠡᠵᠢᠩ ᠳᠤ ᠬᠤᠷᠠᠯᠳᠤᠪᠠ᠃ ᠬᠤᠷᠠᠯ ᠠᠴᠠ ᠪᠦᠬᠦ |
ᠤᠯᠤᠰ ᠤᠨ ᠤᠰᠤᠨ ᠠᠰᠢᠭᠯᠠᠯᠲᠠ ᠶᠢᠨ ᠠᠵᠢᠯ ᠤ᠋ᠨ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠵᠤ᠂ ᠦᠶᠡᠷ |
ᠤᠰᠤᠳᠤᠯ ᠭᠠᠩ ᠬᠠᠭᠰᠠᠷᠠᠭᠠᠨ ᠤ ᠭᠠᠮᠰᠢᠭ ᠢ ᠰᠡᠷᠭᠡᠶᠢᠯᠡᠭᠦ ᠠᠵᠢᠯ᠂ ᠤᠰᠤᠨ ᠵᠦᠢ ᠶᠢᠨ ᠠᠵᠢᠯ ᠤᠨ ᠬᠤᠷᠠᠯ ᠤᠨ |
ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠪᠦᠬᠦ ᠤᠯᠤᠰ ᠤᠨ ᠤᠰᠤᠨ ᠤ ᠪᠠᠶᠢᠳᠠᠯ ᠤᠨ ᠠᠵᠢᠯ ᠤᠨ ᠲᠡᠷᠢᠭᠦᠨ ᠤ |
ᠬᠠᠮᠲᠤ ᠪᠣᠯᠤᠨ ᠦᠶᠡᠷ ᠢ ᠤᠷᠢᠳᠴᠢᠯᠠᠨ ᠮᠡᠳᠡᠭᠦᠯᠬᠦ ᠲᠡᠷᠢᠭᠦᠨ ᠤ ᠦᠷᠳᠡᠭᠡ ᠶᠢ ᠵᠠᠷᠯᠠᠨ ᠰᠠᠶᠢᠰᠢᠶᠠᠵᠤ᠂ 2019 |
ᠣᠨ ᠤ ᠤᠰᠤᠨ ᠤ ᠪᠠᠶᠢᠳᠠᠯ ᠤᠨ ᠠᠵᠢᠯ ᠢ ᠳ᠋ᠦᠩᠨᠡᠨ᠂ ᠰᠢᠨ᠎ᠡ ᠪᠠᠶᠢᠳᠠᠯ ᠢ ᠵᠠᠳᠠᠯᠵᠤ᠂ 2020 ᠣᠨ ᠤ |
ᠭᠤᠣᠯᠳᠠᠯᠭ᠎ᠠ ᠲᠠᠢ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃ ᠤᠯᠤᠰ ᠤᠨ ᠦᠶᠡᠷ ᠤᠰᠤᠳᠤᠯ ᠢ ᠰᠠᠷᠭᠡᠶᠢᠯᠡᠵᠦ |
ᠭᠠᠩ ᠬᠠᠭᠰᠠᠷᠠᠭᠠᠨ ᠢ ᠰᠡᠷᠭᠡᠶᠢᠯᠡᠬᠦ ᠶᠡᠷᠦᠩᠬᠡᠢ ᠵᠢᠯᠣᠭᠤᠳᠬᠤ ᠭᠠᠵᠠᠷ ᠤᠨ ᠨᠡᠷᠢᠠ ᠪᠢᠴᠢᠭ ᠤᠨ ᠲᠡᠷᠤᠭ᠎ᠠ᠂ |
ᠤᠰᠤᠨ ᠠᠰᠢᠭᠯᠠᠯᠳᠠ ᠶᠢᠨ ᠶᠠᠮᠤᠨ ᠤ ᠳᠡᠳ᠋ ᠰᠠᠶᠢᠳ ᠶᠧ ᠵᠢᠶᠠᠨ ᠴᠦᠨ ᠬᠤᠷᠠᠯ ᠳᠤ ᠣᠷᠣᠯᠴᠠᠨ ᠶᠠᠷᠢᠶ᠎ᠠ |
ᠲᠠᠯᠪᠢᠵᠠᠢ᠃ |
ᠶᠧ ᠵᠢᠶᠠᠨ ᠴᠦᠨ᠂ 2019 ᠣᠨ ᠳᠤ ᠪᠦᠬᠦ ᠤᠯᠤᠰ ᠤᠨ ᠤᠰᠤᠨ ᠵᠦᠢ ᠶᠢᠨ ᠰᠠᠯᠠᠭ᠎ᠠ ᠮᠥᠴᠢᠷ ᠤᠨ ᠬᠢᠨ |
ᠤᠰᠤᠨ ᠠᠰᠢᠭᠯᠠᠯᠲᠠ ᠶᠢᠨ ᠥᠭᠡᠷᠡᠴᠢᠯᠡᠯᠲᠡ ᠬᠥᠭᠵᠢᠯᠲᠡ ᠶᠢᠨ ᠶᠡᠷᠦᠩᠬᠡᠶ ᠬᠥᠭ ᠠᠶᠠᠰ ᠢ ᠢᠳᠡᠪᠬᠢᠲᠡᠶ |
ᠦᠢᠯᠡᠳᠦᠯᠭᠡᠵᠢᠭᠦᠯᠵᠦ᠂ ᠪᠦᠬᠦ ᠤᠯᠤᠰ ᠤᠨ ᠤᠰᠤᠨ ᠤ ᠪᠠᠶᠢᠳᠠᠯ ᠤᠨ ᠠᠵᠢᠯ ᠤᠨ ᠬᠤᠷᠠᠯ ᠪᠠ ᠰᠠᠪᠠ ᠭᠠᠵᠠᠷ ᠤᠨ |
ᠤᠰᠤᠨ ᠤ ᠪᠠᠶᠢᠳᠠᠯ ᠢ ᠤᠷᠢᠳᠴᠢᠯᠠᠨ ᠲᠥᠰᠦᠭᠡᠯᠡᠵᠦ ᠤᠷᠢᠳᠴᠢᠯᠠᠨ ᠮᠡᠳᠡᠭᠡᠯᠡᠬᠦ ᠠᠵᠢᠯ ᠤᠨ ᠶᠠᠷᠢᠯᠴᠠᠬᠤ |
ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠷᠢᠳᠴᠢᠯᠠᠨ ᠪᠠᠶᠢᠷᠢᠯᠠᠭᠤᠯᠵᠤ᠂ |
ᠵᠢᠯᠤᠭᠤᠳᠤᠯᠭ᠎ᠠ ᠪᠠᠨ ᠴᠢᠩᠭᠠᠷᠠᠭᠤᠯᠤᠨ᠂ ᠨᠠᠷᠢᠯᠢᠭ ᠤᠷᠢᠳᠴᠢᠯᠠᠨ ᠮᠡᠳᠡᠭᠡᠯᠡᠵᠦ᠂ ᠤᠰᠤᠨ ᠵᠦᠢ ᠶᠢᠨ ᠮᠡᠳᠡᠭᠡ |
ᠵᠠᠩᠭᠢ ᠶᠢ ᠴᠠᠭ ᠲᠤᠬᠠᠶ ᠳᠤᠨᠢ ᠣᠨᠣᠪᠴᠢᠲᠠᠶ ᠤᠷᠢᠳᠴᠢᠯᠠᠨ ᠮᠡᠳᠡᠭᠡᠯᠡᠵᠦ᠂ ᠦᠶᠡᠷ ᠤᠰᠤᠳᠤᠯ ᠭᠠᠩ |
ᠬᠠᠭᠰᠠᠷᠠᠭᠠᠨ ᠤ ᠭᠠᠮᠰᠢᠭ ᠢ ᠰᠡᠷᠭᠡᠶᠢᠯᠡᠬᠦ ᠠᠵᠢᠯ ᠳᠤ ᠬᠦᠴᠦᠨ ᠪᠦᠬᠦᠢ ᠲᠤᠯᠭᠠᠭᠤᠷᠢᠯᠠᠯ ᠬᠠᠩᠭᠠᠵᠤ᠂ ᠠᠷᠠᠳ |
ᠲᠦᠮᠡᠨ ᠤ ᠠᠮᠢ ᠨᠠᠰᠤᠨ ᠤ ᠡᠳ᠋ ᠬᠥᠷᠦᠩᠭᠡ ᠶᠢᠨ ᠠᠮᠤᠷ ᠲᠦᠪᠰᠢᠨ ᠢ ᠬᠠᠮᠠᠭᠠᠯᠠᠬᠤ᠂ ᠨᠡᠶᠢᠭᠡᠮ ᠤᠨ ᠲᠣᠭᠲᠠᠭᠤᠨ ᠢ |
ᠬᠠᠮᠠᠭᠠᠯᠠᠬᠤ ᠳᠤ ᠬᠤᠪᠢ ᠨᠡᠮᠡᠷᠢ ᠪᠠᠨ ᠦᠵᠡᠭᠦᠯᠬᠦ ᠬᠡᠷᠡᠭᠲᠡᠶ ᠭᠡᠵᠤ ᠵᠢᠭᠠᠵᠤ ᠭᠠᠷᠭᠠᠭᠰᠠᠨ ᠪᠠᠶᠢᠨ᠎ᠠ᠃ |
ᠶᠧ ᠵᠢᠶᠠᠨ ᠴᠦᠨ᠂ ᠪᠦᠬᠦ ᠤᠯᠤᠰ ᠤᠨ ᠤᠰᠤᠨ ᠵᠦᠢ ᠶᠢᠨ ᠰᠠᠯᠠᠭ᠎ᠠ ᠮᠥᠴᠢᠷ ᠤᠨ ᠬᠢᠨ ᠤᠰᠤᠨ ᠤ |
ᠪᠠᠶᠢᠳᠠᠯ ᠤᠨ ᠠᠵᠢᠯ ᠳᠤ ᠲᠤᠯᠭᠠᠷᠠᠵᠤ ᠪᠠᠶᠢᠭ᠎ᠠ ᠰᠢᠨ᠎ᠡ ᠪᠠᠶᠢᠳᠠᠯ ᠰᠢᠨ᠎ᠡ ᠱᠠᠭᠠᠷᠳᠠᠯᠭ᠎ᠠ ᠶᠢ ᠭᠦᠨᠵᠡᠭᠡᠶ ᠲᠠᠨᠢᠵᠤ᠂ 《 |
ᠠᠷᠪᠠᠨ ᠵᠢᠷᠭᠤᠭᠠᠨ ᠦᠰᠦᠭ 》 ᠤᠨ ᠤᠰᠤ ᠵᠠᠰᠠᠬᠤ ᠰᠡᠳᠬᠢᠴᠡ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ |
ᠤᠰᠤᠨ ᠠᠰᠢᠭᠯᠠᠯᠲᠠ ᠶᠢᠨ ᠥᠭᠡᠷᠡᠴᠢᠯᠡᠯᠲᠡ ᠬᠥᠭᠵᠢᠯᠲᠡ ᠶᠢᠨ ᠶᠡᠷᠦᠩᠬᠡᠶ ᠬᠦᠭ ᠠᠶᠠᠰ ᠢ ᠭᠦᠨᠵᠡᠭᠡᠶ ᠠᠬᠢᠭᠤᠯᠵᠤ᠂ |
ᠤᠰᠤᠨ ᠤ ᠪᠠᠶᠢᠳᠠᠯ ᠢ ᠤᠷᠢᠳᠴᠢᠯᠠᠨ ᠲᠥᠰᠦᠭᠡᠯᠡᠵᠦ ᠤᠷᠢᠳᠴᠢᠯᠠᠨ ᠮᠡᠳᠡᠭᠡᠯᠡᠬᠦ ᠤᠷᠢᠳᠴᠢᠯᠠᠨ ᠰᠡᠷᠡᠮᠵᠢᠯᠡᠭᠦᠯᠬᠦ |
ᠬᠢᠷᠢ ᠬᠡᠮᠵᠢᠶ᠎ᠡ ᠶᠢ ᠦᠨᠡᠨ ᠬᠦ ᠳᠡᠭᠡᠭᠰᠢᠯᠡᠭᠦᠯᠵᠦ᠂ ᠦᠶᠡᠷ ᠤᠰᠤᠳᠤᠯ ᠭᠠᠩ ᠬᠠᠭᠰᠠᠷᠠᠭᠠᠨ ᠤ ᠭᠠᠮᠰᠢᠭ ᠢ |
ᠰᠡᠷᠭᠡᠶᠢᠯᠡᠬᠦ ᠠᠵᠢᠯ ᠳᠤ ᠬᠦᠴᠦᠨ ᠪᠦᠬᠦᠢ ᠲᠤᠯᠭᠠᠭᠤᠷᠢᠯᠠᠯ ᠬᠠᠩᠭᠠᠵᠤ᠂ ᠤᠯᠤᠰ ᠤᠨ ᠦᠶᠡᠷ ᠤᠰᠤᠳᠤᠯ ᠢ |
ᠰᠡᠷᠭᠡᠶᠢᠯᠡᠬᠦ ᠠᠮᠤᠷ ᠲᠦᠪᠰᠢᠨ᠂ ᠤᠰᠤᠨ ᠤ ᠬᠡᠷᠡᠭᠯᠡᠭᠡᠨ ᠢ ᠬᠠᠩᠭᠠᠬᠤ ᠠᠮᠤᠷ ᠲᠦᠪᠰᠢᠨ ᠵᠢᠴᠢ ᠠᠵᠤ ᠠᠬᠤᠶ |
ᠨᠡᠶᠢᠭᠡᠮ ᠤᠨ ᠡᠷᠡᠭᠦᠯ ᠢᠶᠠᠷ ᠬᠥᠭᠵᠢᠬᠦ ᠶᠢ ᠪᠠᠲᠤᠯᠠᠬᠤ ᠳᠤ ᠬᠤᠪᠢ ᠨᠡᠮᠡᠷᠢ ᠪᠠᠨ ᠦᠵᠡᠭᠦᠯᠬᠦ ᠬᠡᠷᠡᠭᠲᠡᠶ᠃ ᠨᠢᠭᠡ ᠳᠤ᠂ |
ᠦᠶᠡᠷ ᠤᠰᠤᠳᠤᠯ ᠢ ᠰᠡᠷᠭᠡᠶᠢᠯᠡᠬᠦ ᠠᠮᠤᠷ ᠲᠦᠪᠰᠢᠨ ᠤ ᠳᠤᠲᠠᠭᠤᠳᠠᠯ ᠢ ᠨᠥᠬᠦᠪᠥᠷᠢᠯᠡᠬᠦ ᠳᠤ ᠠᠩᠬᠠᠷᠤᠯ ᠢᠶᠠᠨ |
ᠲᠥᠪᠯᠡᠷᠡᠭᠦᠯᠵᠦ᠂ ᠦᠶᠡᠷ ᠤᠰᠤᠳᠤᠯ ᠭᠠᠩ ᠬᠠᠭᠰᠠᠷᠠᠭᠠᠨ ᠤ ᠭᠠᠮᠰᠢᠭ ᠢ ᠰᠡᠷᠭᠡᠶᠢᠯᠡᠭᠦ ᠪᠠ ᠬᠢᠨᠠᠨ ᠬᠠᠮᠢᠶᠠᠷᠬᠤ ᠶᠢ |
ᠲᠤᠪᠤᠶᠢᠯᠭᠠᠵᠦ᠂ ᠦᠶᠡᠷ ᠤᠰᠤᠳᠤᠯ ᠭᠠᠩ ᠬᠠᠭᠰᠠᠷᠠᠭᠠᠨ ᠤ ᠭᠠᠮᠰᠢᠭ ᠢ ᠰᠡᠷᠭᠡᠶᠢᠯᠡᠭᠦ ᠬᠤᠷᠢᠭ᠎ᠠ ᠱᠤᠭᠤᠮ ᠢ ᠡᠷᠡᠰ |
ᠰᠠᠬᠢᠬᠤ ᠬᠡᠷᠡᠭᠳᠠᠢ᠃ ︽ᠬᠤᠶᠠᠷ ᠢ ᠪᠠᠷᠢᠮᠲᠠᠯᠠᠵᠤ᠂ ᠭᠤᠷᠪᠠ ᠶᠢ ᠬᠤᠪᠢᠷᠠᠭᠤᠯᠬᠤ︾ ᠭᠠᠮᠰᠢᠭ ᠢ ᠰᠡᠷᠭᠡᠶᠢᠯᠡᠵᠦ |
ᠭᠠᠮᠰᠢᠭ ᠢ ᠪᠠᠭᠠᠰᠬᠠᠬᠤ ᠰᠢᠨ᠎ᠡ ᠤᠢᠢᠯᠠᠭᠠᠭᠳᠠᠬᠤᠨ ᠤ ᠭᠤᠣᠯᠳᠠᠯᠭ᠎ᠠ ᠨᠢ ᠤᠷᠢᠳᠴᠢᠯᠠᠨ ᠰᠡᠷᠭᠡᠶᠢᠯᠡᠬᠦ ᠳᠤ ᠪᠤᠢ᠂ |
ᠤᠷᠢᠳᠴᠢᠯᠠᠨ ᠰᠡᠷᠭᠡᠶᠢᠯᠡᠬᠦ ᠶᠢ ᠰᠠᠶᠢᠲᠤᠷ ᠬᠢᠬᠦ ᠶᠢᠨ ᠤᠷᠢᠲᠠᠯ ᠨᠢ ᠤᠨᠢᠨ ᠳᠡᠭᠡᠷ᠎ᠡ ᠨᠢ ᠨᠠᠶᠢᠳᠠᠪᠤᠷᠢᠲᠠᠢ ᠴᠠᠭ |
ᠲᠤᠬᠠᠢ ᠳᠤᠨᠢ ᠤᠷᠢᠳᠴᠢᠯᠠᠨ ᠲᠥᠰᠦᠭᠡᠯᠡᠵᠦ ᠤᠷᠢᠳᠴᠢᠯᠠᠨ ᠮᠡᠳᠡᠭᠡᠯᠡᠬᠦ ᠳᠤ ᠪᠤᠢ ᠭᠡᠳᠡᠭ ᠢ ᠭᠦᠢᠴᠡᠳ ᠲᠠᠨᠢᠬᠤ |
ᠬᠡᠷᠡᠭᠲᠡᠢ᠃ ᠬᠤᠶᠠᠷ ᠲᠤ ᠶᠡᠭᠡ ᠭᠤᠣᠯ ᠮᠥᠷᠡᠨ ᠤ ᠣᠨᠴᠠ ᠶᠡᠭᠡ ᠦᠶᠡᠷ ᠤᠰᠤᠳᠤᠯ᠂ ᠤᠰᠤᠨ ᠴᠥᠭᠦᠷᠥᠮ ᠤᠨ |
ᠬᠠᠰᠢᠯᠭ᠎ᠠ ᠶᠢᠨ ᠠᠳᠡᠯ ᠪᠠ ᠬᠡᠰᠡᠭ ᠭᠠᠵᠠᠷ ᠲᠤ ᠰᠢᠷᠦᠭᠦᠨ ᠪᠣᠷᠣᠭᠠᠨ ᠠᠭᠤᠯᠠᠨ ᠦᠶᠡᠷ ᠵᠡᠷᠭᠡ ᠬᠦᠨᠳᠦ ᠶᠡᠭᠡ |
ᠦᠶᠡᠷ ᠤᠰᠤᠳᠤᠯ ᠭᠠᠩ ᠬᠠᠭᠰᠠᠷᠠᠭᠠᠨ ᠤ ᠭᠠᠮᠰᠢᠭ ᠤᠨ ᠠᠶᠤᠯ ᠲᠦᠭᠰᠢᠭᠦᠷᠢ ᠶᠢ ᠠᠷᠢᠯᠭᠠᠬᠤ ᠪᠠ ᠰᠡᠷᠭᠡᠶᠢᠯᠡᠬᠦ |
ᠠᠵᠢᠯ ᠢ ᠪᠦᠬᠦ ᠲᠠᠯ᠎ᠠ ᠪᠠᠷ ᠪᠠᠶᠢᠷᠢᠯᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ |
ᠨᠡᠶᠢᠭᠡᠮ ᠤᠨ ᠬᠥᠭᠵᠢᠯᠲᠡ ᠳᠤ ᠨᠢᠭᠡᠳᠦᠯᠲᠡᠶ ᠲᠥᠯᠥᠪᠵᠢᠭᠦᠯᠬᠦ ᠳᠤ ᠤᠰᠤᠨ ᠠᠰᠢᠭᠯᠠᠯᠲᠠ ᠶᠢᠨ ᠪᠠᠲᠤ |
ᠲᠤᠯᠭᠠᠭᠤᠷᠢᠯᠠᠯ ᠪᠠ ᠪᠠᠲᠤᠯᠠᠭ᠎ᠠ ᠶᠢ ᠬᠠᠩᠭᠠᠬᠤ ᠬᠡᠷᠡᠭᠳᠠᠢ᠃ ᠰᠠᠨᠠᠭᠠᠰᠢᠷᠠᠬᠤ ᠤᠬᠠᠮᠰᠠᠷ ᠢᠶᠠᠨ ᠴᠢᠨᠠᠭᠰᠢᠳᠠ |
ᠴᠢᠩᠭᠠᠷᠠᠭᠤᠯᠵᠤ᠂ ᠤᠰᠤᠨ ᠤ ᠪᠠᠶᠢᠳᠠᠯ ᠢ ᠤᠷᠢᠳᠴᠢᠯᠠᠨ ᠮᠡᠳᠡᠭᠡᠯᠡᠬᠦ ᠠᠵᠢᠯ ᠢ ᠡᠷᠲᠡ ᠠᠴᠠ᠂ ᠨᠠᠷᠢᠯᠢᠭ᠂ |
ᠪᠣᠳᠠᠲᠠᠶ᠂ ᠬᠦᠢᠴᠡᠳ ᠬᠢᠵᠦ᠂ ᠦᠷᠭᠦᠯᠵᠢᠯᠡᠨ ᠤᠷᠢᠳᠴᠢᠯᠠᠨ ᠮᠡᠳᠡᠭᠡᠯᠡᠵᠦ ᠵᠠᠳᠠᠯᠤᠯᠲᠠ ᠬᠢᠵᠦ᠂ ᠤᠰᠤᠨ ᠵᠦᠶ ᠶᠢᠨ |
ᠮᠡᠳᠡᠭᠡ ᠵᠠᠩᠬᠢ ᠶᠢ ᠤᠷᠢᠳᠴᠢᠯᠠᠨ ᠮᠡᠳᠡᠭᠡᠯᠡᠬᠦ ᠶᠢ ᠨᠠᠷᠢᠯᠢᠭ ᠣᠨᠣᠴᠠᠲᠠᠶ ᠪᠣᠯᠭᠠᠬᠤ ᠪᠠ ᠨᠠᠷᠢᠯᠢᠬᠵᠢᠭᠤᠯᠬᠤ |
ᠦᠢᠯᠡᠴᠢᠯᠡᠭᠡᠨ ᠤ ᠬᠢᠷᠢ ᠲᠦᠪᠰᠢᠨ ᠢ ᠦᠨᠡᠨ ᠬᠦ ᠳᠡᠭᠡᠭᠰᠢᠯᠡᠭᠦᠯᠬᠦ ᠬᠡᠷᠡᠭᠲᠡᠶ ᠭᠡᠵᠤ ᠴᠢᠬᠤᠯᠠᠴᠢᠯᠠᠪᠠ᠃ |
ᠶᠧ ᠵᠢᠶᠠᠨ ᠴᠦᠨ 2020 ᠣᠨ ᠤ ᠤᠰᠤᠨ ᠤ ᠪᠠᠶᠢᠳᠠᠯ ᠤᠨ ᠠᠵᠢᠯ ᠢ ᠰᠠᠶᠢᠲᠤᠷ ᠬᠢᠬᠦ ᠲᠤᠬᠠᠢ ᠴᠢᠬᠤᠯᠠ |
ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠭᠠᠴᠠᠭᠠᠬᠤ᠂ ᠤᠰᠤᠨ ᠠᠰᠢᠭᠯᠠᠯᠲᠠ ᠶᠢᠨ ᠥᠭᠡᠷᠡᠴᠢᠯᠡᠯᠲᠡ |
ᠬᠥᠭᠵᠢᠯᠲᠡ ᠶᠢᠨ ᠶᠡᠷᠦᠩᠬᠡᠢ ᠬᠦᠭ ᠠᠶᠠᠰ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ᠂ ᠲᠦᠷᠭᠡᠨ ᠠᠬᠢᠭᠤᠯᠬᠤ |
ᠴᠢᠳᠠᠪᠤᠷᠢ ᠪᠣᠯᠤᠨ ᠡᠩᠨᠡᠭᠡᠨ ᠤ ᠪᠠᠶᠢᠭᠤᠯᠤᠯᠲᠠ ᠵᠡᠷᠭᠡ ᠭᠤᠷᠪᠠᠨ ᠲᠠᠯ᠎ᠠ ᠪᠠᠷ ᠲᠣᠳᠣᠷᠬᠠᠢ ᠱᠠᠭᠠᠷᠳᠠᠯᠭ᠎ᠠ |
ᠳᠤᠷᠠᠳᠴᠠᠢ᠃ ᠨᠢᠭᠡ ᠳᠤ ᠰᠠᠪᠠ ᠭᠠᠵᠠᠷ ᠤᠨ ᠴᠢᠨᠠᠷᠲᠠᠶ ᠶᠡᠭᠡ ᠦᠶᠡᠷ᠂ ᠤᠰᠤᠨ ᠴᠥᠭᠦᠷᠥᠮ ᠤᠨ ᠦᠶᠡᠷ |
ᠤᠰᠤᠳᠤᠯ ᠢ ᠰᠡᠷᠭᠡᠶᠢᠯᠡᠨ ᠠᠮᠤᠷ ᠢ ᠬᠠᠮᠠᠭᠠᠯᠠᠬᠤ ᠵᠢᠴᠢ ᠬᠡᠰᠡᠭ ᠭᠠᠵᠠᠷ ᠤᠨ ᠰᠢᠷᠦᠭᠦᠨ ᠪᠣᠷᠣᠭᠠᠨ ᠦᠶᠡᠷ |
ᠤᠰᠤᠳᠤᠯ ᠢ ᠠᠷᠭᠠᠴᠠᠭᠠᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠳᠠᠢ᠃ ᠰᠠᠪᠠ ᠭᠠᠵᠠᠷ ᠤᠨ |
ᠴᠢᠨᠠᠷᠲᠠᠶ ᠶᠡᠭᠡ ᠦᠶᠡᠷ ᠤᠰᠤᠳᠤᠯ ᠢ ᠠᠷᠭᠠᠴᠠᠭᠠᠬᠤ ᠲᠠᠯ᠎ᠠ ᠪᠠᠷ᠂ ︽ᠰᠢᠨᠵᠢᠯᠡᠬᠦ ᠤᠬᠠᠭᠠᠨᠴᠢ ᠪᠠᠷ ᠰᠤᠳᠤᠯᠤᠨ |
ᠮᠠᠭᠠᠳᠯᠠᠬᠤ᠂ ᠣᠨᠣᠪᠴᠢᠲᠠᠶ ᠤᠷᠢᠳᠴᠢᠯᠠᠨ ᠮᠡᠳᠡᠭᠡᠯᠡᠬᠦ᠂ ᠪᠠᠴᠢᠮ ᠪᠠᠶᠢᠳᠠᠯ ᠢ ᠠᠷᠭᠠᠴᠠᠭᠠᠬᠤ ᠪᠠᠷ |
ᠲᠤᠯᠭᠠᠭᠤᠷᠢᠯᠠᠬᠤ︾ ᠭᠤᠷᠪᠠᠨ ᠭᠤᠭᠴᠤᠭ᠎ᠠ ᠶᠢ ᠭᠤᠤᠯᠳᠠᠯᠭ᠎ᠠ ᠲᠠᠢ ᠰᠠᠶᠢᠲᠤᠷ ᠠᠳᠬᠤᠵᠤ᠂ ᠰᠢᠨ᠎ᠡ ᠮᠡᠷᠭᠡᠵᠢᠯ |
ᠰᠢᠨ᠎ᠡ ᠠᠷᠭ᠎ᠠ ᠶᠢ ᠬᠦᠢᠴᠡᠳ ᠠᠰᠢᠭᠯᠠᠨ᠂ ᠲᠤᠨᠳᠠᠰᠤ ᠶᠢᠨ ᠬᠡᠮᠵᠢᠶ᠎ᠡ ᠪᠠ ᠦᠶᠡᠷ ᠤᠰᠤᠳᠤᠯ ᠢ ᠤᠷᠢᠳᠴᠢᠯᠠᠨ |
ᠮᠡᠳᠡᠭᠡᠯᠡᠬᠦ ᠶᠢᠨ ᠬᠤᠯᠪᠣᠯᠳᠤᠯ ᠢ ᠴᠢᠩᠭᠠᠳᠬᠠᠵᠤ᠂ ᠦᠶᠡᠷ ᠤᠰᠤᠳᠤᠯ ᠢ ᠤᠷᠢᠳᠴᠢᠯᠠᠨ ᠮᠡᠳᠡᠭᠡᠯᠡᠬᠦ ᠶᠢᠨ |
ᠲᠣᠬᠢᠷᠠᠭᠤᠯᠤᠯᠲᠠ ᠶᠢ ᠨᠢᠭᠡ ᠴᠣᠭᠴᠠᠵᠢᠭᠤᠯᠬᠤ ᠶᠢ ᠠᠬᠢᠭᠤᠯᠤᠨ᠂ ᠬᠠᠮᠲᠤᠷᠠᠨ ᠵᠥᠪᠳᠡᠯᠴᠡᠬᠦ ᠶᠢ ᠴᠢᠩᠭᠠᠳᠬᠠᠵᠤ ᠂ |
ᠦᠶᠡᠷ ᠤᠰᠤᠳᠤᠯ ᠢ ᠤᠷᠢᠳᠴᠢᠯᠠᠨ ᠮᠡᠳᠡᠭᠡᠯᠡᠬᠦ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠬᠦ ᠬᠡᠷᠡᠭᠲᠡᠶ︔ |
ᠤᠰᠤᠨ ᠴᠥᠭᠦᠷᠥᠮ ᠤᠨ ᠦᠶᠡᠷ ᠤᠰᠤᠳᠤᠯ ᠢ ᠰᠡᠷᠭᠡᠶᠢᠯᠡᠨ ᠠᠮᠤᠷ ᠢ ᠬᠠᠮᠠᠭᠠᠯᠠᠬᠤ ᠲᠠᠯ᠎ᠠ ᠪᠠᠷ᠂ ᠤᠰᠤᠨ |
ᠴᠥᠭᠦᠷᠥᠮ ᠤᠨ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ᠂ ᠦᠶᠡᠷ ᠤᠰᠤᠳᠤᠯ ᠤᠨ ᠬᠢᠵᠠᠭᠠᠷ ᠬᠡᠮᠵᠢᠶ᠎ᠡ ᠠᠴᠠ |
ᠬᠡᠲᠦᠷᠡᠭᠦᠯᠬᠦ ᠪᠠ ᠦᠶᠡᠷ ᠢ ᠰᠡᠷᠭᠡᠶᠢᠯᠡᠬᠦ ᠲᠣᠬᠢᠷᠠᠭᠤᠯᠤᠯᠲᠠ ᠶᠢ ᠬᠢᠨᠠᠨ ᠠᠵᠢᠭᠯᠠᠵᠤ ᠵᠠᠳᠠᠯᠬᠤ᠂ ᠦᠶᠡᠷ ᠤᠰᠤᠳᠤᠯ ᠢ |
ᠤᠷᠢᠳᠴᠢᠯᠠᠨ ᠮᠡᠳᠡᠭᠡᠯᠡᠵᠦ ᠤᠷᠢᠳᠴᠢᠯᠠᠨ ᠰᠡᠷᠡᠮᠵᠢᠯᠡᠭᠦᠯᠬᠦ ᠵᠡᠷᠭᠡ ᠠᠵᠢᠯ ᠢ ᠭᠤᠤᠯᠳᠠᠯᠭ᠎ᠠ ᠲᠠᠢ ᠰᠠᠶᠢᠲᠤᠷ |
ᠠᠳᠬᠤᠬᠤ ᠬᠡᠷᠡᠭᠲᠡᠶ︔ ᠬᠡᠰᠡᠭ ᠭᠠᠵᠠᠷ ᠤᠨ ᠰᠢᠷᠦᠭᠦᠨ ᠪᠣᠷᠣᠭᠠᠨ ᠦᠶᠡᠷ ᠤᠰᠤᠳᠤᠯ ᠢ ᠰᠡᠷᠡᠮᠵᠢᠯᠡᠭᠦᠯᠬᠦ ᠲᠠᠯ᠎ᠠ |
ᠪᠠᠷ᠂ ᠤᠷᠢᠳᠴᠢᠯᠠᠨ ᠰᠡᠷᠡᠮᠵᠢᠯᠡᠭᠦᠯᠵᠦ ᠨᠡᠶᠢᠲᠡᠯᠡᠬᠦ ᠲᠣᠭᠲᠠᠴᠠ ᠶᠢ ᠲᠡᠭᠦᠯᠳᠡᠷᠵᠢᠭᠦᠯᠬᠦ᠂ ᠪᠣᠷᠣᠭᠠᠨ ᠤ ᠬᠡᠮᠵᠢᠶ᠎ᠡ ᠶᠢᠨ |
ᠰᠡᠷᠡᠮᠵᠢᠯᠡᠭᠦᠯᠬᠦ ᠬᠢᠵᠠᠭᠠᠷ ᠵᠢᠭᠠᠯᠲᠠ ᠲᠤᠭ᠎ᠠ ᠳᠤ ᠵᠠᠰᠠᠪᠤᠷᠢ ᠣᠷᠣᠭᠤᠯᠬᠤ᠂ ᠰᠢᠷᠦᠭᠦᠨ ᠪᠣᠷᠣᠭᠠᠨ ᠤ ᠶᠠᠪᠤᠴᠠ ᠶᠢ |
ᠤᠷᠢᠳᠴᠢᠯᠠᠨ ᠮᠡᠳᠡᠭᠡᠯᠡᠵᠦ ᠰᠡᠷᠡᠮᠵᠢᠯᠡᠭᠦᠯᠬᠦ᠂ ᠤᠰᠤᠨ ᠤ ᠪᠠᠶᠢᠳᠠᠯ ᠢ ᠰᠡᠷᠡᠮᠵᠢᠯᠡᠭᠦᠯᠬᠦ ᠨᠡᠶᠢᠭᠡᠮᠴᠢᠯᠡᠨ ᠨᠡᠶᠢᠲᠡᠯᠡᠬᠦ |
ᠨᠡᠶᠢᠲᠡ ᠶᠢᠨ ᠠᠰᠠᠷᠠᠮᠵᠢ ᠶᠢᠨ ᠦᠢᠯᠡᠴᠢᠯᠡᠭᠡ ᠵᠡᠷᠭᠡ ᠠᠵᠢᠯ ᠢ ᠭᠤᠣᠯᠳᠠᠯᠭ᠎ᠠ ᠲᠠᠢ ᠰᠠᠶᠢᠲᠤᠷ ᠬᠢᠬᠦ ᠬᠡᠷᠡᠭᠲᠡᠶ᠃ |
ᠬᠤᠶᠠᠷ ᠲᠤ᠂ ᠤᠰᠤᠨ ᠠᠰᠢᠭᠯᠠᠯᠲᠠ ᠶᠢᠨ ᠥᠭᠡᠷᠡᠴᠢᠯᠡᠯᠲᠡ ᠬᠥᠭᠵᠢᠯᠲᠡ ᠶᠢᠨ ᠶᠡᠷᠦᠩᠬᠡᠢ ᠬᠦᠭ ᠠᠶᠠᠰ ᠢ ᠴᠢᠷᠮᠠᠶᠢᠨ |
ᠦᠢᠯᠡᠳᠦᠯᠭᠡᠵᠢᠭᠦᠯᠬᠦ ᠬᠡᠷᠡᠭᠳᠠᠢ᠃ ᠤᠰᠤᠨ ᠤ ᠪᠠᠶᠢᠳᠠᠯ ᠢ ᠤᠷᠢᠳᠴᠢᠯᠠᠨ ᠲᠥᠰᠦᠭᠡᠯᠡᠵᠦ ᠤᠷᠢᠳᠴᠢᠯᠠᠨ |
ᠮᠡᠳᠡᠭᠡᠯᠡᠬᠦ ᠳᠤ ᠳᠤᠲᠠᠭᠤᠳᠠᠯ ᠢ ᠨᠥᠬᠦᠪᠥᠷᠢᠯᠡᠬᠦ ᠳᠤ ︽ᠤᠷᠢᠳᠴᠢᠯᠠᠨ ᠮᠡᠳᠡᠬᠦ ᠬᠤᠭᠤᠴᠠᠭ᠎ᠠ ᠶᠢ ᠤᠷᠲᠤᠳᠬᠠᠬᠤ᠂ |
ᠤᠷᠢᠳᠴᠢᠯᠠᠨ ᠮᠡᠳᠡᠭᠡᠯᠡᠬᠦ ᠣᠨᠣᠪᠴᠢ ᠶᠢᠨ ᠬᠡᠮᠵᠢᠶ᠎ᠡ ᠶᠢ ᠳᠡᠭᠡᠭᠰᠢᠯᠡᠭᠦᠯᠬᠦ᠂ ᠦᠨᠡᠨ ᠦᠭᠡ ᠬᠡᠯᠡᠬᠦ ᠶᠢ ᠪᠠᠷᠢᠮᠲᠠᠯᠠᠬᠤ︾ |
ᠳᠡᠭᠡᠷ᠎ᠡ ᠬᠦᠴᠦ ᠲᠠᠯᠪᠢᠬᠤ ᠬᠡᠷᠡᠭᠲᠡᠶ︔ ᠤᠰᠤᠨ ᠠᠰᠢᠭᠯᠠᠯᠲᠠ ᠶᠢᠨ ᠬᠢᠨᠠᠨ ᠬᠠᠮᠢᠶᠠᠷᠤᠯᠲᠠ ᠶᠢᠨ ᠤᠰᠤᠨ ᠤ |
ᠪᠠᠶᠢᠳᠠᠯ ᠤᠨ ᠦᠢᠯᠡᠴᠢᠯᠡᠭᠡ ᠶᠢ ᠲᠤᠯᠭᠠᠭᠤᠷᠢᠯᠠᠬᠤ ᠳᠤ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ᠂ ᠤᠰᠤᠨ ᠤ |
ᠠᠮᠢ ᠠᠬᠤᠶ ᠣᠷᠴᠢᠨ ᠲᠣᠭᠤᠷᠢᠨ ᠢ ᠰᠡᠷᠭᠦᠭᠡᠬᠦ᠂ ᠭᠠᠩ ᠬᠠᠭᠰᠠᠷᠠᠭᠠᠨ ᠤ ᠪᠠᠶᠢᠳᠠᠯ ᠢ ᠦᠨᠡᠯᠡᠨ ᠵᠢᠱᠢᠵᠦ |
ᠵᠠᠳᠠᠯᠤᠯᠲᠠ ᠬᠢᠬᠦ ᠵᠡᠷᠭᠡ ᠲᠤᠬᠠᠶᠢᠯᠠᠭᠰᠠᠨ ᠠᠵᠢᠯ ᠳᠤ ᠦᠢᠯᠡᠴᠢᠯᠡᠭᠦ ᠬᠡᠷᠡᠭᠳᠠᠢ᠃ ᠭᠤᠷᠪᠠ ᠳᠤ ᠲᠤᠬᠠᠶᠢᠯᠠᠭᠰᠠᠨ |
ᠠᠵᠢᠯ ᠤᠨ ᠴᠢᠳᠠᠪᠤᠷᠢ ᠪᠠ ᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠲᠠ ᠶᠢ ᠶᠡᠭᠡ ᠪᠠᠷ ᠠᠬᠢᠭᠤᠯᠬᠤ ᠬᠡᠷᠡᠭᠳᠠᠢ᠃ |
ᠰᠢᠨ᠎ᠡ ᠴᠠᠭ ᠦᠶ᠎ᠡ ᠶᠢᠨ ᠤᠰᠤᠨ ᠤ ᠪᠠᠶᠢᠳᠠᠯ ᠤᠨ ᠠᠵᠢᠯ ᠤᠨ ᠬᠠᠷᠠᠯᠲᠠ ᠶᠢ ᠳᠤᠷᠠᠳᠴᠤ ᠂ ᠤᠰᠤᠨ ᠠᠰᠢᠭᠯᠠᠯᠳᠠ |
ᠶᠢᠨ ᠶᠠᠮᠤᠨ ᠤ 《 ᠤᠰᠤᠨ ᠵᠦᠢ ᠶᠢᠨ ᠮᠡᠳᠡᠭᠡ ᠵᠠᠩᠭᠢ ᠶᠢ ᠤᠷᠢᠳᠴᠢᠯᠠᠨ ᠮᠡᠳᠡᠭᠡᠯᠡᠬᠦ ᠠᠵᠢᠯ ᠢ ᠴᠢᠩᠭᠠᠳᠬᠠᠬᠤ |
ᠲᠤᠬᠠᠶ ᠵᠢᠯᠣᠭᠤᠳᠬᠤ ᠰᠠᠨᠠᠯ 》 ᠤᠨ ᠱᠠᠭᠠᠷᠳᠠᠯᠭ᠎ᠠ ᠶᠣᠰᠣᠭᠠᠷ᠂ ᠤᠰᠤᠨ ᠵᠦᠢ ᠶᠢᠨ ᠣᠳᠣᠬᠢᠴᠢᠯᠠᠯᠲᠠ ᠶᠢᠨ |
ᠲᠥᠯᠥᠪᠵᠢᠭᠦᠯᠭᠡ ᠪᠣᠯᠤᠨ 《 ᠠᠷᠪᠠᠨ ᠳᠥᠷᠪᠡᠳᠦᠭᠡᠷ ᠲᠠᠪᠤᠨ ᠵᠢᠯ 》 ᠤᠨ ᠲᠥᠯᠥᠪᠵᠢᠭᠦᠯᠭᠡ ᠳᠤ ᠦᠶᠡᠷ |
ᠤᠰᠤᠳᠤᠯ ᠢ ᠤᠷᠢᠳᠴᠢᠯᠠᠨ ᠮᠡᠳᠡᠭᠡᠯᠡᠵᠦ ᠲᠣᠬᠢᠷᠠᠭᠤᠯᠬᠤ ᠶᠢ ᠨᠢᠭᠡ ᠴᠤᠭᠴᠠᠵᠢᠭᠤᠯᠬᠤ᠂ ᠭᠠᠩ ᠬᠠᠭᠰᠠᠷᠠᠭᠠᠨ ᠤ |
ᠪᠠᠶᠢᠳᠠᠯ ᠢ ᠬᠢᠨᠠᠨ ᠬᠡᠮᠵᠢᠵᠦ ᠦᠨᠡᠯᠡᠨ ᠵᠢᠱᠢᠬᠦ ᠶᠢ ᠪᠠᠶᠢᠩᠭᠤᠵᠢᠭᠤᠯᠬᠤ᠂ ᠤᠰᠤᠨ ᠤ ᠪᠠᠶᠢᠳᠠᠯ ᠤᠨ ᠪᠠᠴᠢᠮ ᠪᠠᠶᠢᠳᠠᠯ ᠢ |
ᠠᠷᠭᠠᠴᠠᠭᠠᠨ ᠤᠷᠢᠳᠴᠢᠯᠠᠨ ᠮᠡᠳᠡᠭᠡᠯᠡᠬᠦ᠂ ᠤᠰᠤᠨ ᠤ ᠡᠬᠢ ᠪᠠᠶᠠᠯᠢᠭ ᠤᠰᠤᠨ ᠤ ᠠᠮᠢ ᠠᠬᠤᠶ ᠤᠰᠤᠨ ᠤ |
ᠢᠨᠵᠧᠨᠧᠷᠢᠩ ᠤᠨ ᠬᠢᠨᠠᠯᠲᠠ ᠬᠠᠮᠢᠶᠠᠷᠤᠯᠲᠠ ᠶᠢᠨ ᠦᠢᠯᠡᠴᠢᠯᠡᠭᠡ᠂ ᠤᠰᠤᠨ ᠤ ᠪᠠᠶᠢᠳᠠᠯ ᠤᠨ ᠠᠵᠢᠯ ᠤᠨ ᠪᠠᠲᠤᠯᠠᠭ᠎ᠠ |
ᠵᠡᠷᠭᠡ ᠭᠤᠣᠯᠳᠠᠯᠭ᠎ᠠ ᠲᠠᠢ ᠬᠦᠷᠢᠶ᠎ᠡ ᠴᠠᠷᠠᠭᠠᠨ ᠤ ᠤᠰᠤᠨ ᠤ ᠪᠠᠶᠢᠳᠠᠯ ᠤᠨ ᠴᠢᠳᠠᠪᠤᠷᠢ ᠶᠢᠨ ᠪᠠᠶᠢᠭᠤᠯᠤᠯᠲᠠ ᠶᠢᠨ |
ᠡᠭᠦᠷᠭᠡ ᠶᠢ ᠳᠤᠷᠠᠳᠪᠠ᠃ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠰᠤᠳᠤᠯᠵᠤ᠂ ᠴᠢᠳᠠᠪᠤᠷᠢᠲᠠᠨ ᠢ |
ᠤᠷᠮᠠᠰᠢᠭᠤᠯᠬᠤ ᠪᠠᠶᠢᠭᠤᠯᠤᠮᠵᠢ ᠶᠢᠨ ᠰᠢᠨ᠎ᠡ ᠶᠢ ᠡᠭᠦᠳᠴᠦ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠬᠦ᠂ |
ᠤᠯᠠᠮᠵᠢᠯᠠᠵᠤ ᠬᠠᠪᠰᠤᠷᠴᠤ ᠳᠠᠭᠠᠭᠤᠯᠬᠤ ᠦᠢᠯᠡᠳᠦᠯ ᠢ ᠪᠠᠳᠠᠷᠠᠭᠤᠯᠬᠤ ᠨᠢᠭᠡ ᠪᠦᠯᠦᠭ ᠳᠡᠭᠡᠳᠦ ᠲᠡᠰ |
ᠳᠠᠪᠬᠤᠷᠭ᠎ᠠ ᠶᠢᠨ ᠲᠤᠰᠬᠠᠢ ᠮᠡᠷᠭᠡᠵᠢᠯᠲᠡᠨ ᠤ ᠡᠩᠨᠡᠭᠡ ᠶᠢ ᠬᠥᠮᠦᠵᠢᠭᠦᠯᠬᠦ ᠬᠡᠷᠡᠭᠲᠡᠢ᠃ ᠰᠠᠪᠠ ᠭᠠᠵᠠᠷ ᠤᠨ |
ᠬᠠᠮᠢᠶᠠᠷᠬᠤ ᠪᠠᠶᠢᠭᠤᠯᠤᠮᠵᠢ ᠳᠤ ᠤᠰᠤᠨ ᠵᠦᠢ ᠶᠢᠨ ᠲᠡᠷᠢᠭᠦᠨ ᠤ ᠤᠷᠢᠳᠴᠢᠯᠠᠨ ᠮᠡᠳᠡᠭᠡᠯᠡᠭᠴᠢ ᠶᠢᠨ ᠲᠥᠷᠢᠮ ᠢ |
ᠤᠷᠢᠳᠠᠪᠠᠷ ᠬᠡᠷᠡᠭᠵᠢᠭᠦᠯᠬᠦ ᠶᠢ ᠲᠥᠯᠬᠢᠨ ᠠᠬᠢᠭᠤᠯᠵᠤ᠂ ᠪᠥᠬᠦ ᠤᠯᠤᠰ ᠤᠨ ᠤᠰᠤᠨ ᠠᠰᠢᠭᠯᠠᠯᠲᠠ ᠶᠢᠨ |
ᠰᠢᠰᠲ᠋ᠧᠮ ᠳᠤ ᠠᠯᠬᠤᠮ ᠠᠯᠬᠤᠮ ᠢᠶᠠᠷ ᠳᠡᠯᠭᠡᠷᠡᠭᠦᠯᠦᠨ᠂ ᠲᠡᠷᠢᠭᠦᠨ ᠤ ᠤᠷᠢᠳᠴᠢᠯᠠᠨ ᠮᠡᠳᠡᠭᠡᠯᠡᠭᠴᠢ ᠶᠢᠨ ᠲᠤᠰᠬᠠᠶ |
ᠮᠡᠷᠭᠡᠵᠢᠯᠲᠡᠨ ᠤ ᠡᠩᠨᠡᠭᠡᠨ ᠤ ᠪᠠᠶᠢᠭᠤᠯᠤᠯᠲᠠ ᠶᠢ ᠴᠢᠩᠭᠠᠷᠠᠭᠤᠯᠵᠤ᠂ ᠤᠰᠤᠨ ᠵᠦᠢ ᠶᠢᠨ ᠮᠡᠳᠡᠭᠡ ᠵᠠᠩᠭᠢ ᠶᠢ |
ᠤᠷᠢᠳᠴᠢᠯᠠᠨ ᠮᠡᠳᠡᠭᠡᠯᠡᠬᠦ ᠠᠵᠢᠯ ᠳᠤ ᠪᠠᠲᠤ ᠪᠠᠬᠢ ᠴᠢᠳᠠᠪᠤᠷᠢᠲᠠᠨ ᠤ ᠪᠠᠲᠤᠯᠠᠭ᠎ᠠ ᠶᠢ ᠬᠠᠩᠭᠠᠬᠤ ᠬᠡᠷᠡᠭᠲᠡᠶ᠃ |
ᠬᠥᠬᠡᠮᠥ᠋ᠷᠡᠨ ᠤ ᠤᠰᠤᠨ ᠠᠰᠢᠭᠯᠠᠯᠲᠠ ᠶᠢᠨ ᠵᠥᠪᠯᠡᠯ ᠪᠣᠯᠤᠨ ᠬᠠᠷᠠᠮᠥ᠋ᠷᠡᠨ᠂ ᠠᠨᠾᠦ᠋ᠢ᠂ ᠵᠢᠶᠠᠩᠰᠢ᠂ |
ᠭᠤᠸᠠᠩᠳᠦ᠋ᠩ ᠮᠤᠵᠢ ᠵᠡᠷᠭᠡ ᠤᠰᠤᠨ ᠵᠦᠢ ᠶᠢᠨ ᠰᠠᠯᠠᠭ᠎ᠠ ᠮᠥᠴᠢᠷ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ |
ᠨᠥᠬᠦᠳ ᠰᠠᠨᠠᠯ ᠢᠶᠠᠨ ᠰᠣᠯᠢᠯᠴᠠᠬᠤ ᠦᠭᠡ ᠬᠡᠯᠡᠪᠡ᠃ ᠤᠰᠤᠨ ᠠᠰᠢᠭᠯᠠᠯᠳᠠ ᠶᠢᠨ ᠶᠠᠮᠤᠨ ᠤ ᠬᠠᠮᠢᠶ᠎ᠠ ᠪᠦᠬᠦᠢ |
ᠵᠤᠷᠭᠠᠨ ᠲᠣᠪᠴᠢᠶ᠎ᠠ ᠶᠢᠨ ᠬᠠᠷᠢᠭᠤᠴᠠᠯᠭᠠᠲᠠᠨ ᠨᠥᠬᠦᠳ ᠭᠤᠣᠯ ᠬᠤᠷᠠᠯ ᠤᠨ ᠲᠠᠯᠠᠪᠠᠶ ᠳᠤ ᠬᠤᠷᠠᠯ ᠳᠤ |
ᠣᠷᠣᠯᠴᠠᠵᠤ᠂ ᠬᠡᠰᠡᠭ ᠰᠠᠪᠠ ᠭᠠᠵᠠᠷ ᠤᠨ ᠬᠠᠮᠢᠶᠠᠷᠤᠯᠳᠠ ᠶᠢᠨ ᠪᠠᠶᠢᠭᠤᠯᠤᠮᠵᠢ᠂ ᠮᠤᠵᠢ ᠶᠢᠨ ᠱᠠᠲᠤᠨ ᠤ ᠤᠰᠤᠨ ᠤ |
ᠶᠠᠪᠤᠳᠠᠯ ᠤᠨ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠨ ᠤᠰᠤᠨ ᠵᠦᠶ ᠶᠢᠨ ᠠᠵᠢᠯ ᠢ |
ᠬᠤᠪᠢᠳᠠᠨ ᠬᠠᠮᠢᠶᠠᠷᠴᠤ ᠪᠠᠶᠢᠭ᠎ᠠ ᠬᠠᠷᠢᠭᠤᠴᠠᠯᠭᠠᠲᠠᠨ᠂ ᠡᠯ᠎ᠡ ᠰᠠᠪᠠ ᠭᠠᠵᠠᠷ ᠤᠨ ᠬᠠᠮᠢᠶᠠᠷᠤᠯᠳᠠ ᠶᠢᠨ ᠪᠠᠶᠢᠭᠤᠯᠤᠮᠵᠢ᠂ |
ᠡᠯ᠎ᠡ ᠮᠤᠵᠢ ( ᠥᠪᠡᠷᠲᠡᠭᠡᠨ ᠵᠠᠰᠠᠬᠤ ᠣᠷᠣᠨ ᠂ ᠰᠢᠭᠤᠳ ᠬᠠᠷᠢᠶ᠎ᠠ ᠬᠤᠲᠠ ) ᠂ ᠰᠢᠨᠵᠢᠶᠠᠩ ᠤᠨ |
ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ ᠤ ᠤᠰᠤᠨ ᠵᠦᠢ ᠶᠢᠨ ᠪᠠᠶᠢᠭᠤᠯᠤᠮᠵᠢ ᠶᠢᠨ ᠭᠤᠣᠯ |
ᠬᠠᠷᠢᠭᠤᠴᠠᠯᠭᠠᠲᠠᠨ ᠪᠣᠯᠤᠨ ᠤᠰᠤᠨ ᠤ ᠪᠠᠶᠢᠳᠠᠯ ᠤᠨ ᠠᠵᠢᠯ ᠢ ᠬᠤᠪᠢᠳᠠᠨ ᠬᠠᠮᠢᠶᠠᠷᠴᠤ ᠪᠠᠶᠢᠭ᠎ᠠ ᠬᠠᠷᠢᠭᠤᠴᠠᠯᠭᠠᠲᠠᠨ |
ᠨᠥᠬᠦᠳ᠂ ᠬᠥᠬᠡᠮᠥ᠋ᠷᠡᠨ ᠤ ᠴᠠᠬᠢᠯᠭᠠᠨ ᠬᠦᠴᠦᠨ ᠤ ᠭᠤᠷᠪᠠᠨ ᠬᠠᠪᠴᠢᠯ ᠤᠨ ᠱᠠᠲᠤᠯᠢᠭ ᠲᠣᠬᠢᠷᠠᠭᠤᠯᠤᠯᠲᠠ᠂ |
ᠬᠠᠲᠤᠨ ᠭᠤᠣᠯ ᠤᠨ ᠳᠡᠭᠡᠳᠤ ᠤᠷᠤᠰᠬᠠᠯ ᠤᠨ ᠤᠰᠤ ᠴᠠᠬᠢᠯᠭᠠᠨ ᠤ ᠨᠡᠭᠡᠭᠡᠨ ᠬᠦᠭᠵᠢᠭᠦᠯᠦᠯᠳᠡ ᠶᠢᠨ ᠬᠢᠵᠠᠭᠠᠷᠳᠤ |
ᠬᠠᠢᠷᠭᠤᠴᠠᠯᠭᠠᠳᠤ ᠺᠣᠮᠫᠠᠨᠢ ᠶᠢᠨ ᠲᠣᠬᠢᠷᠠᠭᠤᠯᠤᠯᠲᠠ ᠶᠢᠨ ᠲᠥᠪ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠵᠢᠴᠢ |
ᠡᠯ᠎ᠡ ᠭᠠᠵᠠᠷ ᠤᠨ ᠤᠰᠤᠨ ᠤ ᠪᠠᠶᠢᠳᠠᠯ ᠤᠨ ᠬᠤᠯᠪᠣᠭᠳᠠᠯ ᠪᠦᠬᠦᠢ ᠬᠥᠮᠦᠰ ᠬᠤᠪᠢᠶᠠᠷᠢ ᠬᠤᠷᠠᠯ ᠤᠨ ᠲᠠᠯᠠᠪᠠᠶ ᠳᠤ |
ᠬᠤᠷᠠᠯ ᠳᠤ ᠣᠷᠣᠯᠴᠠᠪᠠ᠃ |
( ᠤᠰᠤᠨ ᠠᠰᠢᠬᠠᠯᠠᠯᠳᠠ ᠶᠢᠨ ᠶᠠᠮᠤᠨ ᠤ ᠰᠦᠯᠵᠢᠶ᠎ᠡ ᠠᠴᠠ ᠠᠪᠤᠪᠠ) |
|