| ᠲᠣᠰ ᠥᠷᠲᠡᠭᠡᠨ ᠤ ᠮᠡᠳᠡᠭᠡ 3 ᠰᠠᠷ᠎ᠠ ᠶᠢᠨ 2 ᠤᠨ ᠡᠳᠦᠷ᠂ ᠤᠰᠤᠨ ᠵᠦᠶ ᠶᠢᠨ ᠠᠵᠢᠯ ᠤᠨ ᠸᠢᠳᠢᠣ᠋ |
ᠬᠤᠷᠠᠯ ᠪᠡᠭᠡᠵᠢᠩ ᠳᠤ ᠬᠤᠷᠠᠯᠳᠤᠪᠠ᠃ ᠪᠥᠬᠦ ᠤᠯᠤᠰ ᠤᠨ ᠤᠰᠤᠨ ᠠᠰᠢᠭᠯᠠᠯᠲᠠ ᠶᠢᠨ ᠠᠵᠢᠯ ᠤᠨ ᠬᠤᠷᠠᠯ ᠤᠨ |
ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ 2019 ᠣᠨ ᠤ ᠤᠰᠤᠨ ᠵᠦᠶ ᠶᠢᠨ ᠠᠵᠢᠯ ᠢ |
ᠳ᠋ᠦᠩᠨᠡᠨ᠂ ᠥᠭᠡᠷᠡᠴᠢᠯᠡᠯᠲᠡ ᠬᠥᠭᠵᠢᠯᠲᠡ ᠶᠢᠨ ᠪᠠᠶᠢᠳᠠᠯ ᠢ ᠵᠠᠳᠠᠯᠵᠤ᠂ 2020 ᠣᠨ ᠤ ᠭᠤᠤᠯᠳᠠᠯᠭ᠎ᠠ ᠲᠠᠢ |
ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃ ᠤᠯᠤᠰ ᠤᠨ ᠦᠶᠡᠷ ᠤᠰᠤᠳᠤᠯ ᠢ ᠰᠡᠷᠭᠡᠶᠢᠯᠡᠨ ᠭᠠᠩ ᠬᠠᠭᠰᠠᠷᠠᠭᠠᠨ ᠢ |
ᠰᠡᠷᠭᠡᠶᠢᠯᠡᠬᠦ ᠶᠡᠷᠦᠩᠬᠡᠢ ᠵᠢᠯᠤᠭᠤᠳᠬᠤ ᠭᠠᠵᠠᠷ ᠤᠨ ᠨᠡᠷᠢᠠ ᠪᠢᠴᠢᠭ ᠤᠨ ᠲᠡᠷᠤᠭ᠎ᠠ᠂ ᠤᠰᠤᠨ ᠠᠰᠢᠭᠯᠠᠯᠳᠠ ᠶᠢᠨ |
ᠶᠠᠮᠤᠨ ᠤ ᠳᠡᠳ᠋ ᠰᠠᠶᠢᠳ ᠶᠧ ᠵᠢᠶᠠᠨ ᠴᠦᠨ ᠬᠤᠷᠠᠯ ᠳᠤ ᠤᠷᠤᠯᠴᠠᠨ ᠶᠠᠷᠢᠶ᠎ᠠ ᠲᠠᠯᠪᠢᠵᠠᠢ᠃ |
ᠶᠧ ᠵᠢᠶᠠᠨ ᠴᠦᠨ᠂ 2019 ᠣᠨ ᠳᠤ ᠪᠦᠬᠦ ᠤᠯᠤᠰ ᠤᠨ ᠤᠰᠤᠨ ᠵᠦᠢ ᠶᠢᠨ ᠰᠢᠰᠲ᠋ᠧᠮ ᠤᠨ ᠬᠢᠨ ᠨᠠᠮ |
ᠤᠨ ᠲᠥᠪ ᠬᠤᠷᠢᠶ᠎ᠠ᠂ ᠲᠦᠷᠤ ᠶᠢᠨ ᠶᠠᠪᠤᠳᠠᠯ ᠤᠨ ᠬᠤᠷᠢᠶ᠎ᠠ ᠶᠢᠨ ᠰᠢᠢᠳᠪᠤᠷᠢᠳᠦ ᠪᠣᠳᠣᠯᠭ᠎ᠠ ᠪᠠᠶᠢᠷᠢᠯᠠᠭᠤᠯᠤᠯᠲᠠ ᠶᠢ |
ᠨᠠᠷᠢᠨ ᠬᠢᠨᠠᠮᠠᠭᠠᠶ ᠲᠤᠭᠤᠰᠢᠯᠠᠭᠤᠯᠵᠤ᠂ ᠤᠰᠤᠨ ᠠᠰᠢᠭᠯᠠᠯᠲᠠ ᠶᠢᠨ ᠥᠭᠡᠷᠡᠴᠢᠯᠡᠯᠲᠡ ᠬᠥᠭᠵᠢᠯᠲᠡ ᠶᠢᠨ ᠶᠡᠷᠦᠩᠬᠡᠶ |
ᠬᠥᠭ ᠠᠶᠠᠰ ᠤᠨ ᠲᠣᠭᠤᠷᠢᠨ ᠳᠤ ᠰᠡᠳᠬᠢᠴᠡ ᠪᠠᠨ ᠬᠤᠪᠢᠷᠠᠭᠤᠯᠤᠨ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ |
ᠦᠨᠡᠨ ᠬᠦ ᠠᠳᠬᠤᠨ ᠪᠣᠳᠠᠲᠠᠶ ᠠᠵᠢᠯᠯᠠᠵᠤ᠂ ᠦᠵᠡᠯ ᠰᠠᠨᠠᠭ᠎ᠠ ᠣᠶᠢᠯᠠᠭᠠᠭᠳᠠᠬᠤᠨ ᠪᠠ ᠠᠵᠢᠯ ᠤᠨ ᠠᠷᠭ᠎ᠠ ᠬᠡᠯᠪᠡᠷᠢ |
ᠳᠤ ᠰᠢᠨ᠎ᠡ ᠬᠤᠪᠢᠷᠠᠯᠲᠠ ᠭᠠᠷᠴᠤ᠂ ᠤᠰᠤᠨ ᠵᠦᠢ ᠶᠢ ᠬᠡᠮᠵᠢᠨ ᠮᠡᠳᠡᠭᠦᠯᠬᠦ᠂ ᠤᠰᠤᠨ ᠵᠦᠢ ᠶᠢᠨ ᠦᠢᠯᠡᠴᠢᠯᠡᠭᠡ᠂ |
ᠴᠢᠳᠠᠪᠤᠷᠢ ᠶᠢᠨ ᠪᠠᠶᠢᠭᠤᠯᠤᠯᠲᠠ᠂ ᠤᠰᠤᠨ ᠵᠦᠢ ᠶᠢᠨ ᠥᠭᠡᠷᠡᠴᠢᠯᠡᠯᠲᠡ᠂ ᠤᠶᠤᠨ ᠤ ᠪᠣᠯᠪᠠᠰᠤᠨ ᠤ ᠪᠠᠶᠢᠭᠤᠯᠤᠯᠲᠠ |
ᠵᠡᠷᠭᠡ ᠬᠡᠳᠦᠨ ᠲᠠᠯ᠎ᠠ ᠪᠠᠷ ᠡᠯᠪᠡᠭ ᠪᠠᠶᠠᠯᠢᠭ ᠦᠷ᠎ᠡ ᠪᠦᠲᠦᠭᠡᠯ ᠣᠯᠵᠤ᠂ ᠪᠠᠶᠢᠪᠠᠰᠤ ᠵᠣᠬᠢᠬᠤ ᠪᠠᠶᠢᠷᠢ ᠰᠠᠭᠤᠷᠢ ᠲᠠᠢ |
ᠪᠤᠯᠵᠤ᠂ ᠤᠰᠤᠨ ᠵᠦᠢ ᠶᠢᠨ ᠠᠵᠢᠯᠳᠠᠳ ᠤᠨ ᠤᠶᠤᠨ ᠰᠠᠨᠠᠭᠠᠨ ᠤ ᠰᠠᠶᠢᠨ ᠰᠠᠶᠢᠬᠠᠨ ᠳᠦᠷᠰᠦ ᠪᠠᠶᠢᠳᠠᠯ ᠢ |
ᠢᠯᠡᠷᠡᠭᠦᠯᠤᠨ᠂ ᠤᠰᠤᠨ ᠵᠦᠢ ᠶᠢᠨ ᠦᠢᠯᠡᠰ ᠤᠨ ᠬᠥᠭᠵᠢᠯᠲᠡ ᠶᠢ ᠬᠦᠴᠦᠲᠡᠶ ᠲᠦᠯᠬᠢᠨ ᠠᠬᠢᠭᠤᠯᠵᠤ᠂ ᠤᠰᠤᠨ |
ᠵᠦᠢ ᠶᠢᠨ ᠠᠵᠢᠯ ᠤᠨ ᠪᠦᠲᠦᠮᠵᠢ ᠡᠯ᠎ᠡ ᠲᠠᠯ᠎ᠠ ᠶᠢᠨ ᠬᠢᠨ ᠤ ᠨᠤᠳᠠᠯᠠᠯᠳᠠ ᠶᠢ ᠬᠦᠷᠳᠡᠪᠡ ᠭᠡᠵᠤ ᠵᠢᠭᠠᠵᠤ ᠭᠠᠷᠭᠠᠭᠰᠠᠨ |
ᠪᠠᠶᠢᠨ᠎ᠠ᠃ |
ᠶᠧ ᠵᠢᠶᠠᠨ ᠴᠦᠨ᠂ ᠪᠦᠬᠦ ᠤᠯᠤᠰ ᠤᠨ ᠤᠰᠤᠨ ᠵᠦᠢ ᠶᠢᠨ ᠰᠢᠰᠲ᠋ᠧᠮ ᠤᠨ ᠬᠢᠨ ᠤᠰᠤᠨ ᠵᠦᠢ ᠶᠢᠨ |
ᠠᠵᠢᠯ ᠳᠤ ᠲᠤᠯᠭᠠᠷᠠᠵᠤ ᠪᠠᠶᠢᠭ᠎ᠠ ᠰᠢᠨ᠎ᠡ ᠪᠠᠶᠢᠳᠠᠯ ᠰᠢᠨ᠎ᠡ ᠱᠠᠭᠠᠷᠳᠠᠯᠭ᠎ᠠ ᠶᠢ ᠭᠦᠨᠵᠡᠭᠡᠢ ᠲᠠᠨᠢᠵᠤ᠂ ︽ᠠᠷᠠᠳ |
ᠲᠦᠮᠡᠨ ᠳᠤ ᠪᠤᠶᠠᠨ ᠦᠢᠯᠡᠳᠬᠦ ᠵᠣᠯ ᠵᠢᠷᠭᠠᠯᠲᠤ ᠭᠤᠣᠯ ᠢ ᠪᠦᠳᠦᠬᠡᠨ ᠪᠠᠶᠢᠭᠤᠯᠬᠤ︾ ᠡᠨᠡ ᠬᠦ ᠶᠡᠷᠦᠩᠬᠡᠢ |
ᠬᠠᠷᠠᠯᠲᠠ ᠶᠢ ᠡᠵᠡᠮᠳᠡᠨ᠂ ᠤᠰᠤᠨ ᠠᠰᠢᠭᠯᠠᠯᠲᠠ ᠶᠢᠨ ᠥᠭᠡᠷᠡᠴᠢᠯᠡᠯᠲᠡ ᠬᠥᠭᠵᠢᠯᠲᠡ ᠶᠢᠨ ᠶᠡᠷᠦᠩᠬᠡᠢ ᠬᠦᠭ |
ᠠᠶᠠᠰ ᠢ ᠪᠠᠷᠢᠮᠲᠠᠯᠠᠨ ᠭᠦᠨᠵᠡᠭᠡᠶᠢᠷᠡᠭᠦᠯᠵᠦ᠂ ᠤᠰᠤᠨ ᠵᠦᠢ ᠶᠢᠨ ᠦᠷᠳᠡᠭᠡ ᠲᠣᠣᠷ ᠤᠨ ᠪᠠᠶᠢᠷᠢᠰᠢᠯ ᠤᠨ |
ᠲᠤᠬᠢᠷᠠᠭᠤᠯᠤᠯᠳᠠ᠂ ᠤᠰᠤᠨ ᠤ ᠡᠬᠢ ᠪᠠᠶᠠᠯᠢᠭ ᠢ ᠬᠢᠨᠠᠨ ᠬᠡᠮᠵᠢᠬᠦ ᠰᠢᠰᠲ᠋ᠧᠮ ᠤᠨ ᠪᠠᠶᠢᠭᠤᠯᠤᠯᠲᠠ ᠵᠡᠷᠭᠡ ᠲᠠᠯ᠎ᠠ ᠪᠠᠷ |
ᠬᠢ ᠤᠰᠤᠨ ᠵᠦᠢ ᠶᠢᠨ ᠲᠤᠯᠭᠠᠭᠤᠷᠢᠯᠠᠯ ᠢ ᠰᠠᠶᠢᠲᠤᠷ ᠠᠳᠬᠤᠬᠤ ᠬᠡᠷᠡᠭᠲᠡᠢ᠃ ᠨᠢᠭᠡ ᠳᠤ᠂ ᠤᠰᠤ ᠵᠠᠰᠠᠬᠤ |
ᠰᠡᠳᠬᠢᠴᠡ ᠪᠠᠨ ᠬᠤᠪᠢᠷᠠᠭᠤᠯᠬᠤ ᠶᠢ ᠪᠥᠬᠦ ᠲᠠᠯ᠎ᠠ ᠪᠠᠷ ᠲᠦᠷᠭᠡᠳᠬᠡᠨ ᠤᠰᠤᠨ ᠵᠦᠶ ᠶᠢᠨ ᠠᠵᠢᠯ ᠳᠤ ᠰᠢᠨ᠎ᠡ |
ᠱᠠᠭᠠᠷᠳᠠᠯᠭ᠎ᠠ ᠳᠤᠷᠠᠳᠴᠤ᠂ ᠤᠰᠤᠨ ᠵᠦᠶ ᠶᠢᠨ ᠦᠢᠯᠡᠴᠢᠯᠡᠭᠡ ᠪᠠᠷ ᠲᠤᠯᠭᠠᠭᠤᠷᠢᠯᠠᠨ ᠪᠠᠲᠤᠯᠠᠬᠤ ᠳᠥᠷᠪᠡᠨ ᠶᠡᠭᠡ |
ᠤᠰᠤᠨ ᠤ ᠠᠰᠠᠭᠤᠳᠠᠯ ᠤᠨ ᠲᠣᠭᠤᠷᠢᠨ ᠳᠤ ᠠᠵᠢᠯ ᠤᠨ ᠪᠠᠶᠢᠷᠢᠯᠠᠭᠤᠯᠤᠯᠲᠠ ᠳᠤ ᠲᠣᠬᠢᠷᠠᠭᠤᠯᠤᠯᠲᠠ ᠬᠢᠵᠦ᠂ |
ᠤᠰᠤᠨ ᠵᠦᠢ ᠶᠢᠨ ᠰᠠᠭᠤᠷᠢ ᠴᠢᠨᠠᠷᠲᠠᠶ ᠲᠤᠬᠠᠶᠢᠯᠠᠭᠰᠠᠨ ᠠᠵᠢᠯ ᠪᠠ ᠲᠤᠯᠭᠠᠭᠤᠷᠢᠯᠠᠬᠤ ᠴᠢᠨᠠᠷᠲᠠᠶ ᠠᠵᠢᠯ ᠢ |
ᠴᠡᠭᠴᠡᠯᠡᠨ᠂ ᠤᠰᠤᠨ ᠵᠦᠶ ᠶᠢᠨ ᠠᠵᠢᠯ ᠤᠨ ᠭᠤᠣᠯᠳᠠᠯᠭ᠎ᠠ ᠢ ᠦᠢᠯᠡᠴᠢᠯᠡᠭᠡᠨ ᠤ ︽ᠳᠤᠲᠠᠭᠤᠳᠠᠯ ᠢ |
ᠨᠥᠬᠦᠪᠥᠷᠢᠯᠡᠵᠦ᠂ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ︾ ᠳᠠᠶᠢᠰᠢ ᠰᠢᠯᠵᠢᠭᠦᠯᠬᠦ ᠬᠡᠷᠡᠭᠲᠡᠶ︔ ᠤᠰᠤᠨ |
ᠵᠦᠶ ᠶᠢᠨ ᠬᠥᠭᠵᠢᠯᠲᠡ ᠶᠢᠨ ᠵᠠᠭᠪᠤᠷ ᠤᠨ ᠲᠠᠯ᠎ᠠ ᠪᠠᠷ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ |
ᠲᠦᠷᠭᠡᠳᠬᠡᠵᠦ᠂ ᠠᠵᠢᠯ ᠦᠢᠯᠡᠰ ᠤᠨ ᠬᠥᠭᠵᠢᠯᠲᠡ ᠶᠢᠨ ᠬᠡᠷᠡᠭᠴᠡᠭᠡ ᠳᠤ ᠨᠡᠶᠢᠴᠡᠬᠦ ᠤᠰᠤᠨ ᠵᠦᠶ ᠶᠢᠨ |
ᠬᠠᠮᠢᠶᠠᠷᠤᠯᠲᠠ ᠶᠢᠨ ᠵᠠᠭᠪᠤᠷ ᠪᠠ ᠠᠵᠢᠯᠯᠠᠭᠠᠨ ᠤ ᠠᠷᠭ᠎ᠠ ᠬᠡᠯᠪᠡᠷᠢ ᠶᠢ ᠴᠢᠨᠠᠭᠰᠢᠳᠠ ᠰᠤᠳᠤᠯᠤᠨ ᠰᠦᠪᠡᠭᠴᠢᠯᠡᠵᠦ᠂ |
ᠠᠵᠢᠯ ᠲᠥᠷᠥᠯ ᠤᠨ ᠬᠠᠮᠢᠶᠠᠷᠤᠯᠲᠠ ᠶᠢᠨ ᠬᠢᠷᠢ ᠲᠦᠪᠰᠢᠨ ᠢ ᠬᠦᠴᠦᠯᠡᠨ ᠳᠡᠭᠡᠭᠰᠢᠯᠡᠭᠦᠯᠵᠦ᠂ ᠤᠰᠤᠨ ᠤ ᠠᠮᠤᠷ |
ᠲᠦᠪᠰᠢᠨ ᠤ ᠲᠤᠯᠭᠠᠭᠤᠷᠢᠯᠠᠨ ᠪᠠᠲᠤᠯᠠᠬᠤ ᠴᠢᠳᠠᠪᠤᠷᠢ ᠶᠢ ᠴᠢᠩᠭᠠᠷᠠᠭᠤᠯᠬᠤ ᠬᠡᠷᠡᠭᠲᠡᠶ᠃ ᠬᠤᠶᠠᠷ ᠲᠤ ᠤᠯᠤᠰ ᠤᠨ |
ᠣᠷᠣᠨ ᠪᠦᠰᠡ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠦᠨ ᠤᠰᠤᠨ ᠵᠦᠶ ᠶᠢᠨ |
ᠠᠵᠢᠯ ᠳᠤ ᠰᠢᠨ᠎ᠡ ᠱᠠᠭᠠᠷᠳᠠᠯᠭ᠎ᠠ ᠳᠤᠷᠠᠳᠴᠤ᠂ ᠤᠯᠤᠰ ᠤᠨ ᠣᠷᠣᠨ ᠪᠦᠰᠡ ᠶᠢᠨ ᠬᠥᠭᠵᠢᠯᠲᠡ ᠶᠢᠨ ᠡᠯ᠎ᠡ |
ᠵᠤᠶᠢᠯ ᠤᠨ ᠪᠠᠶᠢᠯᠳᠤᠬᠤ ᠪᠣᠳᠣᠯᠭ᠎ᠠ ᠶᠢᠨ ᠲᠣᠭᠤᠷᠢᠨ ᠳᠤ ᠤᠰᠤᠨ ᠵᠦᠶ ᠶᠢᠨ ᠠᠵᠢᠯ ᠤᠨ ᠰᠠᠭᠤᠷᠢ ᠶᠢ ᠪᠠᠲᠤ |
ᠴᠤᠭᠴᠠᠯᠠᠵᠤ᠂ ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠬᠡᠷᠡᠭᠵᠢᠭᠦᠯᠦᠯᠲᠡ ᠪᠠ ᠠᠵᠤ ᠠᠬᠤᠶ |
ᠨᠡᠶᠢᠭᠡᠮ ᠤᠨ ᠬᠥᠭᠵᠢᠯᠲᠡ ᠳᠤ ᠰᠠᠭᠤᠷᠢ ᠲᠤᠯᠭᠠᠭᠤᠷᠢᠯᠠᠯ ᠪᠠᠲᠤᠯᠠᠭ᠎ᠠ ᠬᠠᠩᠭᠠᠬᠤ ᠬᠡᠷᠡᠭᠲᠡᠶ᠃ ᠭᠤᠷᠪᠠ ᠳᠤ ᠬᠦᠨᠳᠦ |
ᠶᠡᠭᠡ ᠠᠶᠤᠯ ᠲᠦᠭᠰᠢᠭᠦᠷᠢ ᠶᠢ ᠰᠡᠷᠭᠡᠶᠢᠯᠡᠬᠦ ᠳᠤ ᠤᠰᠤᠨ ᠵᠦᠶ ᠶᠢᠨ ᠠᠵᠢᠯ ᠳᠤ ᠰᠢᠨ᠎ᠡ ᠱᠠᠭᠠᠷᠳᠠᠯᠭ᠎ᠠ ᠳᠤᠷᠠᠳᠴᠤ ᠂ |
ᠤᠰᠤᠨ ᠵᠦᠶ ᠶᠢᠨ ᠰᠠᠯᠠᠭ᠎ᠠ ᠮᠥᠴᠢᠷ ᠤᠨ ᠬᠢᠨ ᠣᠨᠴᠠᠭᠠᠶ ᠲᠤᠰᠬᠠᠶ ᠮᠡᠷᠭᠡᠵᠢᠯ ᠪᠠ ᠰᠤᠷᠲᠠᠯ ᠤᠨ |
ᠳᠠᠪᠠᠭᠤᠯᠢᠭ ᠢᠶᠠᠨ ᠪᠠᠳᠠᠷᠠᠭᠤᠯᠵᠤ᠂ ᠭᠦᠨᠵᠡᠭᠡᠶ ᠵᠠᠳᠠᠯᠤᠯᠲᠠ ᠬᠢᠵᠦ᠂ ᠦᠶᠡᠷ ᠤᠰᠤᠳᠤᠯ ᠢ ᠰᠡᠷᠭᠡᠶᠢᠯᠡᠬᠦ ᠰᠠᠯᠠᠭ᠎ᠠ |
ᠮᠥᠴᠢᠷ ᠤᠨ ᠠᠶᠤᠯ ᠲᠦᠭᠰᠢᠭᠦᠷᠢ ᠶᠢ ᠢᠯᠭᠠᠨ ᠲᠠᠨᠢᠬᠤ ᠶᠢ ᠳᠡᠮᠵᠢᠭᠰᠡᠨ ᠪᠠ ᠬᠠᠮᠵᠢᠯᠴᠠᠵᠤ᠂ ᠬᠦᠨᠳᠦ ᠶᠡᠭᠡ ᠠᠶᠤᠯ |
ᠲᠦᠭᠰᠢᠭᠦᠷᠢ ᠶᠢ ᠰᠡᠷᠭᠡᠶᠢᠯᠡᠬᠦ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠦᠨ᠂ ᠬᠠᠮᠵᠢᠯᠴᠠᠨ ᠠᠵᠢᠯᠯᠠᠵᠤ᠂ ᠠᠶᠤᠯ |
ᠲᠦᠭᠰᠢᠭᠦᠷᠢ ᠶᠢ ᠡᠷᠲᠡ ᠦᠶ᠎ᠡ ᠠᠴᠠ ᠴᠢᠷᠮᠠᠶᠢᠨ ᠠᠷᠢᠯᠭᠠᠵᠤ᠂ ᠭᠠᠶ ᠭᠠᠮᠰᠢᠭ ᠤᠨ ᠠᠶᠤᠯ ᠲᠦᠭᠰᠢᠭᠦᠷᠢ ᠶᠢ |
ᠴᠢᠷᠮᠠᠶᠢᠨ ᠪᠠᠭᠠᠰᠬᠠᠬᠤ ᠬᠡᠷᠡᠭᠲᠡᠶ ᠭᠡᠵᠦ ᠴᠢᠬᠤᠯᠠᠴᠢᠯᠠᠪᠠ᠃ |
ᠶᠧ ᠵᠢᠶᠠᠨ ᠴᠦᠨ 2020 ᠣᠨ ᠤ ᠭᠤᠣᠯᠳᠠᠯᠭ᠎ᠠ ᠲᠠᠢ ᠠᠵᠢᠯ ᠢ ᠰᠠᠶᠢᠲᠤᠷ ᠬᠢᠬᠦ ᠲᠠᠯ᠎ᠠ ᠪᠠᠷ ᠳᠣᠯᠣᠭᠠᠨ |
ᠲᠠᠯ᠎ᠠ ᠪᠠᠷ ᠴᠢᠬᠤᠯᠠᠴᠢᠯᠠᠪᠠ᠂ ᠨᠢᠭᠡ ᠳᠤ ᠤᠰᠤᠨ ᠵᠦᠶ ᠶᠢᠨ ᠣᠳᠣᠬᠢᠴᠢᠯᠠᠬᠤ ᠪᠥᠲᠥᠭᠡᠨ ᠪᠠᠶᠢᠭᠤᠯᠤᠯᠲᠠ ᠶᠢᠨ |
ᠠᠯᠬᠤᠴᠠ ᠶᠢ ᠪᠥᠬᠦ ᠲᠠᠯ᠎ᠠ ᠪᠠᠷ ᠲᠦᠷᠭᠡᠳᠬᠡᠵᠤ᠂ ᠣᠲᠣ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠢ |
ᠥᠷᠭᠡᠨ ᠢᠶᠠᠷ ᠬᠡᠷᠡᠭᠯᠡᠨ᠂ ᠤᠰᠤᠨ ᠵᠦᠶ ᠶᠢᠨ ᠲᠠᠩᠰᠠ ᠡᠪᠬᠡᠮᠡᠯ ᠢ ᠳᠡᠭᠡᠭᠰᠢᠯᠡᠭᠦᠯᠦᠨ ᠲᠠᠰ ᠳᠡᠪᠰᠢᠭᠦᠯᠬᠦ ᠶᠢ ᠪᠥᠬᠦ |
ᠲᠠᠯ᠎ᠠ ᠪᠠᠷ ᠲᠦᠷᠭᠡᠳᠬᠡᠵᠦ᠂ ᠬᠢᠨᠠᠨ ᠬᠡᠮᠵᠢᠬᠦ ᠠᠷᠭ᠎ᠠ ᠪᠠᠷᠢᠯ ᠢ ᠠᠦ᠋ᠲ᠋ᠤᠴᠢᠯᠠᠬᠤ᠂ ᠮᠡᠳᠡᠭᠡ ᠵᠠᠩᠭᠢ ᠶᠢ |
ᠴᠤᠭᠯᠠᠭᠤᠯᠬᠤ ᠶᠢ ᠪᠣᠰᠤᠭ᠎ᠠ ᠴᠤᠭᠴᠠᠵᠢᠭᠤᠯᠬᠤ᠂ ᠲᠤᠭ᠎ᠠ ᠪᠠᠷᠢᠮᠲᠠ ᠶᠢ ᠰᠢᠢᠳᠪᠤᠷᠢᠯᠡᠬᠦ ᠶᠢ ᠤᠶᠤᠨᠴᠢᠯᠠᠬᠤ᠂ |
ᠦᠢᠯᠡᠴᠢᠯᠡᠭᠡᠨ ᠤ ᠦᠢᠯᠡᠳᠬᠦᠨ ᠢ ᠣᠯᠠᠨ ᠶᠠᠩᠵᠤᠴᠢᠯᠠᠬᠤ ᠶᠢ ᠴᠢᠷᠮᠠᠶᠢᠨ ᠪᠡᠶᠡᠯᠡᠭᠦᠯᠵᠦ᠂ ᠴᠠᠭ ᠦᠶ᠎ᠡ ᠶᠢᠨ |
ᠬᠥᠭᠵᠢᠯᠲᠡ ᠯᠦᠭᠡ ᠢᠵᠢᠯ ᠠᠯᠬᠤᠮ ᠲᠠᠢ ᠣᠲᠣ ᠦᠶ᠎ᠡ ᠶᠢᠨ ᠤᠰᠤᠨ ᠵᠦᠶ ᠶᠢᠨ ᠲᠤᠬᠠᠶᠢᠯᠠᠭᠰᠠᠨ ᠠᠵᠢᠯ ᠤᠨ |
ᠰᠢᠰᠲ᠋ᠧᠮ ᠢ ᠪᠠᠶᠢᠭᠤᠯᠬᠤ ᠬᠡᠷᠡᠭᠳᠠᠢ᠃ ᠬᠤᠶᠠᠷ ᠲᠤ᠂ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ |
ᠦᠢᠯᠡᠴᠢᠯᠡᠭᠡᠨ ᠤ ᠲᠤᠯᠭᠠᠭᠤᠷᠢᠯᠠᠯ ᠢ ᠪᠦᠬᠦ ᠬᠦᠴᠦᠨ ᠢᠶᠠᠷ ᠰᠠᠶᠢᠲᠤᠷ ᠬᠢᠵᠦ᠂ ᠭᠤᠣᠯ ᠮᠥᠷᠡᠨ ᠨᠠᠭᠤᠷ |
ᠴᠥᠭᠦᠷᠥᠮ ᠤᠨ ᠠᠮᠢ ᠠᠬᠤᠢ ᠶᠢᠨ ᠤᠷᠤᠰᠬᠠᠯ ᠤᠨ ᠬᠡᠮᠵᠢᠶ᠎ᠡ ᠶᠢ ᠬᠢᠨᠠᠨ ᠬᠡᠮᠵᠢᠬᠦ ᠶᠢ ᠭᠤᠣᠯᠳᠠᠯᠭ᠎ᠠ ᠲᠠᠢ ᠰᠠᠶᠢᠲᠤᠷ |
ᠬᠢᠵᠦ᠂ ᠮᠤᠵᠢ ᠶᠢᠨ ᠵᠠᠭᠠᠭ ᠪᠣᠯᠤᠨ ᠴᠢᠬᠤᠯᠠ ᠡᠵᠡᠮᠳᠡᠬᠦ ᠣᠭᠲᠣᠯᠤᠭᠠᠰᠤ ᠶᠢᠨ ᠤᠰᠤᠨ ᠤ ᠡᠬᠢ ᠪᠠᠶᠠᠯᠢᠭ ᠢ ᠬᠢᠨᠠᠨ |
ᠬᠡᠮᠵᠢᠬᠦ ᠶᠢ ᠥᠷᠨᠢᠭᠦᠯᠵᠦ᠂ ᠤᠮᠠᠷᠠᠲᠤ ᠣᠷᠣᠨ ᠤ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠲᠠᠲᠠᠭᠰᠠᠨ ᠣᠷᠣᠨ ᠢ |
ᠶᠡᠷᠦᠩᠬᠡᠶᠢᠯᠡᠨ ᠵᠠᠰᠠᠬᠤ ᠭᠤᠣᠯ ᠮᠥᠷᠡᠨ ᠨᠠᠭᠤᠷ ᠴᠥᠭᠦᠷᠥᠮ ᠤᠨ ᠠᠮᠢ ᠠᠬᠤᠢ ᠶᠢᠨ ᠤᠰᠤ ᠨᠥᠬᠦᠪᠥᠷᠢᠯᠡᠬᠦ ᠤᠰᠤᠨ |
ᠵᠦᠢ ᠶᠢ ᠬᠢᠨᠠᠨ ᠬᠡᠮᠵᠢᠬᠦ ᠵᠢᠴᠢ ᠵᠠᠳᠠᠯᠬᠤ ᠠᠵᠢᠯ ᠪᠣᠯᠤᠨ ᠦᠪᠦᠷ ᠮᠤᠩᠭᠤᠯ ᠤᠨ ᠪᠠᠷᠠᠭᠤᠨ ᠯᠢᠶᠣᠤᠾᠧ ᠭᠤᠣᠯ ᠤᠨ |
ᠰᠠᠪᠠ ᠭᠠᠵᠠᠷ ᠤᠨ ︽ᠤᠰᠤᠨ ᠤ ᠬᠡᠮᠵᠢᠶ᠎ᠠ ᠪᠡ ᠬᠡᠷᠡᠭᠯᠡᠭᠦ︾ ᠤᠰᠤᠨ ᠤ ᠡᠬᠢ ᠪᠠᠶᠠᠯᠢᠭ ᠢ ᠬᠢᠨᠠᠨ ᠬᠡᠮᠵᠢᠵᠦ ᠵᠠᠳᠠᠯᠬᠤ |
ᠠᠵᠢᠯ ᠢ ᠪᠡᠶᠡᠯᠡᠭᠦᠯᠦᠨ᠎ᠡ᠃ ᠭᠤᠷᠪᠠ ᠳᠤ᠂ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠤᠰᠤᠨ |
ᠵᠦᠢ ᠶᠢᠨ ᠬᠡᠮᠵᠢᠨ ᠮᠡᠳᠡᠭᠦᠯᠬᠦ ᠠᠵᠢᠯ ᠢ ᠰᠠᠶᠢᠲᠤᠷ ᠬᠢᠵᠦ᠂ ᠶᠡᠭᠡ ᠦᠶᠡᠷ ᠤᠰᠤᠳᠤᠯ ᠢ ᠰᠡᠷᠭᠡᠶᠢᠯᠡᠬᠦ᠂ ᠶᠡᠭᠡ ᠭᠠᠩ |
ᠬᠠᠭᠰᠠᠷᠠᠭᠠᠨ ᠲᠠᠢ ᠲᠡᠮᠡᠴᠡᠬᠦ᠂ ᠬᠦᠴᠦᠷᠬᠡᠭ ᠳᠠᠶᠢᠹᠤᠩ ᠰᠠᠯᠬᠢ ᠶᠢ ᠰᠡᠷᠭᠡᠶᠢᠯᠡᠬᠦ ᠳᠤ ᠰᠠᠭᠤᠷᠢᠯᠠᠨ᠂ ᠦᠶᠡᠷ ᠠᠴᠠ |
ᠡᠮᠦᠨᠡᠬᠢ ᠪᠡᠯᠡᠳᠬᠡᠯ ᠢ ᠨᠠᠷᠢᠯᠢᠭ ᠪᠣᠳᠠᠲᠠᠢ ᠬᠢᠵᠦ᠂ ᠬᠡᠮᠵᠢᠨ ᠮᠡᠳᠡᠭᠦᠯᠬᠦ ᠲᠥᠰᠦᠯ ᠢ ᠰᠢᠯᠢᠳᠡᠭᠵᠢᠭᠦᠯᠦᠨ |
ᠲᠡᠭᠦᠯᠳᠡᠷᠵᠢᠭᠦᠯᠵᠦ᠂ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠬᠦ ᠤᠷᠢᠳᠴᠢᠯᠠᠨ ᠰᠡᠷᠡᠮᠵᠢᠯᠡᠭᠦᠯᠬᠦ ᠠᠵᠢᠯ ᠢ |
ᠰᠠᠶᠢᠲᠤᠷ ᠠᠳᠬᠤᠵᠤ᠂ ᠤᠷᠢᠳᠴᠢᠯᠠᠨ ᠮᠡᠳᠡᠬᠦ ᠬᠤᠭᠤᠴᠠᠭ᠎ᠠ ᠶᠢ ᠴᠢᠷᠮᠠᠶᠢᠨ ᠤᠷᠲᠤᠳᠬᠠᠵᠤ᠂ ᠨᠠᠷᠢᠯᠢᠭ |
ᠣᠨᠣᠴᠠ ᠶᠢ ᠳᠡᠭᠡᠭᠰᠢᠯᠡᠭᠦᠯᠵᠦ᠂ ᠦᠶᠡᠷ ᠤᠰᠤᠳᠤᠯ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠤᠰᠤᠨ |
ᠵᠦᠢ ᠶᠢᠨ ᠬᠡᠮᠵᠢᠨ ᠮᠡᠳᠡᠭᠦᠯᠬᠦ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠳᠠᠢ᠃ ᠲᠦᠷᠪᠡ ᠳᠤ᠂ |
ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠣᠳᠣᠬᠠᠨ ᠤ ᠤᠰᠤᠨ ᠵᠦᠢ ᠶᠢᠨ ᠠᠵᠢᠯ ᠢ ᠨᠢᠭᠡᠳᠦᠯᠲᠡᠢ |
ᠲᠥᠯᠥᠪᠵᠢᠭᠦᠯᠵᠦ᠂ 2 ᠰᠠᠷ᠎ᠠ ᠶᠢᠨ 23 ᠤ ᠡᠳᠦᠷ ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠲᠢᠲᠢᠮᠯᠢᠭ |
ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ |
ᠬᠥᠭᠵᠢᠯᠲᠡ ᠶᠢᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠪᠠᠶᠢᠷᠢᠯᠠᠭᠤᠯᠤᠯᠳᠠ ᠶᠢᠨ ᠬᠤᠷᠠᠯ |
ᠳᠡᠭᠡᠷᠡᠬᠢ ᠴᠢᠬᠤᠯᠠ ᠶᠠᠷᠢᠶᠠᠨ ᠤ ᠱᠠᠭᠠᠷᠳᠠᠯᠭ᠎ᠠ ᠶᠣᠰᠣᠭᠠᠷ᠂ ᠲᠦᠷᠦᠯ ᠬᠤᠪᠢᠶᠠᠨ ᠲᠦᠷᠦ ᠶᠢᠨ ᠪᠤᠳᠤᠯᠭ᠎ᠠ ᠶᠢ |
ᠬᠡᠷᠡᠭᠵᠢᠭᠦᠯᠵᠦ᠂ ᠤᠨᠢᠨ ᠳᠡᠭᠡᠷ᠎ᠡ ᠨᠢ ᠲᠦᠷᠦ ᠶᠢᠨ ᠪᠤᠳᠤᠯᠭ᠎ᠠ ᠶᠢ ᠬᠡᠷᠡᠭᠵᠢᠭᠦᠯᠬᠦ ᠬᠡᠷᠡᠭᠲᠡᠢ᠃ ᠠᠵᠢᠯᠲᠠᠨ |
ᠠᠵᠢᠯᠴᠢᠨ ᠤ ᠡᠷᠡᠭᠦᠯ ᠮᠡᠨᠳᠦ ᠶᠢᠨ ᠠᠮᠤᠷ ᠲᠦᠪᠰᠢᠨ ᠢ ᠪᠠᠲᠤᠯᠠᠭᠰᠠᠨ ᠤᠷᠢᠲᠠᠯ ᠲᠤᠤᠷ᠎ᠠ᠂ ᠤᠰᠤ ᠪᠣᠷᠣᠭᠠᠨ ᠤ |
ᠪᠠᠶᠢᠳᠠᠯ ᠤᠨ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠠᠵᠢᠯ ᠢ ᠰᠠᠶᠢᠲᠤᠷ ᠬᠢᠵᠦ᠂ ᠤᠰᠤᠨ ᠵᠦᠶ ᠶᠢᠨ ᠬᠡᠮᠵᠢᠨ |
ᠮᠡᠳᠡᠭᠦᠯᠬᠦ ᠶᠢ ᠲᠠᠰᠤᠯᠳᠠᠭᠤᠯᠬᠤ ᠥᠬᠡᠶ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠲᠠᠪᠤ ᠳᠤ |
ᠥᠭᠡᠷᠡᠴᠢᠯᠡᠯᠲᠡ ᠶᠢᠨ ᠳᠤᠮᠳᠠ ᠤᠰᠤᠨ ᠵᠦᠶ ᠶᠢᠨ ᠠᠵᠢᠯ ᠲᠥᠷᠥᠯ ᠤᠨ ᠬᠠᠮᠢᠶᠠᠷᠤᠯᠲᠠ ᠶᠢ ᠬᠦᠴᠦᠯᠡᠨ |
ᠴᠢᠩᠭᠠᠳᠬᠠᠵᠤ᠂ ᠤᠰᠤᠨ ᠠᠰᠢᠭᠯᠠᠯᠲᠠ ᠶᠢᠨ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠱᠠᠭᠠᠷᠳᠠᠯᠭ᠎ᠠ ᠲᠠᠢ |
ᠤᠶᠠᠯᠳᠤᠭᠤᠯᠤᠨ᠂ ᠵᠠᠰᠠᠭ ᠵᠠᠬᠢᠷᠭᠠᠨ ᠤ ᠣᠷᠣᠨ ᠤ ᠬᠤᠪᠢᠶᠠᠷᠢᠯᠠᠯ ᠤᠨ ᠬᠠᠮᠢᠶᠠᠷᠤᠯᠲᠠ ᠯᠤᠭ᠎ᠠ ᠬᠠᠷᠢᠯᠴᠠᠨ |
ᠵᠣᠬᠢᠴᠠᠯᠳᠤᠭᠰᠠᠨ ᠤᠰᠤᠨ ᠵᠦᠶ ᠶᠢᠨ ᠪᠠᠶᠢᠭᠤᠯᠤᠮᠵᠢ ᠶᠢ ᠲᠡᠭᠦᠯᠳᠡᠷᠵᠢᠭᠦᠯᠵᠦ᠂ ᠰᠢᠶᠠᠨ ᠤ ᠬᠡᠪᠴᠢᠶᠡᠨ ᠤ ᠤᠰᠤᠨ |
ᠵᠦᠶ ᠶᠢᠨ ᠬᠥᠭᠵᠢᠯᠲᠡ ᠶᠢ ᠲᠦᠷᠭᠡᠳᠬᠡᠨ ᠠᠬᠢᠭᠤᠯᠵᠤ᠂ ᠦᠨᠳᠦᠰᠦᠨ ᠱᠠᠲᠤᠨ ᠤ ᠤᠰᠤᠨ ᠵᠦᠶ ᠶᠢᠨ |
ᠦᠢᠯᠡᠴᠢᠯᠡᠭᠡᠨ ᠤ ᠰᠢᠰᠲ᠋ᠧᠮ ᠢ ᠪᠦᠷᠢᠯᠳᠦᠭᠦᠯᠦᠨ᠂ ᠤᠰᠤᠨ ᠵᠦᠶ ᠶᠢᠨ ᠠᠵᠢᠯᠯᠠᠭᠠᠨ ᠤ ᠲᠣᠭᠲᠠᠴᠠ ᠶᠢᠨ ᠰᠢᠨ᠎ᠡ ᠶᠢ |
ᠢᠳᠡᠪᠬᠢᠲᠡᠶ ᠪᠠᠷ ᠡᠭᠦᠳᠬᠦ ᠬᠡᠷᠡᠭᠳᠠᠢ᠃ ᠵᠢᠷᠭᠤᠭ᠎ᠠ ᠳᠤ ᠤᠰᠤᠨ ᠵᠦᠶ ᠶᠢᠨ ᠰᠠᠭᠤᠷᠢ ᠪᠠᠲᠤᠯᠠᠭ᠎ᠠ ᠶᠢᠨ |
ᠴᠢᠳᠠᠪᠤᠷᠢ ᠶᠢ ᠲᠦᠷᠭᠡᠳᠬᠡᠨ ᠳᠡᠭᠡᠭᠰᠢᠯᠡᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠭᠦ |
ᠬᠥᠲᠥᠯᠦᠨ ᠳᠠᠭᠠᠭᠤᠯᠬᠤ ᠦᠢᠯᠡᠳᠦᠯ ᠢ ᠬᠦᠢᠴᠡᠳ ᠪᠠᠳᠠᠷᠠᠭᠤᠯᠤᠨ᠂ ᠲᠡᠷᠢᠭᠦᠨ ᠤ ᠬᠡᠮᠵᠢᠭᠦᠷᠯᠢᠭ ᠲᠥᠬᠦᠭᠡᠷᠦᠮᠵᠢ ᠶᠢ |
ᠢᠳᠡᠪᠬᠢᠲᠡᠶ ᠪᠠᠷ ᠲᠣᠨᠣᠭᠯᠠᠵᠤ᠂ ᠤᠷᠤᠰᠬᠠᠯ ᠤᠨ ᠬᠡᠮᠵᠢᠶ᠎ᠡ᠂ ᠡᠯᠡᠰᠦ ᠰᠢᠪᠠᠷ ᠤᠨ ᠠᠦ᠋ᠲ᠋ᠤ᠋ ᠬᠢᠨᠠᠨ ᠬᠡᠮᠵᠢᠯᠲᠡ ᠶᠢᠨ |
ᠵᠠᠩᠭᠢᠯᠠᠭ᠎ᠠ ᠶᠢᠨ ᠮᠡᠷᠭᠡᠵᠢᠯ ᠳᠤ ᠬᠦᠴᠦ ᠪᠠᠨ ᠲᠥᠪᠯᠡᠷᠡᠭᠦᠯᠦᠨ ᠪᠣᠭᠤᠮᠲᠠ ᠰᠢᠪᠲᠤᠯᠵᠤ᠂ ᠮᠡᠷᠭᠡᠵᠢᠯ ᠮᠠᠰᠢᠨ |
ᠲᠣᠨᠣᠭᠯᠠᠯ ᠢ ᠤᠯᠤᠰ ᠲᠠᠭᠠᠨ ᠦᠢᠯᠡᠳᠪᠤᠷᠢᠯᠡᠬᠦ ᠳᠡᠭᠡᠷ᠎ᠡ ᠬᠦᠴᠦ ᠲᠠᠯᠪᠢᠵᠤ᠂ ᠤᠰᠤᠨ ᠵᠦᠶ ᠶᠢᠨ ᠮᠡᠷᠭᠡᠵᠢᠯ ᠤᠨ |
ᠪᠠᠷᠢᠮᠵᠢᠶ᠎ᠠ ᠰᠢᠰᠲ᠋ᠧᠮ ᠪᠠ ᠲᠦᠷᠢᠮ ᠲᠣᠭᠲᠠᠭᠠᠯ ᠢ ᠰᠢᠨᠡᠳᠬᠡᠨ ᠲᠡᠭᠦᠯᠳᠡᠷᠵᠢᠭᠦᠯᠬᠦ ᠬᠢᠬᠡᠳ ᠬᠢᠨᠠᠯᠲᠠ ᠲᠠᠯᠪᠢᠵᠤ |
ᠬᠡᠷᠡᠭᠵᠢᠭᠦᠯᠬᠦ ᠶᠢ ᠲᠦᠷᠭᠡᠳᠬᠡᠬᠦ ᠬᠡᠷᠡᠭᠳᠠᠢ᠃ ᠳᠣᠯᠤᠭ᠎ᠠ ᠳᠤ ᠨᠠᠮ ᠤᠨ ᠪᠠᠶᠢᠭᠤᠯᠤᠯᠲᠠ ᠶᠢ ᠴᠢᠩᠭᠠᠳᠬᠠᠨ᠂ ᠤᠰᠤᠨ |
ᠵᠦᠢ ᠶᠢᠨ ᠡᠩᠨᠡᠭᠡᠨ ᠤ ᠪᠠᠲᠤ ᠴᠢᠩᠭ᠎ᠠ ᠲᠠᠶᠢᠴᠢᠨ ᠬᠦᠴᠦᠨ ᠢ ᠪᠠᠲᠤᠯᠠᠨ᠂ ᠨᠠᠮ ᠤᠨ ᠪᠠᠶᠢᠭᠤᠯᠤᠯᠲᠠ ᠶᠢᠨ ᠠᠵᠢᠯ ᠢ |
ᠭᠦᠨᠵᠡᠭᠡᠶ ᠲᠥᠯᠬᠢᠨ ᠠᠬᠢᠭᠤᠯᠵᠤ᠂ ᠦᠨᠳᠦᠰᠦᠨ ᠱᠠᠲᠤᠨ ᠤ ᠨᠠᠮ ᠤᠨ ᠡᠭᠦᠷ ᠤᠨ ᠲᠠᠶᠢᠴᠢᠨ ᠪᠠᠬᠢᠯᠡᠯᠲᠡ ᠶᠢᠨ |
ᠦᠢᠯᠡᠳᠦᠯ ᠢ ᠭᠦᠢᠴᠡᠳ ᠪᠠᠳᠠᠷᠠᠭᠤᠯᠤᠨ᠂ ᠨᠠᠮ ᠤᠨ ᠪᠠᠶᠢᠭᠤᠯᠤᠯᠲᠠ ᠶᠢᠨ ᠠᠵᠢᠯ ᠬᠢᠭᠡᠳ ᠲᠤᠬᠠᠶᠢᠯᠠᠭᠰᠠᠨ ᠠᠵᠢᠯ ᠢ |
ᠣᠷᠭᠠᠨᠢᠭ ᠢᠶᠠᠷ ᠤᠶᠠᠯᠳᠤᠭᠤᠯᠵᠤ᠂ ᠤᠰᠤᠨ ᠵᠦᠢ ᠶᠢᠨ ᠠᠵᠢᠯ᠂ ᠤᠰᠤᠨ ᠵᠦᠢ ᠶᠢᠨ ᠡᠩᠨᠡᠭᠡᠨ ᠤ ᠪᠣᠳᠠᠲᠤ |
ᠪᠠᠶᠢᠳᠠᠯ ᠲᠠᠢ ᠨᠡᠶᠢᠴᠡᠭᠰᠡᠨ ᠤᠶᠤᠨ ᠤ ᠪᠣᠯᠪᠠᠰᠤᠨ ᠤ ᠪᠠᠶᠢᠭᠤᠯᠤᠯᠲᠠ ᠶᠢ ᠥᠷᠨᠢᠭᠦᠯᠵᠦ᠂ ᠦᠨᠳᠦᠰᠦᠨ ᠱᠠᠲᠤᠨ ᠤ |
ᠤᠰᠤᠨ ᠵᠦᠢ ᠶᠢᠨ ᠠᠵᠢᠯᠳᠠᠨ ᠠᠵᠢᠯᠴᠢᠳ ᠤᠨ ᠬᠥᠮᠦᠯᠢᠭ ᠬᠠᠯᠠᠮᠵᠢᠯᠠᠯ ᠢ ᠴᠢᠩᠭᠠᠳᠬᠠᠬᠤ ᠬᠡᠷᠡᠭᠳᠠᠢ᠃ |
ᠰᠧᠴᠤᠸᠠᠨ᠂ ᠵᠧᠵᠢᠶᠠᠩ᠂ ᠠᠨᠾᠦ᠋ᠢ᠂ ᠹᠦᠵᠢᠶᠠᠨ᠂ ᠨᠢᠩᠰᠢᠶᠠ ᠪᠣᠯᠤᠨ ᠬᠠᠢ ᠾᠧ ᠭᠤᠤᠯ ᠤᠨ ᠤᠰᠤᠨ |
ᠠᠰᠢᠭᠯᠠᠯᠲᠠ ᠶᠢᠨ ᠵᠥᠪᠯᠡᠯ ᠵᠡᠷᠭᠡ ᠤᠰᠤᠨ ᠵᠦᠢ ᠶᠢᠨ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠨᠥᠬᠦᠳ |
ᠰᠠᠨᠠᠯ ᠢᠶᠠᠨ ᠰᠣᠯᠢᠯᠴᠠᠬᠤ ᠦᠭᠡ ᠬᠡᠯᠡᠪᠡ᠃ ᠤᠰᠤᠨ ᠠᠰᠢᠭᠯᠠᠯᠳᠠ ᠶᠢᠨ ᠶᠠᠮᠤᠨ ᠤ ᠬᠤᠯᠪᠣᠭᠳᠠᠯ ᠪᠦᠬᠦᠢ ᠵᠤᠷᠭᠠᠨ |
ᠲᠣᠪᠴᠢᠶᠠᠨ ᠤ ᠬᠠᠷᠢᠭᠤᠴᠠᠯᠭᠠᠲᠠᠨ ᠨᠦᠬᠦᠳ ᠭᠤᠣᠯ ᠬᠤᠷᠠᠯ ᠤᠨ ᠲᠠᠯᠠᠪᠠᠢ ᠳᠤ ᠬᠤᠷᠠᠯ ᠳᠤ ᠣᠷᠣᠯᠴᠠᠵᠤ᠂ ᠡᠯ᠎ᠡ |
ᠰᠠᠪᠠ ᠭᠠᠵᠠᠷ ᠤᠨ ᠬᠠᠮᠢᠶᠠᠷᠬᠤ ᠪᠠᠢᠭᠤᠯᠤᠮᠵᠢ ᠂ ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ |
ᠬᠤᠲᠠ ᠶᠢᠨ ᠤᠰᠤᠨ ᠠᠰᠢᠭᠯᠠᠯᠲᠠ ︵ᠤᠰᠤᠨ ᠤ ᠶᠠᠪᠤᠳᠠᠯ︶ ᠶᠢᠨ ᠲᠢᠩᠬᠢᠮ ︵ᠲᠤᠪᠴᠢᠶ᠎ᠠ︶ ᠂ ᠰᠢᠨᠵᠢᠶᠠᠩ |
ᠤᠨ ᠦᠢᠯᠡᠳᠪᠦᠷᠢᠯᠡᠯ ᠪᠦᠳᠤᠬᠡᠨ ᠪᠠᠶᠢᠭᠤᠯᠤᠯᠲᠠ ᠶᠢᠨ ᠪᠢᠩᠲ᠋ᠤᠸᠠᠨ ᠤ ᠤᠰᠤᠨ ᠠᠰᠢᠭᠯᠠᠯᠲᠠ ᠶᠢᠨ ᠲᠤᠪᠴᠢᠶ᠎ᠠ ᠶᠢᠨ |
ᠤᠰᠤᠨ ᠵᠦᠢ ᠶᠢᠨ ᠠᠵᠢᠯ ᠢ ᠬᠤᠪᠢᠳᠠᠨ ᠬᠠᠮᠢᠶᠠᠷᠴᠤ ᠪᠠᠶᠢᠭ᠎ᠠ ᠬᠠᠷᠢᠭᠤᠴᠠᠯᠭᠠᠲᠠᠨ ᠪᠣᠯᠤᠨ ᠤᠰᠤᠨ ᠵᠦᠢ ᠶᠢᠨ |
ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠦᠬᠦᠳ ᠬᠤᠪᠢᠶᠠᠷᠢ ᠬᠤᠷᠠᠯ ᠤᠨ ᠲᠠᠯᠠᠪᠠᠢ ᠳᠤ ᠬᠤᠷᠠᠯ ᠳᠤ |
ᠣᠷᠣᠯᠴᠠᠪᠠ᠃ |
(ᠤᠰᠤᠨ ᠠᠰᠢᠬᠯᠠᠯᠳᠠ ᠶᠢᠨ ᠶᠠᠮᠤᠨ ᠤ ᠰᠦᠯᠵᠢᠶ᠎ᠡ ᠠᠴᠠ ᠠᠪᠤᠪᠠ) |
|