ᠦᠨᠳᠦᠰᠦᠨ ᠮᠡᠳᠡᠭᠡ ᠵᠠᠩᠬᠢ |
ᠵᠤᠶᠢᠯᠡᠰ ᠤᠨ ᠨᠡᠷᠡᠶᠢᠳᠦᠯ᠄ ᠤᠰᠤᠨ ᠤ ᠢᠨᠵᠧᠨᠧᠷᠢᠩ ᠤᠨ ᠪᠦᠳᠦᠭᠡᠨ ᠪᠠᠶᠢᠭᠤᠯᠤᠯᠳᠠ ᠶᠢᠨ |
ᠲᠦᠯᠦᠪᠵᠢᠬᠦᠯᠭᠡ ᠶᠢᠨ ᠵᠦᠪᠰᠢᠶᠡᠷᠡᠯ ᠤᠨ ᠪᠢᠴᠢᠭ ᠤᠨ ᠬᠢᠨᠠᠨ ᠬᠠᠷᠭᠤᠯᠤᠯᠳᠠ |
ᠦᠨᠳᠦᠰᠦᠨ ᠳ᠋ᠤᠭᠠᠷᠯᠠᠯ᠄ 000119003000 |
ᠬᠡᠷᠡᠭᠵᠢᠭᠦᠯᠬᠦ ᠳ᠋ᠤᠭᠠᠷᠯᠠᠯ᠄ 1115000001151239492000119003000 |
ᠬᠡᠷᠡᠭᠵᠢᠭᠦᠯᠬᠦ ᠭᠤᠤᠯ ᠴᠣᠭᠴᠠ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ |
ᠠᠰᠢᠭᠯᠠᠯᠲᠠ ᠶᠢᠨ ᠲᠢᠩᠬᠢᠮ |
ᠬᠡᠷᠡᠭᠵᠢᠭᠦᠯᠬᠦ ᠭᠤᠤᠯ ᠴᠣᠭᠴᠠ ᠶᠢᠨ ᠳ᠋ᠤᠭᠠᠷᠯᠠᠯ᠄ 111500000115123949 |
ᠬᠡᠷᠡᠭᠵᠢᠭᠦᠯᠬᠦ ᠭᠤᠤᠯ ᠴᠣᠭᠴᠠ ᠶᠢᠨ ᠰᠢᠨᠵᠢ ᠴᠢᠨᠠᠷ ᠄ ᠬᠠᠤᠯᠢ ᠪᠠᠷ ᠲᠣᠭᠲᠠᠭᠠᠭᠰᠠᠨ ᠪᠠᠶᠢᠭᠤᠯᠭ᠎ᠠ |
ᠬᠠᠮᠲᠤᠷᠠᠨ ᠬᠦᠢᠴᠡᠳᠭᠡᠬᠦ ᠪᠠᠶᠢᠭᠤᠯᠤᠮᠵᠢ᠄ ᠪᠠᠶᠢᠬᠤ ᠥᠬᠡᠶ |
ᠵᠤᠶᠢᠯᠡᠰ ᠤᠨ ᠲᠦᠷᠦᠯ ᠵᠦᠢᠯ᠄ ᠵᠠᠰᠠᠭ ᠵᠠᠬᠢᠷᠭᠠᠨ ᠤ ᠵᠥᠪᠰᠢᠶᠡᠷᠡᠯ |
ᠭᠦᠢᠴᠡᠳᠬᠡᠬᠦ ᠵᠦᠢᠯ ᠤᠨ ᠲᠦᠷᠦᠯ ᠵᠦᠢᠯ᠄ ᠠᠮᠠᠯᠠᠯᠲᠠ ᠶᠢᠨ ᠵᠦᠢᠯ |
ᠦᠢᠯᠡᠴᠢᠯᠡᠬᠦ ᠡᠲᠡᠭᠡᠳ᠄ ᠠᠵᠢᠯ ᠦᠢᠯᠡᠰ ᠤᠨ ᠬᠠᠤᠯᠢ ᠶᠢᠨ ᠡᠷᠬᠡᠲᠡᠨ᠂ ᠠᠵᠤ ᠠᠬᠤᠶᠢᠯᠠᠯ ᠤᠨ ᠬᠠᠤᠯᠢ ᠶᠢᠨ |
ᠡᠷᠬᠡᠲᠡᠨ᠂ ᠵᠠᠰᠠᠭ ᠵᠠᠬᠢᠷᠭᠠᠨ ᠤ ᠪᠠᠶᠢᠭᠤᠯᠭ᠎ᠠ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠠᠤᠯᠢ ᠶᠢᠨ ᠡᠷᠬᠡᠲᠡᠨ |
ᠬᠦᠢᠴᠡᠳᠭᠡᠬᠦ ᠬᠡᠯᠪᠡᠷᠢ᠄ ᠴᠣᠩᠬᠤ ᠪᠠᠷ ᠬᠦᠢᠴᠡᠳᠭᠡᠬᠦ᠂ ᠰᠦᠯᠵᠢᠶᠡᠨ ᠳᠡᠭᠡᠷ᠎ᠡ ᠮᠡᠳᠡᠭᠦᠯᠬᠦ᠂ ᠲᠦᠷᠭᠡᠨ |
ᠬᠦᠷᠭᠡᠯᠲᠡ ᠪᠠᠷ ᠭᠤᠶᠤᠴᠢᠯᠠᠬᠤ |
ᠰᠦᠯᠵᠢᠶᠡᠨ ᠲᠡᠭᠡᠷ᠎ᠡ ᠬᠦᠢᠴᠡᠳᠭᠡᠬᠦ ᠡᠰᠡᠬᠦ᠄ ᠬᠦᠢᠴᠡᠳᠭᠡᠨ᠎ᠡ |
ᠰᠦᠢᠳᠬᠡᠯ ᠬᠤᠷᠢᠶᠠᠬᠤ ᠡᠰᠡᠬᠦ᠄ ᠬᠤᠷᠢᠶᠠᠬᠤ ᠦᠭᠡᠢ |
ᠰᠦᠯᠵᠢᠶᠡᠨ ᠳᠡᠭᠡᠷ᠎ᠡ ᠵᠣᠭᠤᠰ ᠲᠤᠰᠢᠶᠠᠬᠤ ᠶᠢ ᠳᠡᠮᠵᠢᠬᠦ ᠡᠰᠡᠬᠦ᠄ ᠲᠡᠮᠵᠢᠬᠦ ᠦᠭᠡᠢ |
ᠪᠣᠳᠠᠰ ᠤᠨ ᠭᠦᠢᠯᠭᠡᠭᠡᠨ ᠤ ᠲᠦᠷᠭᠡᠨ ᠬᠦᠷᠭᠡᠯᠲᠡ ᠶᠢ ᠳᠡᠮᠵᠢᠬᠦ ᠡᠰᠡᠬᠦ᠄ ᠲᠡᠮᠵᠢᠨ᠎ᠡ EMS ᠰᠦᠢᠳᠬᠡᠯ ᠤᠨ |
ᠬᠦᠰᠦᠨᠦᠭᠲᠦ |
ᠤᠷᠢᠳᠴᠢᠯᠠᠨ ᠪᠣᠯᠵᠣᠵᠤ ᠭᠦᠢᠴᠡᠳᠬᠡᠬᠦ ᠶᠢ ᠳᠡᠮᠵᠢᠬᠦ ᠡᠰᠡᠬᠦ᠄ ᠲᠡᠮᠵᠢᠨ᠎ᠡ |
ᠥᠪᠡᠷᠲᠡᠭᠡᠨ ᠦᠢᠯᠡᠴᠢᠯᠡᠬᠦ ᠵᠠᠯᠭᠠᠮᠵᠢ ᠪᠠᠷ ᠭᠦᠢᠴᠡᠳᠬᠡᠬᠦ ᠶᠢ ᠳᠡᠮᠵᠢᠬᠦ ᠡᠰᠡᠬᠦ᠄ ᠲᠡᠮᠵᠢᠬᠦ ᠦᠭᠡᠢ |
ᠵᠠᠰᠠᠭ ᠤᠨ ᠶᠠᠪᠤᠳᠠᠯ ᠤᠨ ᠲᠢᠩᠬᠢᠮ ᠳᠤ ᠣᠷᠣᠵᠤ ᠰᠠᠭᠤᠬᠤ ᠡᠰᠡᠬᠦ᠄ ᠰᠠᠭᠤᠨ᠎ᠠ |
ᠵᠠᠭᠤᠴᠢᠯᠠᠬᠤ ᠦᠢᠯᠡᠴᠢᠯᠡᠭᠡ᠄ ᠪᠠᠶᠢᠬᠤ ᠦᠭᠡᠢ |
ᠵᠤᠶᠢᠯᠡᠰ ᠤᠨ ᠪᠠᠶᠢᠳᠠᠯ᠄ ᠨᠡᠶᠢᠲᠡᠯᠡᠬᠦ |
ᠵᠤᠶᠢᠯᠡᠰ ᠤᠨ ᠬᠤᠪᠢᠯᠪᠤᠷᠢ᠄ 22 |
ᠲᠤᠭ᠎ᠠ ᠬᠡᠮᠵᠢᠶ᠎ᠡ ᠶᠢᠨ ᠬᠢᠵᠠᠭᠠᠷᠯᠠᠯ᠄ ᠪᠠᠶᠢᠬᠤ ᠦᠭᠡᠢ |
ᠨᠡᠪᠳᠡᠷᠬᠡᠢ ᠬᠦᠢᠴᠡᠳᠭᠡᠬᠦ ᠬᠦᠷᠢᠶ᠎ᠡ ᠭᠡᠪᠴᠢᠶ᠎ᠡ᠄ ᠲᠤᠭᠳᠠᠭᠰᠠᠨ ᠴᠡᠭ ᠲᠤ ᠬᠦᠢᠴᠡᠳᠭᠡᠨ᠎ᠡ |
ᠰᠢᠯᠵᠢᠮᠡᠯ ᠵᠠᠯᠭᠠᠮᠵᠢ ᠨᠢ ᠭᠠᠭᠴᠠᠬᠠᠨ ᠲᠤᠪᠰᠢᠵᠤ ᠨᠡᠪᠳᠡᠷᠬᠦ ᠲᠠᠢ ᠵᠠᠯᠭᠠᠭᠰᠠᠨ ᠡᠰᠡᠬᠦ᠄ ᠪᠠᠶᠢᠬᠤ ᠦᠭᠡᠢ |
ᠰᠢᠯᠵᠢᠮᠡᠯ ᠵᠠᠯᠭᠠᠮᠵᠢ ᠶᠢᠨ ᠬᠦᠢᠴᠡᠳᠭᠡᠬᠦᠢ ᠬᠠᠶ᠋ᠢᠭ᠄ ᠪᠠᠶᠢᠬᠤ ᠥᠬᠡᠶ |
ᠺᠣᠮᠫᠢᠦ᠋ᠲ᠋ᠧᠷ ᠤᠨ ᠵᠠᠯᠭᠠᠮᠵᠢ ᠨᠢ ᠭᠠᠭᠴᠠᠬᠠᠨ ᠲᠤᠪᠰᠢᠵᠤ ᠨᠡᠪᠳᠡᠷᠬᠦ ᠲᠠᠢ ᠵᠠᠯᠭᠠᠭᠰᠠᠨ ᠡᠰᠡᠬᠦ᠄ ᠵᠠᠯᠭᠠᠪᠠ |
ᠺᠣᠮᠫᠢᠦ᠋ᠲ᠋ᠧᠷ ᠤᠨ ᠵᠠᠯᠭᠠᠮᠵᠢ ᠳᠤ ᠰᠦᠯᠵᠢᠶᠡᠨ ᠳᠡᠭᠡᠷ᠎ᠡ ᠬᠦᠢᠴᠡᠳᠭᠡᠬᠦ ᠳᠤ ᠰᠢᠯᠵᠢᠬᠦ ᠬᠠᠶ᠋ᠢᠭ᠄ |
http://zwfw.nmg.gov.cn/handle_affairs_outDeclare? |
itemId=bb4497086ad0c66a016ad84f81626787®ion |
Code=150000&redirectFlag=true |
|
ᠡᠷᠬᠡ ᠶᠢᠨ ᠢᠷᠡᠯᠲᠡ᠄ ᠬᠠᠤᠯᠢ ᠪᠠᠷ ᠲᠣᠭᠲᠠᠭᠠᠭᠰᠠᠨ ᠲᠣᠰ ᠱᠠᠳᠤ ᠠᠴᠠ ᠬᠡᠷᠡᠭᠵᠢᠬᠦᠯᠦᠨ᠎ᠡ |
ᠬᠢᠨᠠᠨ ᠵᠥᠪᠰᠢᠶᠡᠷᠡᠭᠰᠡᠨ ᠦᠷ᠎ᠡ ᠳ᠋ᠦᠩ ᠤᠨ ᠲᠥᠷᠥᠯ᠄ ᠵᠥᠪᠰᠢᠶᠡᠷᠡᠯ ᠤᠨ ᠪᠢᠴᠢᠭ |
ᠬᠢᠨᠠᠨ ᠵᠥᠪᠰᠢᠶᠡᠷᠡᠭᠰᠡᠨ ᠦᠷ᠎ᠡ ᠳ᠋ᠦᠩ ᠤᠨ ᠨᠡᠷᠡᠶᠢᠳᠦᠯ᠄ ᠤᠰᠤᠨ ᠤ ᠢᠨᠵᠧᠨᠧᠷᠢᠩ ᠤᠨ ᠪᠦᠳᠦᠭᠡᠨ |
ᠪᠠᠶᠢᠭᠤᠯᠤᠯᠳᠠ ᠶᠢᠨ ᠲᠦᠯᠦᠪᠵᠢᠬᠦᠯᠭᠡ ᠶᠢᠨ ᠵᠦᠪᠰᠢᠶᠡᠷᠡᠯ ᠤᠨ ᠪᠢᠴᠢᠭ ᠤᠨ ᠬᠢᠨᠠᠨ ᠬᠠᠷᠭᠤᠯᠤᠯᠳᠠ( ᠰᠠᠨᠠᠭᠤᠯᠭ᠎ᠠ |
ᠶᠢᠨ ᠪᠢᠴᠢᠭ) |
ᠬᠢᠨᠠᠨ ᠵᠥᠪᠰᠢᠶᠡᠷᠡᠭᠰᠡᠨ ᠦᠷ᠎ᠡ ᠳ᠋ᠦᠩ ᠤᠨ ᠡᠬᠡ ᠵᠠᠭᠪᠤᠷ᠄ ᠪᠠᠶᠢᠴᠠᠭᠠᠨ ᠦᠵᠡᠬᠦ |
ᠰᠦᠯᠵᠢᠶ᠎ᠡ ᠪᠠᠷ ᠬᠦᠢᠴᠡᠳᠭᠡᠬᠦ ᠬᠦᠨᠴᠡ᠄ ᠪᠥᠬᠦ ᠶᠠᠪᠤᠴᠠ ᠶᠢ ᠰᠦᠯᠵᠢᠶ᠎ᠡ ᠪᠠᠷ ᠬᠦᠢᠴᠡᠳᠭᠡᠨ᠎ᠡ ︵Ⅳ ᠲᠠᠰ︶ |
ᠬᠡᠷᠡᠭᠵᠢᠬᠦᠯᠬᠦ ᠲᠡᠰ ᠲᠠᠪᠬᠤᠷᠭ᠎ᠠ᠄ ᠥᠪᠡᠷᠲᠡᠭᠡᠨ ᠵᠠᠰᠠᠬᠤ ᠣᠷᠣᠨ ᠤ ᠲᠠᠰ᠂ ᠠᠶᠢᠮᠠᠭ ᠬᠤᠲᠠ ᠶᠢᠨ ᠲᠠᠰ ᠂ |
ᠰᠢᠶᠠᠨ ᠤ ᠲᠡᠰ |
|
ᠬᠦᠯᠢᠶᠡᠨ ᠠᠪᠬᠤ ᠨᠥᠬᠦᠴᠡᠯ |
ᠤᠰᠤᠨ ᠤ ᠢᠨᠵᠧᠨᠧᠷᠢᠩ ᠤᠨ ᠪᠥᠳᠥᠭᠡᠨ ᠪᠠᠶᠢᠭᠤᠯᠤᠯᠲᠠ ᠶᠢᠨ ᠬᠡᠪᠴᠢᠶ᠎ᠡ᠂ ᠡᠭᠦᠷᠭᠡ ᠨᠢ ᠰᠠᠪᠠ ᠭᠠᠵᠠᠷ ᠤᠨ |
ᠶᠡᠷᠦᠩᠬᠡᠶᠢᠯᠡᠭᠰᠡᠨ ᠲᠥᠯᠥᠪᠵᠢᠭᠦᠯᠭᠡ ᠪᠣᠯᠤᠨ ᠦᠶᠡᠷ ᠢ ᠰᠡᠷᠭᠡᠶᠢᠯᠡᠬᠦ ᠲᠥᠯᠥᠪᠵᠢᠭᠦᠯᠭᠡ ᠶᠢᠨ ᠶᠡᠷᠦᠩᠬᠡᠶ ᠱᠠᠭᠠᠷᠳᠠᠯᠭ᠎ᠠ |
ᠳᠤ ᠨᠡᠶᠢᠴᠡᠵᠦ᠂ ᠪᠥᠳᠥᠭᠡᠨ ᠪᠠᠶᠢᠭᠤᠯᠬᠤ ᠬᠡᠪᠴᠢᠶ᠎ᠡ ᠶᠢᠨ ᠲᠡᠰ ︵ᠢᠯᠭᠠᠯ︶ ᠪᠣᠯᠤᠨ ᠪᠠᠷᠢᠮᠵᠢᠶ᠎ᠠ ᠨᠢ ︽ᠦᠶᠡᠷ ᠢ |
ᠰᠡᠷᠭᠡᠶᠢᠯᠡᠬᠦ ᠪᠠᠷᠢᠮᠵᠢᠶ᠎ᠠ︾ ᠵᠢᠴᠢ ᠪᠤᠰᠤᠳ ᠬᠤᠯᠪᠣᠭᠳᠠᠯ ᠪᠥᠬᠦᠢ ᠮᠡᠷᠭᠡᠵᠢᠯ ᠪᠣᠯᠤᠨ ᠬᠠᠮᠢᠶᠠᠷᠤᠯᠲᠠ ᠶᠢᠨ ᠲᠣᠭᠲᠠᠭᠠᠯ |
ᠤᠨ ᠱᠠᠭᠠᠷᠳᠠᠯᠭ᠎ᠠ ᠳᠤ ᠨᠡᠶᠢᠴᠡᠵᠦ᠂ ᠪᠤᠰᠤᠳ ᠤᠰᠤᠨ ᠤ ᠪᠠᠷᠢᠯᠭ᠎ᠠ ᠶᠢ ᠨᠥᠯᠥᠭᠡᠯᠡᠬᠦ ᠥᠭᠡᠢ᠂ ᠡᠰᠡᠬᠦᠯ᠎ᠡ |
ᠨᠥᠯᠥᠭᠡ ᠶᠢ ᠨᠢ ᠠᠷᠢᠯᠭᠠᠬᠤ ᠠᠪᠤᠷᠠᠬᠤ ᠠᠷᠭ᠎ᠠ ᠬᠡᠮᠵᠢᠶ᠎ᠡ ᠲᠠᠢ ᠪᠠᠶᠢᠬᠤ ᠬᠡᠷᠡᠭᠲᠡᠶ᠃ ᠪᠠᠷᠢᠯᠭ᠎ᠠ ᠶᠢᠨ ᠪᠥᠲᠥᠭᠡᠨ |
ᠪᠠᠶᠢᠭᠤᠯᠤᠯᠲᠠ ᠨᠢ ᠬᠠᠮᠢᠶ᠎ᠠ ᠪᠥᠬᠦᠶ ᠣᠷᠣᠨ ᠪᠦᠰᠡ ᠶᠢᠨ ᠦᠶᠡᠷ ᠢ ᠰᠡᠷᠭᠡᠶᠢᠯᠡᠬᠦ ᠲᠥᠯᠥᠪᠵᠢᠭᠦᠯᠭᠡ᠂ ᠦᠶᠡᠷ ᠢ |
ᠲᠣᠭᠲᠠᠭᠠᠨ ᠬᠤᠷᠠᠭᠤᠯᠬᠤ ᠣᠷᠣᠨ ᠤ ᠪᠥᠲᠥᠭᠡᠨ ᠪᠠᠶᠢᠭᠤᠯᠤᠯᠲᠠ ᠬᠢᠭᠡᠳ ᠬᠠᠮᠢᠶᠠᠷᠤᠯᠲᠠ ᠶᠢᠨ ᠲᠥᠯᠥᠪᠵᠢᠭᠦᠯᠭᠡ᠂ |
ᠠᠭᠤᠯᠠᠨ ᠦᠶᠡᠷ ᠤᠨ ᠭᠠᠮᠰᠢᠭ ᠢ ᠰᠡᠷᠭᠡᠶᠢᠯᠡᠨ ᠵᠠᠰᠠᠬᠤ ᠲᠥᠯᠥᠪᠵᠢᠭᠦᠯᠭᠡ᠂ ᠭᠤᠤᠯ ᠮᠥᠷᠡᠨ ᠢ ᠵᠠᠰᠠᠬᠤ |
ᠲᠥᠯᠥᠪᠵᠢᠭᠦᠯᠭᠡ ᠵᠡᠷᠭᠡ ᠲᠥᠯᠥᠪᠵᠢᠭᠦᠯᠭᠡ ᠶᠢᠨ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠶ︔ ᠦᠶᠡᠷ ᠤᠨ |
ᠤᠰᠤ ᠶᠢ ᠳᠣᠭᠢᠷᠠᠭᠤᠯᠬᠤ ᠲᠣᠬᠢᠷᠠᠭᠤᠯᠤᠯᠲᠠ ᠳᠤ ᠨᠡᠶᠢᠴᠡᠵᠦ᠂ ᠦᠶᠡᠷ ᠤᠨ ᠤᠰᠤ ᠶᠢ ᠰᠡᠷᠭᠡᠶᠢᠯᠡᠬᠦ ᠲᠥᠰᠦᠯ᠂ |
ᠦᠶᠡᠷ ᠤᠨ ᠤᠰᠤ ᠶᠢ ᠳᠣᠭᠢᠷᠠᠭᠤᠯᠬᠤ ᠲᠥᠰᠦᠯ ᠪᠣᠯᠤᠨ ᠬᠠᠮᠢᠶ᠎ᠠ ᠪᠥᠬᠦᠶ ᠦᠶᠡᠷ ᠢ ᠰᠡᠷᠭᠡᠶᠢᠯᠡᠬᠦ ᠪᠠᠴᠢᠮ ᠪᠠᠶᠢᠳᠠᠯ ᠢ |
ᠠᠷᠭᠠᠴᠠᠬᠤ ᠲᠥᠰᠦᠯ ᠵᠡᠷᠭᠡ ᠱᠠᠭᠠᠷᠳᠠᠯᠭ᠎ᠠ ᠶᠢ ᠬᠠᠩᠭᠠᠨ᠎ᠠ︔ ᠪᠥᠲᠥᠭᠡᠨ ᠪᠠᠶᠢᠭᠤᠯᠤᠯᠲᠠ ᠶᠢᠨ ᠲᠥᠷᠥᠯ ᠵᠤᠶᠢᠯ ᠤᠨ |
ᠦᠶᠡᠷ ᠢ ᠰᠡᠷᠭᠡᠶᠢᠯᠡᠬᠦ ᠠᠮᠤᠷ ᠲᠦᠪᠰᠢᠨ ᠤ ᠲᠠᠰ ᠵᠡᠷᠭᠡ ᠦᠶᠡᠷ ᠢ ᠰᠡᠷᠭᠡᠶᠢᠯᠡᠬᠦ ᠳᠤ ᠬᠤᠯᠪᠣᠭᠳᠠᠬᠤ ᠮᠡᠷᠭᠡᠵᠢᠯ ᠤᠨ |
ᠪᠠᠷᠢᠮᠵᠢᠶ᠎ᠠ ᠵᠡᠷᠭᠡ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠶ︔ ᠭᠤᠣᠯ ᠮᠥᠷᠡᠨ ᠤ ᠡᠷᠭᠢ ᠶᠢᠨ ᠱᠤᠭᠤᠮ᠂ |
ᠭᠤᠣᠯ ᠤᠨ ᠤᠷᠤᠰᠬᠠᠯ ᠤᠨ ᠪᠠᠶᠢᠳᠠᠯ ᠲᠣᠭᠲᠠᠭᠤᠨ᠂ ᠤᠰᠤᠨ ᠤᠷᠤᠰᠬᠠᠯ ᠤᠨ ᠬᠡᠯᠪᠡᠷᠢ ᠪᠠᠶᠢᠳᠠᠯ᠂ ᠤᠷᠤᠰᠬᠠᠨ |
ᠬᠤᠷᠠᠭᠤᠯᠬᠤ᠂ ᠦᠶᠡᠷ ᠢ ᠵᠠᠯᠠᠵᠤ ᠤᠰᠤᠲᠤᠯ ᠢ ᠵᠠᠯᠠᠬᠤ ᠵᠡᠷᠭᠡ ᠳᠤ ᠠᠰᠢᠭ ᠦᠭᠡᠢ ᠨᠥᠯᠥᠭᠡ ᠦᠭᠡᠢ᠂ ᠡᠰᠡᠬᠦᠯ᠎ᠡ |
ᠬᠡᠳᠦ᠋ᠢᠪᠡᠷ ᠨᠥᠯᠥᠭᠡ ᠲᠠᠢ ᠪᠣᠯᠪᠠᠴᠤ ᠠᠷᠭ᠎ᠠ ᠬᠡᠮᠵᠢᠶ᠎ᠡ ᠠᠪᠤᠭᠰᠠᠨ ᠤ ᠲᠠᠷᠠᠭ᠎ᠠ ᠦᠶᠡᠷ ᠢ ᠰᠡᠷᠭᠡᠶᠢᠯᠡᠬᠦ |
ᠱᠠᠭᠠᠷᠳᠠᠯᠭ᠎ᠠ ᠳᠤ ᠬᠦᠷᠦᠭᠰᠡᠨ ᠪᠠᠶᠢᠬᠤ︔ ᠦᠶᠡᠷ ᠢ ᠰᠡᠷᠭᠡᠶᠢᠯᠡᠵᠦ ᠤᠰᠤᠲᠤᠯ ᠢ ᠵᠠᠯᠠᠬᠤ ᠪᠠᠷᠢᠯᠭ᠎ᠠ ᠶᠢᠨ |
ᠰᠢᠰᠲ᠋ᠧᠮ ᠤᠨ ᠪᠦᠬᠦᠯᠢ ᠴᠣᠭᠴᠠ ᠶᠢᠨ ᠪᠠᠶᠢᠷᠢᠯᠠᠭᠤᠯᠤᠯᠲᠠ᠂ ᠦᠶᠡᠷ ᠢ ᠰᠡᠷᠭᠡᠶᠢᠯᠡᠬᠦ ᠪᠠᠷᠢᠯᠭ᠎ᠠ ᠶᠢᠨ ᠠᠮᠤᠷ |
ᠲᠦᠪᠰᠢᠨ᠂ ᠦᠶᠡᠷ ᠢ ᠲᠣᠭᠲᠠᠭᠠᠨ ᠬᠤᠷᠠᠭᠤᠯᠬᠤ ᠣᠷᠣᠨ ᠤ ᠬᠡᠷᠡᠭᠯᠡᠯᠲᠡ ᠵᠢᠴᠢ ᠦᠶᠡᠷ ᠢ ᠰᠡᠷᠭᠡᠶᠢᠯᠡᠵᠦ |
ᠠᠶᠤᠯ ᠠᠴᠠ ᠠᠪᠤᠷᠠᠬᠤ ᠵᠡᠷᠭᠡ ᠳᠤ ᠠᠰᠢᠭ ᠦᠭᠡᠢ ᠨᠥᠯᠥᠭᠡ ᠦᠭᠡᠢ᠂ ᠡᠰᠡᠬᠦᠯ᠎ᠡ ᠬᠡᠳᠦ᠋ᠢᠪᠡᠷ ᠨᠥᠯᠥᠭᠡ ᠲᠠᠢ |
ᠪᠣᠯᠪᠠᠴᠤ ᠠᠷᠭ᠎ᠠ ᠬᠡᠮᠵᠢᠶ᠎ᠡ ᠠᠪᠤᠭᠰᠠᠨ ᠤ ᠲᠠᠷᠠᠭ᠎ᠠ ᠦᠶᠡᠷ ᠢ ᠰᠡᠷᠭᠡᠶᠢᠯᠡᠬᠦ ᠱᠠᠭᠠᠷᠳᠠᠯᠭ᠎ᠠ ᠳᠤ ᠬᠦᠷᠦᠭᠰᠡᠨ ᠪᠠᠶᠢᠬᠤ︔ |
ᠪᠥᠲᠥᠭᠡᠨ ᠪᠠᠶᠢᠭᠤᠯᠤᠯᠲᠠ ᠶᠢᠨ ᠲᠥᠷᠥᠯ ᠵᠤᠶᠢᠯ ᠤᠨ ᠦᠶᠡᠷ ᠤᠨ ᠤᠰᠤᠨ ᠳᠤ ᠠᠪᠲᠠᠬᠤ᠂ ᠤᠷᠤᠰᠬᠠᠬᠤ ᠵᠡᠷᠭᠡ |
ᠨᠥᠯᠥᠭᠡ ᠶᠢ ᠠᠷᠭᠠᠴᠠᠬᠤ ᠵᠢᠴᠢ ᠣᠷᠳᠣ ᠬᠤᠭᠤᠴᠠᠭ᠎ᠠ ᠪᠠᠷ ᠰᠡᠯᠪᠢᠨ ᠵᠠᠰᠠᠵᠤ ᠠᠷᠠᠴᠢᠯᠠᠨ ᠬᠠᠮᠠᠭᠠᠯᠠᠬᠤ ᠠᠷᠭ᠎ᠠ |
ᠬᠡᠮᠵᠢᠶ᠎ᠡ ᠨᠢ ᠲᠣᠰ ᠪᠡᠶ᠎ᠡ ᠶᠢᠨ ᠦᠶᠡᠷ ᠢ ᠰᠡᠷᠭᠡᠶᠢᠯᠡᠬᠦ ᠠᠮᠤᠷ ᠲᠦᠪᠰᠢᠨ ᠤ ᠱᠠᠭᠠᠷᠳᠠᠯᠭ᠎ᠠ ᠶᠢ ᠬᠠᠩᠭᠠᠵᠤ ᠳᠡᠶᠢᠯᠦᠨ᠎ᠡ︔ |
ᠦᠶᠡᠷ ᠤᠨ ᠨᠥᠯᠥᠭᠡ ᠶᠢ ᠦᠨᠡᠯᠡᠬᠦ ᠮᠡᠷᠭᠡᠵᠢᠯ ᠤᠨ ᠱᠤᠭᠤᠮ᠂ ᠦᠨᠡᠯᠡᠬᠦ ᠠᠷᠭ᠎ᠠ ᠨᠢ ᠵᠥᠪ ᠣᠨᠣᠪᠴᠢᠲᠠᠶ᠂ |
ᠦᠶᠡᠷ ᠤᠨ ᠨᠥᠯᠥᠭᠡ ᠶᠢ ᠠᠷᠢᠯᠭᠠᠬᠤ ᠪᠤᠶᠤ ᠪᠠᠭᠠᠰᠬᠠᠬᠤ ᠠᠷᠭ᠎ᠠ ᠬᠡᠮᠵᠢᠶ᠎ᠡ ᠨᠢ ᠵᠦᠢ ᠵᠣᠬᠢᠰᠲᠠᠶ ᠪᠥᠭᠡᠳ |
ᠪᠣᠯᠤᠮᠵᠢᠲᠠᠶ ᠪᠠᠶᠢᠬᠤ︔ ᠲᠤᠬᠠᠶ ᠶᠢᠨ ᠭᠠᠵᠠᠷ ᠤᠨ ᠪᠣᠳᠠᠲᠠᠶ ᠨᠥᠬᠦᠴᠡᠯ ᠢ ᠬᠠᠩᠭᠠᠬᠤ ᠦᠶᠡᠷ ᠢ ᠰᠡᠷᠭᠡᠶᠢᠯᠡᠵᠦ |
ᠭᠠᠮᠰᠢᠭ ᠢ ᠪᠠᠭᠠᠰᠬᠠᠬᠤ ᠪᠤᠰᠤᠳ ᠲᠣᠭᠲᠠᠭᠠᠯ ᠪᠠ ᠱᠠᠭᠠᠷᠳᠠᠯᠭ᠎ᠠ᠃ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠨᠢ |
ᠰᠠᠪᠠ ᠭᠠᠵᠠᠷ ᠪᠠ ᠣᠷᠣᠨ ᠪᠦᠰᠡ ᠶᠢᠨ ᠶᠡᠷᠦᠩᠬᠡᠶ ᠲᠥᠯᠥᠪᠵᠢᠭᠦᠯᠭᠡ ᠵᠢᠴᠢ ᠲᠤᠰᠬᠠᠶ ᠮᠡᠷᠭᠡᠵᠢᠯ ᠤᠨ |
ᠲᠥᠯᠥᠪᠵᠢᠭᠦᠯᠭᠡ ᠳᠤ ᠨᠡᠶᠢᠴᠡᠭᠰᠡᠨ ᠪᠠᠶᠢᠬᠤ ᠬᠡᠷᠡᠭᠲᠡᠶ︔ ᠦᠶᠡᠷ ᠢ ᠰᠡᠷᠭᠡᠶᠢᠯᠡᠬᠦ ᠰᠦᠩ ᠬᠠᠯᠢᠶ᠎ᠠ ᠶᠢ ᠰᠡᠷᠭᠡᠶᠢᠯᠡᠬᠦ |
ᠪᠠᠷᠢᠮᠵᠢᠶ᠎ᠠ᠂ ᠬᠤᠯᠪᠣᠭᠳᠠᠯ ᠪᠦᠬᠦᠢ ᠮᠡᠷᠭᠡᠵᠢᠯ ᠪᠠ ᠬᠠᠮᠢᠶᠠᠷᠤᠯᠲᠠ ᠶᠢᠨ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ︔ |
ᠦᠶᠡᠷ ᠢ ᠰᠡᠷᠭᠡᠶᠢᠯᠡᠬᠦ ᠶᠢ ᠬᠠᠷᠰᠢᠯᠠᠬᠤ ᠦᠭᠡᠢ᠂ ᠦᠶᠡᠷ ᠵᠠᠯᠠᠬᠤ ᠴᠢᠳᠠᠪᠤᠷᠢ ᠶᠢ ᠪᠠᠭᠤᠷᠠᠭᠤᠯᠬᠤ ᠦᠭᠡᠢ︔ |
ᠭᠤᠤᠯ ᠤᠨ ᠤᠷᠤᠰᠬᠠᠯ ᠤᠨ ᠲᠣᠭᠲᠠᠭᠤᠨ ᠪᠠᠶᠢᠳᠠᠯ᠂ ᠤᠰᠤᠨ ᠤᠷᠤᠰᠬᠠᠯ ᠤᠨ ᠬᠡᠯᠪᠡᠷᠢ ᠪᠠᠶᠢᠳᠠᠯ᠂ ᠲᠤᠨᠤᠮᠠᠯ |
ᠤᠰᠤᠨ ᠤ ᠬᠤᠪᠢᠷᠠᠯᠲᠠ ᠳᠤ ᠠᠰᠢᠭ ᠥᠬᠡᠶ ᠨᠥᠯᠥᠭᠡ ᠥᠬᠡᠶ︔ ᠬᠠᠰᠢᠯᠭ᠎ᠠ ᠲᠡᠯᠡᠩ᠂ ᠡᠷᠭᠢ ᠶᠢ ᠬᠠᠮᠠᠭᠠᠯᠠᠬᠤ ᠪᠠ |
ᠪᠤᠰᠤᠳ ᠤᠰᠦᠠ ᠠᠰᠢᠭᠯᠠᠯᠲᠠ ᠶᠢᠨ ᠪᠠᠷᠢᠯᠭ᠎ᠠ ᠶᠢᠨ ᠠᠮᠤᠷ ᠲᠦᠪᠰᠢᠨ ᠳᠤ ᠨᠥᠯᠥᠭᠡ ᠪᠣᠯᠬᠤ ᠤᠢᠭᠡᠢ︔ ᠦᠶᠡᠷ ᠢ |
ᠰᠡᠷᠭᠡᠶᠢᠯᠡᠵᠦ ᠠᠶᠤᠯ ᠠᠴᠠ ᠠᠪᠤᠷᠠᠬᠤ ᠶᠢ ᠬᠠᠷᠰᠢᠯᠠᠬᠤ ᠦᠭᠡᠢ︔ ᠣᠯᠠᠨ ᠨᠡᠶᠢᠲᠡ ᠶᠢᠨ ᠠᠰᠢᠭ ᠲᠤᠰᠠ ᠪᠠ |
ᠭᠤᠷᠪᠠᠳᠠᠬᠢ ᠬᠥᠮᠦᠨ ᠤ ᠬᠠᠤᠯᠢ ᠶᠣᠰᠣᠨ ᠤ ᠤᠰᠤᠨ ᠤ ᠶᠠᠪᠤᠳᠠᠯ ᠤᠨ ᠡᠷᠬᠡ ᠠᠰᠢᠭ ᠢ ᠨᠥᠯᠥᠭᠡᠯᠡᠬᠦ ᠥᠬᠡᠶ︔ |
ᠪᠥᠳᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠲᠤᠰ ᠪᠡᠶ᠎ᠡ ᠶᠢᠨ ᠦᠶᠡᠷ ᠤᠰᠤᠲᠤᠯ ᠢ ᠰᠡᠷᠭᠡᠶᠢᠯᠡᠬᠦ |
ᠰᠡᠷᠭᠡᠶᠢᠯᠡᠯᠲᠡ ᠶᠢᠨ ᠪᠠᠷᠢᠮᠵᠢᠶ᠎ᠠ ᠪᠣᠯᠤᠨ ᠠᠷᠭ᠎ᠠ ᠬᠡᠮᠵᠢᠶ᠎ᠡ ᠨᠢ ᠵᠣᠬᠢᠰᠲᠠᠶ ᠪᠠᠶᠢᠬᠤ ᠬᠡᠷᠡᠭᠲᠡᠶ᠃ ᠪᠠᠷᠢᠯᠭ᠎ᠠ ᠶᠢᠨ |
ᠪᠦᠳᠦᠭᠡᠨ ᠪᠠᠶᠢᠭᠤᠯᠤᠯᠲᠠ ᠶᠢᠨ ᠤᠰᠤᠨ ᠵᠦᠢ ᠶᠢᠨ ᠬᠢᠨᠠᠨ ᠬᠡᠮᠵᠢᠯᠲᠡ ᠳᠤ ᠦᠵᠡᠭᠦᠯᠬᠦ ᠨᠥᠯᠥᠭᠡ ᠶᠢᠨ ᠬᠡᠮᠵᠢᠶ᠎ᠡ ᠶᠢ |
ᠣᠨᠣᠪᠴᠢᠲᠠᠶ ᠵᠠᠳᠠᠯᠤᠨ ᠦᠨᠡᠯᠡᠵᠦ᠂ ᠤᠰᠤᠨ ᠵᠦᠢ ᠶᠢᠨ ᠬᠢᠨᠠᠨ ᠬᠡᠮᠵᠢᠯᠲᠡ ᠳᠤ ᠦᠵᠡᠭᠦᠯᠬᠦ ᠨᠥᠯᠥᠭᠡ ᠨᠢ ᠨᠡᠯᠢᠶᠡᠳ |
ᠪᠠᠭ᠎ᠠ ᠪᠤᠶᠤ ᠪᠦᠳᠦᠭᠡᠨ ᠪᠠᠶᠢᠭᠤᠯᠬᠤ ᠨᠢᠭᠡᠴᠢ ᠶᠢᠨ ᠠᠪᠤᠭᠰᠠᠨ ᠠᠷᠭ᠎ᠠ ᠬᠡᠮᠵᠢᠶ᠎ᠡ ᠪᠠᠷ ᠳᠠᠮᠵᠢᠭᠤᠯᠤᠨ ᠨᠥᠬᠦᠪᠥᠷᠢᠯᠡᠵᠦ |
ᠪᠣᠯᠤᠨ᠎ᠠ᠃ ᠭᠥᠯᠢᠶᠡᠨ ᠠᠪᠴᠤ ᠰᠢᠢᠳᠪᠤᠷᠢᠯᠡᠬᠦ ᠬᠡᠪᠴᠢᠶ᠎ᠡ᠄ 1. ᠲᠣᠭᠲᠠᠭᠠᠯ ᠶᠣᠰᠣᠭᠠᠷ ᠥᠪᠡᠷᠲᠡᠭᠡᠨ ᠵᠠᠰᠠᠬᠤ |
ᠣᠷᠣᠨ ᠤ ᠱᠠᠲᠤᠨ ᠤ ᠬᠠᠮᠢᠶ᠎ᠠ ᠪᠥᠬᠦᠶ ᠰᠠᠯᠠᠭ᠎ᠠ ᠮᠥᠴᠢᠷ ᠢᠶᠠᠷ ᠬᠢᠨᠠᠨ ᠵᠥᠪᠰᠢᠶᠡᠷᠡᠭᠦᠯᠬᠦ ᠴᠢᠬᠤᠯᠠᠲᠠᠶ ᠤᠰᠤᠨ ᠤ |
ᠢᠨᠵᠧᠨᠧᠷᠢᠩ ᠤᠨ ᠲᠥᠷᠥᠯ ᠵᠤᠶᠢᠯ᠃ 2. ᠠᠶᠢᠮᠠᠭ ᠬᠤᠲᠠ ᠠᠯᠤᠰᠯᠠᠨ ᠭᠤᠤᠯ ᠮᠥᠷᠡᠨ᠂ ᠨᠠᠭᠤᠷ ᠴᠥᠭᠦᠷᠥᠮ |
ᠳᠡᠭᠡᠷ᠎ᠡ ᠪᠥᠲᠥᠭᠡᠨ ᠪᠠᠶᠢᠭᠤᠯᠤᠭᠰᠠᠨ ᠤᠰᠤᠨ ᠤ ᠢᠨᠵᠧᠨᠧᠷᠢᠩ ᠤᠨ ᠲᠥᠷᠥᠯ ᠵᠤᠶᠢᠯ᠃ |
|
ᠲᠤᠭᠳᠠᠭᠠᠯ ᠤᠨ ᠦᠨᠳᠦᠰᠦᠯᠡᠯ |
︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠰᠤᠨ ᠤ ᠬᠠᠤᠯᠢ︾ ︵2016 ᠣᠨ ᠳᠤ |
ᠵᠠᠰᠠᠪᠤᠷᠢ ᠣᠷᠣᠭᠤᠯᠪᠠ︶ ᠶᠢᠨ ᠠᠷᠪᠠ ᠶᠢᠰᠦᠳᠦᠭᠡᠷ ᠵᠤᠶᠢᠯ᠄ ᠤᠰᠤᠨ ᠤ ᠪᠠᠷᠢᠯᠭ᠎ᠠ ᠶᠢ ᠪᠥᠲᠥᠭᠡᠨ ᠪᠠᠶᠢᠭᠤᠯᠬᠤ ᠳᠤ |
ᠡᠷᠬᠡᠪᠰᠢ ᠰᠠᠪᠠ ᠭᠠᠵᠠᠷ ᠤᠨ ᠶᠡᠷᠦᠩᠬᠡᠶᠢᠯᠡᠭᠰᠡᠨ ᠲᠥᠯᠥᠪᠵᠢᠭᠦᠯᠭᠡ ᠳᠤ ᠨᠡᠶᠢᠴᠡᠭᠦᠯᠬᠦ ᠬᠡᠷᠡᠭᠲᠡᠶ᠃ ᠤᠯᠤᠰ ᠠᠴᠠ |
ᠲᠣᠭᠲᠠᠭᠠᠭᠰᠠᠨ ᠴᠢᠬᠤᠯᠠ ᠭᠤᠣᠯ ᠮᠥᠷᠡᠨ᠂ ᠨᠠᠭᠤᠷ ᠴᠦᠬᠦᠷᠦᠮ ᠪᠣᠯᠤᠨ ᠮᠤᠵᠢ᠂ ᠥᠪᠡᠷᠲᠡᠭᠡᠨ ᠵᠠᠰᠠᠬᠤ ᠣᠷᠣᠨ᠂ |
ᠰᠢᠭᠤᠳ ᠬᠠᠷᠢᠶ᠎ᠠ ᠬᠤᠲᠠ ᠠᠯᠤᠰᠯᠠᠭᠰᠠᠨ ᠭᠤᠣᠯ ᠮᠥᠷᠡᠨ᠂ ᠨᠠᠭᠤᠷ ᠴᠦᠬᠦᠷᠦᠮ ᠳᠤ ᠤᠰᠤᠨ ᠤ ᠪᠠᠷᠢᠯᠭ᠎ᠠ |
ᠪᠠᠶᠢᠭᠤᠯᠬᠤ ᠳᠤ᠂ ᠪᠠᠷᠢᠯᠭ᠎ᠠ ᠶᠢᠨ ᠪᠣᠯᠤᠮᠵᠢ ᠶᠢᠨ ᠲᠤᠬᠠᠶ ᠰᠤᠳᠤᠯᠭᠠᠨ ᠤ ᠮᠡᠳᠡᠭᠦᠯᠦᠯᠲᠡ ᠶᠢ ᠨᠢ ᠮᠡᠳᠡᠭᠦᠯᠦᠨ |
ᠵᠥᠪᠰᠢᠶᠡᠷᠡᠭᠦᠯᠬᠦ ᠠᠴᠠ ᠡᠮᠦᠨ᠎ᠡ᠂ ᠬᠤᠯᠪᠣᠭᠳᠠᠯ ᠪᠦᠬᠦᠢ ᠰᠠᠪᠠ ᠭᠠᠵᠠᠷ ᠤᠨ ᠬᠠᠮᠢᠶᠠᠷᠤᠯᠲᠠ ᠶᠢᠨ ᠪᠠᠶᠢᠭᠤᠯᠤᠮᠵᠢ ᠨᠢ |
ᠤᠰᠤᠨ ᠤ ᠪᠠᠷᠢᠯᠭ᠎ᠠ ᠶᠢᠨ ᠪᠦᠳᠦᠭᠡᠨ ᠪᠠᠶᠢᠭᠤᠯᠤᠯᠲᠠ ᠨᠢ ᠰᠠᠪᠠ ᠭᠠᠵᠠᠷ ᠤᠨ ᠶᠡᠷᠦᠩᠬᠡᠶ ᠲᠥᠯᠥᠪᠵᠢᠭᠦᠯᠭᠡ ᠳᠤ |
ᠨᠡᠶᠢᠴᠡᠬᠦ ᠡᠰᠡᠬᠦ ᠶᠢ ᠬᠢᠨᠠᠨ ᠪᠠᠶᠢᠴᠠᠭᠠᠬᠤ ᠶᠢᠨ ᠬᠠᠮᠲᠤ ᠰᠠᠨᠠᠯ ᠢᠶᠠᠨ ᠪᠢᠴᠢᠬᠦ ᠬᠡᠷᠡᠭᠲᠡᠶ︔ ᠪᠤᠰᠤᠳ ᠭᠤᠣᠯ ᠮᠥᠷᠡᠨ᠂ |
ᠨᠠᠭᠤᠷ ᠴᠦᠬᠦᠷᠦᠮ ᠳᠡᠭᠡᠷ᠎ᠡ ᠤᠰᠦᠠ ᠤ ᠪᠠᠷᠢᠯᠭ᠎ᠠ ᠪᠦᠳᠦᠭᠡᠠ ᠪᠠᠶᠢᠭᠤᠯᠬᠤ ᠳᠤ᠂ ᠪᠠᠷᠢᠯᠭ᠎ᠠ ᠶᠢᠨ ᠪᠣᠯᠤᠮᠵᠢ ᠶᠢᠨ |
ᠲᠤᠬᠠᠶ ᠰᠤᠳᠤᠯᠭᠠᠨ ᠤ ᠮᠡᠳᠡᠭᠦᠯᠦᠯᠲᠡ ᠪᠠᠨ ᠮᠡᠳᠡᠭᠦᠯᠦᠨ ᠵᠥᠪᠰᠢᠶᠡᠷᠡᠭᠦᠯᠬᠦ ᠠᠴᠠ ᠡᠮᠦᠨ᠎ᠡ᠂ ᠰᠢᠶᠠᠨ ᠤ ᠱᠠᠲᠤᠨ ᠠᠴᠠ |
ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠤᠰᠦᠠ ᠤ ᠶᠠᠪᠤᠳᠠᠯ ᠤᠨ ᠵᠠᠰᠠᠭ ᠵᠠᠬᠢᠷᠭᠠᠨ ᠤ |
ᠡᠷᠬᠢᠯᠡᠠ ᠬᠠᠮᠢᠶᠠᠷᠬᠤ ᠰᠠᠯᠠᠭ᠎ᠠ ᠮᠥᠴᠢᠷ ᠬᠠᠮᠢᠶᠠᠷᠤᠯᠲᠠ ᠶᠢᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠤᠰᠦᠠ ᠤ |
ᠪᠠᠷᠢᠯᠭ᠎ᠠ ᠶᠢᠨ ᠪᠦᠳᠦᠭᠡᠠ ᠪᠠᠶᠢᠭᠤᠯᠤᠯᠲᠠ ᠨᠢ ᠰᠡᠪᠡ ᠭᠠᠵᠠᠷ ᠤᠨ ᠶᠡᠷᠦᠩᠬᠡᠶ ᠲᠥᠯᠥᠪᠵᠢᠭᠦᠯᠭᠡ ᠳᠤ ᠨᠡᠶᠢᠴᠡᠬᠦ |
ᠡᠰᠡᠬᠦ ᠶᠢ ᠬᠢᠨᠠᠨ ᠪᠠᠶᠢᠴᠠᠭᠠᠬᠤ ᠶᠢᠨ ᠬᠠᠮᠲᠤ ᠰᠠᠨᠠᠯ ᠢᠶᠠᠨ ᠪᠢᠴᠢᠬᠦ ᠬᠡᠷᠡᠭᠲᠡᠶ᠃ ᠤᠰᠤᠨ ᠤ ᠪᠠᠷᠢᠯᠭ᠎ᠠ ᠶᠢᠨ ᠪᠦᠳᠦᠭᠡᠨ |
ᠪᠠᠶᠢᠭᠤᠯᠤᠯᠲᠠ ᠨᠢ ᠦᠶᠡᠷ ᠢ ᠰᠡᠷᠭᠡᠶᠢᠯᠡᠬᠦ ᠳᠤ ᠬᠤᠯᠪᠣᠭᠳᠠᠪᠠᠯ᠂ ᠦᠶᠡᠷ ᠢ ᠰᠡᠷᠭᠡᠶᠢᠯᠡᠬᠦ ᠬᠠᠤᠯᠢ ᠶᠢᠨ ᠬᠤᠯᠪᠣᠭᠳᠠᠯ |
ᠪᠦᠬᠦᠢ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ︔ ᠪᠤᠰᠤᠳ ᠭᠠᠵᠠᠷ ᠣᠷᠣᠨ ᠪᠠ ᠠᠵᠢᠯ ᠲᠦᠷᠦᠯ ᠳᠤ |
ᠬᠤᠯᠪᠣᠭᠳᠠᠪᠠᠯ᠂ ᠪᠦᠳᠦᠭᠡᠠ ᠪᠠᠶᠢᠭᠤᠯᠬᠤ ᠨᠢᠭᠡᠴᠢ ᠨᠢ ᠤᠷᠢᠳᠠᠪᠠᠷ ᠬᠤᠯᠪᠣᠭᠳᠠᠯ ᠪᠦᠬᠦᠢ ᠭᠠᠵᠠᠷ ᠣᠷᠣᠨ ᠪᠠ |
ᠰᠠᠯᠠᠭ᠎ᠠ ᠮᠥᠴᠢᠷ ᠤᠨ ᠰᠠᠨᠠᠯ ᠢ ᠬᠤᠷᠢᠶᠠᠬᠤ ᠬᠡᠷᠡᠭᠲᠡᠶ᠃ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ |
ᠦᠶᠡᠷ ᠢ ᠰᠡᠷᠭᠡᠶᠢᠯᠡᠬᠦ ᠬᠠᠤᠯᠢ︾ ︵2016 ᠣᠨ ᠳᠤ ᠵᠠᠰᠠᠪᠤᠷᠢ ᠣᠷᠣᠭᠤᠯᠪᠠ︶ ᠶᠢᠨ ᠠᠷᠪᠠᠨ ᠳᠣᠯᠣᠳᠤᠭᠠᠷ |
ᠵᠤᠶᠢᠯ᠄ ᠭᠤᠤᠯ ᠮᠥᠷᠡᠨ᠂ ᠨᠠᠭᠤᠷ ᠴᠦᠬᠦᠷᠦᠮ ᠳᠤ ᠦᠶᠡᠷ ᠢ ᠰᠡᠷᠭᠡᠶᠢᠯᠡᠬᠦ ᠪᠠᠷᠢᠯᠭ᠎ᠠ ᠪᠠ ᠪᠤᠰᠤᠳ ᠤᠰᠤᠨ ᠤ |
ᠪᠠᠷᠢᠯᠭ᠎ᠠ᠂ ᠤᠰᠤᠨ ᠴᠠᠬᠢᠯᠭᠠᠨ ᠤ ᠥᠷᠲᠡᠭᠡ ᠵᠡᠷᠭᠡ ᠶᠢ ᠪᠥᠲᠥᠭᠡᠨ ᠪᠠᠶᠢᠭᠤᠯᠬᠤ ᠳᠤ ᠦᠶᠡᠷ ᠢ ᠰᠡᠷᠭᠡᠶᠢᠯᠡᠬᠦ |
ᠲᠥᠯᠥᠪᠵᠢᠭᠦᠯᠭᠡ ᠶᠢᠨ ᠱᠠᠭᠠᠷᠳᠠᠯᠭ᠎ᠠ ᠳᠤ ᠨᠡᠶᠢᠴᠡᠭᠦᠯᠬᠦ ᠬᠡᠷᠡᠭᠲᠡᠶ︔ ᠴᠥᠭᠦᠷᠥᠮ ᠨᠢ ᠦᠶᠡᠷ ᠢ ᠰᠡᠷᠭᠡᠶᠢᠯᠡᠬᠦ |
ᠲᠥᠯᠥᠪᠵᠢᠭᠦᠯᠭᠡ ᠶᠢᠨ ᠱᠠᠭᠠᠷᠳᠠᠯᠭ᠎ᠠ ᠶᠣᠰᠣᠭᠠᠷ ᠦᠶᠡᠷ ᠢ ᠰᠡᠷᠭᠡᠶᠢᠯᠡᠬᠦ ᠴᠥᠭᠦᠷᠥᠮ ᠤᠨ ᠪᠠᠭᠲᠠᠭᠠᠮᠵᠢ ᠶᠢ ᠭᠦᠢᠴᠡᠳ |
ᠦᠯᠡᠳᠡᠭᠡᠬᠦ ᠬᠡᠷᠡᠭᠲᠡᠢ᠃ ᠡᠮᠦᠨᠡᠬᠢ ᠪᠠᠳᠠᠭ ᠲᠤ ᠲᠣᠭᠲᠠᠭᠠᠭᠰᠠᠨ ᠦᠶᠡᠷ ᠢ ᠰᠡᠷᠭᠡᠶᠢᠯᠡᠬᠦ ᠪᠠᠷᠢᠯᠭ᠎ᠠ ᠪᠠ ᠪᠤᠰᠤᠳ |
ᠤᠰᠤᠨ ᠤ ᠪᠠᠷᠢᠯᠭ᠎ᠠ᠂ ᠤᠰᠤᠨ ᠴᠠᠬᠢᠯᠭᠠᠨ ᠰᠲ᠋ᠠᠨᠼᠢ ᠨᠢ ᠬᠤᠯᠪᠣᠭᠳᠠᠯ ᠪᠦᠬᠦᠢ ᠤᠰᠤᠨ ᠤ ᠶᠠᠪᠤᠳᠠᠯ ᠤᠨ ᠵᠠᠰᠠᠭ |
ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠤᠨ ᠭᠠᠷ ᠤᠨ ᠦᠰᠦᠭ ᠵᠢᠷᠤᠭᠰᠠᠨ ᠦᠶᠡᠷ ᠢ ᠰᠡᠷᠭᠡᠶᠢᠯᠡᠬᠦ |
ᠲᠥᠯᠥᠪᠵᠢᠭᠦᠯᠭᠡ ᠶᠢᠨ ᠱᠠᠭᠠᠷᠳᠠᠯᠭ᠎ᠠ ᠳᠤ ᠨᠡᠶᠢᠴᠡᠭᠰᠡᠨ ᠲᠥᠯᠥᠪᠵᠢᠭᠦᠯᠭᠡ ᠶᠢᠨ ᠵᠥᠪᠰᠢᠶᠡᠷᠡᠯ ᠤᠨ ᠪᠢᠴᠢᠭ ᠢ |
ᠣᠯᠤᠭᠰᠠᠨ ᠦᠭᠡᠢ ᠪᠠᠶᠢᠪᠠᠯ᠂ ᠪᠦᠲᠦᠭᠡᠨ ᠪᠠᠶᠢᠭᠤᠯᠬᠤ ᠨᠢᠭᠡᠴᠢ ᠨᠢ ᠪᠠᠷᠢᠯᠭ᠎ᠠ ᠡᠬᠢᠯᠡᠭᠦᠯᠵᠦ ᠪᠦᠲᠦᠭᠡᠨ ᠪᠠᠶᠢᠭᠤᠯᠵᠤ |
ᠪᠣᠯᠬᠤ ᠦᠭᠡᠢ᠃ |
ᠰᠦᠢᠳᠬᠡᠯ ᠬᠤᠷᠢᠶᠠᠬᠤ ᠪᠠᠷᠢᠮᠵᠢᠶ᠎ᠠ ᠪᠣᠯᠤᠨ ᠦᠨᠳᠦᠰᠦᠯᠡᠯ |
ᠰᠦᠢᠳᠭᠡᠯ ᠬᠤᠷᠢᠶᠠᠬᠤ ᠪᠠᠷᠢᠮᠵᠢᠶ᠎ᠠ᠄ ᠰᠦᠢᠳᠭᠡᠯ ᠬᠤᠷᠢᠶᠠᠬᠤ ᠳᠤ ᠬᠤᠯᠪᠣᠭᠳᠠᠬᠤ ᠥᠬᠡᠶ︔ |
ᠰᠦᠢᠳᠭᠡᠯ ᠬᠤᠷᠢᠶᠠᠬᠤ ᠦᠨᠳᠦᠰᠦᠯᠡᠯ᠄ ᠰᠦᠢᠳᠭᠡᠯ ᠬᠤᠷᠢᠶᠠᠬᠤ ᠳᠤ ᠬᠤᠯᠪᠣᠭᠳᠠᠬᠤ ᠥᠬᠡᠶ |
|
ᠭᠦᠢᠴᠡᠳᠬᠡᠬᠦ ᠶᠠᠪᠤᠴᠠ |
ᠬᠦᠯᠢᠶᠡᠨ ᠠᠪᠬᠤ — ᠬᠢᠨᠠᠨ ᠪᠠᠶᠢᠴᠠᠭᠠᠬᠤ — ᠰᠢᠢᠳᠪᠤᠷᠢ ᠭᠠᠷᠭᠠᠬᠤ — ᠰᠢᠢᠳᠪᠤᠷᠢᠯᠡᠵᠦ |
ᠲᠠᠭᠤᠰᠬᠠᠬᠤ |
ᠨᠢᠭᠡ᠃ ᠬᠦᠯᠢᠶᠡᠨ ᠠᠪᠬᠤ — ᠬᠦᠢᠴᠡᠳᠭᠡᠭᠴᠢ᠄ ᠨᠢᠶᠧ ᠵᠦᠩ ᠴᠢᠩ᠂ ᠯᠢ ᠰᠢᠶᠤᠤ ᠯᠢ |
ᠬᠦᠢᠴᠡᠳᠭᠡᠬᠦ ᠬᠤᠭᠤᠴᠠᠭ᠎ᠠ ᠬᠢᠵᠠᠭᠠᠷ᠄ 5 ᠠᠵᠢᠯ ᠤᠨ ᠡᠳᠦᠷ |
ᠬᠢᠨᠠᠨ ᠪᠠᠶᠢᠴᠠᠭᠠᠬᠤ ᠪᠠᠷᠢᠮᠵᠢᠶ᠎ᠠ᠄ ᠮᠠᠲ᠋ᠧᠷᠢᠶᠠᠯ ᠨᠢ ᠪᠦᠷᠢᠨ ᠮᠦᠷᠲᠡᠭᠡᠨ ᠬᠠᠤᠯᠢ |
ᠳᠤ ᠲᠤᠭᠳᠠᠭᠰᠠᠨ ᠬᠡᠯᠪᠡᠷᠢ ᠳᠤ ᠨᠡᠶᠢᠴᠡᠬᠦ ᠬᠡᠷᠡᠭᠲᠡᠢ |
ᠬᠦᠢᠴᠡᠳᠭᠡᠭᠰᠡᠨ ᠦᠷ᠎ᠡ ᠳ᠋ᠦᠩ᠄ ᠬᠦᠯᠢᠶᠡᠨ ᠠᠪᠤᠭᠰᠠᠨ ᠪᠤᠴᠠᠭᠠᠯ ᠪᠠᠷᠢᠮᠳᠠ |
ᠤᠨᠴᠠᠭᠠᠢ ᠭᠤᠭᠴᠤᠭ᠎ᠠ ᠪᠠᠶᠢᠬᠤ ᠡᠰᠡᠬᠦ᠄ ᠪᠠᠶᠢᠬᠤ ᠦᠭᠡᠢ |
ᠬᠤᠶᠠᠷ᠃ ᠬᠢᠨᠠᠨ ᠪᠠᠶᠢᠴᠠᠭᠠᠬᠤ — ᠬᠦᠢᠴᠡᠳᠭᠡᠭᠴᠢ᠄ ᠭᠤᠤ ᠬᠠᠢ ᠮᠢᠩ |
ᠬᠦᠢᠴᠡᠳᠭᠡᠬᠦ ᠬᠤᠭᠤᠴᠠᠭ᠎ᠠ ᠬᠢᠵᠠᠭᠠᠷ᠄ 8 ᠠᠵᠢᠯ ᠤᠨ ᠡᠳᠦᠷ |
ᠬᠢᠨᠠᠨ ᠪᠠᠶᠢᠴᠠᠭᠠᠬᠤ ᠪᠠᠷᠢᠮᠵᠢᠶ᠎ᠠ᠄ ᠮᠠᠲ᠋ᠧᠷᠢᠶᠠᠯ ᠨᠢ ᠪᠦᠷᠢᠨ ᠮᠦᠷᠲᠡᠭᠡᠨ ᠬᠠᠤᠯᠢ |
ᠳᠤ ᠲᠤᠭᠳᠠᠭᠰᠠᠨ ᠬᠡᠯᠪᠡᠷᠢ ᠳᠤ ᠨᠡᠶᠢᠴᠡᠬᠦ ᠬᠡᠷᠡᠭᠲᠡᠢ |
ᠬᠦᠢᠴᠡᠳᠭᠡᠭᠰᠡᠨ ᠦᠷ᠎ᠡ ᠳ᠋ᠦᠩ᠄ ᠲᠦᠷ ᠪᠠᠶᠢᠬᠤ ᠦᠭᠡᠢ |
ᠤᠨᠴᠠᠭᠠᠢ ᠭᠤᠭᠴᠤᠭ᠎ᠠ ᠪᠠᠶᠢᠬᠤ ᠡᠰᠡᠬᠦ᠄ ᠪᠠᠶᠢᠨ᠎ᠠ |
ᠭᠤᠷᠪᠠ᠃ ᠰᠢᠢᠳᠪᠤᠷᠢ ᠭᠠᠷᠭᠠᠬᠤ — ᠬᠦᠢᠴᠡᠳᠭᠡᠭᠴᠢ᠄ ᠵᠤᠤ ᠴᠠᠩ ᠴᠢᠩ |
ᠬᠦᠢᠴᠡᠳᠭᠡᠬᠦ ᠬᠤᠭᠤᠴᠠᠭ᠎ᠠ ᠬᠢᠵᠠᠭᠠᠷ᠄ 5 ᠠᠵᠢᠯ ᠤᠨ ᠡᠳᠦᠷ |
ᠬᠢᠨᠠᠨ ᠪᠠᠶᠢᠴᠠᠭᠠᠬᠤ ᠪᠠᠷᠢᠮᠵᠢᠶ᠎ᠠ᠄ ᠮᠠᠲ᠋ᠧᠷᠢᠶᠠᠯ ᠨᠢ ᠪᠦᠷᠢᠨ ᠮᠦᠷᠲᠡᠭᠡᠨ ᠬᠠᠤᠯᠢ |
ᠳᠤ ᠲᠤᠭᠳᠠᠭᠰᠠᠨ ᠬᠡᠯᠪᠡᠷᠢ ᠳᠤ ᠨᠡᠶᠢᠴᠡᠬᠦ ᠬᠡᠷᠡᠭᠲᠡᠢ |
ᠬᠦᠢᠴᠡᠳᠭᠡᠭᠰᠡᠨ ᠦᠷ᠎ᠡ ᠳ᠋ᠦᠩ᠄ ᠲᠦᠷ ᠪᠠᠶᠢᠬᠤ ᠦᠭᠡᠢ |
ᠤᠨᠴᠠᠭᠠᠢ ᠭᠤᠭᠴᠤᠭ᠎ᠠ ᠪᠠᠶᠢᠬᠤ ᠡᠰᠡᠬᠦ᠄ ᠪᠠᠶᠢᠬᠤ ᠦᠭᠡᠢ |
ᠲᠦᠷᠪᠡ᠃ ᠬᠦᠢᠴᠡᠳᠭᠡᠵᠦ ᠲᠠᠭᠤᠰᠬᠠᠬᠤ — ᠬᠦᠢᠴᠡᠳᠭᠡᠭᠴᠢ᠄ ᠯᠢ ᠶᠠᠩ᠂ ᠯᠢ ᠰᠢᠶᠤᠤ ᠯᠢ |
ᠬᠦᠢᠴᠡᠳᠭᠡᠬᠦ ᠬᠤᠭᠤᠴᠠᠭ᠎ᠠ ᠬᠢᠵᠠᠭᠠᠷ᠄ 2 ᠠᠵᠢᠯ ᠤᠨ ᠡᠳᠦᠷ |
ᠬᠢᠨᠠᠨ ᠪᠠᠶᠢᠴᠠᠭᠠᠬᠤ ᠪᠠᠷᠢᠮᠵᠢᠶ᠎ᠠ᠄ ᠮᠠᠲ᠋ᠧᠷᠢᠶᠠᠯ ᠨᠢ ᠪᠦᠷᠢᠨ ᠮᠦᠷᠲᠡᠭᠡᠨ ᠬᠠᠤᠯᠢ |
ᠳᠤ ᠲᠤᠭᠳᠠᠭᠰᠠᠨ ᠬᠡᠯᠪᠡᠷᠢ ᠳᠤ ᠨᠡᠶᠢᠴᠡᠬᠦ ᠬᠡᠷᠡᠭᠲᠡᠢ |
ᠬᠦᠢᠴᠡᠳᠭᠡᠭᠰᠡᠨ ᠦᠷ᠎ᠡ ᠳ᠋ᠦᠩ᠄ ᠤᠰᠤᠨ ᠤ ᠢᠨᠵᠧᠨᠧᠷᠢᠩ ᠤᠨ ᠪᠦᠳᠦᠭᠡᠨ |
ᠪᠠᠶᠢᠭᠤᠯᠤᠯᠳᠠ ᠶᠢᠨ ᠲᠦᠯᠦᠪᠵᠢᠬᠦᠯᠭᠡ ᠶᠢᠨ ᠵᠦᠪᠰᠢᠶᠡᠷᠡᠯ ᠤᠨ ᠪᠢᠴᠢᠭ ᠤᠨ ᠬᠢᠨᠠᠨ ᠬᠠᠷᠭᠤᠯᠤᠯᠳᠠ( ᠰᠠᠨᠠᠭᠤᠯᠭ᠎ᠠ |
ᠶᠢᠨ ᠪᠢᠴᠢᠭ) |
ᠤᠨᠴᠠᠭᠠᠢ ᠭᠤᠭᠴᠤᠭ᠎ᠠ ᠪᠠᠶᠢᠬᠤ ᠡᠰᠡᠬᠦ᠄ ᠪᠠᠶᠢᠬᠤ ᠦᠭᠡᠢ |
|
ᠬᠡᠷᠡᠭ ᠡᠷᠬᠢᠯᠡᠬᠦ ᠪᠠᠶᠢᠳᠠᠯ ᠬᠢᠭᠡᠳ ᠮᠠᠲ᠋ᠧᠷᠢᠶᠠᠯ |
ᠪᠠᠶᠢᠳᠠᠯ ᠤᠨ ᠰᠣᠩᠭᠤᠯᠳᠠ᠄ |
1᠂ ᠭᠤᠶᠤᠴᠢᠯᠠᠭᠴᠢ ᠠᠴᠠ ᠬᠠᠩᠭᠠᠬᠤ ᠴᠢᠬᠤᠯᠠᠳᠠᠢ ᠲᠦᠷᠦᠯ ᠵᠤᠶᠢᠯ ᠤᠨ ᠭᠤᠶᠤᠴᠢᠯᠠᠯᠳᠠ ᠶᠢᠨ |
ᠮᠠᠲ᠋ᠧᠷᠢᠶᠠᠯ᠄ ○ ᠪᠦᠳᠦᠭᠡᠨ ᠪᠠᠶᠢᠭᠤᠯᠤᠯᠳᠠ ᠶᠢᠨ ᠲᠦᠷᠦᠯ ᠵᠤᠶᠢᠯ ᠤᠨ ︵ᠵᠢᠱᠢᠭᠰᠡᠨ︶ ᠬᠡᠷᠡᠭᠵᠢᠬᠦᠯᠵᠦ ᠪᠤᠯᠬᠤ |
ᠰᠤᠳᠤᠯᠭᠠᠨ ᠤ ᠮᠡᠳᠡᠬᠦᠯᠦᠯᠳᠡ○ ᠪᠠᠷᠢᠯᠭ᠎ᠠ ᠶᠢᠨ ᠪᠦᠳᠦᠭᠡᠨ ᠪᠠᠶᠢᠭᠤᠯᠤᠯᠳᠠ ᠶᠢᠨ ᠲᠦᠰᠦᠯ |
2᠂ ᠭᠤᠷᠪᠠᠳᠠᠭᠴᠢ ᠡᠳᠡᠭᠡᠳ ᠲᠠᠢ ᠠᠰᠢᠭ ᠬᠤᠤᠷ ᠤᠨ ᠬᠤᠯᠪᠤᠭ᠎ᠠ ᠲᠠᠢ ᠪᠠᠶᠢᠬᠤ ᠡᠰᠡᠬᠦ ᠶᠢᠨ ᠲᠤᠬᠠᠢ |
ᠲᠤᠰᠢᠶᠠᠬᠤ ᠴᠢᠬᠤᠯᠠᠳᠠᠢ ᠮᠠᠲ᠋ᠧᠷᠢᠶᠠᠯ |
□ ᠭᠤᠷᠪᠠᠳᠠᠭᠴᠢ ᠡᠳᠡᠭᠡᠳ ᠲᠠᠢ ᠠᠰᠢᠭ ᠬᠤᠤᠷ ᠤᠨ ᠬᠤᠯᠪᠤᠭ᠎ᠠ ᠲᠠᠢ ᠪᠠᠶᠢᠬᠤ ᠬᠠᠮᠢᠶ᠎ᠠ ᠪᠦᠬᠦᠢ |
ᠲᠤᠳᠤᠷᠬᠠᠶᠢᠯᠠᠯᠳᠠ□ ᠭᠤᠷᠪᠠᠳᠠᠭᠴᠢ ᠡᠳᠡᠭᠡᠳ ᠤᠨ ᠠᠮᠠᠯᠠᠯᠳᠠ ᠶᠢᠨ ᠪᠢᠴᠢᠭ□ ᠭᠤᠷᠪᠠᠳᠠᠭᠴᠢ ᠡᠳᠡᠭᠡᠳ ᠲᠠᠢ |
ᠲᠤᠭᠳᠠᠭᠰᠠᠨ ᠬᠡᠯᠡᠯᠴᠡᠭᠡᠷ ᠤᠨ ᠪᠢᠴᠢᠭ□ᠭᠤᠷᠪᠠᠳᠠᠭᠴᠢ ᠡᠳᠡᠭᠡᠳ ᠲᠠᠢ ᠠᠰᠢᠭ ᠬᠤᠤᠷ ᠤᠨ ᠬᠤᠯᠪᠤᠭ᠎ᠠ ᠦᠭᠡᠢ |
|
ᠭᠤᠶᠤᠴᠢᠯᠠᠯᠳᠠ ᠶᠢᠨ ᠮᠠᠲ᠋ᠧᠷᠢᠶᠠᠯ |
ᠬᠡᠷᠡᠭ ᠡᠷᠬᠢᠯᠡᠬᠦ ᠪᠠᠶᠢᠳᠠᠯ ᠢ ᠦᠨᠳᠦᠰᠦᠯᠡᠨ ᠮᠠᠲ᠋ᠧᠷᠢᠶᠠᠯ ᠢᠶᠠᠨ ᠲᠤᠰᠢᠶᠠᠨ᠎ᠠ᠃ |
|
ᠬᠦᠢᠴᠡᠳᠭᠡᠬᠦ ᠬᠠᠶ᠋ᠢᠭ᠄ |
ᠬᠦᠢᠴᠡᠳᠭᠡᠬᠦ ᠬᠠᠶ᠋ᠢᠭ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠬᠡᠬᠤᠲᠠ ᠶᠢᠨ ᠰᠠᠶᠢᠬᠠᠨ |
ᠲᠣᠭᠤᠷᠢᠭ ᠤᠨ ᠴᠡᠯᠡᠭᠡᠷ ᠲᠠᠯ᠎ᠠ ᠶᠡᠭᠡ ᠵᠡᠭᠡᠯᠢ ᠶᠢᠨ 6 ᠳ᠋ᠤᠭᠠᠷ ᠨᠣᠮᠧᠷ ᠥᠪᠡᠷᠲᠡᠭᠡᠨ ᠵᠠᠰᠠᠬᠤ ᠣᠷᠣᠨ ᠤ ᠲᠣᠰ |
ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠤᠨ 12 ᠳ᠋ᠤᠭᠠᠷ ᠠᠰᠠᠷ ᠤᠨ 15 ᠳ᠋ᠤᠭᠠᠷ |
ᠨᠣᠮᠧᠷᠲᠤ ᠴᠣᠩᠬᠤ |
|
ᠬᠦᠢᠴᠡᠳᠭᠡᠬᠦ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠦᠳᠡ ᠶᠢᠨ ᠡᠮᠦᠨᠡᠬᠢ |
9᠄ 00 — 12᠄ 00᠂ ᠦᠳᠡ ᠶᠢᠨ ᠬᠤᠶᠢᠨᠠᠬᠢ 14᠄ 00 — 17᠄ 00 ︵ᠬᠠᠤᠯᠢ ᠪᠠᠷ |
ᠲᠣᠭᠲᠠᠭᠠᠭᠰᠠᠨ ᠪᠠᠶᠠᠷ ᠳᠤᠷᠠᠰᠬᠠᠯ ᠤᠨ ᠡᠳᠦᠷ ᠪᠠ ᠠᠮᠠᠷᠠᠯᠲᠠ ᠶᠢᠨ ᠡᠳᠦᠷ ᠠᠴᠠ ᠭᠠᠳᠠᠨ᠎ᠠ︶ |
|
ᠨᠡᠶᠢᠲᠡ ᠶᠢᠨ ᠮᠠᠰᠢᠨ ᠲᠡᠷᠭᠡᠨ ᠤ ᠵᠠᠮ ᠱᠤᠭᠤᠮ᠄ ᠪᠠᠶᠢᠬᠤ ᠥᠬᠡᠶ |
|
|
ᠪᠠᠶᠢᠩᠭᠤ ᠲᠣᠬᠢᠶᠠᠯᠳᠤᠬᠤ ᠠᠰᠠᠭᠤᠳᠠᠯ |
ᠠᠰᠠᠭᠤᠯᠳᠠ᠄ ᠠᠩᠬᠠᠷᠬᠤ ᠵᠤᠶᠢᠯᠡᠰ |
ᠬᠠᠷᠢᠭᠤᠯᠳᠠ ᠄ ᠭᠤᠶᠤᠴᠢᠯᠠᠭᠴᠢ ᠠᠴᠠ ᠬᠠᠩᠭᠠᠭᠰᠠᠨ ᠮᠡᠳᠡᠬᠦᠯᠦᠯᠳᠡ ᠶᠢᠨ ᠮᠠᠲ᠋ᠧᠷᠢᠶᠠᠯ ᠨᠢ ᠡᠷᠬᠡᠪᠰᠢ ᠦᠨᠡᠨ |
ᠪᠤᠳᠠᠳᠠᠢ ᠪᠠᠶᠢᠬᠤ ᠬᠡᠷᠡᠭᠲᠡᠢ᠃ ᠲᠠ ᠦᠪᠡᠷ ᠤᠨ ᠢᠶᠠᠨ ᠬᠡᠷᠡᠭᠯᠡᠭᠴᠢ ᠶᠢᠨ ᠨᠡᠷ᠎ᠡ᠂ ᠨᠢᠭᠤᠴᠠ ᠺᠤᠳ᠋ ᠪᠤᠯᠤᠨ |
ᠬᠦᠢᠴᠡᠳᠭᠡᠬᠦ ᠳ᠋ᠤᠭᠠᠷᠯᠠᠯ ᠢᠶᠠᠨ ᠴᠡᠭᠡᠵᠢᠯᠡᠭᠡᠷᠡᠢ᠂ ᠡᠬᠦᠨ ᠢᠶᠠᠷ ᠢᠶᠠᠨ ᠬᠦᠢᠴᠡᠳᠭᠡᠯ ᠤᠨ ᠠᠬᠢᠴᠠ ᠶᠢ ᠪᠠᠶᠢᠴᠠᠭᠠᠨ |
ᠦᠵᠡᠵᠦ ᠪᠤᠯᠤᠨ᠎ᠠ᠃ |
|
|