2021 ᠣᠨ ᠤ 2 ᠰᠠᠷ᠎ᠠ ᠶᠢᠨ 10 ᠤ ᠡᠳᠦᠷ ᠤᠨ ᠦᠳᠡ ᠶᠢᠨ ᠬᠤᠶᠢᠨᠠᠬᠢ 2 ᠴᠠᠭ ᠲᠤ᠂ ᠬᠠᠲᠤᠨ |
ᠭᠤᠤᠯ ᠤᠨ ᠨᠢᠩᠰᠢᠶᠠ ᠶᠢᠨ ᠬᠡᠰᠡᠭ ᠪᠥᠬᠦ ᠱᠤᠭᠤᠮ ᠢᠶᠠᠷ ᠨᠡᠪᠲᠡᠷᠡᠵᠦ᠂ ᠭᠡᠰᠦᠭᠰᠡᠨ ᠭᠤᠤᠯ ᠤᠨ ᠣᠭᠲᠣᠯᠤᠭᠠᠰᠤ ᠨᠢ |
ᠬᠠᠲᠤᠨ ᠭᠤᠤᠯ ᠤᠨ ᠵᠡᠭᠦᠨ ᠡᠷᠭᠢ ᠶᠢᠨ ᠮᠠ ᠬᠤᠸᠠᠩ ᠭᠸᠤ ᠪᠠᠷ ᠥᠩᠭᠡᠷᠡᠵᠦ᠂ ᠦᠪᠦᠷ ᠮᠤᠩᠭᠤᠯ ᠤᠨ ᠬᠡᠰᠡᠭ ᠲᠠᠬᠢ |
ᠭᠤᠤᠯ ᠭᠡᠰᠬᠦ ᠬᠤᠭᠤᠴᠠᠭᠠᠨ ᠳᠤ ᠤᠷᠤᠭᠰᠠᠨ ᠢ ᠬᠠᠷᠠᠭᠤᠯᠵᠤ ᠪᠠᠶᠢᠨ᠎ᠠ᠃ |
2020 ᠣᠨ ᠤ 11 ᠰᠠᠷ᠎ᠠ ᠶᠢᠨ 23 ᠤ ᠡᠳᠦᠷ᠂ ᠬᠠᠲᠤᠨ ᠭᠤᠤᠯ ᠤᠨ ᠦᠪᠦᠷ ᠮᠤᠩᠭᠤᠯ ᠤᠨ ᠰᠠᠨ ᠬᠤ᠋ |
ᠭᠤᠤᠯ ᠤᠨ ᠠᠮᠠ ᠶᠢᠨ ᠬᠡᠰᠡᠭ ᠲᠤ ᠠᠩᠬ᠎ᠠ ᠤᠳᠠᠭ᠎ᠠ ᠰᠥᠩ ᠬᠠᠯᠢᠶ᠎ᠠ ᠢᠯᠡᠷᠡᠵᠦ᠂ 12 ᠰᠠᠷ᠎ᠠ ᠶᠢᠨ 4 ᠤ ᠡᠳᠦᠷ |
ᠬᠠᠲᠤᠨ ᠭᠤᠤᠯ ᠤᠨ ᠦᠪᠦᠷ ᠮᠤᠩᠭᠤᠯ ᠤᠨ ᠬᠡᠰᠡᠭ ᠲᠠᠬᠢ ᠪᠦᠦ ᠮᠤᠤ ᠦᠨᠳᠦᠷ ᠬᠤᠷᠳᠤᠴᠠᠳᠤ ᠵᠠᠰᠠᠮᠠᠯ ᠵᠠᠮ ᠤᠨ |
ᠳᠡᠭᠡᠳᠦ ᠤᠷᠤᠰᠬᠠᠯ ᠤᠨ 100 ᠮᠧᠲᠷ ᠤᠨ ᠭᠠᠵᠠᠷ ︵ᠰᠠᠨ ᠱᠧᠩ ᠬᠥᠩ ᠤᠰᠤᠨ ᠠᠰᠢᠭᠯᠠᠯᠲᠠ ᠶᠢᠨ ᠬᠦᠢᠰᠦ |
ᠬᠠᠰᠢᠯᠭ᠎ᠠ ᠠᠴᠠ ᠲᠤᠷᠤᠭᠰᠢᠬᠢ 308 ᠺᠢᠯᠣᠮᠧᠲᠷ︶ ᠲᠤ ᠠᠩᠬ᠎ᠠ ᠤᠳᠠᠭ᠎ᠠ ᠭᠤᠤᠯ ᠬᠦᠯᠳᠡᠵᠦ᠂ 2021 ᠣᠨ ᠤ |
1 ᠰᠠᠷ᠎ᠠ ᠶᠢᠨ 7 ᠤ ᠡᠳᠦᠷ᠂ ᠬᠠᠲᠤᠨ ᠭᠤᠤᠯ ᠤᠨ ᠦᠪᠦᠷ ᠮᠤᠩᠭᠤᠯ ᠤᠨ ᠬᠡᠰᠡᠭ ᠤᠨ 720 ᠺᠢᠯᠣᠮᠧᠲᠷ ᠤᠨ |
ᠭᠤᠤᠯ ᠪᠦᠬᠦᠨ ᠢᠶᠠᠷ ᠢᠶᠠᠨ ᠬᠦᠯᠳᠡᠵᠦ᠂ 2 ᠰᠠᠷ᠎ᠠ ᠶᠢᠨ 10 ᠤ ᠡᠳᠦᠷ ᠦᠪᠦᠷ ᠮᠤᠩᠭᠤᠯ ᠤᠨ ᠬᠢᠯᠢ ᠳᠠᠬᠢ ᠬᠠᠳᠤᠨ |
ᠭᠤᠤᠯ ᠡᠬᠢᠯᠡᠨ ᠭᠡᠰᠴᠡᠢ᠃ |
2 ᠰᠠᠷ᠎ᠠ ᠶᠢᠨ 10 ᠤ ᠡᠳᠦᠷ᠂ ᠬᠠᠲᠤᠨ ᠭᠤᠤᠯ ᠤᠨ ᠦᠪᠦᠷ ᠮᠤᠩᠭᠤᠯ ᠤᠨ ᠬᠡᠰᠡᠭ ᠤᠨ ᠬᠤᠨᠭ᠍ᠬᠢᠯ ᠤᠨ |
ᠤᠰᠤᠨ ᠬᠠᠳᠠᠭᠠᠠᠯᠠᠭᠴᠠ ᠶᠢᠨ ᠨᠡᠮᠡᠭᠳᠡᠯ ᠤᠨ ᠬᠡᠮᠵᠢᠶ᠎ᠡ 9.452 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠲᠤ |
ᠬᠦᠷᠴᠦ᠂ ᠦᠨᠳᠦᠰᠦᠨ ᠳᠡᠭᠡᠨ 2020 ᠣᠨ ᠤ ᠬᠢ ᠲᠠᠢ ᠲᠡᠩᠴᠡᠵᠦ᠂ ᠥᠩᠭᠡᠷᠡᠭᠰᠡᠨ ᠵᠢᠯ ᠤᠳ ᠤᠨ ᠬᠢ ᠠᠴᠠ |
ᠳᠤᠮᠳᠠᠴᠢ ᠪᠠᠷ 1.9 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠪᠠᠭᠠᠰᠪᠠ᠃ ᠪᠠᠶᠠᠨᠭᠤᠤᠯ ᠤᠨ |
ᠣᠭᠲᠣᠯᠤᠭᠠᠰᠤ ᠶᠢᠨ ᠮᠥᠰᠥᠨ ᠤ ᠵᠤᠵᠠᠭᠠᠨ ᠨᠢ ᠨᠢᠳᠤᠨᠤᠨ ᠤ ᠬᠢ ᠠᠴᠠ ᠵᠤᠵᠠᠭᠠᠨ ᠪᠠᠶᠢᠵᠤ᠂ ᠰᠠᠨ ᠬᠤ᠋ ᠭᠤᠣᠯ ᠤᠨ |
ᠠᠮᠠ᠂ ᠪᠤᠭᠤᠳᠤ ᠶᠢᠨ ᠬᠡᠰᠡᠭ ᠤᠨ ᠮᠥᠰᠥᠨ ᠤ ᠵᠤᠵᠠᠭᠠᠨ ᠨᠢ ᠨᠢᠳᠤᠨᠤᠨ ᠤ ᠬᠢ ᠲᠠᠢ ᠦᠨᠳᠦᠰᠦᠨ ᠳᠡᠭᠡᠨ |
ᠲᠡᠩᠴᠡᠭᠦᠦ ᠪᠠᠶᠢᠵᠤ᠂ ᠲᠸᠤ ᠳ᠋ᠤᠤ ᠭᠤᠸᠠᠢ ᠶᠢᠨ ᠮᠥᠰᠥᠨ ᠤ ᠵᠤᠵᠠᠭᠠᠨ ᠨᠢ ᠨᠢᠳᠤᠨᠤᠨ ᠤ ᠬᠢ ᠠᠴᠠ ᠵᠢᠭᠠᠬᠠᠨ |
ᠨᠢᠮᠭᠡᠨ ᠪᠠᠶᠢᠨ᠎ᠠ᠃ 8 ᠴᠠᠭ ᠤᠨ ᠱᠢ ᠽᠦᠢ ᠱᠠᠨ ᠤ ᠤᠷᠤᠰᠬᠠᠯ ᠤᠨ ᠬᠡᠮᠵᠢᠶ᠎ᠡ 849 ᠪᠣᠰᠤᠭ᠎ᠠ ᠳᠥᠷᠪᠡᠯᠵᠢᠨ |
ᠮᠧᠲᠷ / ᠰᠧᠺᠦ᠋ᠨ᠋ᠳ᠋ ᠲᠤ ᠬᠦᠷᠴᠦ᠂ ᠬᠠᠶᠢᠷᠤᠪ ᠤᠨ ᠪᠤᠯᠤᠩ ᠤᠨ ᠤᠰᠤᠨ ᠠᠰᠢᠭᠯᠠᠯᠲᠠ ᠶᠢᠨ ᠬᠦᠢᠰᠦ ᠶᠢᠨ |
ᠭᠠᠳᠠᠭᠰᠢᠯᠠᠭᠤᠯᠤᠯᠳᠠ ᠨᠢ 753 ᠪᠣᠰᠤᠭ᠎ᠠ ᠳᠥᠷᠪᠡᠯᠵᠢᠨ ᠮᠧᠲᠷ / ᠰᠧᠺᠦ᠋ᠨ᠋ᠳ᠋ ᠲᠤ ᠬᠦᠷᠴᠦ᠂ ᠪᠠᠶᠠᠨᠭᠤᠣᠯ 730 |
ᠪᠣᠰᠤᠭ᠎ᠠ ᠳᠥᠷᠪᠡᠯᠵᠢᠨ ᠮᠧᠲᠷ / ᠰᠧᠺᠦ᠋ᠨ᠋ᠳ᠋ ᠲᠤ ᠲᠤᠯᠵᠤ᠂ ᠳᠧᠦ ᠳ᠋ᠤᠤ ᠭᠤᠸᠠᠶ 765 ᠪᠣᠰᠤᠭ᠎ᠠ ᠳᠥᠷᠪᠡᠯᠵᠢᠨ |
ᠮᠧᠲᠷ / ᠰᠧᠺᠦ᠋ᠨ᠋ᠳ᠋ ᠲᠤ ᠬᠦᠷᠴᠡᠶ |
ᠤᠶᠢᠷ᠎ᠠ ᠳᠤ ᠭᠤᠣᠯ ᠭᠡᠰᠬᠦ ᠬᠤᠭᠤᠴᠠᠭᠠᠨ ᠤ ᠰᠦᠩ ᠬᠠᠯᠢᠶ᠎ᠠ ᠢ ᠰᠡᠷᠭᠡᠶᠢᠯᠡᠬᠦ ᠠᠵᠢᠯ ᠢ ᠰᠠᠶᠢᠳᠣᠷ |
ᠬᠢᠬᠦ ᠶᠢᠨ ᠲᠥᠯᠥᠭᠡ᠂ ᠡᠯ᠎ᠡ ᠠᠶᠢᠮᠠᠭ ᠬᠤᠳᠠ ᠳᠤ ᠬᠠᠨᠳᠣᠨ ᠭᠤᠣᠯ ᠤᠨ ᠰᠦᠩ ᠬᠠᠯᠢᠶ᠎ᠠ ᠶᠢ ᠰᠡᠷᠭᠡᠶᠢᠯᠡᠬᠦ ᠠᠵᠢᠯ ᠢ |
ᠰᠠᠶᠢᠳᠣᠷ ᠬᠢᠬᠦ ᠲᠤᠬᠠᠢ ᠮᠡᠳᠡᠭᠳᠡᠯ ᠪᠠᠭᠤᠯᠭᠠᠨ᠂ ᠬᠠᠲᠤᠨ ᠭᠤᠣᠯ ᠲᠠᠭᠠᠤ ᠭᠠᠵᠠᠷ ᠤᠨ ᠬᠢᠨᠢ ᠬᠠᠲᠤᠨ ᠭᠤᠣᠯ ᠤᠨ |
ᠲᠠᠩ ᠰᠠᠶᠢᠷᠭᠠᠯ ᠣᠷᠣᠨ ᠤ ᠰᠠᠭᠤᠭᠠᠯᠢ ᠠᠷᠠᠳ ᠤᠨ ︽ ᠨᠢᠭᠡ ᠲᠤᠰᠬᠤᠨ ᠳᠤ ᠨᠢᠭᠡ ᠪᠤᠳᠤᠯᠭ᠎ᠠ ᠬᠡᠷᠡᠭᠵᠢᠬᠦᠯᠬᠦ︾ |
ᠰᠦᠩ ᠬᠠᠯᠢᠶ᠎ᠠ ᠢ ᠰᠡᠷᠭᠡᠶᠢᠯᠡᠬᠦ ᠪᠡᠯᠡᠳᠬᠡᠯ ᠲᠥᠰᠥᠯ ᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠵᠤ᠂ ᠰᠥᠩ |
ᠬᠠᠯᠢᠶ᠎ᠠ ᠶᠢᠨ ᠪᠠᠶᠢᠳᠠᠯ ᠢ ᠬᠢᠨᠠᠨ ᠬᠡᠮᠵᠢᠬᠦ ᠪᠠ ᠲᠣᠭᠤᠷᠢᠨ ᠪᠠᠶᠢᠴᠠᠭᠠᠵᠤ ᠬᠤᠷᠢᠭᠯᠠᠬᠤ᠂ ᠭᠤᠤᠯᠳᠠᠯᠭ᠎ᠠ ᠲᠠᠢ |
ᠲᠦᠭᠰᠢᠭᠦᠷᠢ ᠶᠢᠨ ᠴᠡᠭ ᠲᠤ ᠰᠠᠭᠤᠵᠤ ᠠᠩᠬᠠᠷᠤᠨ ᠰᠡᠷᠭᠡᠶᠢᠯᠡᠬᠦ᠂ ᠵᠢᠵᠢᠭᠦᠷᠯᠡᠨ ᠰᠠᠬᠢᠬᠤ ᠪᠠ ᠮᠡᠳᠡᠭᠡ ᠵᠠᠩᠭᠢ ᠶᠢ |
ᠮᠡᠳᠡᠭᠦᠯᠦᠨ ᠬᠦᠷᠭᠡᠬᠦ ᠵᠡᠷᠭᠡ ᠠᠵᠢᠯ ᠢ ᠴᠢᠩᠭᠠᠳᠬᠠᠬᠤ ᠬᠡᠷᠡᠭᠲᠡᠶ ᠭᠡᠵᠦ ᠱᠠᠭᠠᠷᠳᠠᠪᠠ᠃ ᠡᠭᠦᠨ ᠤ ᠬᠠᠮᠲᠤ᠂ ᠤᠰᠤᠨ |
ᠠᠰᠢᠭᠯᠠᠯᠳᠠ ᠶᠢᠨ ᠲᠢᠩᠬᠢᠮ ᠪᠠᠰᠠ ᠥᠪᠡᠷᠲᠡᠭᠡᠨ ᠵᠠᠰᠠᠬᠤ ᠣᠷᠣᠨ ᠤ ᠰᠡᠷᠭᠡᠶᠢᠯᠡᠯᠲᠡ ᠶᠢᠨ ᠠᠵᠢᠯ ᠤᠨ ᠠᠯᠪᠠᠨ ᠬᠡᠷ᠂ |
ᠴᠠᠭ ᠠᠭᠤᠷ᠂ ᠤᠰᠤᠨ ᠵᠦᠶ ᠵᠡᠷᠭᠡ ᠰᠠᠯᠠᠭ᠎ᠠ ᠮᠥᠴᠢᠷ ᠲᠠᠢ ᠵᠥᠪᠳᠡᠯᠴᠡᠵᠦ ᠪᠠᠶᠢᠭᠠᠳ ᠭᠤᠤᠯ ᠤᠨ ᠭᠡᠰᠦᠯᠳᠡ ᠶᠢᠨ |
ᠪᠠᠶᠢᠳᠠᠯ ᠢ ᠰᠤᠳᠤᠯᠤᠨ ᠮᠠᠭᠠᠳᠯᠠᠵᠤ᠂ ᠵᠢᠵᠢᠭᠦᠷᠯᠡᠬᠦ ᠵᠡᠷᠭᠡ ᠠᠵᠢᠯ ᠢ ᠰᠠᠶᠢᠲᠤᠷ ᠬᠢᠪᠠ᠃ |