ᠵᠢᠷᠭᠤᠳᠤᠭᠠᠷ ᠤᠳᠠᠭᠠᠨ ᠤ ᠪᠥᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ |
ᠬᠦᠷᠴᠦ ᠢᠷᠡᠬᠦ ᠲᠠᠰᠢᠷᠠᠮ ᠳᠤ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠠᠴᠠ |
ᠤᠰᠤᠨ ᠠᠰᠢᠭᠯᠠᠯᠲᠠ ᠶᠢᠨ ᠰᠢᠰᠲ᠋ᠧᠮ ᠤᠨ ᠰᠦᠷᠳᠡᠭᠦᠯᠦᠯ ᠢ ᠡᠰᠡᠷᠭᠦᠴᠡᠬᠦ ᠤᠬᠠᠭᠤᠯᠭ᠎ᠠ ᠶᠢᠨ ᠠᠵᠢᠯᠯᠠᠭ᠎ᠠ ᠶᠢ |
ᠵᠣᠬᠢᠶᠠᠨ ᠪᠠᠶᠢᠭᠤᠯᠤᠨ ᠥᠷᠨᠢᠭᠦᠯᠵᠦ᠂ ᠺᠠᠳ᠋ᠷ ᠠᠵᠢᠯᠲᠠᠨ ᠤ ᠰᠦᠷᠳᠡᠭᠦᠯᠦᠯ ᠢ ᠰᠡᠷᠭᠡᠶᠢᠯᠡᠬᠦ᠂ ᠰᠦᠷᠳᠡᠭᠦᠯᠦᠯ ᠢ |
ᠡᠰᠡᠷᠭᠦᠴᠡᠬᠦ ᠦᠵᠡᠯ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠨ᠂ ᠡᠶ᠎ᠡ ᠵᠣᠬᠢᠴᠠᠯ ᠲᠠᠢ ᠲᠣᠭᠲᠠᠭᠤᠨ |
ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠤᠯᠭᠠᠪᠠ᠃ 4 ᠳ᠋ᠦ᠋ᠭᠡᠷ ᠰᠠᠷ᠎ᠠ ᠶᠢᠨ 14 ᠤ ᠡᠳᠦᠷ᠂ ᠤᠰᠤᠨ |
ᠠᠰᠢᠭᠯᠠᠯᠲᠠ ᠶᠢᠨ ᠲᠢᠩᠬᠢᠮ ᠤᠨ ᠠᠯᠪᠠᠨ ᠬᠡᠷ᠂ ᠰᠡᠷᠭᠡᠶᠢᠯᠡᠯᠲᠡ ᠶᠢᠨ ᠭᠠᠵᠠᠷ᠂ ᠥᠪᠡᠷᠲᠡᠭᠡᠨ ᠵᠠᠰᠠᠬᠤ ᠣᠷᠣᠨ ᠤ |
ᠤᠰᠤᠨ ᠤ ᠰᠢᠨᠵᠢᠯᠡᠭᠡᠨ ᠤ ᠶᠡᠷᠦᠩᠬᠡᠶ ᠲᠣᠪᠴᠢᠶ᠎ᠠ ᠶᠢᠨ ᠠᠯᠪᠠᠨ ᠬᠡᠷ᠂ ᠤᠰᠤᠨ ᠤ ᠣᠷᠴᠢᠨ ᠲᠣᠭᠤᠷᠢᠨ ᠤ ᠭᠠᠵᠠᠷ |
ᠪᠣᠯᠤᠨ ᠤᠰᠤᠨ ᠠᠰᠢᠭᠯᠠᠯᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ᠂ ᠥᠪᠥᠷ ᠮᠣᠩᠭᠤᠯ ᠤᠨ |
ᠤᠰᠤᠨ ᠤ ᠪᠠᠯᠠ ᠣᠷᠣᠭᠤᠯᠤᠯᠲᠠ ᠶᠢᠨ ᠪᠦᠯᠦᠭᠯᠡᠯ ᠤᠨ ᠬᠤᠯᠪᠣᠭᠳᠠᠯ ᠪᠥᠬᠦᠶ ᠬᠠᠷᠢᠭᠤᠴᠠᠯᠭᠠᠲᠠᠨ ᠨᠥᠬᠦᠳ ᠠᠴᠠ |
ᠪᠦᠷᠢᠯᠳᠦᠭᠰᠡᠨ ᠠᠵᠢᠯ ᠤᠨ ᠳᠤᠭᠤᠶᠢᠯᠠᠩ ᠨᠢ ᠤᠷᠢᠳ ᠬᠤᠵᠢᠳ ᠬᠠᠮᠢᠶ᠎ᠠ ᠪᠥᠬᠦᠶ ᠲᠤᠷᠰᠢᠯᠲᠠ ᠶᠢᠨ ᠲᠠᠰᠤᠭ᠂ |
ᠤᠰᠤᠨ ᠴᠥᠭᠦᠷᠥᠮ᠂ ᠤᠰᠤᠨ ᠤ ᠦᠢᠯᠡᠳᠪᠦᠷᠢ ᠵᠡᠷᠭᠡ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ᠂ |
ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠥᠷᠨᠢᠭᠦᠯᠪᠡ᠃ |
ᠥᠪᠡᠷᠲᠡᠭᠡᠨ ᠵᠠᠰᠠᠬᠤ ᠣᠷᠣᠨ ᠤ ᠤᠰᠤᠨ ᠤ ᠣᠷᠴᠢᠨ ᠲᠣᠭᠤᠷᠢᠨ ᠢ ᠬᠢᠨᠠᠨ ᠬᠡᠮᠵᠢᠬᠦ ᠲᠥᠪ ᠲᠤ᠂ |
ᠠᠵᠢᠯ ᠤᠨ ᠳᠤᠭᠤᠶᠢᠯᠠᠩ ᠤᠨ ᠬᠢᠨ ᠬᠠᠮᠢᠶ᠎ᠠ ᠪᠦᠬᠦᠢ ᠪᠠᠶᠢᠴᠠᠭᠠᠨ ᠰᠢᠯᠭᠠᠬᠤ ᠲᠤᠷᠰᠢᠯᠲᠠ ᠶᠢᠨ ᠲᠠᠰᠤᠭ᠂ |
ᠲᠥᠬᠦᠭᠡᠷᠦᠮᠵᠢ ᠵᠢᠴᠢ ᠳᠦᠷᠢᠮ ᠤᠨ ᠪᠠᠶᠢᠭᠤᠯᠤᠯᠲᠠ ᠶᠢᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ |
ᠦᠵᠡᠵᠦ᠂ ᠬᠤᠯᠪᠣᠭᠳᠠᠯ ᠪᠦᠬᠦᠢ ᠬᠠᠷᠢᠭᠤᠴᠠᠯᠭᠠᠲᠠᠨ ᠨᠥᠬᠦᠳ᠂ ᠠᠵᠢᠯᠲᠠᠳ ᠲᠤ ᠲᠥᠪ ᠤᠨ ᠪᠠ ᠥᠪᠡᠷᠲᠡᠭᠡᠨ |
ᠵᠠᠰᠠᠬᠤ ᠣᠷᠣᠨ ᠤ ᠰᠦᠷᠳᠡᠭᠦᠯᠦᠯ ᠢ ᠡᠰᠡᠷᠭᠦᠴᠡᠬᠦ ᠠᠵᠢᠯ ᠤᠨ ᠲᠤᠬᠠᠢ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ |
ᠪᠠ ︽ᠰᠦᠷᠳᠡᠭᠦᠯᠬᠦ ᠦᠵᠡᠯ ᠢ ᠡᠰᠡᠷᠭᠦᠴᠡᠬᠦ ᠬᠠᠤᠯᠢ︾ ᠵᠢᠴᠢ ᠬᠤᠯᠪᠣᠭᠳᠠᠯ ᠪᠦᠬᠦᠢ ᠪᠠᠴᠢᠮ ᠪᠠᠶᠢᠳᠠᠯ ᠢ ᠠᠷᠭᠠᠴᠠᠬᠤ |
ᠰᠡᠷᠭᠡᠶᠢᠯᠡᠯᠲᠡ ᠶᠢᠨ ᠮᠡᠳᠡᠯᠭᠡ ᠶᠢ ᠲᠥᠪᠯᠡᠷᠡᠭᠦᠯᠦᠨ ᠤᠬᠠᠭᠤᠯᠵᠤ᠂ ᠡᠳᠦᠷ ᠳᠤᠳᠤᠮ ᠤᠨ ᠬᠠᠮᠢᠶᠠᠷᠤᠯᠲᠠ᠂ ᠬᠠᠲᠠᠭᠤ |
ᠲᠤᠨᠤᠭ ᠤᠨ ᠪᠠᠶᠢᠭᠤᠯᠤᠯᠲᠠ ᠶᠢ ᠴᠢᠩᠭᠠᠳᠬᠠᠬᠤ ᠪᠠ ᠳᠦᠷᠢᠮ ᠲᠣᠭᠲᠠᠴᠠ ᠶᠢ ᠪᠦᠷᠢᠨᠰᠢᠬᠦᠯᠬᠦ ᠵᠡᠷᠭᠡ ᠶᠢᠨ |
ᠲᠣᠭᠤᠷᠢᠨ ᠳᠤ ᠭᠦᠨᠵᠡᠭᠡᠢ ᠰᠠᠨᠠᠯ ᠪᠤᠳᠤᠯ ᠢᠶᠠᠨ ᠰᠣᠯᠢᠯᠴᠠᠪᠠ᠃ |
ᠬᠤᠷᠢᠨᠭᠡᠷ ᠰᠢᠶᠠᠨ ᠤ ᠴᠢᠶᠠᠨ ᠶᠣᠣ ᠽᠢ ᠤᠰᠤᠨ ᠴᠥᠭᠦᠷᠥᠮ ᠤᠨ ᠠᠶᠤᠯ ᠢ ᠠᠷᠢᠯᠭᠠᠨ ᠪᠠᠬᠢᠯᠡᠬᠦ |
ᠪᠠᠷᠢᠯᠭ᠎ᠠ ᠶᠢᠨ ᠲᠤᠬᠠᠶ ᠶᠢᠨ ᠲᠠᠯᠠᠪᠠᠶ ᠳᠤ᠂ ᠠᠵᠢᠯ ᠤᠨ ᠳᠤᠭᠤᠶᠢᠯᠠᠩ ᠪᠣᠯᠤᠨ ᠲᠥᠷᠥᠯ ᠵᠦᠢᠯ ᠤᠨ |
ᠬᠠᠷᠢᠭᠤᠴᠠᠯᠭᠠᠲᠠᠨ ᠵᠢᠴᠢ ᠠᠵᠢᠯᠲᠠᠳ ᠣᠳᠣᠬᠠᠨ ᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ᠂ |
ᠣᠷᠣᠰᠢᠵᠤ ᠪᠠᠶᠢᠭ᠎ᠠ ᠠᠰᠠᠭᠤᠳᠠᠯ ᠵᠡᠷᠭᠡ ᠶᠢᠨ ᠲᠤᠬᠠᠶ ᠰᠠᠨᠠᠯ ᠢᠶᠠᠨ ᠰᠣᠯᠢᠯᠴᠠᠵᠤ᠂ ᠤᠰᠤᠨ ᠠᠰᠢᠭᠯᠠᠯᠲᠠ ᠶᠢᠨ |
ᠪᠠᠷᠢᠯᠭ᠎ᠠ ᠶᠢᠨ ᠪᠦᠳᠦᠭᠡᠨ ᠪᠠᠶᠢᠭᠤᠯᠤᠯᠲᠠ ᠪᠣᠯᠤᠨ ᠬᠠᠮᠢᠶᠠᠷᠤᠯᠲᠠ ᠠᠵᠢᠯᠯᠠᠭᠠᠨ ᠤ ᠠᠮᠤᠷ ᠲᠦᠪᠰᠢᠨ ᠤ ᠠᠵᠢᠯ ᠤᠨ |
ᠳᠤᠮᠳᠠᠬᠢ ᠭᠤᠣᠯᠳᠠᠯᠭ᠎ᠠ ᠲᠠᠢ ᠭᠤᠭᠴᠤᠭ᠎ᠠ᠂ ᠠᠭᠤᠯᠭ᠎ᠠ ᠶᠢ ᠨᠠᠷᠢᠨ ᠣᠶᠢᠯᠠᠭᠠᠵᠤ᠂ ᠪᠠᠷᠢᠯᠭ᠎ᠠ ᠶᠢᠨ ᠨᠢᠭᠡᠴᠡ ᠪᠤᠯᠤᠨ |
ᠬᠠᠮᠢᠶᠠᠷᠤᠯᠲᠠ ᠶᠢᠨ ᠨᠢᠭᠡᠴᠡ ᠳᠤ ᠠᠶᠤᠯᠭᠦᠢ ᠦᠢᠯᠡᠳᠪᠦᠷᠢᠯᠡᠯ᠂ ᠦᠶᠡᠷ ᠢ ᠰᠡᠷᠭᠡᠶᠢᠯᠡᠬᠦ ᠵᠡᠷᠭᠡ ᠠᠵᠢᠯ ᠲᠠᠢ |
ᠤᠶᠠᠯᠳᠤᠭᠤᠯᠵᠤ᠂ ᠪᠠᠴᠢᠮ ᠪᠠᠶᠢᠳᠠᠯ ᠢ ᠠᠷᠭᠠᠴᠠᠨ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠲᠥᠰᠦᠯ ᠢᠶᠠᠨ |
ᠲᠡᠭᠦᠯᠳᠡᠷᠵᠢᠭᠦᠯᠵᠦ᠂ ᠡᠳᠦᠷ ᠲᠤᠳᠤᠮ ᠤᠨ ᠬᠠᠮᠢᠶᠠᠷᠤᠯᠲᠠ ᠬᠠᠮᠠᠭᠠᠯᠠᠯᠲᠠ ᠪᠣᠯᠤᠨ ᠲᠣᠭᠤᠷᠢᠨ ᠪᠠᠶᠢᠴᠠᠭᠠᠯᠲᠠ ᠪᠠᠨ |
ᠴᠢᠩᠭᠠᠳᠬᠠᠨ᠂ ᠪᠠᠷᠢᠯᠭ᠎ᠠ ᠶᠢᠨ ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ ᠪᠠᠲᠤᠯᠠᠬᠤ ᠶᠢ ᠬᠦᠰᠡᠭᠰᠡᠨ ᠪᠠᠶᠢᠨ᠎ᠠ᠃ |
|
ᠲᠤᠬᠠᠶ ᠶᠢᠨ ᠡᠳᠦᠷ᠂ ᠠᠵᠢᠯ ᠤᠨ ᠳᠤᠭᠤᠶᠢᠯᠠᠩ ᠨᠢ ᠪᠠᠰᠠ ᠥᠪᠥᠷ ᠮᠣᠩᠭᠤᠯ ᠤᠨ ᠢᠦᠶ ᠯᠦᠩ ᠤᠰᠤᠨ ᠤ |
ᠶᠠᠪᠤᠳᠠᠯ ᠤᠨ ᠨᠡᠭᠡᠭᠡᠨ ᠬᠥᠭᠵᠢᠭᠦᠯᠦᠯᠲᠡ ᠶᠢᠨ ᠬᠢᠵᠠᠭᠠᠷᠲᠤ ᠺᠣᠮᠫᠠᠨᠢ ᠳᠤ ᠬᠦᠷᠴᠦ᠂ ᠲᠣᠰ ᠺᠣᠮᠫᠠᠨᠢ ᠶᠢᠨ ᠤᠰᠤ |
ᠬᠠᠩᠭᠠᠬᠤ ᠦᠢᠯᠡᠳᠪᠦᠷᠢ ᠶᠢᠨ ᠲᠣᠭᠤᠷᠢᠭ ᠤᠨ ᠲᠥᠬᠦᠭᠡᠷᠦᠮᠵᠢ ᠶᠢᠨ ᠠᠵᠢᠯᠯᠠᠭᠠᠨ ᠤ ᠪᠠᠶᠢᠳᠠᠯ ᠢ ᠲᠤᠬᠠᠶ ᠶᠢᠨ |
ᠭᠠᠵᠠᠷ ᠲᠤᠨᠢ ᠪᠠᠶᠢᠴᠠᠭᠠᠨ ᠦᠵᠡᠵᠦ᠂ ᠠᠵᠢᠯᠲᠠᠳ ᠲᠤ ︽ᠥᠪᠥᠷ ᠮᠣᠩᠭᠤᠯ ᠤᠨ ᠰᠦᠷᠳᠡᠭᠦᠯᠦᠯ ᠢ ᠡᠰᠡᠷᠭᠦᠴᠡᠬᠦ |
ᠸᠢᠴᠠᠲ ᠤᠨ ᠣᠯᠠᠨ ᠨᠡᠶᠢᠲᠡ ᠶᠢᠨ ᠲᠠᠪᠴᠠᠩ︾ ᠤᠨ ᠤᠬᠠᠭᠤᠯᠭ᠎ᠠ ᠶᠢᠨ ᠮᠠᠲ᠋ᠧᠷᠢᠶᠠᠯ ᠪᠠ ᠰᠦᠷᠳᠡᠭᠦᠯᠦᠯ ᠢ |
ᠡᠰᠡᠷᠭᠦᠴᠡᠬᠦ ᠤᠬᠠᠭᠤᠯᠭ᠎ᠠ ᠶᠢᠨ ᠰᠣᠨᠢᠨ ᠲᠠᠷᠬᠠᠭᠠᠪᠠ᠃ ᠳᠠᠷᠠᠭ᠎ᠠ ᠨᠢ᠂ ᠺᠣᠮᠫᠠᠨᠢ ᠶᠢᠨ ᠬᠠᠷᠢᠭᠤᠴᠠᠯᠭᠠᠲᠠᠨ ᠨᠥᠬᠦᠳ᠂ |
ᠠᠵᠢᠯᠲᠠᠳ ᠲᠠᠢ ᠶᠠᠷᠢᠯᠴᠠᠬᠤ ᠬᠤᠷᠠᠯ ᠬᠢᠵᠦ᠂ ᠲᠡᠳᠡᠨ ᠳᠤ ᠰᠦᠷᠳᠡᠭᠦᠯᠦᠯ ᠢ ᠡᠰᠡᠷᠭᠦᠴᠡᠬᠦ ᠮᠡᠳᠡᠯᠭᠡ ᠵᠢᠴᠢ ᠤᠰᠤᠨ |
ᠠᠰᠢᠭᠯᠠᠯᠲᠠ ᠶᠢᠨ ᠠᠵᠢᠯ ᠲᠦᠷᠦᠯ ᠤᠨ ᠰᠦᠷᠳᠡᠭᠦᠯᠦᠯ ᠢ ᠡᠰᠡᠷᠭᠦᠴᠡᠬᠦ ᠭᠤᠣᠯᠳᠠᠯᠭ᠎ᠠ ᠲᠠᠢ ᠬᠦᠷᠢᠶ᠎ᠡ ᠪᠠ |
ᠭᠤᠣᠯᠳᠠᠯᠭ᠎ᠠ ᠲᠠᠢ ᠠᠵᠢᠯ ᠵᠡᠷᠭᠡ ᠠᠭᠤᠯᠭ᠎ᠠ ᠶᠢ ᠲᠥᠭᠡᠮᠡᠯᠵᠢᠭᠦᠯᠦᠨ᠂ ᠲᠡᠳᠡᠨ ᠢ ᠤᠯᠤᠰ ᠤᠨ ᠠᠮᠤᠷ ᠲᠦᠪᠰᠢᠨ ᠤ |
ᠶᠡᠷᠦᠩᠬᠡᠶ ᠦᠵᠡᠯᠲᠡ ᠶᠢ ᠪᠤᠢ ᠪᠤᠯᠭᠠᠨ᠂ ᠪᠦᠬᠦ ᠠᠵᠢᠯᠳᠠᠨ ᠠᠵᠢᠯᠴᠢᠳ ᠤᠨ ᠰᠤᠷᠤᠯᠴᠠᠯᠭ᠎ᠠ ᠬᠥᠮᠦᠵᠢᠯ ᠢ ᠤᠯᠠᠮ |
ᠨᠢᠭᠡ ᠠᠯᠬᠤᠮ ᠰᠠᠶᠢᠲᠤᠷ ᠠᠳᠬᠤᠵᠤ᠂ ᠰᠡᠷᠭᠡᠶᠢᠯᠡᠬᠦ᠂ ᠪᠠᠴᠢᠮ ᠪᠠᠶᠢᠳᠠᠯ ᠢ ᠠᠷᠭᠠᠴᠠᠬᠤ ᠵᠡᠷᠭᠡ ᠲᠦᠷᠢᠮ |
ᠲᠣᠭᠲᠠᠴᠠ ᠶᠢ ᠲᠡᠭᠦᠯᠳᠡᠷᠵᠢᠭᠦᠯᠵᠦ᠂ ᠣᠷᠣᠨ ᠨᠤᠲᠤᠭ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠲᠠᠢ |
ᠨᠡᠪᠲᠡᠷᠡᠯᠴᠡᠨ ᠵᠣᠯᠭᠠᠭᠤᠯᠬᠤ ᠪᠠᠨ ᠴᠢᠩᠭᠠᠳᠬᠠᠵᠤ᠂ ᠤᠰᠤᠨ ᠠᠰᠢᠭᠯᠠᠯᠲᠠ ᠶᠢᠨ ᠰᠦᠯᠵᠢᠶᠡᠨ ᠤ ᠠᠮᠤᠷ ᠲᠦᠪᠰᠢᠨ ᠢ |
ᠦᠨᠡᠨ ᠬᠦ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃ |
ᠤᠳᠤᠬᠠᠨ ᠳᠤ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠨᠢ ᠲᠤᠰᠬᠠᠶ |
ᠰᠡᠳᠦᠪᠲᠦ ᠬᠤᠷᠠᠯ ᠬᠤᠷᠠᠯᠳᠤᠭᠤᠯᠵᠤ᠂ ᠤᠰᠤᠨ ᠠᠰᠢᠭᠯᠠᠯᠲᠠ ᠶᠢᠨ ᠰᠦᠷᠳᠡᠭᠦᠯᠦᠯ ᠢ ᠡᠰᠡᠷᠭᠦᠴᠡᠬᠦ ᠠᠵᠢᠯ ᠤᠨ |
ᠬᠠᠷᠢᠭᠤ ᠮᠡᠳᠡᠭᠦᠯᠦᠯᠲᠡ ᠶᠢ ᠰᠣᠨᠣᠰᠴᠤ᠂ ᠥᠨᠥ ᠵᠢᠯ ᠤᠨ ᠤᠰᠤᠨ ᠠᠰᠢᠭᠯᠠᠯᠲᠠ ᠶᠢᠨ ᠰᠦᠷᠳᠡᠭᠦᠯᠦᠯ ᠢ |
ᠡᠰᠡᠷᠭᠦᠴᠡᠬᠦ ᠰᠡᠷᠭᠡᠶᠢᠯᠡᠯᠲᠡ ᠶᠢᠨ ᠭᠤᠤᠯᠳᠠᠯᠭ᠎ᠠ ᠲᠠᠢ ᠠᠵᠢᠯ ᠢ ᠰᠤᠳᠤᠯᠤᠨ ᠪᠠᠶᠢᠷᠢᠯᠠᠭᠤᠯᠵᠤ᠂ ᠨᠠᠷᠢᠯᠢᠭ |
ᠨᠠᠶᠢᠳᠠᠪᠤᠷᠢᠵᠢᠭᠤᠯᠤᠯᠲᠠ ᠶᠢᠨ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢ ᠦᠨᠡᠨ ᠬᠦ |
ᠪᠠᠲᠤᠯᠠᠵᠤ᠂ ᠪᠠᠴᠢᠮ ᠪᠠᠶᠢᠳᠠᠯ ᠢ ᠠᠷᠭᠠᠴᠠᠨ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠪᠡᠯᠡᠳᠬᠡᠯ ᠢ ᠴᠢᠩᠭᠠᠳᠬᠠᠨ᠂ |
ᠤᠰᠤᠨ ᠤ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠵᠦ᠂ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ |
ᠪᠡᠯᠭᠡᠯᠡᠬᠦ ᠳᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠪᠠ᠃ |
|