ᠰᠢᠨᠬᠤᠸᠠ ᠬᠤᠷᠢᠶ᠎ᠠ ᠶᠢᠨ ᠪᠡᠭᠡᠵᠢᠩ ᠤᠨ 10 ᠰᠠᠷ᠎ᠠ ᠶᠢᠨ 16 ᠤ ᠴᠠᠭᠢᠯᠭᠠᠨ ᠮᠡᠳᠡᠭᠡᠣᠶᠢᠷᠠ ᠳᠤ ᠂ |
ᠲᠦᠷᠦ ᠶᠢᠨ ᠶᠠᠪᠤᠳᠠᠯ ᠤᠨ ᠬᠤᠷᠢᠶ᠎ᠠ ︽ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ |
ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ |
ᠰᠠᠨᠠᠯ ︾ ︵ ᠳᠣᠷᠣᠭᠰᠢ ︽ᠰᠠᠨᠠᠯ︾ ᠭᠡᠵᠦ ᠳᠥᠭᠦᠮᠴᠢᠯᠡᠨ᠎ᠡ ︶ ᠢ ᠳᠠᠷᠤᠮᠠᠯᠯᠠᠨ ᠲᠠᠷᠬᠠᠭᠠᠪᠠ ᠃ |
︽ ᠰᠠᠨᠠᠯ ︾ ᠳᠤ ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ |
ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ ᠂ ᠨᠠᠮ ᠤᠨ ᠬᠤᠷᠢᠳᠤᠭᠠᠷ ᠶᠡᠭᠡ ᠬᠤᠷᠠᠯ ᠤᠨ |
ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ ᠂ ᠶᠡᠷᠦᠩᠬᠡᠢ ᠱᠦᠵᠢ ᠰᠢ ᠶᠢᠨ ᠫᠢᠩ ᠪᠣᠯᠣᠨ ᠨᠠᠮ ᠤᠨ ᠲᠥᠪ |
ᠬᠤᠷᠢᠶ᠎ᠠ ᠶᠢᠨ ᠥᠪᠥᠷ ᠮᠣᠩᠭᠤᠯ ᠤᠨ ᠲᠤᠬᠠᠢ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ ᠪᠠᠲᠤ |
ᠡᠵᠡᠮᠳᠡᠵᠦ ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ ᠂ ᠵᠥᠪ ᠤᠨᠤᠪᠴᠢᠳᠠᠢ ᠂ ᠪᠦᠭᠦ |
ᠲᠠᠯ᠎ᠠ ᠪᠠᠷ ᠲᠤᠭᠤᠰᠢᠯᠠᠭᠤᠯᠵᠤ ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠵᠤ ᠂ ᠴᠢᠨᠠᠷ |
ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠵᠤ ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ |
ᠲᠥᠯᠥᠪᠵᠢᠭᠦᠯᠵᠦ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ |
ᠴᠣᠭᠴᠠᠯᠠᠬᠤ ᠪᠠᠷ ᠭᠤᠣᠯ ᠰᠢᠵᠢᠮ ᠪᠤᠯᠭᠠᠵᠤ ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ ᠂ ᠪᠣᠬᠢᠷᠳᠤᠯ ᠦᠭᠡᠢ |
ᠬᠥᠭᠵᠢᠭᠦᠯᠬᠦ ᠪᠠᠷ ᠤᠳᠤᠷᠢᠳᠤᠮᠵᠢ ᠪᠤᠯᠭᠠᠵᠤ ᠂ ᠠᠵᠤ ᠠᠬᠤᠢ ᠶᠢᠨ ᠪᠦᠲᠦᠴᠡ ᠳᠤ ᠪᠠᠶᠢᠯᠳᠤᠬᠤ ᠪᠣᠳᠣᠯᠭ᠎ᠠ ᠶᠢᠨ |
ᠴᠢᠨᠠᠷᠲᠠᠢ ᠲᠣᠬᠢᠷᠠᠭᠤᠯᠤᠯᠲᠠ ᠬᠢᠬᠦ ᠶᠢ ᠲᠦᠷᠭᠡᠳᠬᠡᠵᠦ ᠂ ᠡᠬᠢ ᠪᠠᠶᠠᠯᠢᠭ ᠤᠨ ᠭᠡᠯᠪᠡᠷᠢ ᠶᠢᠨ ᠭᠠᠵᠠᠷ ᠣᠷᠣᠨ ᠤ |
ᠭᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ ᠰᠢᠨ᠎ᠡ ᠠᠷᠭ᠎ᠠ ᠵᠠᠮ ᠢ ᠰᠦᠪᠡᠭᠴᠢᠯᠡᠵᠦ ᠂ ᠥᠪᠥᠷ ᠮᠣᠩᠭᠤᠯ ᠤᠨ ︽ |
ᠬᠤᠶᠠᠷ ᠬᠠᠯᠬᠠᠪᠴᠢ︾ ᠂ ︽ᠬᠤᠶᠠᠷ ᠰᠠᠭᠤᠷᠢᠨ ︾ ᠂ ︽ᠨᠢᠭᠡ ᠪᠠᠬᠢᠯᠡᠯᠲᠡ︾ ᠶᠢ ᠪᠦᠲᠦᠭᠡᠨ ᠪᠠᠶᠢᠭᠤᠯᠬᠤ ᠳᠡᠭᠡᠷ᠎ᠡ |
ᠰᠢᠨ᠎ᠡ ᠵᠢᠳᠬᠦᠯ ᠴᠢᠷᠮᠠᠶᠢᠯᠭ᠎ᠠ ᠭᠠᠷᠭᠠᠬᠤ ᠶᠢ ᠠᠬᠢᠭᠤᠯᠵᠤ ᠂ ᠤᠯᠤᠰ ᠤᠨ ᠠᠮᠢ ᠠᠬᠤᠢ ᠂ ᠡᠨᠧᠷᠭᠢ ᠂ ᠠᠮᠤ ᠪᠤᠳᠠᠭ᠎ᠠ ᠂ |
ᠠᠵᠤ ᠦᠢᠯᠡᠰ ᠪᠠ ᠬᠢᠯᠢ ᠬᠢᠵᠠᠭᠠᠷ ᠤᠨ ᠠᠮᠤᠷ ᠲᠦᠪᠰᠢᠨ ᠢ ᠪᠠᠲᠤᠯᠠᠬᠤ ᠦᠢᠯᠡᠳᠦᠯ ᠴᠢᠳᠠᠪᠬᠢ ᠪᠠᠨ ᠦᠨᠡᠨ ᠬᠦ |
ᠳᠡᠭᠡᠭᠰᠢᠯᠡᠭᠦᠯᠵᠤ ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠵᠤ ᠂ |
ᠪᠦᠭᠦ ᠤᠯᠤᠰ ᠤᠨ ᠴᠢᠨᠠᠷ ᠰᠠᠶᠢᠲᠠᠢ ᠬᠥᠭᠵᠢᠯᠲᠡ ᠳᠤ ᠦᠢᠯᠡᠴᠢᠯᠡᠨ ᠪᠠᠲᠤᠯᠠᠬᠤ ᠴᠢᠬᠤᠯᠠ ᠲᠤᠯᠭᠠᠭᠤᠷᠢᠯᠠᠯ ᠢ |
ᠬᠠᠩᠭᠠᠵᠤ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠂ ᠨᠡᠶᠢᠭᠡᠮ ᠵᠢᠷᠤᠮᠲᠤ |
ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠨᠡᠩ ᠶᠡᠭᠡ ᠬᠤᠪᠢ ᠨᠡᠮᠡᠷᠢ ᠦᠵᠡᠭᠦᠯᠭᠦ |
ᠬᠡᠷᠡᠭᠲᠡᠢ ᠭᠡᠵᠦ ᠴᠢᠬᠤᠯᠠᠴᠢᠯᠠᠵᠠᠢ ᠃ ︽ ᠰᠠᠨᠠᠯ ︾ ᠳᠤ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ ᠂ ᠪᠣᠬᠢᠷᠳᠤᠯ |
ᠦᠭᠡᠢ ᠬᠥᠭᠵᠢᠭᠦᠯᠬᠦ ᠂ ᠭᠡᠯᠪᠡᠷᠢ ᠶᠢ ᠬᠤᠪᠢᠷᠠᠭᠤᠯᠬᠤ ᠂ ᠪᠦᠲᠦᠴᠡ ᠳᠤ ᠲᠣᠬᠢᠷᠠᠭᠤᠯᠤᠯᠲᠠ ᠬᠢᠬᠦ ᠂ ᠥᠭᠡᠷᠡᠴᠢᠯᠡᠯᠲᠡ |
ᠨᠡᠭᠡᠭᠡᠯᠲᠡ ᠬᠢᠬᠦ ᠂ ᠳᠠᠪᠠᠭᠤᠯᠢᠭ ᠢ ᠪᠤᠶ ᠪᠤᠯᠭᠠᠬᠤ ᠂ ᠬᠤᠷᠢᠭ᠎ᠠ ᠱᠤᠭᠤᠮ ᠤᠨ ᠰᠡᠳᠬᠢᠬᠦᠢ ᠂ ᠠᠮᠤᠷ ᠲᠦᠪᠰᠢᠨ ᠢ |
ᠪᠠᠲᠤᠯᠠᠬᠤ ᠂ ᠠᠷᠠᠳ ᠤᠨ ᠠᠮᠢᠳᠤᠷᠠᠯ ᠢ ᠪᠠᠲᠤᠯᠠᠬᠤ ᠂ ᠠᠷᠠᠳ ᠤᠨ ᠰᠡᠳᠬᠢᠯ ᠢ ᠨᠢᠭᠲᠠᠷᠠᠭᠤᠯᠬᠤ ᠵᠡᠷᠭᠡ ᠠᠵᠢᠯ ᠤᠨ |
ᠵᠠᠷᠴᠢᠮ ᠢ ᠲᠣᠳᠣᠷᠬᠠᠶᠢᠯᠠᠵᠤ ᠂ 2027 ᠣᠨ ᠂ 2035 ᠣᠨ ᠪᠤᠯᠲᠠᠯᠠᠭᠢ ᠬᠥᠭᠵᠢᠯᠲᠡ ᠶᠢᠨ ᠬᠠᠷᠠᠯᠲᠠ ᠶᠢ |
ᠳᠤᠷᠠᠳᠪᠠ ᠃ |
︽ ᠰᠠᠨᠠᠯ ︾ ᠳᠤ 7 ᠲᠠᠯ᠎ᠠ ᠶᠢᠨ ᠭᠤᠣᠯ ᠡᠭᠦᠷᠭᠡ ᠶᠢ ᠪᠠᠶᠢᠷᠢᠯᠠᠭᠤᠯᠪᠠ ᠃ ᠨᠢᠭᠡ ᠳᠤ ᠂ ᠠᠭᠤᠯᠠ ᠤᠰᠤ ᠤᠢ |
ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠰᠢᠰᠲ᠋ᠧᠮ ᠲᠠᠢ ᠵᠠᠰᠠᠬᠤ ᠶᠢ |
ᠨᠢᠭᠡᠳᠦᠯᠲᠡᠢ ᠲᠥᠯᠥᠪᠵᠢᠭᠦᠯᠵᠦ ᠂ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ |
ᠪᠠᠬᠢᠵᠢᠭᠦᠯᠦᠨ᠎ᠡ ᠃ ᠬᠤᠶᠠᠷ ᠲᠤ ᠂ ᠠᠵᠤ ᠦᠢᠯᠡᠰ ᠤᠨ ᠪᠦᠲᠦᠴᠡ ᠶᠢ ᠪᠠᠶᠢᠯᠳᠤᠬᠤ ᠪᠣᠳᠣᠯᠭ᠎ᠠ ᠶᠢᠨ ᠴᠢᠨᠠᠷᠲᠠᠢ |
ᠲᠣᠬᠢᠷᠠᠭᠤᠯᠤᠨ ᠰᠢᠯᠢᠳᠡᠭᠵᠢᠭᠦᠯᠬᠦ ᠶᠢ ᠠᠬᠢᠭᠤᠯᠵᠤ ᠂ ᠣᠯᠠᠨ ᠡᠰᠢᠵᠢᠭᠰᠡᠨ ᠬᠥᠭᠵᠢᠯᠲᠡ ᠂ ᠣᠯᠠᠨ ᠲᠤᠶᠢᠯ ᠢᠶᠠᠷ |
ᠲᠤᠯᠭᠠᠭᠤᠷᠢᠯᠠᠭᠰᠠᠨ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠪᠠᠶᠢᠭᠤᠯᠤᠨ᠎ᠠ ᠃ ᠭᠤᠷᠪᠠ ᠳᠤ ᠂ |
ᠪᠠᠶᠢᠭᠤᠯᠤᠮᠵᠢ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠂ ᠡᠬᠢ ᠪᠠᠶᠠᠯᠢᠭ ᠤᠨ ᠭᠡᠯᠪᠡᠷᠢ ᠶᠢᠨ ᠭᠠᠵᠠᠷ |
ᠣᠷᠣᠨ ᠤ ᠭᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ ᠰᠢᠨ᠎ᠡ ᠠᠷᠭ᠎ᠠ ᠵᠠᠮ ᠢ ᠰᠦᠪᠡᠭᠴᠢᠯᠡᠨ᠎ᠡ ᠃ ᠳᠥᠷᠪᠡ ᠳᠤ ᠂ |
ᠰᠢᠨ᠎ᠡ ᠭᠡᠯᠪᠡᠷᠢ ᠶᠢᠨ ᠡᠨᠧᠷᠭᠢ ᠶᠢᠨ ᠰᠢᠰᠲ᠋ᠧᠮ ᠢ ᠪᠠᠶᠢᠭᠤᠯᠵᠤ ᠂ ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ |
ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠤ ᠬᠠᠩᠭᠠᠯᠭ᠎ᠠ ᠶᠢ ᠪᠠᠲᠤᠯᠠᠬᠤ ᠴᠢᠳᠠᠪᠤᠷᠢ ᠶᠢ ᠨᠡᠮᠡᠭᠳᠡᠭᠦᠯᠦᠨ᠎ᠡ ᠃ |
ᠲᠠᠪᠤ ᠳᠤ ᠂ ᠮᠠᠯ ᠠᠵᠤ ᠠᠬᠤᠢ ᠲᠠᠷᠢᠶᠠᠯᠠᠩ ᠤᠨ ᠣᠳᠣᠬᠢᠴᠢᠯᠠᠯᠲᠠ ᠶᠢ ᠲᠦᠷᠭᠡᠳᠬᠡᠨ ᠠᠬᠢᠭᠤᠯᠵᠤ ᠂ ᠤᠯᠤᠰ ᠤᠨ |
ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠤ |
ᠶᠡᠷᠦᠩᠬᠡᠶᠢᠯᠡᠭᠰᠡᠨ ᠦᠢᠯᠡᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ ᠃ ᠵᠢᠷᠭᠤᠭ᠎ᠠ ᠳᠤ ᠂ ᠤᠯᠤᠰ ᠤᠨ |
ᠳᠣᠲᠣᠭᠠᠳᠤ ᠭᠠᠳᠠᠭᠠᠳᠤ ᠶᠢᠨ ᠬᠤᠣᠰ ᠣᠷᠴᠢᠯ ᠳᠤ ᠢᠳᠡᠪᠬᠢᠲᠡᠢ ᠠᠭᠤᠰᠤᠯᠴᠠᠵᠤ ᠂ ᠤᠮᠠᠷᠠᠰᠢ ᠨᠡᠭᠡᠭᠡᠯᠲᠡ ᠬᠢᠬᠦ |
ᠴᠢᠬᠤᠯᠠ ᠪᠠᠬᠢᠯᠡᠯᠲᠡ ᠶᠢᠨ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ ᠲᠠᠰ ᠳᠡᠪᠰᠢᠭᠦᠯᠬᠦ ᠶᠢ |
ᠠᠬᠢᠭᠤᠯᠤᠨ᠎ᠠ ᠃ ᠳᠣᠯᠤᠭ᠎ᠠ ᠳᠤ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ |
ᠴᠢᠩᠭᠠᠳᠬᠠᠵᠤ ᠂ ᠤᠮᠠᠷᠠᠲᠤ ᠬᠢᠯᠢ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠪᠠᠬᠢ ᠴᠣᠭᠴᠠᠯᠠᠨ᠎ᠠ ᠃ |
|
︽ ᠰᠠᠨᠠᠯ ︾ ᠳᠤ ᠂ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ ᠂ ᠨᠠᠮ ᠤᠨ |
ᠤᠳᠤᠷᠢᠳᠤᠯᠭ᠎ᠠ ᠶᠢ ᠢᠮᠠᠭᠲᠠ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠦᠭᠦ ᠶᠠᠪᠤᠴᠠ |
ᠡᠯ᠎ᠡ ᠲᠠᠯ᠎ᠠ ᠳᠤ ᠲᠤᠭᠤᠰᠢᠯᠠᠭᠤᠯᠬᠤ ᠬᠡᠷᠡᠭᠲᠡᠢ ᠃ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠴᠢᠩᠭᠠᠳᠬᠠᠵᠤ ᠂ |
ᠴᠢᠬᠤᠯᠠ ᠶᠡᠭᠡ ᠲᠥᠷᠥᠯ ᠵᠦᠢᠯ ᠤᠨ ᠬᠥᠲᠥᠯᠥᠨ ᠳᠠᠭᠠᠭᠤᠯᠵᠤ ᠳᠠᠶᠢᠴᠢᠯᠠᠬᠤ ᠦᠢᠯᠡᠳᠦᠯ ᠢ ᠪᠠᠳᠠᠷᠠᠭᠤᠯᠵᠤ ᠂ |
ᠭᠤᠣᠯᠳᠠᠯᠭ᠎ᠠ ᠲᠠᠢ ᠠᠵᠤ ᠦᠢᠯᠡᠰ ᠤᠨ ᠬᠥᠭᠵᠢᠯᠲᠡ ᠂ ᠴᠢᠬᠤᠯᠠ ᠶᠡᠭᠡ ᠲᠥᠷᠥᠯ ᠵᠦᠢᠯ ᠢ ᠨᠠᠶᠢᠳᠠᠪᠤᠷᠢᠵᠢᠭᠤᠯᠬᠤ |
ᠵᠡᠷᠭᠡ ᠲᠠᠯ᠎ᠠ ᠪᠠᠷ ᠳᠡᠮᠵᠢᠯᠭᠡ ᠦᠵᠡᠭᠦᠯᠦᠨ᠎ᠡ ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠭᠤᠣᠯ |
ᠴᠣᠭᠴᠠ ᠶᠢᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ ᠂ ᠠᠵᠢᠯ ᠤᠨ ᠨᠠᠷᠢᠨ ᠲᠠᠩᠰᠠ ᠶᠢ ᠲᠣᠭᠲᠠᠭᠠᠨ ᠂ ᠴᠠᠭ |
ᠤᠨ ᠬᠦᠰᠦᠨᠦᠭᠲᠦ ᠂ ᠪᠠᠷᠢᠯᠭ᠎ᠠ ᠶᠢᠨ ᠵᠢᠷᠤᠭ ᠢ ᠲᠣᠳᠣᠷᠬᠠᠶᠢᠯᠠᠵᠤ ᠂ ᠡᠯ᠎ᠡ ᠵᠦᠢᠯ ᠤᠨ ᠡᠭᠦᠷᠭᠡ ᠶᠢ ᠪᠣᠳᠠᠲᠠᠢ ᠳᠤ |
ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ ᠃ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠬᠤᠯᠪᠣᠭᠳᠠᠯ ᠪᠦᠬᠦᠢ |
ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠣᠰᠣᠭᠠᠷ ᠂ ︽ ᠰᠠᠨᠠᠯ ︾ ᠳᠤ ᠲᠣᠭᠲᠠᠭᠠᠭᠰᠠᠨ |
ᠬᠠᠷᠠᠯᠲᠠ ᠡᠭᠦᠷᠭᠡ ᠶᠢ ᠦᠨᠳᠦᠰᠦᠯᠡᠨ ᠂ ᠵᠢᠭᠠᠨ ᠵᠢᠯᠤᠭᠤᠳᠴᠤ ᠵᠣᠬᠢᠴᠠᠭᠤᠯᠬᠤ ᠪᠠᠨ ᠴᠢᠩᠭᠠᠳᠬᠠᠨ ᠂ ᠢᠵᠢ |
ᠪᠦᠷᠢᠳᠦᠭᠦᠯᠦᠭᠰᠡᠨ ᠲᠥᠷᠥ ᠶᠢᠨ ᠪᠣᠳᠣᠯᠭ᠎ᠠ ᠶᠢ ᠲᠣᠭᠲᠠᠭᠠᠵᠤ ᠂ ᠥᠪᠥᠷ ᠮᠣᠩᠭᠤᠯ ᠤᠨ ︽ ᠲᠠᠪᠤᠨ ᠶᠡᠭᠡ ᠡᠭᠦᠷᠭᠡ︾ |
ᠶᠢ ᠨᠠᠶᠢᠳᠠᠪᠤᠷᠢᠵᠢᠭᠤᠯᠬᠤ ᠳᠤ ᠬᠦᠴᠦᠲᠡᠢ ᠳᠡᠮᠵᠢᠯᠭᠡ ᠦᠵᠡᠭᠦᠯᠭᠦ ᠬᠡᠷᠡᠭᠲᠡᠢ ᠃ ᠤᠯᠤᠰ ᠤᠨ ᠬᠥᠭᠵᠢᠭᠦᠯᠦᠯᠲᠡ ᠪᠠ |
ᠥᠭᠡᠷᠡᠴᠢᠯᠡᠯᠲᠡ ᠶᠢᠨ ᠵᠥᠪᠯᠡᠯ ︽ ᠰᠠᠨᠠᠯ︾ ᠢ ᠬᠡᠷᠡᠭᠵᠢᠭᠦᠯᠦᠭᠰᠡᠨ ᠪᠠᠶᠢᠳᠠᠯ ᠢ ᠮᠥᠷᠳᠡᠨ ᠦᠨᠡᠯᠡᠬᠦ ᠪᠠᠨ |
ᠴᠢᠩᠭᠠᠳᠬᠠᠵᠤ ᠂ ᠠᠵᠢᠯ ᠤᠨ ᠲᠣᠭᠲᠠᠴᠠ ᠪᠠᠨ ᠲᠡᠭᠦᠯᠳᠡᠷᠵᠢᠭᠦᠯᠦᠨ ᠂ ᠲᠣᠪᠣᠶᠢᠮ᠎ᠠ ᠠᠰᠠᠭᠤᠳᠠᠯ ᠢ ᠵᠣᠬᠢᠴᠠᠭᠤᠯᠤᠨ |
ᠰᠢᠢᠳᠪᠦᠷᠢᠯᠡᠵᠦ ᠂ ᠴᠢᠬᠤᠯᠠ ᠪᠠᠶᠢᠳᠠᠯ ᠢ ᠴᠠᠭ ᠲᠤᠬᠠᠢ ᠳᠤᠨᠢ ᠨᠠᠮ ᠤᠨ ᠲᠥᠪ ᠬᠤᠷᠢᠶ᠎ᠠ ᠂ ᠲᠥᠷᠥ ᠶᠢᠨ ᠶᠠᠪᠤᠳᠠᠯ ᠤᠨ |
ᠬᠤᠷᠢᠶ᠎ᠠ ᠳᠤ ᠮᠡᠳᠡᠭᠦᠯᠬᠦ ᠬᠡᠷᠡᠭᠲᠡᠢ ᠭᠡᠵᠦ ᠱᠠᠭᠠᠷᠳᠠᠵᠠᠢ ᠃ |
|