ᠰᠢᠨᠬᠤᠸᠠ ᠬᠤᠷᠢᠶᠠᠨ ᠤ ᠨᠠᠨᠵᠢᠩ ᠤᠨ 9 ᠳ᠋ᠦ᠋ᠭᠡᠷ ᠰᠠᠷ᠎ᠠ ᠶᠢᠨ 21 ᠤ ᠴᠠᠬᠢᠯᠭᠠᠨ ᠮᠡᠳᠡᠭᠡ ︵ |
ᠰᠤᠷᠪᠤᠯᠵᠢᠯᠠᠭᠴᠢ ᠴᠢᠨ ᠬᠤᠸᠠ ᠵᠢᠶᠠᠩ︶ |
ᠰᠤᠷᠪᠤᠯᠵᠢᠯᠠᠭᠴᠢ 21 ᠤ ᠡᠳᠦᠷ ᠰᠦᠵᠧᠦ ᠳᠤ ᠬᠤᠷᠠᠯᠳᠤᠭᠰᠠᠨ ᠬᠤᠶᠠᠳᠤᠭᠠᠷ ᠬᠤᠭᠤᠴᠠᠭᠠᠨ ᠤ ᠭᠤᠤᠯ |
ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ ᠪᠣᠯᠤᠨ ᠭᠤᠤᠯ ᠮᠥᠷᠡᠨ ᠨᠠᠭᠤᠷ ᠴᠥᠭᠦᠷᠥᠮ ᠤᠨ |
ᠬᠠᠮᠠᠭᠠᠯᠠᠯᠲᠠ ᠶᠢᠨ ᠲᠦᠷᠦᠭᠦᠴᠦᠳ ᠤᠨ ᠶᠠᠷᠢᠶᠠᠨ ᠤ ᠲᠠᠪᠴᠠᠩ ᠠᠴᠠ ᠣᠶᠢᠯᠠᠭᠠᠭᠰᠠᠨ ᠢᠶᠠᠷ᠂ ᠤᠰᠤᠨ |
ᠠᠰᠢᠭᠯᠠᠯᠲᠠ ᠶᠢᠨ ᠶᠠᠮᠤᠨ ᠡᠯ᠎ᠡ ᠭᠠᠵᠠᠷ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠭᠤᠤᠯ |
ᠮᠥᠷᠡᠨ ᠨᠠᠭᠤᠷ ᠴᠥᠭᠦᠷᠥᠮ ᠤᠨ ︽ᠳᠥᠷᠪᠡᠨ ᠰᠠᠮᠠᠭᠤᠨ ᠢ ᠴᠡᠪᠡᠷᠯᠡᠬᠦ︾᠂ ᠬᠦᠬᠡᠮᠦ᠋ᠷᠡᠨ ᠬᠠᠲᠤᠨ ᠭᠤᠤᠯ ᠤᠨ ᠡᠷᠭᠢ |
ᠳᠠᠭᠠᠤ ᠶᠢᠨ ᠠᠰᠢᠭᠯᠠᠯᠲᠠ ᠶᠢᠨ ᠲᠤᠰᠬᠠᠶ ᠴᠡᠭᠴᠡᠯᠡᠨ ᠵᠠᠰᠠᠬᠤ᠂ ᠭᠤᠤᠯ ᠮᠥᠷᠡᠨ ᠤ ᠦᠶᠡᠷ ᠤᠨ ᠠᠶᠠᠯᠠᠯ ᠢ |
ᠬᠠᠷᠰᠢᠯᠠᠬᠤ ᠲᠣᠪᠤᠶᠢᠮ᠎ᠠ ᠠᠰᠠᠭᠤᠳᠠᠯ ᠢ ᠴᠡᠪᠡᠷᠯᠡᠬᠦ ᠵᠡᠷᠭᠡ ᠲᠤᠰᠬᠠᠶ ᠠᠵᠢᠯᠯᠠᠭ᠎ᠠ ᠶᠢ ᠵᠣᠬᠢᠶᠠᠨ ᠪᠠᠶᠢᠭᠤᠯᠤᠨ |
ᠥᠷᠨᠢᠭᠦᠯᠵᠦ᠂ 22.3 ᠲᠦᠮᠡᠨ ᠭᠤᠤᠯ ᠮᠥᠷᠡᠨ ᠨᠠᠭᠤᠷ ᠴᠥᠭᠦᠷᠥᠮ ᠤᠨ ᠲᠣᠪᠤᠶᠢᠮ᠎ᠠ ᠠᠰᠠᠭᠤᠳᠠᠯ ᠢ |
ᠲᠥᠪᠯᠡᠷᠡᠭᠦᠯᠦᠨ ᠴᠡᠭᠴᠡᠯᠡᠨ ᠵᠠᠰᠠᠵᠤ᠂ ᠪᠥᠬᠦ ᠤᠯᠤᠰ ᠤᠨ ᠭᠤᠤᠯ ᠮᠥᠷᠡᠨ ᠨᠠᠭᠤᠷ ᠴᠥᠭᠦᠷᠥᠮ ᠤᠨ ᠳᠦᠷᠰᠦ |
ᠪᠠᠶᠢᠳᠠᠯ ᠳᠤ ᠲᠡᠦᠬᠡᠲᠦ ᠴᠢᠨᠠᠷᠲᠠᠶ ᠬᠤᠪᠢᠷᠠᠯᠲᠠ ᠭᠠᠷᠴᠠᠶ᠃ |
ᠣᠶᠢᠯᠠᠭᠠᠭᠰᠠᠨ ᠢᠶᠠᠷ᠂ ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ ᠤᠨ |
ᠬᠠᠷᠢᠭᠤᠴᠠᠯᠭ᠎ᠠ ᠶᠢᠨ ᠰᠢᠰᠲ᠋ᠧᠮ ᠢ ᠪᠥᠬᠦ ᠲᠠᠯ᠎ᠠ ᠪᠠᠷ ᠪᠠᠶᠢᠭᠤᠯᠬᠤ ᠶᠢ ᠳᠠᠭᠠᠯᠳᠤᠨ᠂ 123 ᠲᠦᠮᠡᠨ ᠺᠢᠯᠣᠮᠧᠲᠷ ᠤᠨ |
ᠭᠤᠤᠯ ᠮᠥᠷᠡᠨ᠂ 2057 ᠨᠠᠭᠤᠷ ᠴᠥᠭᠦᠷᠥᠮ ᠤᠨ ᠬᠠᠮᠢᠶᠠᠷᠤᠨ ᠡᠵᠡᠮᠳᠡᠬᠦ ᠵᠠᠭᠠᠭ ᠬᠢᠵᠠᠭᠠᠷ ᠢ ᠲᠣᠳᠣᠷᠬᠠᠶ |
ᠲᠣᠭᠲᠠᠭᠠᠪᠠ᠃ ᠤᠰᠤᠨ ᠤ ᠠᠮᠢ ᠠᠬᠤᠶ ᠶᠢᠨ ᠣᠷᠴᠢᠨ ᠨᠥᠬᠦᠴᠡᠯ ᠲᠠᠰᠤᠷᠠᠯᠲᠠ ᠥᠬᠡᠶ ᠰᠠᠶᠢᠵᠢᠷᠠᠵᠤ᠂ ᠪᠥᠬᠦ |
ᠤᠯᠤᠰ ᠤᠨ ᠭᠠᠵᠠᠷ ᠳᠡᠭᠡᠷᠡᠬᠢ ᠤᠰᠤᠨ ᠤ I ᠲᠥᠷᠥᠯ ᠤᠨ ᠤᠰᠤᠨ ᠤ ᠴᠢᠨᠠᠷ ᠤᠨ ᠣᠭᠲᠣᠯᠤᠭᠠᠰᠤ ᠶᠢᠨ ᠬᠠᠷᠢᠴᠠᠯ |
2016 ᠣᠨ ᠤ ᠬᠢ ᠠᠴᠠ 20.1 ᠵᠠᠭᠤᠨ ᠤ ᠨᠢᠭᠡᠴᠢ ᠳᠡᠭᠡᠭᠰᠢᠯᠡᠪᠡ᠃ ᠨᠡᠶᠢᠭᠡᠮ ᠤᠨ ᠣᠷᠣᠯᠴᠠᠬᠤ ᠤᠬᠠᠮᠰᠠᠷ |
ᠢᠯᠡᠳᠲᠡ ᠴᠢᠩᠭᠠᠷᠠᠪᠠ᠃ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠢ ᠠᠵᠤ |
ᠠᠬᠤᠶᠢᠯᠠᠯ ᠳᠤ ᠣᠷᠣᠭᠤᠯᠬᠤ᠂ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ᠂ ᠨᠡᠶᠢᠭᠡᠮ ᠲᠣᠭᠤᠷᠢᠭ ᠲᠤ |
ᠣᠷᠣᠭᠤᠯᠬᠤ᠂ ᠬᠥᠳᠡᠭᠡ ᠲᠣᠰᠬᠤᠨ ᠳᠤ ᠣᠷᠣᠭᠤᠯᠬᠤ ᠶᠢ ᠠᠬᠢᠭᠤᠯᠬᠤ ᠪᠠᠷ ᠳᠠᠮᠵᠢᠨ᠂ ᠭᠤᠣᠯ ᠮᠥᠷᠡᠨ ᠢ |
ᠬᠠᠮᠠᠭᠠᠯᠠᠬᠤ ᠰᠠᠶᠢᠨ ᠲᠤᠷᠠᠴᠤᠳ ᠤᠨ ᠲᠤᠭ᠎ᠠ 700 ᠭᠠᠷᠤᠢ ᠲᠦᠮᠡ ᠳᠤ ᠬᠦᠷᠴᠦ᠂ ᠪᠦᠬᠦ ᠨᠡᠶᠢᠭᠡᠮ ᠢᠶᠠᠷ ᠢᠶᠠᠨ |
ᠭᠤᠣᠯ ᠮᠥᠷᠡᠨ ᠨᠠᠭᠤᠷ ᠴᠥᠭᠦᠷᠥᠮ ᠤᠨ ᠬᠠᠮᠢᠶᠠᠷᠤᠯᠲᠠ ᠬᠠᠮᠠᠭᠠᠯᠠᠯᠲᠠ ᠳᠤ ᠣᠷᠣᠯᠴᠠᠬᠤ ᠶᠢ ᠬᠠᠯᠠᠮᠵᠢᠯᠠᠬᠤ ᠠᠭᠤᠷ |
ᠠᠮᠢᠰᠬᠤᠯ ᠡᠳᠦᠷ ᠢᠷᠡᠬᠦᠶ᠎ᠡ ᠥᠳᠬᠡᠨ ᠵᠤᠵᠠᠭᠠᠨ ᠪᠣᠯᠪᠠ᠃ |
ᠤᠰᠤᠨ ᠠᠰᠢᠭᠯᠠᠯᠲᠠ ᠶᠢᠨ ᠶᠠᠮᠤᠨ ᠤ ᠳᠡᠳ᠋ ᠰᠠᠶᠢᠳ ᠵᠦ ᠴᠧᠩ ᠴᠢᠩ ᠵᠢᠭᠠᠵᠤ ᠭᠠᠷᠭᠠᠭᠰᠠᠨ ᠨᠢ᠂ ᠭᠤᠤᠯ |
ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ ᠢ ᠪᠥᠬᠦ ᠲᠠᠯ᠎ᠠ ᠪᠠᠷ ᠬᠡᠷᠡᠭᠵᠢᠭᠦᠯᠬᠦ ᠨᠢ ᠮᠠᠨ ᠤ ᠤᠯᠤᠰ ᠤᠨ |
ᠤᠯᠤᠰ ᠤᠨ ᠪᠠᠶᠢᠳᠠᠯ ᠤᠰᠤᠨ ᠤ ᠪᠠᠶᠢᠳᠠᠯ ᠲᠠᠢ ᠪᠦᠷᠢᠮᠦᠰᠦᠨ ᠨᠡᠶᠢᠴᠡᠵᠦ᠂ ᠮᠠᠨ ᠤ ᠤᠯᠤᠰ ᠤᠨ ᠭᠤᠤᠯ ᠮᠥᠷᠡᠨ |
ᠨᠠᠭᠤᠷ ᠴᠥᠭᠦᠷᠥᠮ ᠢ ᠬᠠᠮᠠᠭᠠᠯᠠᠨ ᠵᠠᠰᠠᠬᠤ ᠬᠦᠷᠢᠶᠡᠨ ᠳᠠᠬᠢ ᠦᠨᠳᠦᠰᠦᠨ ᠴᠢᠨᠠᠷᠲᠠᠶ᠂ ᠪᠦᠲᠦᠭᠡᠯᠴᠢ ᠴᠢᠨᠠᠷᠲᠠᠶ |
ᠴᠢᠬᠤᠯᠠ ᠶᠡᠭᠡ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠮᠥᠨ᠂ ᠬᠦᠴᠦᠷᠬᠡᠭ ᠶᠡᠭᠡ ᠠᠮᠢᠵᠢᠷᠠᠯ ᠤᠨ ᠬᠦᠴᠦᠨ ᠲᠠᠢ |
ᠴᠢᠬᠤᠯᠠ ᠶᠡᠭᠡ ᠲᠦᠷᠢᠮ ᠤᠨ ᠰᠢᠨ᠎ᠡ ᠡᠭᠦᠳᠦᠯᠲᠡ ᠮᠥᠨ ᠭᠡᠵᠡᠢ᠃ |
|