ᠰᠢᠨᠬᠤᠸᠠ ᠬᠤᠷᠢᠶᠠᠨ ᠤ ᠪᠡᠭᠡᠵᠢᠩ ᠤᠨ 9 ᠳ᠋ᠦ᠋ᠭᠡᠷ ᠰᠠᠷ᠎ᠠ ᠶᠢᠨ 27 ᠤ ᠡᠳᠦᠷ ᠤᠨ ᠴᠠᠬᠢᠯᠭᠠᠨ ᠮᠡᠳᠡᠭᠡ |
︵ᠰᠤᠷᠪᠤᠯᠵᠢᠯᠠᠭᠴᠢ ᠯᠢᠦ ᠱᠢ ᠫᠢᠩ︶ |
ᠰᠤᠷᠪᠤᠯᠵᠢᠯᠠᠭᠴᠢ 27 ᠤ ᠡᠳᠦᠷ ᠤᠰᠤᠨ ᠠᠰᠢᠭᠯᠠᠯᠲᠠ ᠶᠢᠨ ᠶᠠᠮᠤᠨ ᠠᠴᠠ ᠣᠶᠢᠯᠠᠭᠠᠭᠰᠠᠨ ᠢᠶᠠᠷ᠂ ᠬᠠᠶᠢᠾᠧ |
ᠭᠤᠣᠯ ᠤᠨ ᠰᠠᠪᠠ ᠭᠠᠵᠠᠷ ᠤᠨ ᠳ᠋ᠦᠩ ᠳ᠋ᠢᠶᠠᠨ ᠤ ᠦᠶᠡᠷ ᠬᠤᠷᠠᠭᠤᠯᠵᠤ ᠲᠣᠭᠲᠠᠭᠠᠬᠤ ᠣᠷᠣᠨ 9 ᠳ᠋ᠦ᠋ᠭᠡᠷ ᠰᠠᠷ᠎ᠠ ᠶᠢᠨ |
26 ᠤ ᠡᠳᠦᠷ ᠤᠰᠤ ᠲᠠᠲᠠᠷᠠᠭᠤᠯᠬᠤ ᠠᠵᠢᠯ ᠢᠶᠠᠨ ᠳᠠᠭᠤᠰᠬᠠᠵᠤ᠂ ᠡᠨᠡ ᠵᠢᠯ ᠤᠨ ᠬᠠᠶᠢᠾᠧ ᠭᠤᠣᠯ ᠤᠨ |
︽23 ·7︾ ᠤ ᠰᠠᠪᠠ ᠭᠠᠵᠠᠷ ᠤᠨ ᠣᠨᠴᠠ ᠶᠡᠭᠡ ᠦᠶᠡᠷ ᠤᠨ ᠶᠠᠪᠤᠴᠠ ᠳᠠᠭᠤᠰᠪᠠ᠃ |
ᠡᠨᠡ ᠵᠢᠯ ᠤᠨ ᠣᠨᠴᠠ ᠶᠡᠭᠡ ᠦᠶᠡᠷ ᠢ ᠰᠡᠷᠭᠡᠶᠢᠯᠡᠬᠦ ᠶᠠᠪᠤᠴᠠ ᠳᠤ᠂ ᠬᠠᠶᠢᠾᠧ ᠭᠤᠣᠯ ᠤᠨ ᠰᠠᠪᠠ ᠭᠠᠵᠠᠷ ᠲᠤ |
ᠳ᠋ᠦᠩ ᠳ᠋ᠢᠶᠠᠨ ᠵᠡᠷᠭᠡ ᠦᠶᠡᠷ ᠢ ᠲᠣᠭᠲᠠᠭᠠᠨ ᠬᠤᠷᠠᠭᠤᠯᠬᠤ 8 ᠣᠷᠣᠨ ᠢ ᠡᠬᠢᠯᠡᠨ ᠬᠡᠷᠡᠭᠯᠡᠵᠦ᠂ ᠬᠠᠮᠤᠭ ᠤᠨ ᠶᠡᠭᠡ |
ᠦᠶᠡᠷ ᠤᠨ ᠤᠰᠤ ᠶᠢ 25.3 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠲᠤ ᠬᠦᠷᠭᠡᠵᠦ᠂ ᠾᠧᠪᠸᠢ᠂ |
ᠲᠢᠶᠠᠨᠵᠢᠨ᠂ ᠾᠧᠨᠠᠨ ᠤ ᠤᠰᠤᠨ ᠠᠰᠢᠭᠯᠠᠯᠲᠠ ᠶᠢᠨ ᠰᠠᠯᠠᠭ᠎ᠠ ᠮᠥᠴᠢᠷ ᠦᠶᠡᠷ ᠢ ᠲᠣᠭᠲᠠᠭᠠᠨ ᠬᠤᠷᠠᠭᠤᠯᠬᠤ |
ᠣᠷᠣᠨ ᠢ ᠬᠡᠷᠡᠭᠯᠡᠬᠦ ᠪᠡᠯᠡᠳᠬᠡᠯ ᠲᠥᠰᠦᠯ ᠢ ᠦᠨᠳᠦᠰᠦᠯᠡᠵᠦ᠂ ᠣᠷᠣᠨ ᠨᠤᠲᠤᠭ ᠢ ᠵᠢᠯᠣᠭᠤᠳᠤᠨ ᠦᠶᠡᠷ ᠢ |
ᠲᠣᠭᠲᠠᠭᠠᠨ ᠬᠤᠷᠠᠭᠤᠯᠬᠤ ᠣᠷᠣᠨ ᠤ ᠤᠯᠠᠨ ᠲᠦᠮᠡᠨ ᠢ ᠵᠠᠭᠤᠨ ᠲᠦᠮᠡ ᠰᠢᠬᠠᠮ ᠬᠥᠮᠦᠨ ᠢ ᠤᠷᠢᠳᠴᠢᠯᠠᠨ |
ᠰᠢᠯᠵᠢᠭᠦᠯᠪᠡ᠃ |
ᠳ᠋ᠦᠩ ᠳ᠋ᠢᠶᠠᠨ ᠠᠴᠠ ᠭᠠᠳᠠᠨᠠᠬᠢ ᠦᠶᠡᠷ ᠢ ᠲᠣᠭᠲᠠᠭᠠᠨ ᠬᠤᠷᠠᠭᠤᠯᠬᠤ 7 ᠣᠷᠣᠨ ᠤ ᠬᠢᠨ ᠨᠢᠭᠡᠨᠲᠡ 8 |
ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠤᠰᠤ ᠶᠢ ᠤᠬᠤᠷᠢᠭᠤᠯᠵᠤ᠂ ᠡᠯ᠎ᠡ ᠭᠠᠵᠠᠷ ᠤᠨ ᠬᠢᠨ ᠵᠠᠯᠭᠠᠭ᠎ᠠ ᠪᠠᠷ |
ᠭᠠᠮᠰᠢᠭ ᠤᠨ ᠳᠠᠷᠠᠭᠠᠬᠢ ᠳᠠᠬᠢᠨ ᠪᠥᠲᠥᠭᠡᠨ ᠪᠠᠶᠢᠭᠤᠯᠬᠤ ᠱᠠᠲᠤᠨ ᠳᠤ ᠣᠷᠣᠵᠤ᠂ ᠦᠶᠡᠷ ᠢ ᠲᠣᠭᠲᠠᠭᠠᠨ |
ᠬᠤᠷᠠᠭᠤᠯᠬᠤ ᠣᠷᠣᠨ ᠤ ᠬᠡᠷᠡᠭᠯᠡᠯᠲᠡ ᠳᠤ ᠨᠥᠬᠦᠪᠥᠷᠢ ᠥᠭᠬᠦ ᠬᠠᠮᠢᠶ᠎ᠠ ᠪᠥᠬᠦᠶ ᠠᠵᠢᠯ ᠢ ᠥᠷᠨᠢᠭᠦᠯᠪᠡ᠃ |
ᠤᠰᠤᠨ ᠠᠰᠢᠭᠯᠠᠯᠲᠠ ᠶᠢᠨ ᠶᠠᠮᠤᠨ ᠤ ᠬᠠᠮᠢᠶ᠎ᠠ ᠪᠥᠬᠦᠶ ᠬᠠᠷᠢᠭᠤᠴᠠᠯᠭᠠᠲᠠᠨ ᠢᠯᠡᠷᠬᠡᠶᠢᠯᠡᠬᠦ ᠳᠡᠭᠡᠨ᠂ ᠤᠰᠤᠨ |
ᠠᠰᠢᠭᠯᠠᠯᠲᠠ ᠶᠢᠨ ᠶᠠᠮᠤᠨ ᠲᠤᠬᠠᠶ ᠶᠢᠨ ᠡᠳᠦᠷ ᠵᠥᠪᠳᠡᠯᠴᠡᠬᠦ ᠬᠤᠷᠠᠯ ᠬᠤᠷᠠᠯᠳᠤᠭᠤᠯᠵᠤ᠂ ᠳ᠋ᠦᠩ ᠳ᠋ᠢᠶᠠᠨ ᠵᠡᠷᠭᠡ |
ᠦᠶᠡᠷ ᠢ ᠲᠣᠭᠲᠠᠭᠠᠨ ᠬᠤᠷᠠᠭᠤᠯᠬᠤ ᠣᠷᠣᠨ ᠤ ᠤᠰᠤ ᠶᠢ ᠵᠣᠭᠰᠣᠭᠠᠭᠰᠠᠨ ᠤ ᠳᠠᠷᠠᠭᠠᠬᠢ ᠬᠤᠯᠪᠣᠭᠳᠠᠯ ᠪᠥᠬᠦᠶ |
ᠠᠵᠢᠯ ᠢ ᠪᠠᠶᠢᠷᠢᠯᠠᠭᠤᠯᠵᠤ᠂ ᠣᠷᠣᠨ ᠨᠤᠲᠤᠭ ᠤᠨ ᠭᠠᠮᠰᠢᠭ ᠤᠨ ᠳᠠᠷᠠᠭ᠎ᠠ ᠳᠠᠬᠢᠨ ᠪᠥᠲᠥᠭᠡᠨ ᠪᠠᠶᠢᠭᠤᠯᠬᠤ ᠵᠡᠷᠭᠡ |
ᠠᠵᠢᠯ ᠢ ᠰᠠᠶᠢᠲᠤᠷ ᠬᠢᠬᠦ ᠶᠢ ᠦᠷᠭᠦᠯᠵᠢᠯᠡᠨ ᠳᠡᠮᠵᠢᠵᠦ᠂ ᠦᠶᠡᠷ ᠢ ᠲᠣᠭᠲᠠᠭᠠᠨ ᠬᠤᠷᠠᠭᠤᠯᠬᠤ ᠣᠷᠣᠨ ᠤ ᠣᠯᠠᠨ |
ᠲᠦᠮᠡᠨ ᠢ ᠬᠠᠪᠰᠤᠷᠤᠨ ᠦᠢᠯᠡᠳᠪᠦᠷᠢᠯᠡᠯ ᠠᠮᠢᠳᠤᠷᠠᠯ ᠤᠨ ᠡᠮᠬᠢ ᠵᠢᠷᠤᠮ ᠢ ᠨᠢ ᠲᠦᠷᠭᠡᠬᠡᠨ ᠰᠡᠷᠭᠦᠭᠡᠨ᠎ᠡ ᠭᠡᠵᠡᠶ᠃ |
|