12 ᠳ᠋ᠤᠭᠠᠷ ᠰᠠᠷ᠎ᠠ ᠶᠢᠨ 29 ᠤ ᠡᠳᠦᠷ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ |
ᠦᠢᠯᠡᠰ ᠤᠨ ᠬᠥᠭᠵᠢᠯᠲᠡ ᠶᠢᠨ ᠲᠥᠪ ᠤᠨ ᠨᠠᠮ ᠤᠨ ᠬᠤᠷᠢᠶᠠᠨ ᠤ ᠱᠦᠵᠢ᠂ ᠡᠷᠬᠢᠯᠡᠭᠴᠢ ᠵᠠᠩ ᠸᠧᠶ ᠪᠦᠯᠬᠦᠮ |
ᠳᠠᠭᠠᠭᠤᠯᠤᠨ ᠲᠣᠭᠲᠠᠬᠤ ᠰᠢᠶᠠᠨ ᠤ ᠥᠪᠥᠷ ᠮᠣᠩᠭᠤᠯ ᠤᠨ ᠣᠷᠴᠢᠨ ᠲᠣᠭᠤᠷᠢᠨ ᠡᠬᠢ ᠪᠠᠶᠠᠯᠢᠭ ᠤᠨ ᠬᠠᠤᠯᠢ |
ᠴᠠᠭᠠᠵᠠ ᠶᠢᠨ ᠬᠠᠮᠠᠭᠠᠯᠠᠯᠲᠠ ᠶᠢᠨ ᠬᠥᠮᠦᠵᠢᠯ ᠤᠨ ᠰᠠᠭᠤᠷᠢᠨ ᠭᠠᠵᠠᠷ ᠲᠤ ᠬᠦᠷᠴᠦ ᠥᠪᠥᠷ ᠮᠣᠩᠭᠤᠯ ᠤᠨ ᠤᠰᠤᠨ |
ᠠᠰᠢᠭᠯᠠᠯᠲᠠ ᠶᠢᠨ ᠬᠠᠥᠯᠢ ᠪᠠᠷ ᠵᠠᠰᠠᠬᠤ ᠤᠬᠠᠭᠤᠯᠭ᠎ᠠ ᠬᠥᠮᠦᠵᠢᠯ ᠤᠨ ᠰᠠᠭᠤᠷᠢᠨ ᠭᠠᠵᠠᠷ ᠤᠨ ᠪᠥᠲᠥᠭᠡᠨ |
ᠪᠠᠶᠢᠭᠤᠯᠤᠯᠲᠠ ᠶᠢᠨ ᠠᠵᠢᠯ ᠢ ᠪᠠᠶᠢᠴᠠᠭᠠᠨ ᠰᠤᠳᠤᠯᠪᠠ᠃ ᠥᠪᠡᠷᠲᠡᠭᠡᠨ ᠵᠠᠰᠠᠬᠤ ᠣᠷᠣᠨ ᠤ ᠤᠰᠤᠨ |
ᠠᠰᠢᠭᠯᠠᠯᠲᠠ ᠶᠢᠨ ᠲᠢᠩᠬᠢᠮ ᠤᠨ ᠤᠰᠤᠨ ᠤ ᠶᠠᠪᠤᠳᠠᠯ ᠤᠨ ᠭᠠᠵᠠᠷ ᠤᠨ ᠬᠠᠷᠢᠭᠤᠴᠠᠯᠭᠠᠲᠠᠨ ᠨᠥᠬᠦᠳ᠂ ᠥᠪᠡᠷᠲᠡᠭᠡᠨ |
ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠠᠵᠢᠯ ᠦᠢᠯᠡᠰ ᠤᠨ ᠬᠥᠭᠵᠢᠯᠲᠡ ᠶᠢᠨ ᠲᠥᠪ ᠤᠨ ᠳᠡᠳ᠋ ᠡᠷᠬᠢᠯᠡᠭᠴᠢ |
ᠵᠢᠴᠢ ᠰᠣᠨᠢᠨ ᠮᠡᠳᠡᠭᠡ ᠤᠬᠠᠭᠤᠯᠬᠤ ᠬᠡᠯᠲᠡᠰ᠂ ᠬᠠᠤᠯᠢ ᠲᠦᠷᠢᠮ ᠤᠨ ᠪᠠᠲᠤᠯᠠᠭ᠎ᠠ ᠶᠢᠨ ᠦᠢᠯᠡᠴᠢᠯᠡᠭᠡᠨ ᠤ ᠬᠡᠯᠲᠡᠰ᠂ |
ᠲᠥᠪ ᠤᠨ ᠠᠯᠪᠠᠨ ᠬᠡᠷ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠨᠥᠬᠦᠳ ᠵᠢᠴᠢ ᠠᠵᠢᠯᠲᠠᠳ ᠪᠠᠶᠢᠴᠠᠭᠠᠨ |
ᠰᠤᠳᠤᠯᠤᠯᠲᠠ ᠳᠤ ᠣᠷᠣᠯᠴᠠᠪᠠ᠃ |
|
|
|
|
|
ᠪᠠᠶᠢᠴᠠᠭᠠᠨ ᠰᠤᠳᠤᠯᠬᠤ ᠳᠤᠭᠤᠶᠢᠯᠠᠩ ᠣᠷᠴᠢᠨ ᠲᠣᠭᠤᠷᠢᠨ ᠡᠬᠢ ᠪᠠᠶᠠᠯᠢᠭ ᠢ ᠬᠠᠮᠠᠭᠠᠯᠠᠬᠤ ᠰᠢᠭᠦᠬᠦ |
ᠲᠢᠩᠬᠢᠮ ᠢ ᠲᠣᠭᠤᠷᠢᠨ ᠦᠵᠡᠵᠦ᠂ ᠰᠢᠭᠦᠬᠦ ᠲᠢᠩᠬᠢᠮ ᠵᠢᠴᠢ ᠬᠤᠷᠠᠯ ᠤᠨ ᠭᠡᠷ ᠲᠤ ᠲᠥᠪ ᠤᠨ ᠲᠧᠯᠸᠢᠰ |
ᠬᠤᠷᠢᠶᠠᠨ ᠤ ᠨᠡᠪᠲᠡᠷᠡᠭᠦᠯᠦᠭᠰᠡᠨ ︽ᠬᠠᠤᠯᠢ ᠶᠣᠰᠣᠭᠠᠷ ᠤᠰᠤ ᠵᠠᠰᠠᠵᠤ ᠬᠠᠳᠤᠨ ᠭᠤᠣᠯ ᠢ ᠬᠠᠮᠲᠤ ᠪᠠᠷ ᠬᠠᠮᠠᠭᠠᠯᠠᠶ᠎ᠠ︾ |
ᠭᠡᠬᠦ ᠬᠠᠥᠯᠢ ᠪᠠᠷ ᠵᠠᠰᠠᠬᠤ ᠫᠷᠤᠭ᠍ᠷᠠᠮ ᠢ ᠰᠣᠨᠢᠷᠬᠠᠪᠠ᠃ ᠲᠣᠭᠲᠠᠬᠤ ᠰᠢᠶᠠᠨ ᠤ ᠠᠷᠠᠳ ᠤᠨ ᠰᠢᠭᠦᠬᠦ ᠬᠤᠷᠢᠶᠠᠨ ᠤ |
ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠤᠷᠢᠶᠠᠨ ᠳᠠᠷᠤᠭ᠎ᠠ ᠯᠢᠦ ᠮᠢᠨ ᠤ ᠲᠠᠨᠢᠯᠴᠠᠭᠤᠯᠭ᠎ᠠ ᠪᠣᠯᠤᠨ |
ᠸᠢᠳᠢᠣ᠋ ᠳᠠᠬᠢ ᠰᠢᠭᠤᠳ ᠬᠡᠷᠡᠭ ᠤᠨ ᠵᠢᠱᠢᠶ᠎ᠡ ᠪᠠᠷ ᠳᠠᠮᠵᠢᠭᠤᠯᠤᠨ᠂ ᠪᠠᠶᠢᠴᠠᠭᠠᠨ ᠰᠤᠳᠤᠯᠬᠤ ᠳᠤᠭᠤᠶᠢᠯᠠᠩ ᠣᠷᠴᠢᠨ |
ᠠᠬᠤᠢ ᠡᠬᠢ ᠪᠠᠶᠠᠯᠢᠭ ᠤᠨ ᠰᠢᠭᠦᠬᠦ ᠲᠢᠩᠬᠢᠮ ᠤᠨ ᠲᠤᠬᠠᠢ ᠨᠡᠩ ᠭᠦᠨᠵᠡᠭᠡᠢ ᠣᠶᠢᠯᠠᠭᠠᠯᠲᠠ ᠲᠠᠢ ᠪᠤᠯᠵᠤ᠂ |
ᠲᠠᠷᠠᠭᠠᠴᠢ ᠶᠢᠨ ᠠᠯᠬᠤᠮ ᠳᠤ ᠤᠰᠤᠨ ᠠᠰᠢᠭᠯᠠᠯᠲᠠ ᠶᠢᠨ ᠬᠠᠥᠯᠢ ᠪᠠᠷ ᠵᠠᠰᠠᠬᠤ ᠤᠬᠠᠭᠤᠯᠭ᠎ᠠ ᠬᠥᠮᠦᠵᠢᠯ ᠤᠨ |
ᠰᠠᠭᠤᠷᠢᠨ ᠢ ᠬᠠᠮᠲᠤ ᠪᠠᠷ ᠪᠠᠶᠢᠭᠤᠯᠬᠤ ᠲᠤᠬᠠᠢ ᠰᠢᠨ᠎ᠡ ᠲᠠᠨᠢᠯᠲᠠ ᠲᠠᠢ ᠪᠣᠯᠵᠠᠢ᠃ |
|
|
|
|
|
ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠬᠠᠲᠤᠨ ᠭᠤᠤᠯ ᠤᠨ ᠰᠠᠪᠠ ᠭᠠᠵᠠᠷ ᠤᠨ ᠰᠣᠶᠣᠯ ᠤᠨ |
ᠭᠤᠤᠯ ᠰᠡᠳᠦᠪᠲᠦ ᠦᠵᠡᠭᠦᠯᠭᠡ ᠵᠢᠴᠢ ᠨᠠᠮ ᠤᠨ ᠪᠠᠶᠢᠭᠤᠯᠤᠯᠲᠠ ᠶᠢᠨ ᠠᠭᠤᠳᠠᠮ ᠲᠠᠯᠠᠪᠠᠶ ᠵᠢᠴᠢ ᠴᠦᠯᠯᠡᠷᠭᠡᠭᠵᠢᠯ ᠢ |
ᠵᠠᠰᠠᠬᠤ ᠣᠷᠣᠨ᠂ ᠦᠷᠡᠵᠢᠭᠦᠯᠦᠨ ᠤᠷᠤᠰᠬᠠᠬᠤ ᠣᠷᠣᠨ ᠢᠶᠠᠷ ᠲᠣᠭᠤᠷᠢᠨ ᠦᠵᠡᠵᠦ ᠰᠤᠷᠤᠯᠴᠠᠬᠤ ᠳᠠᠭᠠᠨ᠂ |
ᠲᠣᠭᠲᠠᠬᠤ ᠰᠢᠶᠠᠨ ᠤ ᠠᠷᠠᠳ ᠤᠨ ᠰᠢᠭᠦᠬᠦ ᠬᠤᠷᠢᠶ᠎ᠠ ᠬᠢᠭᠡᠳ ᠰᠢᠶᠠᠨ ᠤ ᠬᠠᠤᠯᠢ ᠴᠠᠭᠠᠵᠠ ᠶᠢᠨ ᠲᠣᠪᠴᠢᠶ᠎ᠠ᠂ ᠣᠶ |
ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠪᠣᠯᠤᠨ ᠥᠪᠥᠷ ᠮᠣᠩᠭᠤᠯ ᠤᠨ ᠱᠧᠨ ᠴᠢᠤᠸᠠᠨ ᠴᠡᠴᠡᠷᠯᠢᠭ ᠤᠨ |
ᠪᠥᠲᠥᠭᠡᠨ ᠪᠠᠶᠢᠭᠤᠯᠤᠯᠲᠠ ᠬᠥᠭᠵᠢᠯᠲᠡ ᠶᠢᠨ ᠬᠢᠵᠠᠭᠠᠷᠲᠤ ᠺᠣᠮᠫᠠᠨᠢ ᠶᠢᠨ ᠬᠠᠮᠵᠢᠯᠴᠠᠨ ᠬᠤᠯᠪᠣᠭᠠᠯᠠᠨ ᠬᠥᠳᠡᠯᠦᠯᠴᠡᠵᠦ᠂ |
︽ᠠᠮᠢ ᠠᠬᠤᠶ + ᠵᠢᠭᠤᠯᠴᠢᠯᠠᠯ︾ ᠤᠨ ᠣᠷᠴᠢᠨ ᠲᠣᠭᠤᠷᠢᠨ ᠤ ᠬᠠᠤᠯᠢ ᠴᠠᠭᠠᠵᠠ ᠶᠢᠨ ᠵᠠᠭᠪᠤᠷ ᠢ ᠬᠠᠶᠢᠨ |
ᠰᠦᠪᠡᠭᠴᠢᠯᠡᠪᠡ︔ ᠰᠢᠶᠠᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠦᠨᠳᠦᠰᠦᠲᠡᠨ ᠱᠠᠰᠢᠨ |
ᠰᠤᠷᠲᠠᠬᠤᠨ ᠤ ᠬᠡᠷᠡᠭ ᠡᠷᠭᠢᠯᠡᠬᠦ ᠲᠣᠪᠴᠢᠶ᠎ᠠ᠂ ᠤᠰᠤᠨ ᠤ ᠶᠠᠪᠤᠳᠠᠯ ᠤᠨ ᠲᠣᠪᠴᠢᠶ᠎ᠠ᠂ ᠬᠠᠤᠯᠢ ᠴᠠᠭᠠᠵᠠ ᠶᠢᠨ |
ᠲᠣᠪᠴᠢᠶ᠎ᠠ᠂ ᠬᠠᠲᠤᠨ ᠭᠤᠤᠯ ᠤᠨ ᠤᠰᠤᠨ ᠠᠰᠢᠭᠯᠠᠯᠲᠠ ᠶᠢᠨ ᠵᠥᠪᠯᠡᠯ ᠤᠨ ᠳᠧᠦ ᠳ᠋ᠤᠤ ᠭᠤᠸᠠᠶ ᠤᠰᠤᠨ |
ᠰᠢᠨᠵᠢᠯᠡᠭᠡᠨ ᠤ ᠥᠷᠲᠡᠭᠡ᠂ ᠬᠠᠲᠤᠨ ᠭᠤᠤᠯ ᠤᠨ ᠨᠤᠭᠤ ᠭᠠᠵᠠᠷ ᠤᠨ ᠬᠠᠮᠢᠶᠠᠷᠴᠤ ᠬᠠᠮᠠᠭᠠᠯᠠᠬᠤ ᠲᠥᠪ ᠤᠨ |
ᠬᠠᠮᠲᠤᠷᠠᠯᠴᠠᠭ᠎ᠠ ᠲᠠᠢ ᠬᠠᠮᠲᠤ ᠪᠠᠷ ᠪᠠᠶᠢᠭᠤᠯᠵᠤ᠂ ︽ᠠᠮᠢ ᠠᠬᠤᠶ + ᠠᠮᠢᠳᠤ ᠪᠣᠳᠠᠰ︾ ᠤᠨ ᠣᠷᠴᠢᠨ |
ᠲᠣᠭᠤᠷᠢᠨ ᠤ ᠬᠠᠤᠯᠢ ᠴᠠᠭᠠᠵᠠ ᠶᠢᠨ ᠵᠠᠭᠪᠤᠷ ᠢ ᠬᠠᠶᠢᠨ ᠰᠦᠪᠡᠭᠴᠢᠯᠡᠨ᠎ᠡ᠃ ᠡᠨᠡ ᠬᠤᠶᠠᠷ ᠵᠦᠢᠯ ᠤᠨ ᠵᠠᠭᠪᠤᠷ ᠨᠢ |
ᠲᠥᠯᠥᠪᠵᠢᠭᠦᠯᠭᠡ ᠶᠢ ᠵᠣᠯᠭᠠᠭᠤᠯᠬᠤ ᠶᠢ ᠴᠢᠩᠭᠠᠳᠬᠠᠵᠤ᠂ ᠲᠣᠭᠲᠠᠬᠤ ᠶᠢᠨ ᠪᠣᠳᠠᠲᠠᠶ ᠳᠤ ᠨᠡᠶᠢᠴᠡᠭᠰᠡᠨ |
ᠡᠯᠡᠰᠦᠷᠬᠡᠭᠵᠢᠯ ᠢ ᠰᠡᠷᠭᠡᠶᠢᠯᠡᠨ ᠡᠯᠡᠰᠦᠷᠬᠡᠭᠵᠢᠯ ᠢ ᠵᠠᠰᠠᠬᠤ ᠠᠷᠭ᠎ᠠ ᠬᠡᠮᠵᠢᠶ᠎ᠡ ᠶᠢ ᠲᠣᠭᠲᠠᠭᠠᠵᠤ᠂ ︽ᠡᠯᠡᠰᠦ |
ᠤᠷᠤᠭᠰᠢᠯᠠᠵᠤ ᠬᠥᠮᠦᠨ ᠤᠬᠤᠷᠢᠬᠤ︾ ᠠᠴᠠ ︽ᠨᠣᠭᠤᠭᠠᠷᠠᠭᠤᠯᠤᠯᠲᠠ ᠤᠷᠤᠭᠰᠢᠯᠠᠵᠤ ᠡᠯᠡᠰᠦ ᠤᠬᠤᠷᠢᠬᠤ︾ |
ᠲᠡᠶᠢᠰᠢ ᠬᠤᠪᠢᠷᠠᠭᠤᠯᠬᠤ ᠶᠢ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠶᠢᠨ |
ᠣᠷᠣᠨ ᠢ ᠵᠠᠰᠠᠵᠤ ᠰᠡᠷᠭᠦᠭᠡᠬᠦ ᠶᠢ ᠴᠢᠩᠭᠠᠳᠬᠠᠬᠤ᠂ ᠳᠡᠭᠡᠳᠦ ᠳᠤᠤᠷᠠᠳᠤ ᠤᠷᠤᠰᠬᠠᠯ ᠤᠨ ᠠᠮᠢ ᠠᠬᠤᠶ ᠶᠢᠨ |
ᠨᠥᠬᠦᠪᠥᠷᠢ ᠶᠢᠨ ᠲᠣᠭᠲᠠᠴᠠ ᠶᠢᠨ ᠰᠢᠨ᠎ᠡ ᠶᠢ ᠡᠭᠦᠳᠬᠦ᠂ ᠨᠠᠩ ᠥᠷᠭᠡᠨ ᠳᠡᠯᠭᠡᠷ ᠠᠮᠢᠳᠤ ᠪᠣᠳᠠᠰ ᠤᠨ ᠣᠯᠠᠨ |
ᠶᠠᠩᠵᠤᠲᠤ ᠴᠢᠨᠠᠷ ᠢ ᠬᠠᠮᠠᠭᠠᠯᠠᠬᠤ ︽ᠬᠠᠮᠲᠤᠷᠠᠯ ᠬᠦᠴᠦᠨ︾ ᠢ ᠨᠢᠭᠲᠠᠷᠠᠭᠤᠯᠬᠤ ᠲᠠᠯ᠎ᠠ ᠪᠠᠷ ᠲᠣᠪᠤᠶᠢᠮ᠎ᠠ ᠬᠤᠪᠢ |
ᠨᠡᠮᠡᠷᠢ ᠦᠵᠡᠭᠦᠯᠵᠡᠶ᠃ |
ᠲᠠᠷᠠᠭᠠᠴᠢ ᠶᠢᠨ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠨᠢ |
ᠲᠣᠭᠲᠠᠬᠤ ᠰᠢᠶᠠᠨ ᠤ ᠠᠷᠠᠳ ᠤᠨ ᠰᠢᠭᠦᠬᠦ ᠬᠤᠷᠢᠶ᠎ᠠ ᠲᠠᠢ ᠬᠠᠮᠲᠤ ᠪᠠᠷ ᠴᠢᠷᠮᠠᠶᠢᠵᠤ᠂ ᠣᠲᠣ ᠶᠢᠨ ᠪᠠᠶᠢᠭ᠎ᠠ ᠰᠠᠭᠤᠷᠢᠨ |
ᠳᠡᠭᠡᠷ᠎ᠡ ᠥᠪᠡᠷᠮᠢᠴᠡ ᠣᠨᠴᠠᠯᠢᠭ ᠲᠠᠢ᠂ ᠠᠭᠤᠯᠭ᠎ᠠ ᠪᠠᠷ ᠪᠠᠶᠠᠯᠢᠭ᠂ ᠬᠡᠯᠪᠡᠷᠢ ᠨᠢ ᠣᠯᠠᠨ ᠶᠠᠩᠵᠤ ᠶᠢᠨ᠂ ᠣᠯᠠᠨ |
ᠲᠦᠮᠡᠨ ᠳᠤ ᠬᠠᠨᠳᠤᠭᠤᠯᠤᠭᠰᠠᠨ᠂ ᠦᠨᠳᠦᠰᠦᠨ ᠱᠠᠲᠤᠨ ᠳᠤ ᠭᠦᠨᠵᠡᠭᠡᠶᠢᠷᠡᠭᠰᠡᠨ ᠥᠪᠥᠷ ᠮᠣᠩᠭᠤᠯ ᠤᠨ ᠤᠰᠤᠨ |
ᠠᠰᠢᠭᠯᠠᠯᠲᠠ ᠶᠢᠨ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠤᠨ ᠰᠠᠭᠤᠷᠢᠨ ᠭᠠᠵᠠᠷ ᠢ ᠪᠠᠶᠢᠭᠤᠯᠬᠤ ᠪᠠᠷ |
ᠴᠢᠷᠮᠠᠶᠢᠨ᠎ᠠ᠃ |
|
︵ᠰᠣᠨᠢᠨ ᠮᠡᠳᠡᠭᠡᠨ ᠤ ᠤᠬᠠᠭᠤᠯᠬᠤ ᠬᠡᠯᠲᠡᠰ᠂ ᠬᠠᠤᠯᠢ ᠪᠠᠷ ᠵᠠᠰᠠᠬᠤ ᠪᠠᠲᠤᠯᠠᠭ᠎ᠠ ᠶᠢᠨ ᠦᠢᠯᠡᠴᠢᠯᠡᠭᠡᠨ ᠤ |
ᠬᠡᠯᠲᠡᠰ︶ |
|