ᠠᠯᠤᠰ ᠰᠡᠷᠡᠯ ᠤᠨ ᠳᠠᠪᠠᠭᠤᠯᠢᠭ ᠲᠠᠢ ᠰᠢᠨᠵᠢᠯᠡᠭᠡᠨ ᠤ ᠰᠠᠯᠠᠭ᠎ᠠ ᠶᠢ ᠤᠯᠠᠮ ᠨᠢᠭᠡ ᠠᠯᠬᠤᠮ ᠪᠠᠶᠢᠭᠤᠯᠵᠤ᠂ |
ᠠᠯᠤᠰ ᠰᠡᠷᠡᠯ ᠤᠨ ᠮᠡᠷᠭᠡᠵᠢᠯ ᠢ ᠠᠰᠢᠭᠯᠠᠨ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯ ᠥᠷᠨᠢᠭᠦᠯᠬᠦ ᠴᠢᠳᠠᠪᠤᠷᠢ |
ᠪᠠ ᠬᠢᠷᠢ ᠲᠦᠪᠰᠢᠨ ᠢ ᠳᠡᠭᠡᠭᠰᠢᠯᠡᠭᠦᠯᠬᠦ ᠶᠢᠨ ᠲᠥᠯᠥᠭᠡ᠂ 1 ᠳ᠋ᠦ᠋ᠭᠡᠷ ᠰᠠᠷ᠎ᠠ ᠶᠢᠨ 8 ᠤ ᠡᠳᠦᠷ ᠤᠨ ᠦᠳᠡ ᠶᠢᠨ |
ᠡᠮᠦᠨ᠎ᠡ᠂ ᠥᠪᠥᠷ ᠮᠣᠩᠭᠤᠯ ᠤᠨ ᠤᠰᠤᠨ ᠤ ᠰᠢᠨᠵᠢᠯᠡᠬᠦ ᠤᠬᠠᠭᠠᠨ ᠤ ᠬᠦᠷᠢᠶᠡᠯᠡᠩ ᠤᠨ ᠤᠷᠢᠯᠭ᠎ᠠ ᠪᠠᠷ᠂ ᠾᠧ ᠬᠠᠶ |
ᠶᠡᠭᠡ ᠰᠤᠷᠭᠠᠭᠤᠯᠢ ᠶᠢᠨ ᠮᠡᠳᠡᠭᠡ ᠵᠠᠩᠭᠢ ᠶᠢ ᠬᠠᠶᠢᠨ ᠬᠡᠮᠵᠢᠬᠦ ᠪᠠ ᠠᠭᠤᠰᠤᠯᠴᠠᠭᠤᠯᠬᠤ ᠰᠤᠳᠤᠯᠭᠠᠨ ᠤ ᠭᠠᠵᠠᠷ ᠤᠨ |
ᠳᠠᠷᠤᠭ᠎ᠠ᠂ ᠳ᠋ᠣᠺᠲ᠋ᠣᠷᠠᠨᠲ ᠤᠨ ᠵᠢᠯᠣᠭᠤᠳᠣᠭᠴᠢ ᠪᠠᠭᠰᠢ᠂ ᠭᠧᠷᠮᠠᠨ ᠤ ᠰᠢ ᠭᠧᠨ ᠶᠡᠭᠡ ᠰᠤᠷᠭᠠᠭᠤᠯᠢ ︵Siegen︶ |
ᠶᠢᠨ ᠠᠶᠢᠯᠴᠢᠯᠠᠯ ᠤᠨ ᠡᠷᠳᠡᠮᠲᠡᠨ ᠴᠧᠨ ᠵᠢᠶᠠ ᠴᠢ ᠫᠷᠤᠹᠧᠰᠰᠤᠷ ᠪᠥᠬᠦ ᠰᠢᠨᠵᠢᠯᠡᠬᠦ ᠤᠬᠠᠭᠠᠨ ᠮᠡᠷᠭᠡᠵᠢᠯ ᠤᠨ |
ᠠᠵᠢᠯᠲᠠᠨ ᠳᠤ ︽ᠣᠯᠠᠨ ᠡᠬᠢᠲᠦ ᠥᠨᠳᠥᠷ ᠢᠯᠭᠠᠮᠵᠢᠲᠤ ᠠᠯᠤᠰ ᠰᠡᠷᠡᠯ ᠤᠨ ᠬᠠᠷᠠᠭᠠᠨ ᠳᠠᠬᠢ ᠤᠰᠤᠨ ᠤ ᠡᠬᠢ |
ᠪᠠᠶᠠᠯᠢᠭ ᠪᠠ ᠤᠰᠤᠨ ᠤ ᠣᠷᠴᠢᠨ ᠲᠣᠭᠤᠷᠢᠨ ᠢ ᠬᠢᠨᠠᠨ ᠬᠡᠮᠵᠢᠬᠦ︾ ᠭᠡᠬᠦ ᠰᠡᠳᠦᠪ ᠢᠶᠠᠷ ᠡᠷᠳᠡᠮ ᠰᠢᠨᠵᠢᠯᠡᠭᠡᠨ ᠤ |
ᠲᠠᠶᠢᠯᠤᠮᠵᠢ ᠬᠢᠪᠠ᠃ |
|
|
|
|
|
ᠲᠠᠶᠢᠯᠤᠮᠵᠢ ᠨᠢ ᠪᠠᠷᠠᠭᠤᠨ ᠣᠷᠣᠨ ᠤ ᠭᠠᠩ ᠬᠠᠭᠤᠷᠠᠶ ᠬᠠᠭᠠᠰ ᠭᠠᠩ ᠬᠠᠭᠤᠷᠠᠶ ᠰᠠᠪᠠ ᠭᠠᠵᠠᠷ ᠲᠤ |
ᠠᠩᠬᠠᠷᠤᠯ ᠢᠶᠠᠨ ᠲᠥᠪᠯᠡᠷᠡᠭᠦᠯᠪᠡ᠂ ᠲᠠᠢ ᠬᠤ᠋ ᠨᠠᠭᠤᠷ᠂ ᠬᠥᠯᠥᠨ ᠨᠠᠭᠤᠷ᠂ ᠪᠧᠢ ᠵᠢᠶᠠᠩ ᠮᠥᠷᠡᠨ ᠤ ᠶᠡᠭᠡ ᠬᠠᠰᠢᠯᠭ᠎ᠠ |
ᠵᠡᠷᠭᠡ ᠣᠷᠣᠨ ᠪᠦᠰᠡ ᠳᠤ ᠤᠰᠤᠨ ᠤ ᠡᠬᠢ ᠪᠠᠶᠠᠯᠢᠭ ᠪᠠ ᠤᠰᠤᠨ ᠤ ᠣᠷᠴᠢᠨ ᠲᠣᠭᠤᠷᠢᠨ ᠤ ᠲᠠᠯ᠎ᠠ ᠪᠠᠷ |
ᠣᠷᠣᠰᠢᠵᠤ ᠪᠠᠢᠭ᠎ᠠ ︽ᠤᠰᠤ ᠪᠠᠭ᠎ᠠ᠂ ᠪᠤᠵᠠᠷ ᠤᠰᠤ᠂ ᠤᠰᠤ ᠠᠷᠪᠢᠨ︾ ᠭᠤᠷᠪᠠᠨ ᠶᠡᠭᠡ ᠡᠮᠵᠡᠭ ᠠᠰᠠᠭᠤᠳᠠᠯ᠂ |
ᠣᠯᠠᠨ ᠡᠬᠢᠲᠦ ᠥᠨᠳᠥᠷ ᠢᠯᠭᠠᠮᠵᠢᠲᠤ ᠳᠠᠭᠠᠭᠤᠯᠢ ᠣᠳᠣᠨ ᠤ ᠠᠯᠤᠰ ᠰᠡᠷᠡᠯ ᠤᠨ ᠮᠡᠷᠭᠡᠵᠢᠯ ᠢ ᠠᠰᠢᠭᠯᠠᠨ ᠭᠠᠵᠠᠷ |
ᠳᠤᠤᠷᠠᠬᠢ ᠤᠰᠤᠨ ᠤ ᠰᠠᠪᠠ ᠭᠠᠵᠠᠷ ᠠᠯᠤᠰᠯᠠᠨ ᠨᠥᠬᠦᠪᠥᠷᠢᠯᠡᠬᠦ ᠪᠠ ᠭᠠᠳᠠᠭᠰᠢᠯᠠᠭᠤᠯᠬᠤ ᠶᠢ ᠲᠣᠳᠣᠷᠬᠠᠶᠢᠯᠠᠨ |
ᠥᠭᠦᠯᠡᠪᠡ᠂ ᠨᠠᠭᠤᠷ ᠴᠥᠭᠦᠷᠥᠮ ᠤᠨ ᠬᠥᠬᠡ ᠵᠠᠮᠠᠭ ᠤᠨ ᠬᠢᠨᠠᠨ ᠬᠡᠮᠵᠢᠯᠲᠡ ᠪᠠ ᠪᠦᠲᠦᠭᠰᠡᠨ ᠰᠢᠯᠲᠠᠭᠠᠨ᠂ |
ᠬᠠᠰᠢᠯᠭ᠎ᠠ ᠶᠢᠨ ᠬᠡᠯᠪᠡᠷᠢ ᠶᠢᠨ ᠬᠤᠪᠢᠷᠠᠯᠲᠠ ᠶᠢ ᠬᠢᠨᠠᠨ ᠬᠡᠮᠵᠢᠬᠦ ᠪᠠ ᠲᠦᠭᠰᠢᠭᠦᠷᠢ ᠶᠢ ᠦᠨᠡᠯᠡᠨ ᠵᠢᠱᠢᠬᠦ ᠵᠡᠷᠭᠡ |
ᠲᠠᠯ᠎ᠠ ᠪᠠᠷ ᠣᠯᠤᠭᠰᠠᠨ ᠦᠷ᠎ᠡ ᠪᠦᠲᠦᠭᠡᠯ᠂ ᠣᠯᠠᠨ ᠡᠬᠢᠲᠦ ᠠᠯᠤᠰ ᠰᠡᠷᠡᠯ ᠬᠢᠭᠡᠳ ᠵᠣᠬᠢᠶᠠᠮᠠᠯ ᠣᠶᠤᠨ ᠴᠢᠳᠠᠪᠤᠷᠢ |
ᠵᠡᠷᠭᠡ ᠠᠷᠭ᠎ᠠ ᠪᠠᠷᠢᠯ ᠢ ᠠᠰᠢᠭᠯᠠᠨ ᠤᠰᠤᠨ ᠤ ᠡᠬᠢ ᠪᠠᠶᠠᠯᠢᠭ ᠬᠢᠭᠡᠳ ᠤᠰᠤᠨ ᠤ ᠣᠷᠴᠢᠨ ᠲᠣᠭᠤᠷᠢᠨ ᠢ ᠬᠢᠨᠠᠨ |
ᠬᠡᠮᠵᠢᠬᠦ ᠳᠤᠮᠳᠠ ᠵᠢᠮ᠎ᠡ ᠬᠠᠤᠯᠢ ᠲᠠᠢ ᠤᠰᠤᠨ ᠤ ᠡᠬᠢ ᠰᠤᠷᠪᠤᠯᠵᠢ ᠶᠢᠨ ᠪᠠᠶᠢᠷᠢ ᠲᠣᠭᠲᠠᠭᠠᠯᠲᠠ ᠶᠢ ᠲᠣᠳᠣᠷᠬᠠᠶ |
ᠣᠶᠢᠯᠠᠭᠠᠬᠤ ᠬᠡᠷᠡᠭᠲᠡᠶ᠂ ᠣᠨᠣᠪᠴᠢᠲᠠᠶ ᠰᠢᠯᠲᠠᠭᠠᠨ ᠡᠷᠢᠬᠦ ᠰᠢᠨᠵᠢᠯᠡᠬᠦ ᠤᠬᠠᠭᠠᠨᠴᠢ ᠬᠠᠮᠢᠶᠠᠷᠤᠯᠲᠠ᠂ ᠬᠡᠪ ᠤᠨ ᠪᠤᠰᠤ |
ᠳᠠᠯᠳᠠ ᠭᠡᠮ ᠢ ᠬᠢᠨᠠᠨ ᠬᠡᠮᠵᠢᠬᠦ ᠤᠷᠢᠳᠴᠢᠯᠠᠨ ᠰᠡᠷᠡᠮᠵᠢᠯᠡᠬᠦ ᠵᠡᠷᠭᠡ ᠠᠵᠢᠯ ᠤᠨ ᠳᠤᠮᠳᠠᠬᠢ ᠬᠡᠷᠡᠭᠯᠡᠭᠡᠨ ᠤ ᠬᠡᠳᠦ ᠶᠢᠨ |
ᠲᠦᠯᠦᠪ ᠢ ᠬᠢᠨᠠᠨ ᠬᠡᠮᠵᠢᠨ᠎ᠡ᠃ |
|
|
|
|
|
ᠲᠠᠶᠢᠯᠤᠮᠵᠢ ᠨᠢ ᠰᠢᠰᠲ᠋ᠧᠮ ᠲᠣᠳᠣᠷᠬᠠᠶ᠂ ᠴᠢᠭᠯᠡᠭᠦᠯᠦᠯᠲᠦ ᠴᠢᠨᠠᠷ ᠢᠶᠠᠷ ᠴᠢᠩᠭ᠎ᠠ ᠪᠠᠶᠢᠵᠤ᠂ ᠤᠰᠤᠨ ᠤ |
ᠰᠢᠨᠵᠢᠯᠡᠬᠦ ᠤᠬᠠᠭᠠᠨ ᠤ ᠬᠦᠷᠢᠶᠡᠯᠡᠩ ᠤᠨ ᠠᠵᠢᠯᠲᠠᠨ ᠠᠵᠢᠯᠴᠢᠳ ᠤᠨ ᠬᠤᠶᠢᠰᠢᠳᠠ ᠠᠯᠤᠰ ᠰᠡᠷᠡᠯ ᠤᠨ ᠮᠡᠷᠭᠡᠵᠢᠯ ᠢ |
ᠠᠰᠢᠭᠯᠠᠨ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯ ᠥᠷᠨᠢᠭᠦᠯᠬᠦ ᠳᠤ ᠴᠢᠭᠯᠡᠯ ᠬᠥᠲᠥᠯᠥᠨ ᠳᠠᠭᠠᠭᠤᠯᠬᠤ ᠪᠠ |
ᠮᠠᠰᠢ ᠰᠠᠶᠢᠨ ᠵᠢᠯᠣᠭᠤᠳᠬᠤ ᠦᠢᠯᠡᠳᠦᠯ ᠦᠵᠡᠭᠦᠯᠪᠡ᠃ ᠠᠵᠢᠯᠲᠠᠨ ᠠᠵᠢᠯᠴᠢᠨ ᠨᠠᠷ ᠴᠥᠮ ᠮᠠᠰᠢ ᠣᠯᠠᠨ ᠠᠰᠢᠭ |
ᠲᠤᠰᠠ ᠭᠥᠷᠳᠡᠵᠡᠶ᠂ ᠬᠤᠶᠢᠰᠢᠳᠠ ᠲᠤᠰᠬᠠᠶ ᠮᠡᠷᠭᠡᠵᠢᠯᠲᠡᠨ ᠢ ᠤᠷᠢᠵᠤ ᠡᠷᠳᠡᠮ ᠰᠢᠨᠵᠢᠯᠡᠭᠡᠨ ᠤ ᠲᠠᠶᠢᠯᠤᠮᠵᠢ ᠬᠢᠯᠭᠡᠵᠦ᠂ |
ᠪᠥᠬᠦ ᠬᠦᠷᠢᠶᠡᠯᠡᠩ ᠤᠨ ᠡᠷᠳᠡᠮ ᠰᠢᠨᠵᠢᠯᠡᠭᠡᠨ ᠤ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢ |
ᠬᠦᠰᠡᠵᠦ ᠪᠠᠶᠢᠨ᠎ᠠ ᠭᠡᠵᠡᠶ᠃ |
|