2023 ᠣᠨ ᠳᠤ᠂ ᠮᠠᠨ ᠤ ᠣᠷᠣᠨ ᠤ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠬᠤᠳᠠᠯᠳᠤᠭ᠎ᠠ |
ᠡᠵᠡᠩᠨᠡᠬᠦ ᠣᠷᠴᠢᠨ ᠨᠥᠬᠦᠴᠡᠯ ᠢ ᠬᠦᠴᠦᠯᠡᠨ ᠰᠢᠯᠢᠳᠡᠭᠵᠢᠭᠦᠯᠵᠦ᠂ ᠡᠵᠡᠩᠨᠡᠯᠲᠡ ᠶᠢᠨ ᠭᠤᠤᠯ ᠴᠣᠭᠴᠠ ᠶᠢᠨ ᠶᠠᠰᠤ |
ᠴᠢᠨᠠᠷ ᠤᠨ ᠳᠡᠭᠡᠭᠰᠢᠯᠡᠯᠲᠡ ᠶᠢ ᠠᠬᠢᠭᠤᠯᠵᠤ᠂ ᠪᠥᠬᠦ ᠣᠷᠣᠨ ᠤ ᠡᠵᠡᠩᠨᠡᠯᠲᠡ ᠶᠢᠨ ᠭᠤᠤᠯ ᠴᠣᠭᠴᠠ ᠳᠤ |
ᠲᠣᠭᠲᠠᠭᠤᠨ ᠤ ᠳᠤᠮᠳᠠ ᠲᠦᠷᠭᠡᠨ ᠬᠥᠭᠵᠢᠬᠦ ᠪᠠᠶᠢᠳᠠᠯ ᠢᠯᠡᠷᠡᠪᠡ᠃ ᠥᠪᠡᠷᠲᠡᠭᠡᠨ ᠵᠠᠰᠠᠬᠤ ᠣᠷᠣᠨ ᠤ ᠵᠠᠬ᠎ᠠ |
ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠪᠦᠷᠢᠳᠬᠡᠯ ᠢ ᠦᠨᠳᠦᠰᠦᠯᠡᠪᠡᠯ᠂ 2023 ᠣᠨ ᠳᠤ |
ᠪᠥᠬᠦ ᠣᠷᠣᠨ ᠳᠤ ᠨᠡᠶᠢᠲᠡ 45.9 ᠲᠦᠮᠡᠨ ᠡᠵᠡᠩᠨᠡᠯᠲᠡ ᠶᠢᠨ ᠭᠤᠤᠯ ᠴᠣᠭᠴᠠ ᠶᠢ ᠰᠢᠨ᠎ᠡ ᠪᠠᠷ ᠪᠠᠶᠢᠭᠤᠯᠵᠤ᠂ |
ᠠᠳᠠᠯᠢ ᠬᠤᠭᠤᠴᠠᠭᠠᠨ ᠤ ᠬᠢ ᠠᠴᠠ 24.59 % ᠨᠡᠮᠡᠭᠳᠡᠵᠦ᠂ ᠡᠳᠦᠷ ᠳᠤᠮᠳᠠᠴᠢ ᠶᠢᠨ ︵ᠠᠵᠢᠯᠯᠠᠬᠤ ᠡᠳᠦᠷ︶ |
ᠡᠵᠡᠩᠨᠡᠯᠲᠡ ᠶᠢᠨ ᠭᠤᠤᠯ ᠴᠣᠭᠴᠠ 1843 ᠡᠷᠦᠬᠡ ᠰᠢᠨ᠎ᠡ ᠪᠠᠷ ᠪᠠᠶᠢᠭᠤᠯᠪᠠ᠃ ᠣᠳᠣᠬᠠᠨ ᠪᠣᠯᠲᠠᠯ᠎ᠠ᠂ ᠪᠥᠬᠦ |
ᠣᠷᠣᠨ ᠤ ᠡᠵᠡᠩᠨᠡᠯᠲᠡ ᠶᠢᠨ ᠭᠤᠤᠯ ᠴᠣᠭᠴᠠ ︵ᠰᠠᠯᠪᠤᠷᠢ ᠪᠠᠶᠢᠭᠤᠯᠤᠮᠵᠢ ᠶᠢ ᠪᠠᠭᠲᠠᠭᠠᠨ᠎ᠠ︶ 272.9 ᠲᠦᠮᠡᠨ |
ᠡᠷᠦᠬᠡ ᠪᠣᠯᠤᠨ ᠬᠥᠭᠵᠢᠵᠦ᠂ ᠠᠳᠠᠯᠢ ᠬᠤᠭᠤᠴᠠᠭᠠᠨ ᠤ ᠬᠢ ᠠᠴᠠ 7.87 % ᠪᠠᠷ ᠨᠡᠮᠡᠭᠳᠡᠪᠡ᠃ ᠮᠢᠩᠭᠠᠨ |
ᠬᠥᠮᠦᠨ ᠤ ᠡᠵᠡᠩᠨᠡᠯᠲᠡ ᠶᠢᠨ ᠭᠤᠤᠯ ᠴᠣᠭᠴᠠ ᠨᠡᠮᠡᠭᠳᠡᠭᠡᠳ 113.7 ᠡᠷᠦᠬᠡ ᠪᠣᠯᠵᠣ᠂ ᠮᠢᠩᠭᠠᠨ ᠬᠥᠮᠦᠨ ᠤ ᠠᠵᠤ |
ᠠᠬᠤᠶᠢᠯᠠᠯ ᠤᠨ ᠬᠡᠮᠵᠢᠶ᠎ᠡ 27.5 ᠡᠷᠦᠬᠡ ᠶᠢ ᠳᠠᠪᠠᠪᠠ᠃ |
2023 ᠣᠨ ᠳᠤ᠂ ᠮᠠᠨ ᠤ ᠣᠷᠣᠨ ᠤ ᠡᠵᠡᠩᠨᠡᠯᠲᠡ ᠶᠢᠨ ᠭᠤᠤᠯ ᠴᠣᠭᠴᠠ ᠳᠤ ᠣᠯᠠᠨ ᠣᠨᠴᠠᠯᠢᠭ |
ᠢᠯᠡᠷᠡᠪᠡ᠂ ᠡᠭᠦᠨ ᠳᠤ ᠪᠣᠳᠠᠲᠠᠶ ᠪᠠᠶᠢᠭ᠎ᠠ ᠡᠵᠡᠩᠨᠡᠯᠲᠡ ᠶᠢᠨ ᠭᠤᠤᠯ ᠴᠣᠭᠴᠠ ᠶᠢᠨ ᠶᠡᠷᠦᠩᠬᠡᠶ ᠬᠡᠮᠵᠢᠶ᠎ᠡ ᠰᠢᠨ᠎ᠡ |
ᠳᠡᠭᠲᠡᠷ ᠲᠤ ᠭᠠᠷᠬᠤ᠂ ᠰᠢᠨ᠎ᠡ ᠪᠠᠷ ᠪᠠᠶᠢᠭᠤᠯᠤᠭᠰᠠᠨ ᠡᠵᠡᠩᠨᠡᠯᠲᠡ ᠶᠢᠨ ᠭᠤᠤᠯ ᠴᠣᠭᠴᠠ ᠶᠢᠨ ᠨᠡᠮᠡᠭᠳᠡᠯ ᠤᠨ |
ᠬᠠᠨᠳᠤᠰᠢ ᠲᠦᠷᠭᠡᠨ ᠪᠠᠶᠢᠬᠤ᠂ ᠪᠠᠯᠠ ᠣᠷᠣᠭᠤᠯᠤᠯᠲᠠ ᠶᠢᠨ ᠪᠠᠶᠢᠳᠠᠯ ᠢ ᠲᠡᠳᠡᠨ ᠠᠪᠴᠢᠷᠠᠬᠤ ᠪᠠᠶᠢᠳᠠᠯ ᠦᠷᠭᠦᠯᠵᠢᠯᠡᠨ |
ᠰᠠᠶᠢᠵᠢᠷᠠᠬᠤ ᠵᠡᠷᠭᠡ ᠪᠠᠭᠲᠠᠨ᠎ᠠ᠃ |
ᠪᠣᠳᠠᠲᠠᠶ ᠡᠵᠡᠩᠨᠡᠯᠲᠡ ᠶᠢᠨ ᠪᠡᠶᠡᠴᠢ ᠴᠣᠭᠴᠠ ᠶᠢᠨ ᠲᠤᠭ᠎ᠠ ᠬᠡᠮᠵᠢᠶ᠎ᠡ ᠠᠴᠠ ᠦᠵᠡᠪᠡᠯ᠂ 18 ᠠᠵᠢᠯ |
ᠲᠥᠷᠥᠯ ᠤᠨ ᠲᠣᠮᠣ ᠲᠥᠷᠥᠯ ︵ᠪᠤᠰᠤᠳ ᠲᠥᠷᠥᠯ ᠪᠠᠭᠲᠠᠬᠤ ᠥᠬᠡᠶ︶ ᠤᠨ ᠳᠣᠲᠣᠷ᠎ᠠ ︽ᠮᠥᠩᠭᠦᠨ ᠭᠦᠢᠯᠭᠡᠭᠡᠨ ᠤ |
ᠦᠢᠯᠡᠰ︾᠂ ︽ᠤᠰᠤᠨ ᠠᠰᠢᠭᠯᠠᠯᠲᠠ᠂ ᠣᠷᠴᠢᠨ ᠠᠬᠤᠶ ᠪᠠ ᠣᠯᠠᠨ ᠨᠡᠶᠢᠲᠡ ᠶᠢᠨ ᠲᠥᠬᠦᠭᠡᠷᠦᠮᠵᠢ ᠶᠢᠨ |
ᠬᠠᠮᠢᠶᠠᠷᠤᠯᠲᠠ ᠶᠢᠨ ᠦᠢᠯᠡᠰ︾ ᠢ ᠭᠠᠷᠭᠠᠪᠠᠯ᠂ ᠪᠤᠰᠤᠳ ᠠᠵᠢᠯ ᠲᠥᠷᠥᠯ ᠨᠢ ᠴᠥᠮ ᠠᠳᠠᠯᠢ |
ᠬᠤᠭᠤᠴᠠᠭᠠᠨ ᠤ ᠬᠢ ᠠᠴᠠ ᠡᠶᠡᠷᠭᠦ ᠨᠡᠮᠡᠭᠳᠡᠯ ᠲᠠᠢ ᠪᠠᠶᠢᠵᠤ᠂ ᠲᠠᠪᠤᠨ ᠬᠤᠪᠢ ᠠᠴᠠ ᠳᠡᠭᠡᠭᠰᠢᠬᠢ ᠠᠵᠢᠯ ᠲᠥᠷᠥᠯ ᠤᠨ |
ᠠᠳᠠᠯᠢ ᠬᠤᠭᠤᠴᠠᠭᠠᠨ ᠤ ᠬᠢ ᠠᠴᠠ 10 % ᠪᠠᠷ ᠨᠡᠮᠡᠭᠳᠡᠵᠡᠶ᠂ ᠡᠭᠦᠨ ᠳᠤ ᠨᠡᠮᠡᠭᠳᠡᠯ ᠤᠨ ᠬᠤᠷᠳᠤᠴᠠ ᠨᠢ |
ᠲᠦᠷᠦᠭᠦᠦ 3 ᠶᠢᠨ ᠠᠵᠢᠯ ᠲᠥᠷᠥᠯ ᠨᠢ ᠲᠣᠰ ᠲᠣᠰ ︽ᠪᠠᠷᠢᠯᠭ᠎ᠠ ᠶᠢᠨ ᠦᠢᠯᠡᠰ︾ 26.6 %᠂ ︽ᠰᠣᠶᠣᠯ᠂ |
ᠪᠡᠶ᠎ᠡ ᠶᠢᠨ ᠲᠠᠮᠢᠷ ᠪᠠ ᠵᠤᠭ᠎ᠠ ᠴᠡᠩᠭᠡᠯ ᠤᠨ ᠦᠢᠯᠡᠰ︾ 19 . 8 %᠂ ︽ᠠᠭᠤᠷᠬᠠᠶ ᠮᠠᠯᠲᠠᠬᠤ ᠦᠢᠯᠡᠰ︾ 16. |
7 %᠃ |
ᠰᠢᠨ᠎ᠡ ᠪᠠᠷ ᠭᠠᠷᠭᠠᠭᠰᠠᠨ ᠪᠠᠶᠢᠳᠠᠯ ᠠᠴᠠ ᠦᠵᠡᠪᠡᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ |
ᠡᠷᠦᠬᠡ ᠶᠢᠨ ᠭᠤᠤᠯ ᠲᠠᠷᠬᠠᠯᠲᠠ ᠶᠢᠨ ᠠᠵᠢᠯ ᠲᠥᠷᠥᠯ ᠳᠤ᠂ ︽ᠬᠤᠨᠤᠭ ᠪᠠᠭᠤᠳᠠᠯ ᠪᠠ ᠢᠳᠡᠭᠡᠨ ᠤᠮᠳᠠᠭᠠᠨ ᠤ |
ᠦᠢᠯᠡᠰ︾᠂ ︽ᠵᠠᠮ ᠬᠠᠷᠢᠯᠴᠠᠭ᠎ᠠ ᠲᠡᠭᠡᠭᠡᠪᠦᠷᠢ᠂ ᠬᠥᠮᠥᠷᠭᠡᠯᠡᠯᠲᠡ ᠪᠠ ᠰᠢᠤᠳᠠᠨ ᠤ ᠦᠢᠯᠡᠰ︾᠂ ︽ᠰᠠᠭᠤᠭᠠᠯᠢ |
ᠠᠷᠠᠳ ᠤᠨ ᠦᠢᠯᠡᠴᠢᠯᠡᠭᠡ᠂ ᠰᠡᠯᠪᠢᠨ ᠵᠠᠰᠠᠯᠲᠠ ᠪᠠ ᠪᠤᠰᠤᠳ ᠦᠢᠯᠡᠴᠢᠯᠡᠭᠡᠨ ᠤ ᠦᠢᠯᠡᠰ︾ ᠢᠯᠡᠳᠲᠡ ᠨᠡᠮᠡᠭᠳᠡᠵᠦ᠂ |
ᠰᠢᠨ᠎ᠡ ᠪᠠᠷ ᠭᠠᠷᠭᠠᠭᠰᠠᠨ ᠨᠡᠮᠡᠭᠳᠡᠯ ᠤᠨ ᠬᠤᠷᠳᠤᠴᠠ ᠨᠢ ᠠᠳᠠᠯᠢ ᠬᠤᠭᠤᠴᠠᠭᠠᠨ ᠤ ᠬᠢ ᠠᠴᠠ ᠴᠥᠮ 20 % ᠶᠢ |
ᠳᠠᠪᠠᠵᠠᠶ᠃ ᠠᠵᠤ ᠠᠬᠤᠶᠢᠯᠠᠯ ᠤᠨ ᠭᠤᠤᠯ ᠲᠠᠷᠬᠠᠯᠲᠠ ᠶᠢᠨ ᠠᠵᠢᠯ ᠲᠥᠷᠥᠯ ᠤᠨ ᠳᠣᠲᠣᠷ᠎ᠠ᠂ ︽ᠪᠠᠷᠢᠯᠭ᠎ᠠ ᠶᠢᠨ |
ᠦᠢᠯᠡᠰ︾᠂ ︽ᠪᠥᠭᠡᠮ ᠢᠶᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ ᠦᠢᠯᠡᠰ︾᠂ ︽ᠲᠦᠷᠢᠶᠡᠰᠦᠯᠡᠯ ᠪᠠ |
ᠬᠤᠳᠠᠯᠳᠤᠭᠠᠨ ᠤ ᠶᠠᠪᠤᠳᠠᠯ ᠤᠨ ᠦᠢᠯᠡᠴᠢᠯᠡᠭᠡᠨ ᠤ ᠦᠢᠯᠡᠰ︾ ᠤᠨ ᠰᠢᠨ᠎ᠡ ᠪᠠᠷ ᠪᠠᠶᠢᠭᠤᠯᠤᠭᠰᠠᠨ ᠲᠤᠭ᠎ᠠ |
ᠬᠡᠮᠵᠢᠶ᠎ᠡ ᠨᠢ ᠠᠳᠠᠯᠢ ᠬᠤᠭᠤᠴᠠᠭᠠᠨ ᠤ ᠬᠢ ᠠᠴᠠ ᠨᠡᠯᠢᠶᠡᠳ ᠶᠡᠭᠡ ᠨᠡᠮᠡᠭᠳᠡᠵᠦ᠂ ᠲᠣᠰ ᠲᠣᠰ 42.88 %᠂ 22. |
65 %᠂ 19.61 % ᠪᠠᠶᠢᠪᠠ᠃ |
ᠡᠵᠡᠩᠨᠡᠯᠲᠡ ᠶᠢᠨ ᠪᠡᠶᠡᠴᠢ ᠴᠣᠭᠴᠠ ᠶᠢᠨ ᠲᠤᠭ᠎ᠠ ᠬᠡᠮᠵᠢᠶᠡᠨ ᠤ ᠨᠡᠮᠡᠭᠳᠡᠯ ᠪᠣᠯ ᠠᠵᠤ ᠠᠬᠤᠶ ᠨᠡᠶᠢᠭᠡᠮ ᠤᠨ |
ᠬᠥᠭᠵᠢᠯᠲᠡ ᠶᠢᠨ ᠪᠠᠶᠢᠳᠠᠯ ᠤᠨ ᠰᠢᠭᠤᠳ ᠲᠤᠰᠬᠠᠯ ᠮᠥᠨ᠂ ᠪᠠᠰᠠ ᠴᠤ ᠵᠠᠬ᠎ᠠ ᠳᠡᠯᠭᠡᠭᠦᠷ ᠤᠨ ᠢᠲᠡᠭᠡᠯ ᠢ ᠰᠢᠯᠭᠠᠬᠤ |
ᠴᠢᠬᠤᠯᠠ ᠵᠦᠭᠯᠡᠭᠦᠷ ᠮᠥᠨ᠃ 2024 ᠣᠨ ᠳᠤ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ |
ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ᠂ ᠵᠥᠪᠰᠢᠶᠡᠷᠡᠨ |
ᠣᠷᠣᠭᠤᠯᠬᠤ ᠣᠷᠴᠢᠨ ᠨᠥᠬᠦᠴᠡᠯ᠂ ᠬᠡᠷᠡᠭᠯᠡᠭᠡᠨ ᠤ ᠣᠷᠴᠢᠨ ᠨᠥᠬᠦᠴᠡᠯ ᠢ ᠲᠠᠰᠤᠷᠠᠯᠲᠠ ᠥᠬᠡᠶ ᠰᠢᠯᠢᠳᠡᠭᠵᠢᠭᠦᠯᠵᠦ᠂ |
ᠠᠵᠢᠯ ᠣᠯᠭᠤᠯᠲᠠ ᠶᠢ ᠲᠣᠭᠲᠠᠪᠤᠷᠢᠵᠢᠭᠤᠯᠬᠤ᠂ ᠳᠣᠲᠣᠭᠠᠳᠤ ᠬᠡᠷᠡᠭᠴᠡᠭᠡ ᠶᠢ ᠥᠷᠭᠡᠳᠬᠡᠬᠦ᠂ ᠶᠡᠷᠦᠩᠬᠡᠶ ᠬᠡᠮᠵᠢᠶ᠎ᠡ ᠶᠢ |
ᠳᠡᠭᠡᠭᠰᠢᠯᠡᠭᠦᠯᠬᠦ ᠳᠤ ᠨᠠᠩ ᠬᠦᠴᠦᠲᠡᠶ ᠲᠤᠯᠭᠠᠭᠤᠷᠢᠯᠠᠯ ᠬᠠᠩᠭᠠᠬᠤ ᠪᠣᠯᠤᠨ᠎ᠠ᠃ |
|