ᠬᠡᠯᠬᠢᠶᠡᠰᠦᠨ ᠨᠣᠮᠧᠷ᠄ 000014348/2024 — 06739 |
ᠭᠤᠣᠯ ᠰᠡᠳᠦᠪ ᠤᠨ ᠠᠩᠭᠢᠯᠠᠯ᠄ ᠤᠰᠤᠨ ᠠᠰᠢᠭᠯᠠᠯᠲᠠ |
ᠨᠡᠶᠢᠲᠡᠯᠡᠭᠰᠡᠨ ᠪᠠᠶᠢᠭᠤᠯᠤᠮᠵᠢ᠄ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ |
ᠪᠢᠴᠢᠭ ᠤᠨ ᠳ᠋ᠤᠭᠠᠷ᠄ ᠦᠪᠦᠷ ᠤᠰᠤᠨ ᠬᠠᠮᠠᠭᠠᠯᠠᠬᠤ ᠵᠦᠪᠰᠢᠶᠡᠷᠡᠯ ᠲᠤᠭᠲᠠᠭᠠᠯ ﹇2024﹈ 68 ᠳ᠋ᠤᠭᠠᠷ |
ᠲᠣᠭᠠᠲᠤ |
ᠪᠢᠴᠢᠭᠳᠡᠭᠰᠡᠨ ᠡᠳᠦᠷ ᠬᠤᠭᠤᠴᠠᠭ᠎ᠠ᠄ 2024 ᠣᠨ ᠤ 10 ᠳ᠋ᠤᠭᠠᠷ ᠰᠠᠷ᠎ᠠ ᠶᠢᠨ 10 ᠤ ᠡᠳᠦᠷ |
ᠠᠯᠪᠠᠨ ᠪᠢᠴᠢᠭ ᠤᠨ ᠬᠦᠴᠦᠨ ᠲᠠᠢ ᠬᠤᠭᠤᠴᠠᠭ᠎ᠠ᠄ ᠬᠦᠴᠦᠨ ᠲᠠᠢ |
|
ᠤᠯᠤᠰ ᠤᠨ ᠴᠠᠬᠢᠯᠭᠠᠨ ᠲᠣᠣᠷ ᠤᠨ ᠥᠪᠥᠷ ᠮᠣᠩᠭᠤᠯ ᠤᠨ ᠵᠡᠭᠦᠨ ᠬᠡᠰᠡᠭ ᠤᠨ ᠴᠠᠬᠢᠯᠭᠠᠨ ᠬᠦᠴᠦᠨ ᠤ ᠬᠢᠵᠠᠭᠠᠷᠲᠤ |
ᠺᠣᠮᠫᠠᠨᠢ ᠶᠢᠨ ᠤᠯᠠᠭᠠᠨᠬᠠᠳᠠ ᠳᠠᠬᠢ ᠴᠠᠬᠢᠯᠭᠠᠨ ᠬᠠᠩᠭᠠᠬᠤ ᠺᠣᠮᠫᠠᠨᠢ᠄ |
ᠮᠠᠨ ᠤ ᠲᠢᠩᠬᠢᠮ 2024 ᠣᠨ ᠤ 8 ᠳ᠋ᠤᠭᠠᠷ ᠰᠠᠷ᠎ᠠ ᠶᠢᠨ 23 ᠤ ᠡᠳᠦᠷ ᠲᠠᠨ ᠤ ᠺᠣᠮᠫᠠᠨᠢ ᠶᠢᠨ |
ᠳᠤᠷᠠᠳᠤᠭᠰᠠᠨ ᠥᠪᠥᠷ ᠮᠣᠩᠭᠤᠯ ᠤᠨ ᠵᠡᠭᠦᠨ ᠬᠡᠰᠡᠭ ᠤᠨ ᠤᠯᠠᠭᠠᠨᠬᠠᠳᠠ ᠶᠢᠨ ᠬᠡᠰᠢᠭᠲᠡᠨ ᠬᠤᠰᠢᠭᠤᠨ ᠤ 500 |
ᠺᠢᠯᠣᠸᠠᠲ ᠤᠨ ᠴᠠᠬᠢᠯᠭᠠᠨ ᠬᠦᠷᠭᠡᠬᠦ ᠬᠦᠴᠦᠳᠡᠯ ᠥᠭᠡᠷᠡᠴᠢᠯᠡᠬᠦ ᠢᠨᠵᠧᠨᠧᠷᠢᠩ ᠤᠨ ᠤᠰᠤ ᠬᠦᠷᠦᠰᠦ ᠶᠢ ᠬᠠᠮᠠᠭᠠᠯᠠᠬᠤ |
ᠲᠥᠰᠦᠯ ᠤᠨ ᠮᠡᠳᠡᠭᠦᠯᠦᠯᠲᠡ ᠶᠢᠨ ᠪᠢᠴᠢᠭ ᠢ ᠭᠥᠯᠢᠶᠡᠨ ᠠᠪᠴᠤ ᠰᠢᠢᠳᠪᠦᠷᠢᠯᠡᠨ᠎ᠡ ᠃ ᠬᠢᠨᠠᠨ ᠪᠠᠶᠢᠴᠠᠭᠠᠭᠠᠳ ᠂ ᠲᠤᠰ |
ᠭᠤᠶᠤᠴᠢᠯᠠᠯ ᠨᠢ ᠬᠠᠤᠯᠢ ᠪᠠᠷ ᠲᠣᠭᠲᠠᠭᠠᠭᠰᠠᠨ ᠨᠥᠬᠦᠴᠡᠯ ᠳᠤ ᠨᠡᠶᠢᠴᠡᠵᠦ ᠂ ︽ᠪᠦᠭᠦᠳᠡ ᠨᠠᠶᠢᠷᠠᠮᠳᠠᠬᠤ ᠳᠤᠮᠳᠠᠳᠤ |
ᠠᠷᠠᠳ ᠤᠯᠤᠰ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠬᠠᠤᠯᠢ︾ ᠶᠢᠨ ᠭᠤᠴᠢᠨ ᠨᠠᠢᠮᠠᠳᠤᠭᠠᠷ ᠵᠦᠢᠯ ᠤᠨ |
ᠨᠢᠭᠡᠳᠦᠭᠡᠷ ᠵᠤᠷᠪᠤᠰ ᠂ ︽ᠤᠰᠤᠨ ᠤ ᠵᠠᠰᠠᠭ ᠵᠠᠬᠢᠷᠭᠠᠨ ᠤ ᠵᠥᠪᠰᠢᠶᠡᠷᠡᠯ ᠤᠨ ᠬᠡᠷᠡᠭᠵᠢᠭᠦᠯᠬᠦ ᠠᠷᠭ᠎ᠠ︾ ᠶᠢᠨ ᠭᠤᠴᠢᠨ |
ᠬᠤᠶᠠᠳᠤᠭᠠᠷ ᠵᠦᠢᠯ ᠤᠨ ᠨᠢᠭᠡᠳᠦᠭᠡᠷ ᠵᠤᠷᠪᠤᠰ ᠢ ᠦᠨᠳᠦᠰᠦᠯᠡᠨ ᠂ ᠵᠠᠰᠠᠭ ᠵᠠᠬᠢᠷᠭᠠᠨ ᠤ ᠵᠥᠪᠰᠢᠶᠡᠷᠡᠯ ᠣᠯᠭᠤᠬᠤ ᠶᠢ |
ᠵᠥᠪᠰᠢᠶᠡᠷᠡᠬᠦ ᠪᠠᠷ ᠲᠣᠭᠲᠠᠪᠠ ᠃ |
ᠥᠪᠥᠷ ᠮᠣᠩᠭᠤᠯ ᠤᠨ ᠵᠡᠭᠦᠨ ᠬᠡᠰᠡᠭ ᠤᠨ ᠤᠯᠠᠭᠠᠨᠬᠠᠳᠠ ᠶᠢᠨ ᠬᠡᠰᠢᠭᠲᠡᠨ ᠬᠤᠰᠢᠭᠤᠨ ᠤ 500 |
ᠺᠢᠯᠣᠸᠠᠲ ᠤᠨ ᠴᠠᠬᠢᠯᠭᠠᠨ ᠬᠦᠷᠭᠡᠬᠦ ᠬᠦᠴᠦᠳᠡᠯ ᠥᠭᠡᠷᠡᠴᠢᠯᠡᠬᠦ ᠢᠨᠵᠧᠨᠧᠷᠢᠩ ᠨᠢ ᠥᠪᠥᠷ ᠮᠣᠩᠭᠤᠯ ᠤᠨ |
ᠥᠪᠡᠷᠲᠡᠭᠡᠨ ᠵᠠᠰᠠᠬᠤ ᠣᠷᠣᠨ ᠤ ᠤᠯᠠᠭᠠᠨᠬᠠᠳᠠ ᠬᠤᠲᠠ ᠶᠢᠨ ᠬᠡᠰᠢᠭᠲᠡᠨ ᠬᠤᠰᠢᠭᠤ ᠂ ᠯᠢᠨᠰᠢ ᠰᠢᠶᠠᠨ ᠂ ᠪᠠᠭᠠᠷᠢᠨ |
ᠪᠠᠷᠠᠭᠤᠨ ᠬᠤᠰᠢᠭᠤᠨ ᠤ ᠬᠢᠯᠢ ᠳᠣᠲᠣᠷ᠎ᠠ ᠪᠠᠶᠢᠷᠢᠯᠠᠵᠤ ᠂ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ |
ᠶᠡᠷᠦᠩᠬᠡᠶ ᠲᠠᠯᠠᠪᠠᠶ ᠨᠢ 90.81 ᠾᠧᠺᠲ᠋ᠠᠷ ᠲᠤ ᠬᠦᠷᠴᠦ ᠂ ᠨᠡᠶᠢᠲᠡ 49.16 ᠲᠦᠮᠡᠨ ᠪᠣᠰᠤᠭ᠎ᠠ ᠳᠥᠷᠪᠡᠯᠵᠢᠨ |
ᠮᠧᠲᠷ ᠰᠢᠷᠣᠶ ᠴᠢᠯᠠᠭᠤᠨ ᠤ ᠠᠵᠢᠯ ᠢ ᠡᠬᠢᠯᠡᠭᠦᠯᠪᠡ ᠃ ᠢᠨᠵᠧᠨᠧᠷᠢᠩ ᠤᠨ ᠶᠡᠷᠦᠩᠬᠡᠢ ᠪᠡᠯᠡ ᠣᠷᠣᠭᠤᠯᠤᠯᠲᠠ |
55463 ᠲᠦᠮᠡᠨ ᠲᠥᠭᠦᠷᠢᠭ ᠲᠤ ᠬᠦᠷᠴᠦ ᠂ 2024 ᠣᠨ ᠤ 10 ᠳ᠋ᠤᠭᠠᠷ ᠰᠠᠷ᠎ᠠ ᠳᠤ ᠠᠵᠢᠯ ᠢᠶᠠᠨ |
ᠡᠬᠢᠯᠡᠭᠦᠯᠵᠦ ᠂ 2025 ᠣᠨ ᠤ 12 ᠳ᠋ᠤᠭᠠᠷ ᠰᠠᠷ᠎ᠠ ᠳᠤ ᠠᠵᠢᠯ ᠢᠶᠠᠨ ᠳᠠᠭᠤᠰᠬᠠᠵᠤ ᠂ ᠶᠡᠷᠦᠩᠬᠡᠢ ᠠᠵᠢᠯ ᠤᠨ |
ᠬᠤᠭᠤᠴᠠᠭ᠎ᠠ 15 ᠰᠠᠷ᠎ᠠ ᠪᠣᠯᠤᠨ᠎ᠠ ᠃ |
ᠨᠢᠭᠡ ᠂ ᠤᠰᠤ ᠬᠦᠷᠦᠰᠦ ᠶᠢ ᠬᠠᠮᠠᠭᠠᠯᠠᠬᠤ ᠲᠥᠰᠦᠯ ᠤᠨ ᠶᠡᠷᠦᠩᠬᠡᠶ ᠰᠠᠨᠠᠯ |
︵ᠨᠢᠭᠡ︶ ᠪᠦᠲᠦᠭᠡᠨ ᠪᠠᠶᠢᠭᠤᠯᠬᠤ ᠬᠤᠭᠤᠴᠠᠭᠠᠨ ᠳᠤ ᠤᠰᠤ ᠬᠦᠷᠦᠰᠦ ᠶᠢᠨ ᠢᠳᠡᠭᠳᠡᠯ ᠢ ᠰᠡᠷᠭᠡᠶᠢᠯᠡᠨ |
ᠵᠠᠰᠠᠬᠤ ᠬᠠᠷᠢᠭᠤᠴᠠᠯᠭ᠎ᠠ ᠶᠢᠨ ᠬᠡᠪᠴᠢᠶ᠎ᠡ ᠨᠢ 90.81 ᠾᠧᠺᠲ᠋ᠠᠷ ᠲᠤ ᠬᠦᠷᠪᠡ ᠃ |
︵ᠬᠤᠶᠠᠷ︶ ᠤᠰᠤ ᠬᠦᠷᠦᠰᠦ ᠶᠢᠨ ᠢᠳᠡᠭᠳᠡᠯ ᠢ ᠰᠡᠷᠭᠡᠶᠢᠯᠡᠨ ᠵᠠᠰᠠᠬᠤ ᠳᠤ ᠤᠮᠠᠷᠠᠲᠤ ᠶᠢᠨ ᠨᠤᠲᠤᠭ ᠤᠨ |
ᠴᠢᠯᠠᠭᠤᠨ ᠠᠭᠤᠯᠠᠷᠬᠠᠭ ᠣᠷᠣᠨ ᠪᠠ ᠵᠡᠭᠦᠨ ᠬᠤᠶᠢᠲᠤ ᠶᠢᠨ ᠬᠠᠷ᠎ᠠ ᠬᠥᠷᠥᠰᠥᠲᠦ ᠣᠷᠣᠨ ᠤ ᠨᠢᠭᠡᠳᠦᠭᠡᠷ ᠳᠡᠰ ᠤᠨ |
ᠪᠠᠷᠢᠮᠵᠢᠶ᠎ᠠ ᠶᠢ ᠬᠡᠷᠡᠭᠵᠢᠭᠦᠯᠬᠦ ᠶᠢ ᠵᠥᠪᠰᠢᠶᠡᠷᠡᠨ᠎ᠡ ᠃ |
︵ᠭᠤᠷᠪᠠ︶ ᠦᠨᠳᠦᠰᠦᠨ ᠳᠡᠭᠡᠨ ᠵᠥᠪᠰᠢᠶᠡᠷᠡᠭᠰᠡᠨ ᠤᠰᠤ ᠬᠦᠷᠦᠰᠦ ᠶᠢᠨ ᠢᠳᠡᠭᠳᠡᠯ ᠢ ᠰᠡᠷᠭᠡᠶᠢᠯᠡᠨ ᠵᠠᠰᠠᠬᠤ |
ᠬᠠᠷᠠᠯᠲᠠ ᠪᠣᠯ᠄ ᠤᠰᠤ ᠬᠦᠷᠦᠰᠦ ᠶᠢᠨ ᠢᠳᠡᠭᠳᠡᠯ ᠢ ᠵᠠᠰᠠᠬᠤ ᠬᠡᠮᠵᠢᠶ᠎ᠡ 97% ᠂ ᠤᠰᠤ ᠬᠦᠷᠦᠰᠦ ᠶᠢᠨ ᠢᠳᠡᠭᠳᠡᠯ ᠢ |
ᠬᠢᠵᠠᠭᠠᠷᠯᠠᠬᠤ ᠨᠣᠷᠮ᠎ᠠ 1.0% ᠂ ᠬᠤᠭ ᠰᠢᠷᠣᠶ ᠶᠢᠨ ᠬᠠᠮᠠᠭᠠᠯᠠᠯᠲᠠ ᠶᠢᠨ ᠨᠣᠷᠮ᠎ᠠ 97% ᠂ ᠤᠰᠤ ᠬᠦᠷᠦᠰᠦ ᠶᠢᠨ |
ᠬᠠᠮᠠᠭᠠᠯᠠᠯᠲᠠ ᠶᠢᠨ ᠨᠣᠷᠮ᠎ᠠ 98% ᠂ ᠣᠶ ᠰᠢᠭᠤᠶ ᠡᠪᠡᠰᠦ ᠶᠢᠨ ᠤᠷᠭᠤᠮᠠᠯ ᠤᠨ ᠬᠤᠴᠢᠯᠭ᠎ᠠ ᠶᠢ ᠰᠡᠷᠭᠦᠭᠡᠭᠰᠡᠨ |
ᠨᠣᠷᠮ᠎ᠠ 97% ᠂ ᠣᠶ ᠰᠢᠭᠤᠢ ᠡᠪᠡᠰᠦ ᠪᠡᠯᠴᠢᠭᠡᠷ ᠤᠨ ᠪᠦᠷᠬᠦᠴᠡ ᠶᠢᠨ ᠨᠣᠷᠮ᠎ᠠ 27% ᠪᠣᠯᠤᠨ᠎ᠠ ᠃ |
︵ᠲᠦᠷᠪᠡ︶ ᠤᠰᠤ ᠬᠦᠷᠦᠰᠦ ᠶᠢᠨ ᠢᠳᠡᠭᠳᠡᠯ ᠢ ᠰᠡᠷᠭᠡᠶᠢᠯᠡᠨ ᠵᠠᠰᠠᠬᠤ ᠣᠷᠣᠨ ᠲᠣᠭᠤᠷᠢᠭ ᠵᠢᠴᠢ ᠣᠷᠣᠨ |
ᠬᠤᠪᠢᠶᠠᠨ ᠰᠡᠷᠭᠡᠶᠢᠯᠡᠨ ᠵᠠᠰᠠᠬᠤ ᠠᠷᠭ᠎ᠠ ᠬᠡᠮᠵᠢᠶ᠎ᠡ ᠶᠢᠨ ᠲᠣᠬᠢᠷᠠᠭᠤᠯᠤᠯᠲᠠ ᠶᠢ ᠦᠨᠳᠦᠰᠦᠨ ᠳᠡᠭᠡᠨ ᠵᠥᠪᠰᠢᠶᠡᠷᠡᠨ᠎ᠡ ᠃ |
︵ᠲᠠᠪᠤ ︶ ᠪᠦᠲᠦᠭᠡᠨ ᠪᠠᠶᠢᠭᠤᠯᠬᠤ ᠬᠤᠭᠤᠴᠠᠭᠠᠨ ᠳᠠᠬᠢ ᠤᠰᠤ ᠬᠦᠷᠦᠰᠦ ᠶᠢ ᠬᠠᠮᠠᠭᠠᠯᠠᠬᠤ ᠨᠥᠬᠦᠪᠦᠷᠢ |
ᠮᠥᠩᠭᠦ 154.377 ᠲᠦᠮᠡᠨ ᠲᠥᠭᠦᠷᠢᠭ ︵ᠡᠭᠦᠨ ᠳᠤ ᠬᠡᠰᠢᠭᠲᠡᠨ ᠬᠤᠰᠢᠭᠤᠨ ᠳᠤ 16.847 ᠲᠦᠮᠡᠨ |
ᠲᠥᠭᠦᠷᠢᠭ ᠂ ᠯᠢᠨᠰᠢ ᠰᠢᠶᠠᠨ ᠳᠤ 52.037 ᠲᠦᠮᠡᠨ ᠲᠥᠭᠦᠷᠢᠭ ᠂ ᠪᠠᠭᠠᠷᠢᠨ ᠪᠠᠷᠠᠭᠤᠨ ᠬᠤᠰᠢᠭᠤᠨ ᠳᠤ 85. |
493 ᠲᠦᠮᠡᠨ ᠲᠥᠭᠦᠷᠢᠭ︶ ᠶᠢ ᠦᠨᠳᠦᠰᠦᠨ ᠳᠤ ᠪᠠᠨ ᠵᠥᠪᠰᠢᠶᠡᠷᠡᠪᠡ ᠃ |
ᠬᠤᠶᠠᠷ ᠂ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠨᠢᠭᠡᠴᠢ ︽ᠪᠥᠬᠦᠳᠡ ᠨᠠᠶᠢᠷᠠᠮᠳᠠᠬᠤ ᠳᠤᠮᠳᠠᠳᠤ |
ᠠᠷᠠᠳ ᠤᠯᠤᠰ ᠤᠨ ᠤᠰᠤ ᠬᠦᠷᠦᠰᠦ ᠶᠢ ᠬᠠᠮᠠᠭᠠᠯᠠᠬᠤ ᠬᠠᠤᠯᠢ︾ ᠶᠢᠨ ᠡᠯ᠎ᠡ ᠵᠦᠢᠯ ᠤᠨ ᠱᠠᠭᠠᠷᠳᠠᠯᠭ᠎ᠠ ᠶᠢ ᠪᠥᠬᠦ |
ᠲᠠᠯ᠎ᠠ ᠪᠠᠷ ᠨᠠᠶᠢᠳᠠᠪᠤᠷᠢᠵᠢᠭᠤᠯᠬᠤ ᠶᠢᠨ ᠬᠠᠮᠲᠤ ᠳᠣᠤᠷᠠᠬᠢ ᠠᠵᠢᠯ ᠢ ᠭᠤᠤᠯᠳᠠᠯᠭ᠎ᠠ ᠲᠠᠢ ᠰᠠᠶᠢᠲᠤᠷ ᠬᠢᠬᠦ ᠬᠡᠷᠡᠭᠲᠡᠶ᠄ |
︵ᠨᠢᠭᠡ︶ ᠵᠥᠪᠰᠢᠶᠡᠷᠡᠭᠰᠡᠨ ᠤᠰᠤ ᠬᠦᠷᠦᠰᠦ ᠶᠢ ᠬᠠᠮᠠᠭᠠᠯᠠᠬᠤ ᠲᠥᠰᠦᠯ ᠤᠨ ᠶᠣᠰᠣᠭᠠᠷ ᠂ ᠤᠰᠤ |
ᠬᠦᠷᠦᠰᠦ ᠶᠢ ᠬᠠᠮᠠᠭᠠᠯᠠᠬᠤ ᠠᠩᠬ᠎ᠠ ᠠᠯᠬᠤᠮ ᠤᠨ ᠵᠢᠷᠤᠭ ᠲᠥᠯᠥᠪᠯᠡᠭᠡ ᠵᠡᠷᠭᠡ ᠵᠠᠯᠭᠠᠮᠵᠢ ᠵᠢᠷᠤᠭ ᠲᠥᠯᠥᠪᠯᠡᠭᠡ ᠶᠢ |
ᠰᠠᠶᠢᠲᠤᠷ ᠬᠢᠵᠦ ᠂ ᠪᠠᠷᠢᠯᠭ᠎ᠠ ᠪᠠᠷᠢᠬᠤ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠵᠢᠯ ᠢ ᠴᠢᠩᠭᠠᠳᠬᠠᠨ ᠂ |
︽ᠭᠤᠷᠪᠠ ᠶᠢ ᠵᠡᠷᠭᠡ ᠳᠤᠨᠢ ᠬᠢᠬᠦ︾ ᠳᠦᠷᠢᠮ ᠢ ᠦᠨᠡᠨ ᠬᠦ ᠨᠠᠶᠢᠳᠠᠪᠤᠷᠢᠵᠢᠭᠤᠯᠬᠤ ᠬᠡᠷᠡᠭᠲᠡᠶ ᠃ |
︵ᠬᠤᠶᠠᠷ︶ ᠲᠥᠰᠦᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠤᠰᠤ ᠬᠦᠷᠦᠰᠦ ᠶᠢ ᠬᠠᠮᠠᠭᠠᠯᠠᠬᠤ ᠡᠯ᠎ᠡ |
ᠵᠦᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠡᠭᠲᠡᠶ ᠃ ᠡᠯ᠎ᠡ ᠲᠥᠷᠥᠯ ᠤᠨ ᠪᠠᠷᠢᠯᠭ᠎ᠠ ᠪᠠᠷᠢᠬᠤ |
ᠠᠵᠢᠯᠯᠠᠭ᠎ᠠ ᠨᠢ ᠭᠠᠵᠠᠷ ᠬᠡᠷᠡᠭᠯᠡᠬᠦ ᠬᠡᠪᠴᠢᠶᠡᠨ ᠳᠣᠲᠣᠷ᠎ᠠ ᠳᠤᠷ᠎ᠠ ᠪᠠᠷ ᠢᠶᠠᠨ ᠡᠵᠡᠯᠡᠬᠦ ᠂ ᠭᠠᠵᠠᠷ ᠤᠨ ᠭᠠᠳᠠᠷᠭᠤ ᠶᠢᠨ |
ᠤᠷᠭᠤᠮᠠᠯ ᠤᠨ ᠬᠤᠴᠢᠯᠭ᠎ᠠ ᠶᠢ ᠰᠠᠮᠠᠭᠤᠷᠠᠭᠤᠯᠬᠤ ᠪᠠ ᠡᠪᠳᠡᠬᠦ ᠶᠢ ᠴᠢᠩᠭ᠎ᠠ ᠴᠠᠭᠠᠵᠠᠯᠠᠵᠤ ᠂ ᠤᠰᠤ ᠬᠦᠷᠦᠰᠦ ᠶᠢ |
ᠰᠠᠯᠭᠠᠬᠤ ᠂ ᠬᠠᠳᠠᠭᠠᠯᠠᠬᠤ ᠪᠠ ᠠᠰᠢᠭᠯᠠᠬᠤ ᠶᠢ ᠰᠠᠶᠢᠲᠤᠷ ᠬᠢᠬᠦ ᠬᠡᠷᠡᠭᠲᠡᠶ ᠃ ᠲᠥᠰᠦᠯ ᠤᠨ ᠱᠠᠭᠠᠷᠳᠠᠯᠭ᠎ᠠ ᠶᠢ |
ᠦᠨᠳᠦᠰᠦᠯᠡᠨ ᠪᠠᠷᠢᠯᠭ᠎ᠠ ᠪᠠᠷᠢᠬᠤ ᠴᠠᠭ ᠤᠨ ᠳᠠᠷᠠᠭᠠᠯᠠᠯ ᠪᠠ ᠤᠰᠤ ᠬᠦᠷᠦᠰᠦ ᠶᠢ ᠬᠠᠮᠠᠭᠠᠯᠠᠬᠤ ᠠᠷᠭ᠎ᠠ ᠬᠡᠮᠵᠢᠶ᠎ᠡ ᠶᠢ |
ᠬᠡᠷᠡᠭᠵᠢᠭᠦᠯᠬᠦ ᠠᠬᠢᠴᠠ ᠶᠢ ᠵᠦᠶ ᠵᠣᠬᠢᠰᠲᠠᠶ ᠲᠣᠬᠢᠷᠠᠭᠤᠯᠵᠤ ᠂ ᠪᠠᠷᠢᠯᠭ᠎ᠠ ᠪᠠᠷᠢᠬᠤ ᠬᠤᠭᠤᠴᠠᠭᠠᠨ ᠳᠤ ᠤᠰᠤ |
ᠬᠦᠷᠦᠰᠦ ᠶᠢᠨ ᠢᠳᠡᠭᠳᠡᠯ ᠢ ᠴᠢᠩᠭ᠎ᠠ ᠬᠢᠵᠠᠭᠠᠷᠯᠠᠬᠤ ᠬᠡᠷᠡᠭᠲᠡᠶ ᠃ |
︵ᠭᠤᠷᠪᠠ︶ ᠤᠰᠤ ᠬᠦᠷᠦᠰᠦ ᠶᠢ ᠬᠠᠮᠠᠭᠠᠯᠠᠬᠤ ᠬᠢᠨᠠᠨ ᠬᠡᠮᠵᠢᠬᠦ ᠠᠵᠢᠯ ᠢ ᠦᠨᠡᠨ ᠬᠦ ᠰᠠᠶᠢᠲᠤᠷ ᠬᠢᠵᠦ ᠂ |
ᠤᠰᠤ ᠬᠦᠷᠦᠰᠦ ᠶᠢᠨ ᠢᠳᠡᠭᠳᠡᠯ ᠤᠨ ᠪᠠᠶᠢᠳᠠᠯ ᠢ ᠬᠢᠨᠠᠨ ᠡᠵᠡᠮᠳᠡᠬᠦ ᠶᠢ ᠴᠢᠩᠭᠠᠳᠬᠠᠬᠤ ᠶᠢᠨ ᠬᠠᠮᠲᠤ ᠲᠣᠭᠲᠠᠭᠠᠯ |
ᠶᠣᠰᠣᠭᠠᠷ ᠮᠠᠨ ᠤ ᠲᠢᠩᠬᠢᠮ ᠵᠢᠴᠢ ᠤᠯᠠᠭᠠᠨᠬᠠᠳᠠ ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ ᠳᠤ ᠬᠢᠨᠠᠨ |
ᠬᠡᠮᠵᠢᠯᠲᠡ ᠶᠢᠨ ᠤᠯᠠᠷᠢᠯ ᠤᠨ ᠮᠡᠳᠡᠭᠦᠯᠦᠯᠲᠡ ᠵᠢᠴᠢ ᠳ᠋ᠦᠩᠨᠡᠯᠲᠡ ᠶᠢᠨ ᠮᠡᠳᠡᠭᠦᠯᠦᠯᠲᠡ ᠶᠢ ᠲᠤᠰᠢᠶᠠᠨ᠎ᠠ ᠃ |
︵ᠲᠦᠷᠪᠡ︶ ᠤᠰᠤ ᠬᠦᠷᠦᠰᠦ ᠶᠢ ᠬᠠᠮᠠᠭᠠᠯᠠᠬᠤ ᠬᠢᠨᠠᠯᠲᠠ ᠬᠠᠮᠢᠶᠠᠷᠤᠯᠲᠠ ᠶᠢᠨ ᠠᠵᠢᠯ ᠢ |
ᠨᠠᠶᠢᠳᠠᠪᠤᠷᠢᠵᠢᠭᠤᠯᠬᠤ ᠶᠢᠨ ᠬᠠᠮᠲᠤ ᠰᠠᠶᠢᠲᠤᠷ ᠬᠢᠵᠦ ᠂ ᠤᠰᠤ ᠬᠦᠷᠦᠰᠦ ᠶᠢ ᠬᠠᠮᠠᠭᠠᠯᠠᠬᠤ ᠢᠨᠵᠧᠨᠧᠷᠢᠩ ᠤᠨ |
ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠪᠣᠯᠤᠨ ᠠᠬᠢᠴᠠ ᠶᠢ ᠦᠨᠡᠨ ᠬᠦ ᠪᠠᠲᠤᠯᠠᠬᠤ ᠬᠡᠷᠡᠭᠲᠡᠶ ᠃ |
︵ᠲᠠᠪᠤ︶ ᠤᠰᠤ ᠬᠦᠷᠦᠰᠦ ᠶᠢ ᠬᠠᠮᠠᠭᠠᠯᠠᠬᠤ ᠨᠥᠬᠦᠪᠥᠷᠢ ᠵᠠᠷᠤᠳᠠᠯ ᠢ ᠬᠠᠤᠯᠢ ᠲᠣᠭᠲᠠᠭᠠᠯ ᠶᠣᠰᠣᠭᠠᠷ |
ᠭᠦᠢᠴᠡᠳ ᠲᠤᠭ᠎ᠠ ᠪᠠᠷ ᠲᠤᠰᠢᠶᠠᠨ᠎ᠠ ᠃ |
ᠭᠤᠷᠪᠠ ᠂ ᠲᠤᠰ ᠵᠦᠢᠯ ᠤᠨ ᠭᠠᠵᠠᠷ ᠣᠷᠣᠨ ᠂ ᠬᠡᠪᠴᠢᠶ᠎ᠡ ᠨᠢ ᠴᠢᠬᠤᠯᠠ ᠶᠡᠭᠡ ᠬᠤᠪᠢᠷᠠᠯᠲᠠ ᠭᠠᠷᠤᠭᠰᠠᠨ |
ᠪᠤᠶᠤ ᠤᠰᠤ ᠬᠦᠷᠦᠰᠦ ᠶᠢ ᠬᠠᠮᠠᠭᠠᠯᠠᠬᠤ ᠲᠥᠰᠦᠯ ᠢ ᠬᠡᠷᠡᠭᠵᠢᠭᠦᠯᠬᠦ ᠶᠠᠪᠤᠴᠠ ᠳᠤ ᠤᠰᠤ ᠬᠦᠷᠦᠰᠦ ᠶᠢ ᠬᠠᠮᠠᠭᠠᠯᠠᠬᠤ |
ᠠᠷᠭ᠎ᠠ ᠬᠡᠮᠵᠢᠶ᠎ᠡ ᠳᠤ ᠴᠢᠬᠤᠯᠠ ᠶᠡᠭᠡ ᠬᠤᠪᠢᠷᠠᠯᠲᠠ ᠭᠠᠷᠤᠭᠰᠠᠨ ᠪᠣᠯ ᠤᠰᠤ ᠬᠦᠷᠦᠰᠦ ᠶᠢ ᠬᠠᠮᠠᠭᠠᠯᠠᠬᠤ ᠲᠥᠰᠦᠯ ᠳᠤ |
ᠨᠥᠬᠦᠪᠥᠷᠢᠯᠡᠬᠦ ᠪᠤᠶᠤ ᠵᠠᠰᠠᠪᠤᠷᠢ ᠣᠷᠣᠭᠤᠯᠵᠤ ᠂ ᠮᠠᠨ ᠤ ᠲᠢᠩᠬᠢᠮ ᠳᠤ ᠮᠡᠳᠡᠭᠦᠯᠦᠨ ᠬᠢᠨᠠᠨ ᠵᠥᠪᠰᠢᠶᠡᠷᠡᠭᠦᠯᠬᠦ |
ᠬᠡᠷᠡᠭᠲᠡᠶ︔ ᠰᠢᠭᠠᠷᠤ ᠬᠠᠶᠠᠬᠤ ᠬᠡᠮᠵᠢᠶ᠎ᠡ ᠨᠢ ᠨᠡᠮᠡᠭᠳᠡᠭᠰᠡᠨ ᠠᠴᠠ ᠪᠣᠯᠵᠤ ᠰᠢᠭᠠᠷᠤ ᠬᠠᠶᠠᠬᠤ ᠲᠠᠯᠠᠪᠠᠶ ᠶᠢᠨ ᠵᠡᠷᠭᠡ |
ᠳᠡᠰ ᠨᠢ ᠳᠡᠭᠡᠭᠰᠢᠯᠡᠭᠰᠡᠨ ᠪᠣᠯ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠨᠢᠭᠡᠴᠢ ᠨᠢ ᠰᠢᠭᠠᠷᠤ ᠶᠢᠨ |
ᠬᠡᠮᠵᠢᠶ᠎ᠡ ᠶᠢ ᠪᠠᠭᠠᠰᠬᠠᠬᠤ ᠂ ᠡᠬᠢ ᠪᠠᠶᠠᠯᠢᠭᠵᠢᠭᠤᠯᠤᠯᠲᠠ ᠶᠢ ᠨᠤᠲᠠᠯᠠᠬᠤ ᠶᠢ ᠥᠷᠨᠢᠭᠦᠯᠬᠦ ᠶᠢᠨ ᠬᠠᠮᠲᠤ ᠰᠢᠭᠠᠷᠤ ᠶᠢᠨ |
ᠡᠮᠦᠨ᠎ᠡ ᠤᠰᠤ ᠬᠦᠷᠦᠰᠦ ᠶᠢ ᠬᠠᠮᠠᠭᠠᠯᠠᠬᠤ ᠲᠥᠰᠦᠯ ᠤᠨ ᠨᠥᠬᠦᠪᠥᠷᠢ ᠮᠡᠳᠡᠭᠦᠯᠦᠯᠲᠡ ᠶᠢ ᠨᠠᠶᠢᠷᠠᠭᠤᠯᠤᠨ ᠵᠣᠬᠢᠶᠠᠵᠤ ᠂ |
ᠮᠠᠨ ᠤ ᠲᠢᠩᠬᠢᠮ ᠳᠤ ᠮᠡᠳᠡᠭᠦᠯᠦᠨ ᠬᠢᠨᠠᠨ ᠵᠥᠪᠰᠢᠶᠡᠷᠡᠭᠦᠯᠦᠨ᠎ᠡ ᠃ |
ᠳᠥᠷᠪᠡ ᠂ ᠲᠠᠨ ᠤ ᠨᠢᠭᠡᠴᠢ ᠪᠣᠯ ᠲᠤᠰ ᠲᠥᠷᠥᠯ ᠵᠦᠢᠯ ᠤᠨ ᠤᠰᠤ ᠬᠦᠷᠦᠰᠦ ᠶᠢ ᠬᠠᠮᠠᠭᠠᠯᠠᠬᠤ |
ᠪᠡᠯᠡᠳᠬᠡᠮᠵᠢ ᠶᠢ ᠰᠢᠯᠭᠠᠨ ᠠᠪᠬᠤ ᠬᠠᠷᠢᠭᠤᠴᠠᠯᠭ᠎ᠠ ᠶᠢᠨ ᠭᠤᠤᠯ ᠴᠣᠭᠴᠠ ᠪᠣᠯᠬᠤ ᠲᠤᠯᠠ ᠂ ᠲᠤᠰ ᠲᠥᠷᠥᠯ ᠵᠦᠢᠯ ᠢ |
ᠠᠰᠢᠭᠯᠠᠯᠲᠠ ᠳᠤ ᠣᠷᠣᠭᠤᠯᠬᠤ ᠠᠴᠠ ᠡᠮᠦᠨ᠎ᠡ ᠂ ᠤᠰᠤ ᠬᠦᠷᠦᠰᠦ ᠶᠢ ᠬᠠᠮᠠᠭᠠᠯᠠᠬᠤ ᠪᠡᠯᠡᠳᠬᠡᠮᠵᠢ ᠶᠢ ᠡᠵᠡᠨ ᠮᠡᠳᠡᠵᠦ |
ᠰᠢᠯᠭᠠᠨ ᠠᠪᠬᠤ ᠶᠢ ᠥᠩᠭᠡᠷᠡᠭᠡᠬᠦ ᠬᠡᠷᠡᠭᠲᠡᠶ ᠃ ᠡᠵᠡᠨ ᠮᠡᠳᠡᠨ ᠰᠢᠯᠭᠠᠨ ᠠᠪᠬᠤ ᠳᠤ ᠤᠰᠤ ᠬᠦᠷᠦᠰᠦ ᠶᠢ ᠬᠠᠮᠠᠭᠠᠯᠠᠬᠤ |
ᠬᠠᠤᠯᠢ ᠴᠠᠭᠠᠵᠠ ᠬᠠᠤᠯᠢ ᠲᠣᠭᠲᠠᠭᠠᠯ ᠂ ᠪᠠᠷᠢᠮᠵᠢᠶ᠎ᠠ ᠶᠢᠨ ᠵᠢᠷᠤᠮᠵᠢᠯ ᠂ ᠤᠰᠤ ᠬᠦᠷᠦᠰᠦ ᠶᠢ ᠬᠠᠮᠠᠭᠠᠯᠠᠬᠤ ᠲᠥᠰᠦᠯ |
ᠬᠢᠭᠡᠳ ᠲᠤᠰ ᠬᠢᠨᠠᠨ ᠵᠥᠪᠰᠢᠶᠡᠷᠡᠭᠰᠡᠨ ᠲᠣᠭᠲᠠᠭᠠᠯ ᠂ ᠤᠰᠤ ᠬᠦᠷᠦᠰᠦ ᠶᠢ ᠬᠠᠮᠠᠭᠠᠯᠠᠬᠤ ᠵᠠᠯᠭᠠᠮᠵᠢ ᠵᠢᠷᠤᠭ |
ᠲᠥᠯᠥᠪᠯᠡᠭᠡ ᠵᠡᠷᠭᠡ ᠶᠢ ᠦᠨᠳᠦᠰᠦᠯᠡᠨ ᠶᠠᠪᠤᠭᠳᠠᠭᠤᠯᠵᠤ ᠂ ᠤᠰᠤ ᠬᠦᠷᠦᠰᠦ ᠶᠢ ᠬᠠᠮᠠᠭᠠᠯᠠᠬᠤ ᠪᠡᠯᠡᠳᠬᠡᠮᠵᠢ ᠶᠢ |
ᠰᠢᠯᠭᠠᠨ ᠠᠪᠬᠤ ᠪᠠᠷᠢᠮᠵᠢᠶ᠎ᠠ ᠪᠣᠯᠤᠨ ᠨᠥᠬᠦᠴᠡᠯ ᠢ ᠴᠢᠩᠭ᠎ᠠ ᠬᠡᠷᠡᠭᠵᠢᠭᠦᠯᠬᠦ ᠬᠡᠷᠡᠭᠲᠡᠶ ᠃ ᠤᠰᠤ ᠬᠦᠷᠦᠰᠦ ᠶᠢ |
ᠬᠠᠮᠠᠭᠠᠯᠠᠬᠤ ᠪᠡᠯᠡᠳᠬᠡᠮᠵᠢ ᠶᠢ ᠡᠵᠡᠨ ᠮᠡᠳᠡᠵᠦ ᠰᠢᠯᠭᠠᠨ ᠠᠪᠬᠤ ᠳᠤ ᠬᠢᠷᠢ ᠲᠡᠩᠴᠡᠭᠰᠡᠨ ᠤ ᠳᠠᠷᠠᠭ᠎ᠠ ᠂ ᠠᠯᠪᠠᠨ ᠤ |
ᠰᠦᠯᠵᠢᠶᠡᠨ ᠥᠷᠲᠡᠭᠡ ᠪᠤᠶᠤ ᠪᠤᠰᠤᠳ ᠣᠯᠠᠨ ᠨᠡᠶᠢᠲᠡ ᠶᠢᠨ ᠣᠯᠵᠤ ᠮᠡᠳᠡᠭᠰᠡᠨ ᠨᠧᠲ ᠲᠤ ᠤᠰᠤ ᠬᠦᠷᠦᠰᠦ ᠶᠢ |
ᠬᠠᠮᠠᠭᠠᠯᠠᠬᠤ ᠪᠡᠯᠡᠳᠬᠡᠮᠵᠢ ᠶᠢᠨ ᠰᠢᠯᠭᠠᠨ ᠠᠪᠬᠤ ᠮᠠᠲ᠋ᠧᠷᠢᠶᠠᠯ ᠢ ᠴᠠᠭ ᠲᠤᠬᠠᠶ ᠳᠤᠨᠢ ᠨᠡᠶᠢᠲᠡᠯᠡᠵᠦ ᠂ ᠢᠯᠡ ᠨᠡᠶᠢᠲᠡᠯᠡᠬᠦ |
ᠴᠠᠭ ᠬᠤᠭᠤᠴᠠᠭ᠎ᠠ ᠶᠢ ᠨᠢ 20 ᠠᠵᠢᠯᠯᠠᠬᠤ ᠡᠳᠦᠷ ᠠᠴᠠ ᠳᠤᠲᠠᠭᠤ ᠪᠠᠶᠢᠯᠭᠠᠵᠤ ᠪᠣᠯᠬᠤ ᠦᠭᠡᠶ ᠤᠰᠤ ᠬᠦᠷᠦᠰᠦ ᠶᠢ |
ᠬᠠᠮᠠᠭᠠᠯᠠᠬᠤ ᠪᠡᠯᠡᠳᠬᠡᠮᠵᠢ ᠶᠢ ᠡᠵᠡᠨ ᠮᠡᠳᠡᠨ ᠰᠢᠯᠭᠠᠨ ᠠᠪᠴᠤ ᠥᠩᠭᠡᠷᠡᠭᠰᠡᠨ ᠤ ᠳᠠᠷᠠᠭ᠎ᠠ 3 ᠰᠠᠷ᠎ᠠ ᠶᠢᠨ ᠳᠣᠲᠣᠷ᠎ᠠ |
ᠮᠠᠨ ᠤ ᠲᠢᠩᠬᠢᠮ ᠳᠤ ᠤᠰᠤ ᠬᠦᠷᠦᠰᠦ ᠶᠢ ᠬᠠᠮᠠᠭᠠᠯᠠᠬᠤ ᠪᠡᠯᠡᠳᠬᠡᠮᠵᠢ ᠶᠢᠨ ᠰᠢᠯᠭᠠᠨ ᠠᠪᠬᠤ ᠮᠠᠲ᠋ᠧᠷᠢᠶᠠᠯ ᠢᠶᠠᠨ |
ᠮᠡᠳᠡᠭᠦᠯᠦᠨ ᠳᠠᠩᠰᠠᠯᠠᠭᠤᠯᠬᠤ ᠬᠡᠷᠡᠭᠲᠡᠶ︔ ᠤᠰᠤ ᠬᠦᠷᠦᠰᠦ ᠶᠢ ᠬᠠᠮᠠᠭᠠᠯᠠᠬᠤ ᠪᠡᠯᠡᠳᠬᠡᠮᠵᠢ ᠨᠢ ᠰᠢᠯᠭᠠᠨ ᠠᠪᠬᠤ ᠶᠢ |
ᠳᠠᠮᠵᠢᠭᠰᠠᠨ ᠦᠭᠡᠶ ᠪᠤᠶᠤ ᠰᠢᠯᠭᠠᠨ ᠠᠪᠬᠤ ᠳᠤ ᠬᠢᠷᠢ ᠲᠡᠩᠴᠡᠭᠰᠡᠨ ᠦᠭᠡᠶ ᠪᠣᠯ ᠠᠰᠢᠭᠯᠠᠯᠲᠠ ᠳᠤ ᠣᠷᠣᠭᠤᠯᠤᠨ |
ᠬᠡᠷᠡᠭᠯᠡᠵᠦ ᠪᠣᠯᠬᠤ ᠦᠭᠡᠶ ᠃ |
ᠲᠠᠪᠤ ᠂ ᠲᠤᠰ ᠵᠥᠪᠰᠢᠶᠡᠷᠡᠯ ᠤᠨ ᠪᠢᠴᠢᠭ ᠮᠠᠲ᠋ᠧᠷᠢᠶᠠᠯ ᠢ ᠵᠥᠪᠰᠢᠶᠡᠷᠡᠭᠰᠡᠨ ᠡᠳᠦᠷ ᠠᠴᠠ ᠡᠬᠢᠯᠡᠨ ᠬᠦᠴᠦᠨ |
ᠪᠦᠬᠦᠢ ᠬᠤᠭᠤᠴᠠᠭ᠎ᠠ ᠨᠢ 3 ᠵᠢᠯ ᠪᠣᠯᠤᠨ᠎ᠠ ᠃ ᠵᠥᠪᠰᠢᠶᠡᠷᠡᠭᠰᠡᠨ ᠪᠢᠴᠢᠭ ᠮᠠᠲ᠋ᠧᠷᠢᠶᠠᠯ ᠤᠨ ᠬᠦᠴᠦᠨ ᠲᠠᠢ |
ᠬᠤᠭᠤᠴᠠᠭᠠᠨ ᠳᠣᠲᠣᠷ᠎ᠠ ᠠᠵᠢᠯ ᠡᠬᠢᠯᠡᠭᠦᠯᠦᠨ ᠪᠦᠲᠦᠭᠡᠨ ᠪᠠᠶᠢᠭᠤᠯᠤᠭᠰᠠᠨ ᠦᠭᠡᠶ ᠪᠣᠯ ᠦᠢᠯᠡᠳᠪᠦᠷᠢᠯᠡᠵᠦ |
ᠪᠦᠲᠦᠭᠡᠨ ᠪᠠᠶᠢᠭᠤᠯᠬᠤ ᠨᠢᠭᠡᠴᠢ ᠨᠢ ᠵᠥᠪᠰᠢᠶᠡᠷᠡᠭᠰᠡᠨ ᠪᠢᠴᠢᠭ ᠮᠠᠲ᠋ᠧᠷᠢᠶᠠᠯ ᠤᠨ ᠬᠦᠴᠦᠨ ᠲᠠᠢ ᠬᠤᠭᠤᠴᠠᠭ᠎ᠠ ᠨᠢ |
ᠳᠦᠭᠦᠷᠬᠦ ᠠᠴᠠ 30 ᠠᠵᠢᠯᠯᠠᠬᠤ ᠡᠳᠦᠷ ᠤᠨ ᠡᠮᠦᠨ᠎ᠡ ᠮᠠᠨ ᠤ ᠲᠢᠩᠬᠢᠮ ᠳᠤ ᠳᠠᠬᠢᠨ ᠬᠢᠨᠠᠭᠤᠯᠬᠤ ᠪᠠᠷ ᠭᠤᠶᠤᠴᠢᠯᠠᠬᠤ |
ᠬᠡᠷᠡᠭᠲᠡᠶ ᠃ ᠲᠥᠷᠥᠯ ᠵᠦᠢᠯ ᠢ ᠵᠥᠪᠰᠢᠶᠡᠷᠡᠭᠰᠡᠨ ᠪᠢᠴᠢᠭ ᠮᠠᠲ᠋ᠧᠷᠢᠶᠠᠯ ᠤᠨ ᠬᠦᠴᠦᠨ ᠲᠠᠢ ᠬᠤᠭᠤᠴᠠᠭᠠᠨ ᠳᠣᠲᠣᠷ᠎ᠠ |
ᠠᠵᠢᠯ ᠡᠬᠢᠯᠡᠭᠦᠯᠦᠨ ᠪᠦᠲᠦᠭᠡᠨ ᠪᠠᠶᠢᠭᠤᠯᠤᠭᠰᠠᠨ ᠦᠭᠡᠶ ᠮᠥᠷᠲᠡᠭᠡᠨ ᠳᠠᠬᠢᠵᠤ ᠬᠢᠨᠠᠨ ᠬᠠᠷᠭᠤᠭᠤᠯᠬᠤ ᠪᠠᠷ |
ᠭᠤᠶᠤᠴᠢᠯᠠᠭᠰᠠᠨ ᠦᠭᠡᠶ ᠪᠤᠶᠤ ᠭᠤᠶᠤᠴᠢᠯᠠᠯ ᠢ ᠳᠠᠬᠢᠵᠤ ᠬᠢᠨᠠᠨ ᠬᠠᠷᠭᠤᠭᠤᠯᠬᠤ ᠪᠠᠷ ᠳᠤᠷᠠᠳᠤᠭᠰᠠᠨ ᠪᠣᠯᠪᠠᠴᠤ |
ᠵᠥᠪᠰᠢᠶᠡᠷᠡᠭᠳᠡᠭᠰᠡᠨ ᠦᠭᠡᠶ ᠪᠣᠯ ᠂ ᠲᠤᠰ ᠵᠥᠪᠰᠢᠶᠡᠷᠡᠭᠰᠡᠨ ᠪᠢᠴᠢᠭ ᠮᠠᠲ᠋ᠧᠷᠢᠶᠠᠯ ᠨᠢ ᠠᠶᠠᠨᠳᠠᠭᠠᠨ ᠬᠦᠴᠦᠨ ᠦᠭᠡᠶ |
ᠪᠣᠯᠤᠨ᠎ᠠ ᠃ |
|
ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠤᠰᠤᠨ ᠠᠰᠢᠭᠯᠠᠯᠲᠠ ᠶᠢᠨ ᠲᠢᠩᠬᠢᠮ |
2024 ᠣᠨ ᠤ 10 ᠳ᠋ᠤᠭᠠᠷ ᠰᠠᠷ᠎ᠠ ᠶᠢᠨ 10 ᠤ ᠡᠳᠦᠷ |
|
ᠳᠠᠭᠠᠯᠳᠤᠭᠤᠯᠤᠯ᠄ |
ᠦᠪᠦᠷ ᠮᠤᠩᠭᠤᠯ ᠤᠨ ᠵᠡᠭᠦᠨ ᠬᠡᠰᠡᠭ ᠤᠨ ᠣᠯᠠᠭᠠᠨᠬᠠᠳᠠ ᠶᠢᠨ ᠬᠡᠰᠢᠭᠳᠡᠨ ᠬᠤᠰᠢᠭᠤᠨ ᠤ 500 |
ᠺᠢᠯᠣᠸᠠᠲ ᠤᠨ ᠴᠠᠬᠢᠯᠭᠠᠨ ᠬᠦᠷᠭᠡᠬᠦ ᠬᠦᠴᠦᠳᠡᠯ ᠥᠭᠡᠷᠡᠴᠢᠯᠡᠬᠦ ᠢᠨᠵᠧᠨᠧᠷᠢᠩ ᠤᠨ ᠤᠰᠤ ᠬᠦᠷᠦᠰᠦ ᠶᠢ ᠬᠠᠮᠠᠭᠠᠯᠠᠬᠤ |
ᠲᠦᠰᠦᠯ ᠤᠨ ᠮᠡᠳᠡᠭᠦᠯᠦᠯᠳᠡ ᠶᠢᠨ ᠪᠢᠴᠢᠭ ︵ᠮᠡᠳᠡᠭᠦᠯᠦᠯᠲᠡ PDF ᠬᠡᠪᠯᠡᠯ︶ .pdf |
︽ᠥᠪᠥᠷ ᠮᠣᠩᠭᠤᠯ ᠤᠨ ᠵᠡᠭᠦᠨ ᠬᠡᠰᠡᠭ ᠤᠨ ᠤᠯᠠᠭᠠᠨᠬᠠᠳᠠ ᠶᠢᠨ ᠬᠡᠰᠢᠭᠲᠡᠨ ᠬᠤᠰᠢᠭᠤᠨ ᠤ 500 |
ᠺᠢᠯᠣᠸᠠᠲ ᠤᠨ ᠴᠠᠬᠢᠯᠭᠠᠨ ᠬᠦᠷᠭᠡᠬᠦ ᠬᠦᠴᠦᠳᠡᠯ ᠥᠭᠡᠷᠡᠴᠢᠯᠡᠬᠦ ᠢᠨᠵᠧᠨᠧᠷᠢᠩ ᠤᠨ ᠤᠰᠤ ᠬᠥᠷᠥᠰᠥ ᠶᠢ ᠬᠠᠮᠠᠭᠠᠯᠠᠬᠤ |
ᠲᠥᠰᠦᠯ ᠤᠨ ᠲᠤᠬᠠᠢ ᠮᠡᠳᠡᠭᠦᠯᠦᠯᠲᠡ ᠶᠢᠨ ᠪᠢᠴᠢᠭ︾ ᠤᠨ ᠮᠡᠷᠭᠡᠵᠢᠯ ᠤᠨ ᠬᠢᠨᠠᠨ ᠪᠠᠶᠢᠴᠠᠭᠠᠯᠲᠠ ᠶᠢᠨ ᠰᠠᠨᠠᠯ ᠢ |
ᠮᠡᠳᠡᠭᠦᠯᠦᠨ ᠬᠦᠷᠭᠡᠬᠦ ᠲᠤᠬᠠᠢ ᠮᠡᠳᠡᠭᠦᠯᠦᠯᠲᠡ ᠥᠪᠥᠷ ᠮᠤᠩᠭᠤᠯ ᠤᠨ ᠤᠰᠤᠨ ᠠᠰᠢᠭᠯᠠᠯᠲᠠ ᠶᠢᠨ ᠲᠥᠪ |
ᠮᠡᠷᠭᠡᠵᠢᠯ ᠤᠨ ᠬᠢᠨᠠᠨ ᠪᠠᠶᠢᠴᠠᠭᠠᠯᠲᠠ ﹇ 2024﹈ 368 ᠳ᠋ᠤᠭᠠᠷ ᠲᠣᠭᠠᠲᠤ .pdf |
|
|