ᠦᠬᠡᠷ ᠬᠤᠨᠢ ᠠᠯᠭᠤᠷᠬᠠᠨ ᠪᠡᠯᠴᠢᠵᠦ᠂ ᠬᠤᠸᠠᠷ ᠴᠡᠴᠡᠭ ᠮᠢᠷᠠᠯᠵᠠᠨ ᠳᠡᠯᠭᠡᠷᠡᠨ᠎ᠡ᠃ |
ᠡᠬᠡ ᠤᠯᠤᠰ ᠤᠨ ᠤᠮᠠᠷᠠᠲᠤ ᠬᠢᠯᠢ ᠳᠤ ᠪᠠᠶᠢᠷᠢᠯᠠᠵᠤ ᠪᠠᠶᠢᠭ᠎ᠠ ᠥᠪᠥᠷ ᠮᠣᠩᠭᠤᠯ ᠤᠨ ᠥᠪᠡᠷᠲᠡᠭᠡᠨ ᠵᠠᠰᠠᠬᠤ |
ᠣᠷᠣᠨ ᠪᠣᠯ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ᠂ ᠵᠡᠭᠦᠨ ᠬᠤᠶᠢᠲᠤ ᠣᠷᠣᠨ ᠢ ᠬᠥᠭᠵᠢᠭᠦᠯᠦᠨ |
ᠮᠠᠨᠳᠤᠭᠤᠯᠬᠤ ᠵᠡᠷᠭᠡ ᠤᠯᠤᠰ ᠤᠨ ᠴᠢᠬᠤᠯᠠ ᠶᠡᠭᠡ ᠣᠷᠣᠨ ᠪᠦᠰᠡ ᠶᠢᠨ ᠵᠣᠬᠢᠴᠠᠩᠭᠤᠶ ᠬᠥᠭᠵᠢᠯᠲᠡ ᠶᠢᠨ ᠪᠠᠶᠢᠯᠳᠤᠬᠤ |
ᠪᠣᠳᠣᠯᠭ᠎ᠠ ᠵᠢᠴᠢ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ |
ᠬᠥᠭᠵᠢᠯᠲᠡ ᠶᠢᠨ ᠴᠢᠬᠤᠯᠠ ᠶᠡᠭᠡ ᠤᠯᠤᠰ ᠤᠨ ᠪᠠᠶᠢᠯᠳᠤᠬᠤ ᠪᠣᠳᠣᠯᠭ᠎ᠠ ᠶᠢᠨ ᠳᠠᠭᠠᠭᠠᠴᠠ ᠶᠢᠨ ᠣᠷᠣᠨ ᠪᠣᠯᠤᠨ᠎ᠠ᠃ |
ᠥᠪᠥᠷ ᠮᠣᠩᠭᠤᠯ ᠣᠶᠢᠷ᠎ᠠ ᠶᠢᠨ ᠵᠢᠯ ᠤᠳ ᠲᠤ ᠶᠡᠷᠦᠩᠬᠡᠶ ᠱᠦᠵᠢ ᠰᠢ ᠶᠢᠨ ᠫᠢᠩ ᠤᠨ ︽ᠤᠰᠤ |
ᠠᠷᠪᠢᠯᠠᠬᠤ ᠶᠢ ᠲᠡᠷᠢᠭᠦᠨ ᠳᠤ ᠲᠠᠯᠪᠢᠬᠤ᠂ ᠣᠷᠣᠨ ᠵᠠᠶ ᠶᠢ ᠲᠡᠩᠴᠡᠭᠦᠷᠢᠲᠡᠶ ᠪᠠᠶᠢᠯᠭᠠᠬᠤ᠂ ᠰᠢᠰᠲ᠋ᠧᠮ ᠲᠠᠢ ᠵᠠᠰᠠᠬᠤ᠂ |
ᠬᠤᠶᠠᠷ ᠲᠠᠯ᠎ᠠ ᠪᠠᠷ ᠬᠦᠴᠦᠯᠡᠬᠦ︾ ᠤᠰᠤ ᠶᠢ ᠵᠠᠰᠠᠬᠤ ᠰᠡᠳᠬᠢᠴᠡ ᠪᠣᠯᠤᠨ ᠤᠰᠤ ᠶᠢ ᠵᠠᠰᠠᠬᠤ ᠲᠤᠬᠠᠶ ᠴᠢᠬᠤᠯᠠ |
ᠥᠭᠦᠯᠡᠯᠲᠡ ᠶᠢᠨ ᠵᠣᠷᠢᠭ ᠰᠠᠨᠠᠭ᠎ᠠ ᠶᠢ ᠭᠦᠨᠵᠡᠭᠡᠶ ᠨᠠᠶᠢᠳᠠᠪᠤᠷᠢᠵᠢᠭᠤᠯᠵᠤ᠂ ᠤᠰᠤᠨ ᠤ ᠲᠣᠤᠷ ᠤᠨ ᠪᠥᠲᠥᠭᠡᠨ |
ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠦᠨᠳᠦᠰᠦᠲᠡᠨ ᠨᠦᠭᠦᠳ ᠤᠨ ᠬᠠᠮᠲᠤ ᠪᠠᠷ ᠴᠡᠴᠡᠭᠯᠡᠨ ᠬᠥᠭᠵᠢᠭᠰᠡᠨ |
ᠤᠰᠤᠨ ᠤ ᠡᠬᠢ ᠪᠠᠶᠠᠯᠢᠭ ᠢ ᠳᠣᠭᠢᠷᠠᠭᠤᠯᠬᠤ ᠴᠢᠳᠠᠪᠤᠷᠢ᠂ ᠤᠰᠤ ᠬᠠᠩᠭᠠᠬᠤ ᠪᠠᠲᠤᠯᠠᠭ᠎ᠠ ᠶᠢᠨ ᠴᠢᠳᠠᠪᠤᠷᠢ ᠶᠢ ᠪᠥᠬᠦ |
ᠲᠠᠯ᠎ᠠ ᠪᠠᠷ ᠳᠡᠭᠡᠭᠰᠢᠯᠡᠭᠦᠯᠪᠡ᠃ |
ᠦᠶᠡᠷ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠪᠠ ᠬᠤᠲᠠ ᠬᠥᠳᠡᠭᠡ ᠶᠢᠨ ᠤᠰᠤ ᠬᠠᠩᠭᠠᠬᠤ |
ᠪᠠᠲᠤᠯᠠᠭ᠎ᠠ ᠶᠢᠨ ᠰᠢᠰᠲ᠋ᠧᠮ ᠢ ᠦᠨᠳᠦᠰᠦᠨ ᠳᠡᠭᠡᠨ ᠪᠠᠶᠢᠭᠤᠯᠪᠠ |
ᠬᠠᠲᠤᠨ ᠭᠤᠤᠯ᠂ ᠨᠤᠨ ᠮᠥᠷᠡᠨ᠂ ᠯᠢᠶᠣᠤ ᠾᠧ ᠭᠤᠤᠯ ᠪᠣᠯ ᠥᠪᠥᠷ ᠮᠣᠩᠭᠤᠯ ᠤᠨ ᠭᠠᠵᠠᠷ ᠣᠷᠣᠨ ᠤ |
ᠭᠤᠤᠯ ᠪᠣᠯᠬᠤ ᠭᠠᠳᠠᠭᠰᠢ ᠤᠷᠤᠰᠬᠠᠬᠤ ᠤᠰᠤᠨ ᠰᠢᠰᠲ᠋ᠧᠮ ᠪᠣᠯᠬᠤ ᠪᠥᠭᠡᠳ ᠪᠠᠰᠠ ᠦᠶᠡᠷ ᠢ ᠰᠡᠷᠭᠡᠶᠢᠯᠡᠬᠦ |
ᠭᠤᠤᠯᠳᠠᠯᠭ᠎ᠠ ᠲᠠᠢ ᠣᠷᠣᠨ ᠪᠣᠯᠤᠨ᠎ᠠ᠃ ᠣᠳᠣᠬᠠᠨ ᠳᠤ᠂ ᠬᠠᠲᠤᠨ ᠭᠤᠤᠯ᠂ ᠨᠤᠨ ᠮᠥᠷᠡᠨ ᠪᠣᠯᠤᠨ ᠯᠢᠶᠣᠤ ᠾᠧ |
ᠭᠤᠤᠯ ᠤᠨ ᠭᠤᠤᠯ ᠤᠷᠤᠰᠬᠠᠯ ᠤᠨ ᠳᠠᠯᠠᠩ ᠨᠢᠭᠡᠨᠲᠡ ᠰᠡᠷᠭᠡᠶᠢᠯᠡᠯᠲᠡ ᠪᠠᠶᠢᠷᠢᠯᠠᠭᠤᠯᠬᠤ ᠪᠠᠷᠢᠮᠵᠢᠶ᠎ᠠ ᠳᠤ |
ᠦᠨᠳᠦᠰᠦᠨ ᠳᠡᠭᠡᠨ ᠬᠦᠷᠴᠦ᠂ ᠥᠪᠥᠷ ᠮᠣᠩᠭᠤᠯ ᠳᠤ ᠤᠰᠤᠨ ᠴᠥᠭᠦᠷᠥᠮ᠂ ᠳᠠᠯᠠᠩ᠂ ᠤᠰᠤᠨ ᠬᠠᠭᠠᠯᠲᠠ᠂ |
ᠦᠶᠡᠷ ᠰᠠᠯᠭᠠᠬᠤ ᠣᠷᠣᠨ ᠵᠡᠷᠭᠡ ᠶᠢ ᠨᠢᠭᠡ ᠴᠣᠭᠴᠠᠵᠢᠭᠤᠯᠤᠭᠰᠠᠨ ᠦᠶᠡᠷ ᠢ ᠰᠡᠷᠭᠡᠶᠢᠯᠡᠵᠦ ᠭᠠᠮᠰᠢᠭ ᠢ ᠪᠠᠭᠠᠰᠬᠠᠬᠤ |
ᠨᠡᠯᠢᠶᠡᠳ ᠪᠦᠷᠢᠨ ᠲᠡᠭᠦᠯᠳᠡᠷ ᠰᠢᠰᠲ᠋ᠧᠮ ᠢ ᠠᠩᠬ᠎ᠠ ᠠᠯᠬᠤᠮ ᠪᠣᠶ ᠪᠣᠯᠭᠠᠪᠠ᠃ ᠣᠳᠣᠬᠠᠨ ᠳᠤ᠂ ᠥᠪᠥᠷ |
ᠮᠣᠩᠭᠤᠯ ᠤᠨ ᠡᠯ᠎ᠡ ᠱᠠᠲᠤᠨ ᠤ ᠬᠠᠰᠢᠯᠭ᠎ᠠ ᠶᠢᠨ ᠶᠡᠷᠦᠩᠬᠡᠶ ᠣᠷᠳᠣ ᠨᠢ 8356 ᠺᠢᠯᠤᠮᠧᠲᠷ ᠪᠠᠶᠢᠵᠤ᠂ ᠨᠢᠭᠡᠨᠲᠡ |
ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠵᠢᠯᠣᠭᠤᠳᠬᠤ ᠰᠢᠰᠲ᠋ᠧᠮ ᠪᠠ ᠠᠭᠤᠯᠠᠨ ᠦᠶᠡᠷ ᠤᠨ |
ᠭᠠᠮᠰᠢᠭ ᠢ ᠰᠡᠷᠭᠡᠶᠢᠯᠡᠬᠦ ᠰᠢᠰᠲ᠋ᠧᠮ ᠢ ᠪᠠᠶᠢᠭᠤᠯᠵᠤ᠂ ᠦᠶᠡᠷ ᠢ ᠰᠡᠷᠭᠡᠶᠢᠯᠡᠬᠦ ᠪᠠ ᠤᠰᠤᠨ ᠤ ᠡᠬᠢ ᠪᠠᠶᠠᠯᠢᠭ ᠤᠨ |
ᠬᠠᠮᠢᠶᠠᠷᠤᠯᠲᠠ ᠶᠢᠨ ᠬᠡᠷᠡᠭᠴᠡᠭᠡ ᠶᠢ ᠦᠨᠳᠦᠰᠦᠨ ᠳᠡᠭᠡᠨ ᠬᠠᠩᠭᠠᠪᠠ᠃ |
ᠥᠪᠥᠷ ᠮᠤᠩᠭᠤᠯ ᠤᠨ ᠭᠠᠵᠠᠷ ᠤᠷᠤᠨ ᠥᠷᠭᠡᠨ ᠬᠥᠮᠦᠨ ᠰᠡᠶᠢᠷᠡᠭ ᠪᠠᠶᠢᠳᠠᠭ᠃ ᠥᠪᠡᠷᠮᠢᠴᠡ ᠭᠠᠵᠠᠷ |
ᠵᠦᠢ ᠶᠢᠨ ᠪᠠᠶᠢᠷᠢᠯᠠᠯ ᠪᠣᠯᠤᠨ ᠬᠥᠮᠦᠨ ᠠᠮᠠ ᠶᠢᠨ ᠲᠠᠷᠬᠠᠯᠲᠠ ᠶᠢᠨ ᠪᠠᠶᠢᠳᠠᠯ ᠨᠢ ᠥᠪᠥᠷ ᠮᠣᠩᠭᠤᠯ ᠤᠨ ᠬᠤᠲᠠ |
ᠬᠥᠳᠡᠭᠡ᠂ ᠮᠠᠯᠵᠢᠬᠤ ᠣᠷᠣᠨ ᠤ ᠰᠠᠭᠤᠭᠠᠯᠢ ᠠᠷᠠᠳ ᠤᠨ ᠠᠮᠢᠳᠤᠷᠠᠯ ᠪᠣᠯᠤᠨ ᠠᠵᠤ ᠦᠢᠯᠡᠳᠪᠦᠷᠢ ᠲᠠᠷᠢᠶᠠᠯᠠᠩ |
ᠦᠢᠯᠡᠳᠪᠦᠷᠢᠯᠡᠯ ᠳᠤ ᠬᠡᠷᠡᠭᠯᠡᠬᠦ ᠤᠰᠤ ᠶᠢ ᠪᠦᠬᠦ ᠬᠦᠴᠦᠨ ᠢᠶᠠᠷ ᠪᠠᠲᠤᠯᠠᠬᠤ ᠲᠠᠯ᠎ᠠ ᠪᠠᠷ ᠡᠭᠦᠷᠭᠡ ᠬᠠᠲᠠᠭᠤ ᠪᠡᠷᠬᠡ |
ᠪᠠᠶᠢᠨ᠎ᠠ᠃ |
ᠥᠪᠥᠷ ᠮᠣᠩᠭᠤᠯ ᠤᠶᠢᠷ᠎ᠠ ᠶᠢᠨ ᠵᠢᠯ ᠳᠤ ᠤᠰᠤᠨ ᠠᠰᠢᠭᠯᠠᠯᠲᠠ ᠶᠢᠨ ᠪᠠᠷᠢᠯᠭ᠎ᠠ ᠶᠢ ᠶᠡᠭᠡ ᠬᠡᠪᠴᠢᠶ᠎ᠡ ᠪᠠᠷ |
ᠪᠦᠲᠦᠭᠡᠨ ᠪᠠᠶᠢᠭᠤᠯᠬᠤ ᠪᠠᠷ ᠳᠠᠮᠵᠢᠨ ᠤᠰᠤ ᠬᠠᠩᠭᠠᠬᠤ ᠴᠢᠳᠠᠪᠤᠷᠢ ᠢᠯᠡᠳᠲᠡ ᠳᠡᠭᠡᠭᠰᠢᠯᠡᠪᠡ᠃ ᠪᠥᠬᠦ ᠥᠪᠡᠷᠲᠡᠭᠡᠨ |
ᠵᠠᠰᠠᠬᠤ ᠣᠷᠣᠨ ᠳᠤ ᠨᠢᠭᠡᠨᠲᠡ 475 ᠴᠥᠭᠦᠷᠥᠮ᠂ ᠬᠠᠰᠢᠯᠭ᠎ᠠ ᠪᠠ ᠵᠣᠭᠤᠷᠢ ᠤᠨ ᠴᠥᠭᠦᠷᠥᠮ ᠢ ᠪᠠᠶᠢᠭᠤᠯᠵᠤ᠂ |
ᠬᠤᠲᠠ ᠬᠥᠳᠡᠭᠡ ᠶᠢᠨ ᠲᠥᠪᠯᠡᠷᠡᠩᠭᠦᠶ ᠮᠠᠶ᠋ᠢᠭ ᠤᠨ ᠤᠰᠤ ᠬᠠᠩᠭᠠᠬᠤ ᠢᠨᠵᠧᠨᠧᠷᠢᠩ ᠢ 1.78 ᠲᠦᠮᠡᠨ ᠪᠠᠶᠢᠭᠤᠯᠵᠤ᠂ |
ᠬᠥᠳᠡᠭᠡ ᠲᠣᠰᠬᠤᠨ ᠤ ᠲᠦᠭᠡᠭᠡᠯ ᠤᠰᠤᠨ ᠤ ᠲᠦᠭᠡᠮᠡᠯᠵᠢᠯᠲᠡ ᠶᠢᠨ ᠨᠣᠷᠮ᠎ᠠ 83.65% ᠳᠤ ᠬᠦᠷᠴᠦ᠂ |
ᠥᠪᠡᠷᠲᠡᠭᠡᠨ ᠵᠠᠰᠠᠬᠤ ᠣᠷᠣᠨ ᠤ ᠤᠰᠤ ᠬᠠᠩᠭᠠᠬᠤ ᠶᠡᠷᠦᠩᠬᠡᠶ ᠴᠢᠳᠠᠪᠤᠷᠢ 238.2 ᠳ᠋ᠦᠩᠰᠢᠭᠤᠷ ᠪᠣᠰᠤᠭ᠎ᠠ |
ᠳᠥᠷᠪᠡᠯᠵᠢᠨ ᠮᠧᠲᠷ ᠲᠤ ᠬᠦᠷᠴᠦ᠂ ᠬᠤᠲᠠ ᠪᠠᠯᠭᠠᠰᠤ᠂ ᠠᠵᠤ ᠦᠢᠯᠡᠳᠪᠦᠷᠢ ᠲᠠᠷᠢᠶᠠᠯᠠᠩ ᠤᠨ ᠬᠥᠭᠵᠢᠯᠲᠡ ᠶᠢᠨ |
ᠤᠰᠤ ᠬᠡᠷᠡᠭᠯᠡᠬᠦ ᠬᠡᠷᠡᠭᠴᠡᠭᠡ ᠶᠢ ᠪᠦᠲᠦᠮᠵᠢᠲᠡᠶ ᠪᠠᠲᠤᠯᠠᠪᠠ᠃ |
ᠤᠰᠤᠨ ᠤ ᠡᠬᠢ ᠪᠠᠶᠠᠯᠢᠭ ᠳᠤᠲᠠᠭᠳᠠᠵᠤ ᠪᠠᠶᠢᠭ᠎ᠠ ᠭᠠᠵᠠᠷ ᠣᠷᠣᠨ ᠪᠣᠯᠤᠭᠰᠠᠨ ᠤ ᠬᠤᠪᠢ ᠳᠤ᠂ ᠥᠪᠥᠷ |
ᠮᠣᠩᠭᠤᠯ ᠤᠰᠤᠨ ᠤ ᠡᠬᠢ ᠪᠠᠶᠠᠯᠢᠭ ᠤᠨ ᠬᠠᠩᠭᠠᠯᠭ᠎ᠠ ᠬᠡᠷᠡᠭᠴᠡᠭᠡ ᠶᠢᠨ ᠵᠥᠷᠢᠴᠡᠯ ᠳᠤ ᠠᠩᠬᠠᠷᠤᠯ ᠢᠶᠠᠨ |
ᠲᠥᠪᠯᠡᠷᠡᠭᠦᠯᠵᠦ᠂ ︽ᠤᠰᠤ ᠪᠠᠷ ᠳᠥᠷᠪᠡ ᠶᠢ ᠲᠣᠭᠲᠠᠭᠠᠬᠤ︾ ᠵᠠᠷᠴᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ |
ᠥᠪᠡᠷᠲᠡᠭᠡᠨ ᠵᠠᠰᠠᠬᠤ ᠣᠷᠣᠨ ᠤ ᠭᠠᠵᠠᠷ ᠳᠣᠤᠷᠠᠬᠢ ᠤᠰᠤᠨ ᠤ ᠬᠡᠮᠵᠢᠶ᠎ᠡ᠂ ᠤᠰᠤᠨ ᠤ ᠲᠦᠪᠰᠢᠨ ᠢ ᠡᠵᠡᠮᠳᠡᠬᠦ |
ᠬᠦᠢᠴᠡᠳᠭᠡᠯ ᠲᠤᠭ᠎ᠠ ᠶᠢ 371 ᠬᠠᠮᠢᠶᠠᠷᠤᠯᠲᠠ ᠶᠢᠨ ᠨᠢᠭᠡᠴᠢ ᠳᠤ ᠨᠠᠷᠢᠯᠢᠬᠵᠢᠭᠤᠯᠤᠨ ᠵᠠᠳᠠᠯᠵᠤ᠂ ︽ᠬᠤᠶᠠᠷ ᠢ |
ᠡᠵᠡᠮᠳᠡᠬᠦ︾ ᠬᠠᠮᠢᠶᠠᠷᠤᠯᠲᠠ ᠶᠢ ᠬᠡᠷᠡᠭᠵᠢᠭᠦᠯᠦᠨ᠂ ᠤᠰᠤ ᠬᠡᠲᠦ ᠲᠦᠷᠭᠡᠨ ᠨᠡᠮᠡᠭᠳᠡᠵᠦ ᠪᠠᠶᠢᠭ᠎ᠠ ᠪᠠᠶᠢᠳᠠᠯ ᠢ |
ᠪᠦᠲᠦᠮᠵᠢᠲᠡᠶ ᠡᠵᠡᠮᠳᠡᠪᠡ᠃ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠤᠨ ᠪᠠᠶᠢᠭᠤᠯᠤᠯᠲᠠ ᠶᠢ ᠶᠡᠬᠡᠪᠡᠷ ᠠᠬᠢᠭᠤᠯᠵᠤ᠂ |
ᠤᠰᠤ ᠠᠷᠪᠢᠯᠠᠬᠤ ᠳᠠᠯᠳᠠ ᠬᠦᠴᠦᠨ ᠢ ᠠᠭᠤᠳᠠᠯᠠᠨ᠂ ᠥᠪᠡᠷᠲᠡᠭᠡᠨ ᠵᠠᠰᠠᠬᠤ ᠣᠷᠣᠨ ᠤ ᠲᠦᠮᠡᠨ ᠲᠥᠭᠦᠷᠢᠭ ᠤᠨ |
GDP ︵ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ︶ ᠶᠢᠨ ᠤᠰᠤ ᠬᠡᠷᠡᠭᠯᠡᠬᠦ ᠬᠡᠮᠵᠢᠶ᠎ᠡ᠂ |
ᠲᠦᠮᠡᠨ ᠲᠥᠭᠦᠷᠢᠭ ᠤᠨ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠤᠰᠤ ᠬᠡᠷᠡᠭᠯᠡᠬᠦ ᠬᠡᠮᠵᠢᠶ᠎ᠡ ᠲᠣᠰ ᠲᠣᠰ |
2020 ᠣᠨ ᠤ ᠬᠢ ᠠᠴᠠ 9.58% ᠪᠠ 12.76% ᠪᠠᠷ ᠪᠠᠭᠤᠷᠠᠪᠠ᠃ ᠥᠪᠡᠷᠲᠡᠭᠡᠨ ᠵᠠᠰᠠᠬᠤ ᠣᠷᠣᠨ ᠲᠣᠮᠣ |
ᠳᠤᠮᠳᠠ ᠬᠡᠯᠪᠡᠷᠢ ᠶᠢᠨ ᠤᠰᠤᠯᠠᠯᠲᠠ ᠶᠢᠨ ᠣᠷᠣᠨ ᠢ 124 ᠪᠠᠶᠢᠭᠤᠯᠵᠤ᠂ ᠤᠰᠤᠯᠠᠯᠲᠠ ᠶᠢᠨ ᠤᠰᠤᠨ ᠤ |
ᠠᠰᠢᠭᠯᠠᠯᠲᠠ ᠶᠢᠨ ᠢᠯᠡᠳᠬᠡᠮᠵᠢ ᠶᠢ 0.583 ᠳᠤ ᠬᠦᠷᠦᠭᠦᠯᠵᠦ᠂ ᠲᠠᠷᠢᠶᠠᠯᠠᠩ ᠤᠨ ᠤᠰᠤ ᠬᠡᠷᠡᠭᠯᠡᠬᠦ ᠦᠷ᠎ᠡ |
ᠪᠦᠲᠦᠮᠵᠢ ᠶᠢ ᠶᠡᠭᠡ ᠬᠡᠮᠵᠢᠶ᠎ᠡ ᠪᠠᠷ ᠳᠡᠭᠡᠭᠰᠢᠯᠡᠭᠦᠯᠪᠡ᠃ |
ᠤᠰᠤᠨ ᠤ ᠠᠮᠢ ᠠᠬᠤᠢ ᠶᠢᠨ ᠬᠠᠮᠠᠭᠠᠯᠠᠯᠳᠠ ᠪᠠ ᠰᠡᠷᠬᠦᠭᠡᠯᠳᠡ ᠳᠤ ᠰᠢᠨ᠎ᠡ ᠰᠢᠪᠳᠤᠯᠤᠯᠳᠠ ᠲᠠᠢ ᠪᠤᠯᠪᠠ |
︽ᠤᠮᠠᠷᠠᠲᠦ ᠶᠢᠨ ᠭᠤᠷᠪᠠᠨ ᠤᠷᠤᠨ︾ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠤ |
ᠭᠤᠤᠯ ᠲᠡᠶᠢᠨ ᠤ ᠲᠠᠯᠠᠪᠤᠷ ᠪᠣᠯᠤᠭᠰᠠᠨ ᠤ ᠬᠤᠪᠢ ᠳᠤ᠂ ᠥᠪᠥᠷ ᠮᠣᠩᠭᠤᠯ ᠠᠭᠤᠯᠠ ᠤᠰᠤ ᠣᠶ ᠮᠣᠳᠣ ᠭᠠᠵᠠᠷ |
ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠨᠢᠭᠡ ᠴᠤᠭᠴᠠᠵᠢᠭᠤᠯᠤᠨ ᠬᠠᠮᠠᠭᠠᠯᠠᠬᠤ ᠪᠠ |
ᠰᠢᠰᠲ᠋ᠧᠮ ᠲᠠᠢ ᠵᠠᠰᠠᠬᠤ ᠶᠢ ᠨᠢᠭᠡᠳᠦᠯᠲᠡᠶ ᠲᠥᠯᠥᠪᠵᠢᠭᠦᠯᠵᠦ᠂ ᠤᠰᠤ ᠰᠢᠷᠣᠶ ᠶᠢᠨ ᠢᠳᠡᠭᠳᠡᠯ ᠢ ᠵᠠᠰᠠᠬᠤ ᠪᠣᠭᠤᠮᠲᠠ |
ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠡᠷᠡᠰ ᠲᠡᠮᠡᠴᠡᠨ ᠤᠯᠪᠠ᠃ ︽ᠠᠷᠪᠠᠨ ᠳᠥᠷᠪᠡᠳᠦᠭᠡᠷ ᠲᠠᠪᠤᠨ ᠵᠢᠯ︾ |
ᠤᠨ ᠲᠥᠯᠥᠪᠵᠢᠭᠦᠯᠭᠡ ᠠᠴᠠ ᠨᠠᠭᠠᠰᠢ᠂ ᠥᠪᠥᠷ ᠮᠣᠩᠭᠤᠯ ᠨᠡᠶᠢᠭᠡᠮ ᠤᠨ ᠬᠥᠷᠥᠩᠭᠡ ᠶᠢ ᠢᠳᠡᠪᠬᠢᠲᠡᠶ ᠪᠠᠷ |
ᠣᠷᠣᠭᠤᠯᠤᠨ ᠠᠪᠴᠢᠷᠠᠵᠤ᠂ ᠱᠠᠩᠨᠠᠬᠤ ᠪᠠᠷ ᠨᠥᠬᠦᠪᠥᠷᠢ ᠶᠢ ᠣᠷᠣᠯᠠᠭᠤᠯᠬᠤ᠂ ᠠᠵᠢᠯ ᠣᠯᠭᠤᠯᠲᠠ ᠪᠠᠷ |
ᠲᠡᠳᠬᠦᠮᠵᠢ ᠶᠢ ᠣᠷᠣᠯᠠᠭᠤᠯᠬᠤ᠂ ᠡᠵᠡᠯᠡᠬᠦ ᠨᠥᠬᠦᠪᠥᠷᠢ ᠶᠢ ᠲᠡᠩᠴᠡᠭᠦᠷᠢᠲᠡᠶ ᠪᠠᠶᠢᠯᠭᠠᠬᠤ ᠵᠡᠷᠭᠡ ᠰᠢᠨ᠎ᠡ ᠵᠠᠭᠪᠤᠷ ᠢ |
ᠬᠠᠶᠢᠨ ᠰᠦᠪᠡᠭᠴᠢᠯᠡᠵᠦ᠂ ᠵᠢᠯ ᠪᠦᠷᠢ 1128 ᠲᠦᠮᠡᠨ ᠮᠥ ᠬᠤᠷᠳᠤᠴᠠ ᠪᠠᠷ ᠤᠰᠤ ᠰᠢᠷᠣᠶ ᠶᠢᠨ ᠢᠳᠡᠭᠳᠡᠯ ᠢ |
ᠶᠡᠷᠦᠩᠬᠡᠶᠢᠯᠡᠨ ᠵᠠᠰᠠᠬᠤ ᠶᠢ ᠪᠥᠬᠦ ᠬᠦᠴᠦᠨ ᠢᠶᠠᠷ ᠢᠶᠠᠨ ᠠᠬᠢᠭᠤᠯᠪᠠ᠃ 2023 ᠣᠨ ᠤ ᠤᠰᠤ ᠰᠢᠷᠣᠶ ᠶᠢᠨ |
ᠢᠳᠡᠭᠳᠡᠯ ᠤᠨ ᠪᠠᠶᠢᠳᠠᠯ ᠢ ᠬᠢᠨᠠᠨ ᠬᠡᠮᠵᠢᠭᠰᠡᠨ ᠦᠷ᠎ᠡ ᠳ᠋ᠦᠩ ᠠᠴᠠ ᠦᠵᠡᠪᠡᠯ᠂ 2011 ᠣᠨ ᠤ ᠬᠢ ᠲᠠᠢ |
ᠬᠠᠷᠢᠴᠠᠭᠤᠯᠪᠠᠯ᠂ ᠪᠥᠬᠦ ᠥᠪᠡᠷᠲᠡᠭᠡᠨ ᠵᠠᠰᠠᠬᠤ ᠣᠷᠣᠨ ᠤ ᠤᠰᠤ ᠰᠢᠷᠣᠶ ᠶᠢᠨ ᠢᠳᠡᠭᠳᠡᠯ ᠤᠨ ᠲᠠᠯᠠᠪᠠᠶ 5.93 |
ᠲᠦᠮᠡᠨ ᠲᠡᠭᠰᠢ ᠳᠥᠷᠪᠡᠯᠵᠢᠨ ᠺᠢᠯᠤᠮᠧᠲᠷ ᠪᠠᠭᠠᠰᠴᠤ᠂ ᠬᠠᠰᠤᠭᠳᠠᠭᠰᠠᠨ ᠬᠡᠮᠵᠢᠶ᠎ᠡ 9.43% ᠳᠤ ᠬᠥᠷᠪᠡ︔ |
ᠴᠢᠩᠭ᠎ᠠ ᠠᠴᠠ ᠳᠡᠭᠡᠭᠰᠢᠬᠢ ᠢᠳᠡᠭᠳᠡᠭᠰᠡᠨ ᠲᠠᠯᠠᠪᠠᠶ 13.18 ᠲᠦᠮᠡᠨ ᠲᠡᠭᠰᠢ ᠳᠥᠷᠪᠡᠯᠵᠢᠨ ᠺᠢᠯᠤᠮᠧᠲᠷ ᠪᠠᠭᠠᠰᠴᠤ᠂ |
ᠬᠠᠰᠤᠭᠳᠠᠭᠰᠠᠨ ᠬᠡᠮᠵᠢᠶ᠎ᠡ 50.47% ᠳᠤ ᠬᠥᠷᠪᠡ᠃ |
ᠥᠪᠥᠷ ᠮᠣᠩᠭᠤᠯ ᠭᠤᠤᠯ ᠮᠥᠷᠡᠨ ᠨᠠᠭᠤᠷ ᠴᠥᠭᠦᠷᠥᠮ ᠤᠨ ᠠᠮᠢ ᠠᠬᠤᠶ ᠶᠢᠨ ᠤᠰᠤᠨ ᠤ ᠬᠡᠮᠵᠢᠶ᠎ᠡ ᠶᠢ |
ᠤᠰᠤᠨ ᠤ ᠡᠬᠢ ᠪᠠᠶᠠᠯᠢᠭ ᠤᠨ ᠨᠢᠭᠡᠳᠦᠯᠲᠡᠶ ᠲᠣᠬᠢᠷᠠᠭᠤᠯᠤᠯᠲᠠ ᠪᠠ ᠬᠠᠮᠢᠶᠠᠷᠤᠯᠲᠠ ᠳᠤ ᠣᠷᠣᠭᠤᠯᠵᠤ᠂ ᠬᠥᠯᠥᠨ |
ᠨᠠᠭᠤᠷ᠂ ᠤᠯᠠᠭᠠᠨᠰᠤᠬᠠᠢ᠂ ᠳᠠᠭ᠎ᠠ ᠶᠢᠨ ᠨᠠᠭᠤᠷ ᠤᠨ ᠪᠠᠴᠢᠮ ᠪᠠᠶᠢᠳᠠᠯ ᠢ ᠠᠷᠭᠠᠴᠠᠵᠤ ᠤᠰᠤ ᠨᠥᠬᠦᠪᠥᠷᠢᠯᠡᠬᠦ ᠶᠢ |
ᠬᠡᠷᠡᠭᠵᠢᠭᠦᠯᠵᠦ᠂ ᠭᠤᠤᠯ ᠤᠨ ᠵᠠᠮ ᠳᠠᠬᠢ ᠠᠮᠢ ᠠᠬᠤᠶ ᠶᠢᠨ ᠤᠷᠤᠰᠬᠠᠯ ᠤᠨ ᠬᠡᠮᠵᠢᠶ᠎ᠡ ᠶᠢ ᠠᠯᠬᠤᠮ ᠠᠯᠬᠤᠮ ᠢᠶᠠᠷ |
ᠳᠡᠭᠡᠭᠰᠢᠯᠡᠭᠦᠯᠪᠡ᠃ ᠪᠠᠷᠠᠭᠤᠨ ᠯᠢᠶᠣᠤ ᠾᠧ ᠭᠤᠤᠯ ᠤᠨ ᠰᠠᠪᠠ ᠭᠠᠵᠠᠷ ᠤᠨ ︽ᠤᠰᠤᠨ ᠤ ᠬᠡᠮᠵᠢᠶ᠎ᠡ ᠪᠠᠷ ᠶᠠᠪᠤᠬᠤ︾ |
ᠶᠢ ᠦᠷᠭᠦᠯᠵᠢᠯᠡᠨ ᠠᠬᠢᠭᠤᠯᠵᠤ᠂ 2020 ᠣᠨ ᠠᠴᠠ ᠨᠠᠭᠠᠰᠢ᠂ ᠪᠠᠷᠠᠭᠤᠨ ᠯᠢᠶᠣᠤ ᠾᠧ ᠭᠤᠤᠯ ᠤᠨ ᠭᠤᠤᠯ |
ᠤᠷᠤᠰᠬᠠᠯ ᠤᠨ ᠠᠮᠢ ᠠᠬᠤᠶ ᠶᠢᠨ ᠤᠰᠤᠨ ᠤ ᠬᠡᠮᠵᠢᠶ᠎ᠡ ᠨᠡᠶᠢᠲᠡ 11.4 ᠳ᠋ᠦᠩᠰᠢᠭᠤᠷ ᠪᠣᠰᠤᠭ᠎ᠠ ᠳᠥᠷᠪᠡᠯᠵᠢᠨ |
ᠮᠧᠲᠷ ᠪᠣᠯᠪᠠ᠃ 2024 ᠣᠨ ᠤ 9 ᠳ᠋ᠦ᠋ᠭᠡᠷ ᠰᠠᠷ᠎ᠠ ᠶᠢᠨ 3 ᠤ ᠡᠳᠦᠷ᠂ ᠪᠠᠷᠠᠭᠤᠨ ᠯᠢᠶᠣᠤ ᠾᠧ ᠭᠤᠣᠯ ᠤᠨ |
ᠭᠤᠣᠯ ᠤᠷᠤᠰᠬᠠᠯ ᠤᠨ ᠤᠰᠤᠨ ᠲᠦᠷᠦᠭᠦᠦ ᠣᠶᠢᠷ᠎ᠠ ᠶᠢᠨ 26 ᠵᠢᠯ ᠤᠨ ᠲᠤᠷᠰᠢ ᠠᠩᠬ᠎ᠠ ᠤᠳᠠᠭ᠎ᠠ ᠲᠦᠩᠯᠢᠶᠣᠤ |
ᠬᠤᠳᠠ ᠶᠢᠨ ᠭᠤᠣᠯ ᠬᠤᠳᠠ ᠶᠢᠨ ᠲᠣᠭᠤᠷᠢᠭ ᠲᠤ ᠬᠦᠷᠴᠦ᠂ ᠰᠠᠪᠠ ᠭᠠᠵᠠᠷ ᠤᠨ ᠭᠠᠵᠠᠷ ᠳᠣᠣᠷᠠᠬᠢ ᠤᠰᠤᠨ ᠤ |
ᠲᠦᠪᠰᠢᠨ ᠶᠡᠷᠦᠩᠬᠡᠢ ᠳᠡᠭᠡᠨ ᠲᠣᠭᠲᠠᠭᠤᠨ ᠪᠠᠶᠢᠵᠤ᠂ ᠬᠡᠰᠡᠭ ᠭᠠᠵᠠᠷ ᠲᠤ ᠳᠡᠭᠡᠭᠰᠢᠯᠡᠵᠡᠢ᠃ |
ᠥᠪᠥᠷ ᠮᠣᠩᠭᠤᠯ ᠥᠪᠡᠷᠲᠡᠭᠡᠨ ᠵᠠᠰᠠᠬᠤ ᠣᠷᠣᠨ ᠤ ᠭᠠᠵᠠᠷ ᠳᠣᠤᠷᠠᠬᠢ ᠤᠰᠤᠨ ᠤ ᠬᠠᠮᠠᠭᠠᠯᠠᠯᠲᠠ ᠪᠠ |
ᠬᠠᠮᠢᠶᠠᠷᠤᠯᠲᠠ ᠶᠢᠨ ᠲᠦᠷᠢᠮ ᠢ ᠨᠡᠶᠢᠲᠡᠯᠡᠵᠦ᠂ ᠭᠠᠵᠠᠷ ᠳᠣᠤᠷᠠᠬᠢ ᠤᠰᠤᠨ ᠤ ᠬᠡᠮᠵᠢᠶ᠎ᠡ᠂ ᠤᠰᠤᠨ ᠤ ᠲᠦᠪᠰᠢᠨ ᠤ ︽ |
ᠬᠤᠶᠠᠷ ᠢ ᠡᠵᠡᠮᠳᠡᠬᠦ︾ ᠶᠢ ᠦᠨᠡᠯᠡᠨ ᠵᠢᠱᠢᠬᠦ ᠵᠡᠷᠭᠡ ᠠᠷᠭ᠎ᠠ ᠪᠠᠷᠢᠯ ᠢ ᠬᠡᠷᠡᠭᠵᠢᠭᠦᠯᠵᠦ᠂ ᠭᠠᠵᠠᠷ ᠳᠣᠤᠷᠠᠬᠢ ᠤᠰᠤ ᠶᠢ |
ᠬᠡᠲᠦᠷᠡᠲᠡᠯ᠎ᠡ ᠲᠠᠲᠠᠭᠰᠠᠨ ᠣᠷᠣᠨ ᠢ ᠵᠠᠰᠠᠬᠤ ᠠᠵᠢᠯ ᠢᠯᠡᠳᠲᠡ ᠦᠷ᠎ᠡ ᠪᠦᠲᠦᠮᠵᠢ ᠤᠯᠪᠠ᠃ ᠥᠪᠡᠷᠲᠡᠭᠡᠨ ᠵᠠᠰᠠᠬᠤ |
ᠣᠷᠣᠨ ᠠᠴᠠ ᠭᠠᠵᠠᠷ ᠳᠣᠤᠷᠠᠬᠢ ᠤᠰᠤ ᠶᠢ ᠬᠢᠨᠠᠨ ᠬᠡᠮᠵᠢᠬᠦ ᠬᠤᠳᠳᠤᠭ ᠢ 2600 ᠭᠠᠷᠤᠶ ᠪᠠᠶᠢᠷᠢᠯᠠᠭᠤᠯᠵᠤ᠂ |
ᠲᠠᠷᠢᠶᠠᠯᠠᠩ ᠤᠨ ᠤᠰᠤᠯᠠᠯᠲᠠ ᠳᠤ ᠬᠡᠷᠡᠭᠯᠡᠬᠦ ᠤᠰᠤᠨ ᠤ ᠬᠡᠮᠵᠢᠶ᠎ᠡ ᠶᠢ ︽ᠴᠠᠬᠢᠯᠭᠠᠨ ᠢᠶᠠᠷ ᠤᠰᠤ ᠶᠢ ᠨᠤᠭᠤᠯᠤᠨ |
ᠪᠤᠳᠤᠬᠤ︾ ᠵᠡᠷᠭᠡ ᠠᠷᠭ᠎ᠠ ᠮᠠᠶ᠋ᠢᠭ ᠢᠶᠠᠷ ᠬᠤᠳᠳᠤᠭ ᠤᠨ ᠤᠰᠤᠯᠠᠯᠲᠠ ᠳᠤ ᠬᠡᠷᠡᠭᠯᠡᠬᠦ ᠤᠰᠤᠨ ᠤ ᠬᠡᠮᠵᠢᠶ᠎ᠡ ᠶᠢ |
ᠪᠦᠷᠢᠨ ᠪᠥᠷᠬᠦᠭᠦᠯᠬᠦ ᠶᠢ ᠪᠡᠶᠡᠯᠡᠭᠦᠯᠵᠦ᠂ ᠭᠠᠵᠠᠷ ᠳᠣᠤᠷᠠᠬᠢ ᠤᠰᠤ ᠶᠢ ᠲᠠᠲᠠᠵᠤ ᠬᠡᠷᠡᠭᠯᠡᠬᠦ ᠤᠰᠤ ᠶᠢ ᠬᠢᠨᠠᠨ ᠬᠡᠮᠵᠢᠬᠦ |
ᠲᠣᠤᠷ ᠰᠦᠯᠵᠢᠶ᠎ᠡ ᠶᠢ ᠦᠨᠳᠦᠰᠦᠨ ᠳᠤ ᠪᠠᠨ ᠪᠦᠷᠢᠯᠳᠦᠭᠦᠯᠪᠡ᠃ |
ᠤᠰᠤᠨ ᠲᠤᠤᠷ ᠤᠨ ᠪᠤᠷᠤ ᠲᠦᠯᠦᠪ ᠤᠨ ᠰᠢᠰᠲ᠋ᠧᠮ ᠢ ᠠᠭᠠᠵᠢᠮ ᠢᠶᠠᠷ ᠴᠤᠭᠴᠠᠯᠠᠪᠠ |
ᠥᠪᠥᠷ ᠮᠣᠩᠭᠤᠯ ︽ᠨᠢᠭᠡ ᠭᠤᠣᠯ ᠬᠤᠶᠠᠷ ᠵᠢᠭᠦᠷ᠂ ᠭᠤᠷᠪᠠᠨ ᠭᠤᠯᠳᠤ ᠳᠥᠷᠪᠡᠨ ᠬᠦᠨᠳᠡᠯᠡᠨ᠂ |
ᠪᠠᠷᠠᠭᠤᠨᠰᠢ ᠪᠠᠨ ᠵᠡᠭᠦᠨᠰᠢ ᠲᠠᠲᠠᠬᠤ᠂ ᠭᠠᠳᠠᠭᠰᠢ ᠬᠤᠯᠪᠣᠭᠠᠯᠠᠨ ᠳᠣᠲᠣᠭᠠᠳᠤ ᠳᠤ ᠨᠡᠪᠲᠡᠷᠡᠬᠦ︾ ᠤᠰᠤᠨ ᠲᠣᠣᠷ ᠤᠨ |
ᠣᠷᠣᠨ ᠵᠠᠢ ᠶᠢᠨ ᠪᠠᠶᠢᠷᠢᠰᠢᠭᠤᠯᠤᠯᠲᠠ ᠶᠢ ᠲᠦᠷᠭᠡᠳᠬᠡᠨ ᠪᠠᠶᠢᠭᠤᠯᠵᠤ᠂ ᠬᠠᠳᠤᠨ ᠭᠤᠣᠯ᠂ ᠯᠢᠶᠣᠤ ᠾᠧ ᠭᠤᠣᠯ |
ᠵᠡᠷᠭᠡ ᠴᠢᠬᠤᠯᠠ ᠰᠠᠪᠠ ᠭᠠᠵᠠᠷ ᠤᠨ ᠤᠰᠤᠨ ᠲᠣᠣᠷ ᠤᠨ ᠪᠠᠶᠢᠷᠢᠰᠢᠭᠤᠯᠤᠯᠲᠠ ᠪᠠ ᠡᠮᠦᠨᠡᠲᠦ ᠶᠢᠨ ᠤᠰᠤ ᠶᠢ |
ᠤᠮᠠᠷᠠᠰᠢ ᠲᠠᠲᠠᠬᠤ ᠪᠠᠷᠠᠭᠤᠨ ᠱᠤᠭᠤᠮ ᠵᠡᠷᠭᠡ ᠴᠢᠬᠤᠯᠠ ᠶᠡᠭᠡ ᠢᠨᠵᠧᠨᠧᠷᠢᠩ ᠢ ᠮᠥᠷᠳᠡᠨ ᠪᠠᠶᠢᠷᠢᠰᠢᠭᠤᠯᠬᠤ ᠶᠢ |
ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠤᠰᠤᠨ ᠲᠣᠣᠷ ᠤᠨ ᠪᠦᠳᠦᠭᠡᠨ ᠪᠠᠶᠢᠭᠤᠯᠤᠯᠲᠠ ᠶᠢᠨ |
ᠲᠥᠯᠥᠪᠵᠢᠭᠦᠯᠭᠡ ᠶᠢ ᠳᠠᠷᠤᠮᠠᠯᠯᠠᠨ ᠲᠠᠷᠬᠠᠭᠠᠵᠤ᠂ ᠠᠶᠢᠮᠠᠭ ᠬᠤᠳᠠ ᠶᠢᠨ ᠤᠰᠤᠨ ᠲᠣᠣᠷ ᠤᠨ ᠪᠦᠳᠦᠭᠡᠨ |
ᠪᠠᠶᠢᠭᠤᠯᠤᠯᠲᠠ ᠶᠢᠨ ᠲᠥᠯᠥᠪᠵᠢᠭᠦᠯᠭᠡ ᠶᠢᠨ ᠬᠤᠰᠢᠭᠤᠴᠢ ᠣᠷᠣᠨ ᠢ ᠡᠭᠦᠳᠦᠨ ᠪᠠᠶᠢᠭᠤᠯᠬᠤ ᠠᠵᠢᠯ ᠢ ᠥᠷᠨᠢᠭᠦᠯᠪᠡ᠃ |
|
ᠣᠳᠣᠬᠠᠨ ᠳᠤ᠂ ᠨᠤᠨ ᠮᠦᠷᠡᠨ ᠤ ᠢᠨᠵᠧᠨᠧᠷᠢᠩ ᠤᠨ ᠲᠥᠯᠥᠪᠵᠢᠭᠦᠯᠭᠡ ᠶᠢ ᠪᠡᠶᠡᠯᠡᠭᠦᠯᠦᠭᠰᠡᠨ ᠨᠤᠲᠠᠯᠠᠯᠲᠠ ᠶᠢ |
ᠪᠡᠶᠡᠯᠡᠭᠦᠯᠵᠦ᠂ ᠬᠠᠲᠤᠨ ᠭᠤᠤᠯ ᠤᠨ ᠥᠪᠥᠷ ᠮᠣᠩᠭᠤᠯ ᠤᠨ ᠬᠡᠰᠡᠭ ᠤᠨ ᠭᠤᠤᠯ ᠤᠨ ᠵᠠᠮ ᠢ ᠵᠠᠰᠠᠬᠤ |
ᠢᠨᠵᠧᠨᠧᠷᠢᠩ ᠤᠨ ᠪᠣᠯᠤᠮᠵᠢᠲᠤ ᠰᠤᠳᠤᠯᠭᠠᠨ ᠤ ᠮᠡᠳᠡᠭᠦᠯᠦᠯᠲᠡ ᠶᠢ ᠬᠢᠨᠠᠨ ᠬᠠᠷᠭᠤᠭᠤᠯᠤᠭᠰᠠᠨ ᠰᠠᠨᠠᠯ ᠢ ᠤᠯᠤᠰ ᠤᠨ |
ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠳᠤ ᠮᠡᠳᠡᠭᠦᠯᠪᠡ᠃ ᠴᠤᠤᠯ ᠭᠤᠣᠯ ᠤᠨ ᠤᠰᠤ ᠶᠢ ᠲᠠᠲᠠᠵᠤ |
ᠯᠢᠶᠣᠤ ᠾᠧ ᠭᠤᠣᠯ ᠳᠤ ᠨᠡᠮᠡᠷᠢᠯᠡᠬᠦ ᠢᠨᠵᠧᠨᠧᠷᠢᠩ ᠤᠨ ᠠᠭᠤᠢ ᠶᠢᠨ ᠬᠡᠰᠡᠭ ᠢ ᠪᠦᠬᠦ ᠲᠠᠯ᠎ᠠ ᠪᠠᠷ ᠨᠡᠪᠲᠡᠷᠡᠭᠦᠯᠵᠦ᠂ |
ᠦᠨᠳᠡᠭᠡᠨ ᠤᠰᠤᠨ ᠠᠰᠢᠭᠯᠠᠯᠲᠠ ᠶᠢᠨ ᠬᠦᠢᠰᠦ ᠶᠢᠨ ᠳᠣᠣᠷ᠎ᠠ ᠠᠴᠠ ᠤᠰᠤ ᠬᠠᠳᠠᠭᠠᠯᠠᠬᠤ᠂ ᠳ᠋ᠦᠩ ᠲᠠᠶᠢᠰᠠ ᠤᠰᠤᠨ |
ᠴᠥᠭᠦᠷᠥᠮ ᠳᠤ ᠤᠰᠤ ᠲᠠᠲᠠᠵᠤ ᠤᠰᠤ ᠬᠠᠳᠠᠭᠠᠯᠠᠬᠤ ᠶᠢ ᠨᠡᠪᠲᠡᠷᠡᠭᠦᠯᠦᠨ᠎ᠡ ᠁ ᠨᠢᠭᠡ ᠪᠦᠯᠦᠭ ᠴᠢᠬᠤᠯᠠ ᠶᠡᠭᠡ |
ᠪᠠᠶᠢᠭᠤᠯᠵᠤ ᠪᠠᠶᠢᠭ᠎ᠠ ᠤᠰᠤᠨ ᠲᠣᠣᠷ ᠤᠨ ᠭᠤᠣᠯ ᠪᠣᠯᠬᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠪᠦᠬᠦ |
ᠲᠠᠯ᠎ᠠ ᠪᠠᠷ ᠲᠦᠷᠭᠡᠳᠭᠡᠪᠡ᠃ |
2023 ᠣᠨ ᠳᠤ᠂ ᠲᠦᠷᠦ ᠶᠢᠨ ᠶᠠᠪᠤᠳᠠᠯ ᠤᠨ ᠬᠤᠷᠢᠶ᠎ᠠ ︽ᠥᠪᠥᠷ ᠮᠣᠩᠭᠤᠯ ᠤᠨ ᠴᠢᠨᠠᠷ ᠰᠠᠶᠢᠲᠠᠢ |
ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ |
ᠴᠢᠷᠮᠠᠶᠢᠨ ᠪᠢᠴᠢᠭᠯᠡᠬᠦ ᠲᠤᠬᠠᠢ ᠰᠠᠨᠠᠯ︾ ᠢ ᠳᠠᠷᠤᠮᠠᠯᠯᠠᠨ ᠲᠠᠷᠬᠠᠭᠠᠵᠤ᠂ ᠤᠰᠤᠨ ᠤ ᠡᠬᠢ ᠪᠠᠶᠠᠯᠢᠭ ᠤᠨ |
ᠪᠠᠲᠤᠯᠠᠭ᠎ᠠ ᠶᠢᠨ ᠴᠢᠳᠠᠪᠤᠷᠢ ᠶᠢ ᠴᠢᠩᠭᠠᠳᠬᠠᠬᠤ ᠲᠤᠬᠠᠢ ᠲᠣᠳᠣᠷᠬᠠᠢ ᠳᠤᠷᠠᠳᠴᠠᠢ᠃ ᠲᠤᠰ ᠵᠢᠯ ᠤᠨ ᠡᠴᠦᠰ ᠲᠤ |
ᠤᠰᠤᠨ ᠠᠰᠢᠭᠯᠠᠯᠲᠠ ᠶᠢᠨ ᠶᠠᠮᠤᠨ ᠪᠠᠰᠠ ︽ᠥᠪᠥᠷ ᠮᠣᠩᠭᠤᠯ ᠤᠨ ᠴᠢᠨᠠᠷ ᠰᠠᠶᠢᠲᠠᠶ ᠬᠥᠭᠵᠢᠯᠲᠡ ᠶᠢ ᠳᠡᠮᠵᠢᠨ |
ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ |
ᠪᠢᠴᠢᠭᠯᠡᠵᠦ ᠤᠰᠤᠨ ᠠᠰᠢᠭᠯᠠᠯᠲᠠ ᠶᠢᠨ ᠬᠡᠷᠡᠭᠵᠢᠭᠦᠯᠬᠦ ᠲᠥᠰᠦᠯ︾ ᠢ ᠨᠡᠶᠢᠲᠡᠯᠡᠵᠦ᠂ ᠤᠰᠤᠨ ᠠᠰᠢᠭᠯᠠᠯᠲᠠ ᠶᠢᠨ |
ᠲᠣᠤᠷ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠪᠠ ᠤᠰᠤᠨ ᠤ ᠠᠮᠤᠷ ᠲᠦᠪᠰᠢᠨ ᠤ |
ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠳᠤ ᠬᠦᠴᠦᠲᠡᠶ ᠲᠥᠷᠥ ᠶᠢᠨ ᠪᠣᠳᠣᠯᠭ᠎ᠠ ᠶᠢᠨ ᠳᠡᠮᠵᠢᠯᠭᠡ ᠬᠠᠩᠭᠠᠪᠠ᠃ |
|
ᠥᠪᠥᠷ ᠮᠣᠩᠭᠤᠯ ᠪᠠᠰᠠ ᠭᠠᠵᠠᠷ ᠣᠷᠣᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠤᠰᠤᠨ ᠤ ᠬᠠᠤᠯᠢ |
ᠲᠣᠭᠲᠠᠭᠠᠯ ᠤᠨ ᠲᠦᠷᠢᠮ ᠤᠨ ᠰᠢᠰᠲ᠋ᠧᠮ ᠢ ᠲᠠᠰᠤᠷᠠᠯᠲᠠ ᠥᠬᠡᠶ ᠪᠦᠷᠢᠨᠰᠢᠭᠦᠯᠦᠨ ᠲᠡᠭᠦᠯᠳᠡᠷᠵᠢᠭᠦᠯᠵᠦ᠂ ᠠᠶᠢᠮᠠᠭ |
ᠬᠤᠲᠠ ᠬᠤᠰᠢᠭᠤ ᠰᠢᠶᠠᠨ ᠤ ᠲᠥᠪ ᠤᠨ ᠤᠰᠤᠨ ᠠᠰᠢᠭᠯᠠᠯᠲᠠ ᠶᠢᠨ ᠲᠥᠷᠥᠯ ᠵᠦᠢᠯ ᠤᠨ ᠢᠵᠢ ᠪᠥᠷᠢᠳᠦᠭᠦᠯᠬᠦ |
ᠪᠠᠯᠠ ᠮᠥᠩᠭᠦ ᠶᠢ ᠬᠦᠴᠦᠨ ᠥᠬᠡᠶ ᠪᠣᠯᠭᠠᠵᠤ᠂ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠵᠦ᠂ |
ᠪᠣᠷᠣᠲᠣᠬᠤᠶ ᠶᠢᠨ ᠤᠰᠤᠯᠠᠯᠲᠠ ᠶᠢᠨ ᠣᠷᠣᠨ ᠤ ᠬᠠᠮᠢᠶᠠᠷᠤᠯᠲᠠ ᠶᠢᠨ ᠪᠠᠶᠢᠭᠤᠯᠤᠯ ᠲᠣᠭᠲᠠᠴᠠ ᠶᠢᠨ |
ᠥᠭᠡᠷᠡᠴᠢᠯᠡᠯᠲᠡ ᠪᠠᠷ ᠳᠠᠮᠵᠢᠭᠤᠯᠤᠨ ᠣᠷᠣᠯᠭ᠎ᠠ ᠵᠠᠷᠤᠯᠭ᠎ᠠ ᠶᠢ ᠬᠤᠶᠠᠷ ᠱᠤᠭᠤᠮ ᠢ ᠬᠡᠷᠡᠭᠵᠢᠭᠦᠯᠵᠦ᠂ ︽ᠤᠰᠤ ᠪᠠᠷ |
ᠬᠥᠮᠦᠨ ᠢ ᠲᠡᠵᠢᠭᠡᠬᠦ︾ ᠬᠦᠴᠢᠷ ᠠᠰᠠᠭᠤᠳᠠᠯ ᠢ ᠰᠢᠢᠳᠪᠦᠷᠢᠯᠡᠪᠡ ᠁ ᠠᠯᠢ ᠣᠯᠠᠨ ᠲᠥᠷᠥ ᠶᠢᠨ ᠪᠣᠳᠣᠯᠭ᠎ᠠ |
ᠠᠷᠭ᠎ᠠ ᠬᠡᠮᠵᠢᠶ᠎ᠡ ᠨᠢ ᠥᠪᠥᠷ ᠮᠣᠩᠭᠤᠯ ᠤᠨ ᠤᠰᠤᠨ ᠤ ᠲᠤᠤᠷ ᠤᠨ ᠪᠦᠲᠦᠭᠡᠨ ᠪᠠᠶᠢᠭᠤᠯᠤᠯᠲᠠ ᠳᠤ ᠬᠦᠴᠦᠲᠡᠢ |
ᠪᠠᠲᠤᠯᠠᠭ᠎ᠠ ᠶᠢ ᠬᠠᠩᠭᠠᠪᠠ᠃ |
︵︽ᠳᠤᠮᠳᠠᠳᠤ ᠤᠯᠤᠰ ᠤᠨ ᠤᠰᠤᠨ ᠠᠰᠢᠭᠯᠠᠯᠲᠠ ᠶᠢᠨ ᠰᠣᠨᠢᠨ︾ ᠠᠴᠠ ᠰᠢᠯᠵᠢᠭᠦᠯᠪᠡ ᠲᠤᠰ ᠰᠣᠨᠢᠨ ᠤ |
ᠮᠡᠳᠡᠭᠡᠯᠡᠭᠴᠢ ᠾᠧᠦ ᠶᠠᠨ ᠵᠢᠶᠣᠣ︶ |
|