ᠡᠳ᠋ ᠤᠨ ᠵᠠᠰᠠᠭ ᠤᠨ ᠨᠡᠮᠡᠭᠳᠡᠯ ᠤᠨ ᠬᠠᠮ ᠲᠦᠷᠦ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠪᠠᠷ ᠪᠠᠶᠢᠨ᠎ᠠ︕
ᠨᠡᠶᠢᠲᠡᠯᠡᠭᠰᠡᠨ ᠴᠠᠭ᠄
2024/10/15
  10 ᠳ᠋ᠤᠭᠠᠷ ᠰᠠᠷ᠎ᠠ ᠶᠢᠨ 12 ᠤᠨ ᠡᠳᠦᠷ᠂ ᠲᠥᠷᠥ ᠶᠢᠨ ᠶᠠᠪᠤᠳᠠᠯ ᠤᠨ ᠬᠤᠷᠢᠶᠠᠨ ᠤ ᠰᠣᠨᠢᠨ ᠮᠡᠳᠡᠭᠡᠨ ᠤ ᠠᠯᠪᠠᠨ ᠬᠡᠷ ︽ᠡᠳ᠋ ᠤᠨ ᠵᠠᠰᠠᠭ ᠤᠨ ᠲᠥᠷᠥ ᠶᠢᠨ ᠪᠣᠳᠣᠯᠭ᠎ᠠ ᠶᠢᠨ ᠰᠥᠷᠭᠡᠦ ᠦᠶᠡᠯᠡᠯ ᠤᠨ ᠲᠣᠬᠢᠷᠠᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ︾ ᠬᠤᠯᠪᠣᠭᠳᠠᠯ ᠪᠥᠬᠦᠶ ᠪᠠᠶᠢᠳᠠᠯ ᠢ ᠨᠡᠶᠢᠲᠡᠯᠡᠬᠦ ᠬᠤᠷᠠᠯ ᠬᠢᠪᠠ᠃   ᠡᠳ᠋ ᠤᠨ ᠵᠠᠰᠠᠭ ᠤᠨ ᠶᠠᠮᠣᠠ ᠤ ᠬᠤᠯᠪᠤᠬᠲᠠᠯ ᠪᠦᠭᠦᠢ ᠬᠠᠷᠢᠭᠤᠴᠠᠯᠭᠠᠲᠠᠨ ᠤ ᠲᠠᠨᠢᠯᠴᠠᠭᠤᠯᠣᠬᠰᠠᠨ ᠢᠶᠠᠷ᠂ ᠨᠡᠮᠡᠭᠳᠡᠯ ᠢ ᠳᠣᠬᠲᠠᠪᠤᠷᠢᠵᠢᠭᠤᠯᠬᠤ᠂ ᠳᠣᠲᠣᠭᠠᠲᠤ ᠬᠡᠷᠡᠭᠴᠡᠭᠡ ᠶᠢ ᠥᠷᠭᠡᠳᠬᠡᠬᠦ ᠂ ᠲᠦᠭᠰᠢᠭᠦᠷᠢ ᠶᠢ ᠠᠷᠢᠯᠭᠠᠬᠤ ᠶᠢᠨ ᠲᠣᠭᠤᠷᠢᠨ ᠳᠤ ᠂ ᠣᠢᠢᠷ᠎ᠠ ᠶᠢᠨ ᠬᠤᠭᠤᠴᠠᠭᠠᠨ ᠳᠤ ᠬᠠᠨᠲᠣᠯᠭᠠᠲᠤ ᠴᠢᠨᠠᠷᠲᠠᠢ ᠨᠡᠮᠡᠭᠳᠡᠯ ᠤᠨ ᠬᠠᠮ ᠳᠦᠷᠤ ᠶᠢᠨ ᠪᠤᠲᠣᠯᠭ᠎ᠠ ᠶᠢᠨ ᠠᠷᠭ᠎ᠠ ᠬᠡᠮᠵᠢᠶ᠎ᠡ ᠶᠢ ᠵᠠᠯᠭᠠᠭ᠎ᠠ ᠪᠠᠷ ᠬᠡᠷᠡᠭᠵᠢᠭᠦᠯᠦᠨ᠎ᠡ ᠃ ᠨᠢᠭᠡ ᠯᠡ ᠵᠢᠷᠤᠭ ᠢᠶᠠᠷ ᠦᠵᠡᠵᠡᠭᠡᠶ᠎ᠡ   ᠣᠷᠣᠨ ᠨᠤᠲᠤᠭ ᠤᠨ ᠵᠠᠰᠠᠭ ᠤᠨ ᠣᠷᠳᠣᠨ ᠤ ᠥᠷᠢ ᠥᠭᠴᠡᠭᠡᠨ ᠤ ᠲᠦᠭᠰᠢᠭᠦᠷᠢ ᠶᠢ ᠠᠷᠢᠯᠭᠠᠬᠤ ᠶᠢ ᠬᠦᠴᠦᠯᠡᠨ ᠳᠡᠮᠵᠢᠨ᠎ᠡ   ᠡᠨᠡ ᠵᠢᠯ ᠡᠬᠢᠯᠡᠭᠰᠡᠨ ᠠᠴᠠ ᠨᠠᠭᠠᠰᠢ   1.2 ᠲᠦᠮᠡᠨ ᠳ᠋ᠦᠩᠰᠢᠭᠤᠷ ᠲᠦᠭᠦᠷᠢᠭ ᠤᠨ ᠥᠷᠢ ᠥᠭᠴᠡᠭᠡᠨ ᠤ ᠬᠢᠵᠠᠭᠠᠷ ᠲᠤᠭ᠎ᠠ ᠶᠢ ᠲᠣᠬᠢᠷᠠᠭᠤᠯᠪᠠ   ᠣᠷᠣᠨ ᠨᠣᠲᠤᠭ ᠤᠨ ᠦᠯᠡᠳᠡᠭᠡᠯ ᠳᠠᠯᠳᠠ ᠦᠷᠢ ᠦᠭᠴᠡᠭᠡ ᠶᠢ ᠠᠷᠢᠯᠭᠠᠬᠤ ᠪᠠ ᠵᠠᠰᠠᠭ ᠤᠨ ᠣᠷᠳᠤᠨ ᠤ ᠠᠵᠤ ᠠᠬᠤᠶᠢᠯᠠᠯ ᠳᠤ ᠥᠷᠢᠲᠦᠵᠦ ᠪᠠᠶᠢᠭ᠎ᠠ ᠳᠠᠩᠰᠠᠨ ᠵᠤᠭᠤᠰ ᠢ ᠰᠢᠢᠳᠪᠦᠷᠢᠯᠡᠬᠦ ᠶᠢ ᠳᠡᠮᠵᠢᠨ᠎ᠡ   ᠨᠡᠯᠢᠶᠡᠳ ᠶᠡᠭᠡ ᠬᠡᠪᠴᠢᠶᠡᠨ ᠤ ᠥᠷᠢ ᠦᠭᠴᠡᠭᠡᠨ ᠤ ᠬᠢᠵᠠᠭᠠᠷ ᠲᠤᠭ᠎ᠠ ᠶᠢ ᠨᠢᠭᠡ ᠯᠡ ᠤᠳᠠᠭ᠎ᠠ ᠳᠤ ᠨᠡᠮᠡᠭᠳᠡᠭᠦᠯᠬᠦ ᠪᠠᠷ ᠲᠥᠯᠥᠪᠯᠡᠵᠦ ᠪᠠᠶᠢᠨ᠎ᠠ   ᠣᠷᠣᠨ ᠨᠤᠲᠤᠭ ᠤᠨ ᠵᠠᠰᠠᠭ ᠤᠨ ᠣᠷᠳᠣᠨ ᠤ ᠦᠯᠡᠳᠡᠭᠡᠯ ᠳᠠᠯᠳᠠ ᠦᠷᠢ ᠦᠭᠴᠡᠭᠡ ᠶᠢ ᠪᠤᠰᠤᠳ ᠠᠷᠭ᠎ᠠ ᠮᠠᠶ᠋ᠢᠭ ᠢᠶᠠᠷ ᠰᠢᠯᠵᠢᠭᠦᠯᠦᠨ ᠰᠢᠢᠳᠪᠦᠷᠢᠯᠡᠨ᠎ᠡ   ᠣᠷᠣᠨ ᠨᠤᠲᠤᠭ ᠤᠨ ᠬᠢᠨ ᠤ ᠥᠷᠢ ᠥᠭᠴᠡᠭᠡᠨ ᠤ ᠲᠦᠭᠰᠢᠭᠦᠷᠢ ᠪᠠᠨ ᠠᠷᠢᠯᠭᠠᠬᠤ ᠶᠢ ᠬᠦᠴᠦᠯᠡᠨ ᠳᠡᠮᠵᠢᠨ᠎ᠡ   ᠤᠯᠤᠰ ᠤᠨ ᠥᠮᠴᠢᠯᠡᠯᠲᠦ ᠲᠣᠮᠣ ᠬᠡᠯᠪᠡᠷᠢ ᠶᠢᠨ ᠬᠤᠳᠠᠯᠳᠤᠭᠠᠨ ᠤ ᠪᠠᠩᠭᠢ ᠶᠢᠨ ᠭᠤᠣᠯ ᠨᠢᠭᠡᠳᠦᠭᠡᠷ ᠳᠡᠰ ᠤᠨ ᠬᠥᠷᠥᠩᠭᠡ ᠪᠠᠨ ᠨᠦᠬᠦᠪᠦᠷᠢᠯᠡᠬᠦ ᠶᠢ ᠨᠢ ᠳᠡᠮᠵᠢᠨ᠎ᠡ   ᠵᠠᠬ᠎ᠠ ᠳᠡᠯᠭᠡᠭᠦᠷᠴᠢᠯᠡᠬᠦ᠂ ᠬᠠᠤᠯᠢᠵᠢᠬᠤ ᠵᠠᠷᠴᠢᠮ ᠢ ᠪᠠᠷᠢᠮᠲᠠᠯᠠᠨ᠎ᠠ   ᠤᠯᠤᠰ ᠤᠨ ᠣᠨᠴᠠᠭᠠᠢ ᠵᠢᠭᠡᠯᠡᠯᠭᠡ ᠲᠠᠷᠬᠠᠭᠠᠬᠤ ᠵᠡᠷᠭᠡ ᠠᠷᠭ᠎ᠠ ᠵᠠᠮ ᠢᠶᠠᠷ ᠪᠡᠯᠡ ᠮᠥᠩᠭᠦ ᠶᠢ ᠢᠳᠡᠪᠬᠢᠲᠡᠢ ᠴᠤᠭᠯᠠᠭᠤᠯᠤᠨ᠎ᠠ   ᠤᠯᠤᠰ ᠤᠨ ᠥᠮᠴᠢᠯᠡᠯᠲᠦ ᠲᠣᠮᠣ ᠬᠡᠯᠪᠡᠷᠢ ᠶᠢᠨ ᠬᠤᠳᠠᠯᠳᠤᠭᠠᠨ ᠤ ᠪᠠᠩᠬᠢ ᠶᠢᠨ ᠭᠤᠣᠯ ᠨᠢᠭᠡᠳᠦᠭᠡᠷ ᠳᠡᠰ ᠤᠨ ᠬᠥᠷᠥᠩᠭᠡ ᠪᠠᠨ ᠤᠯᠠᠮ ᠨᠢᠭᠡ ᠠᠯᠬᠤᠮ ᠨᠡᠮᠡᠭᠳᠡᠭᠦᠯᠬᠦ ᠶᠢ ᠨᠢ ᠯᠠᠪᠳᠠᠭᠤᠨ ᠪᠥᠭᠡᠳ ᠵᠢᠷᠤᠮᠵᠢᠭᠤᠨ ᠢᠶᠠᠷ ᠳᠡᠮᠵᠢᠨ᠎ᠡ   ᠭᠡᠷ ᠭᠠᠵᠠᠷ ᠬᠦᠷᠦᠩᠭᠡ ᠶᠢᠨ ᠵᠠᠬ᠎ᠠ ᠳᠡᠯᠭᠡᠭᠦᠷ ᠤᠨ ᠦᠨ᠎ᠡ ᠪᠠᠭᠤᠷᠠᠬᠤ ᠶᠢ ᠬᠤᠷᠢᠭᠯᠠᠨ ᠲᠣᠭᠲᠠᠭᠤᠨ ᠢᠶᠠᠷ ᠰᠡᠷᠭᠦᠭᠡᠬᠦ ᠶᠢ ᠠᠬᠢᠭᠤᠯᠤᠨ ᠳᠡᠮᠵᠢᠨ᠎ᠡ   ᠣᠷᠣᠨ ᠨᠣᠳᠤᠭ ᠤᠨ ᠵᠠᠰᠠᠭ ᠤᠨ ᠣᠷᠳᠣᠨ ᠤ ᠲᠣᠰᠬᠠᠢ ᠵᠦᠢᠯ ᠤᠨ ᠵᠢᠭᠡᠯᠡᠯᠭᠡ ᠶᠢᠨ ᠳᠡᠮᠳᠡᠭᠳᠦ ᠬᠡᠷᠡᠭᠯᠡᠨ ᠨᠦᠬᠦᠴᠡᠯ ᠳᠤ ᠨᠡᠶᠢᠴᠡᠭᠰᠡᠨ ᠰᠣᠯᠡ ᠲᠠᠯᠪᠢᠭᠳᠠᠵᠤ ᠪᠠᠶᠢᠭ᠎ᠠ ᠭᠠᠵᠡᠷ ᠰᠢᠷᠦᠢ ᠶᠢ ᠪᠤᠴᠠᠭᠠᠨ ᠠᠪᠬᠤ ᠶᠢ ᠨᠢ ᠳᠡᠮᠵᠢᠵᠦ᠂ ᠦᠨᠡᠭᠡᠷ ᠭᠡᠷᠡᠭᠴᠡᠭᠡ ᠲᠠᠢ ᠭᠠᠵᠡᠷ ᠣᠷᠣᠨ ᠢ ᠰᠢᠨ᠎ᠡ ᠪᠠᠷ ᠨᠡᠮᠡᠭᠳᠡᠭᠰᠡᠨ ᠭᠠᠵᠡᠷ ᠰᠢᠷᠦᠢ ᠶᠢ ᠨᠦᠭᠡᠴᠡᠯᠡᠬᠦ ᠳᠦᠷᠦᠯ ᠵᠦᠢᠯ ᠳᠤ ᠭᠡᠷᠡᠭᠯᠡᠵᠦ ᠪᠠᠰᠠ ᠪᠤᠯᠥᠨ᠎ᠠ᠃   ᠲᠤᠰᠬᠠᠢ ᠵᠦᠢᠯ ᠤᠨ ᠵᠢᠭᠡᠯᠡᠯᠭᠡ ᠶᠢᠨ ᠲᠡᠮᠳᠡᠭᠲᠦ ᠶᠢ ᠰᠠᠶᠢᠲᠤᠷ ᠬᠡᠷᠡᠭᠯᠡᠨ ᠦᠯᠡᠳᠡᠭᠡᠯ ᠲᠠᠸᠠᠷ ᠤᠨ ᠣᠷᠣᠨ ᠰᠠᠭᠤᠴᠠ ᠶᠢ ᠬᠤᠳᠠᠯᠳᠤᠨ ᠠᠪᠤᠭᠠᠳ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠪᠣᠯᠭᠠᠵᠤ᠂ ᠪᠠᠲᠤᠯᠠᠭ᠎ᠠ ᠶᠢᠨ ᠴᠢᠨᠠᠷᠲᠠᠢ ᠠᠮᠤᠭᠤᠯᠠᠩ ᠣᠷᠣᠨ ᠰᠠᠭᠤᠴᠠ ᠶᠢᠨ ᠢᠨᠵᠧᠨᠧᠷᠢᠩ ᠤᠨ ᠨᠥᠬᠦᠪᠥᠷᠢ ᠪᠡᠯᠡ ᠥᠩᠭᠦ ᠶᠢ ᠦᠷᠭᠦᠯᠵᠢᠯᠡᠨ ᠰᠠᠶᠢᠲᠤᠷ ᠬᠡᠷᠡᠭᠯᠡᠨ᠎ᠡ   ᠡᠩ ᠤᠨ ᠤᠷᠤᠨ ᠰᠠᠭᠤᠴᠠ ᠶᠢᠨ ᠪᠠ ᠡᠩ ᠤᠨ ᠪᠤᠰᠤ ᠤᠷᠤᠨ ᠰᠠᠭᠤᠴᠠ ᠶᠢᠨ ᠪᠠᠷᠢᠮᠵᠢᠶ᠎ᠠ ᠶᠢ ᠴᠤᠴᠠᠯᠬᠤ  ᠯᠤᠭ᠎ᠠ ᠵᠣᠯᠭᠠᠯᠳᠤᠭᠰᠠᠨ ᠦᠷᠳᠡᠭ ᠨᠡᠮᠡᠭᠳᠡᠯ ᠤᠨ ᠭᠠᠶᠢᠯᠢ᠂ ᠭᠠᠵᠠᠷ ᠰᠢᠷᠤᠢ ᠶᠢᠨ ᠦᠷᠳᠡᠭ ᠨᠡᠮᠡᠭᠳᠡᠯ ᠤᠨ ᠭᠠᠶᠢᠯᠢ ᠶᠢᠨ ᠲᠦᠷᠦ ᠶᠢᠨ ᠪᠤᠳᠤᠯᠭ᠎ᠠ ᠶᠢ ᠰᠢᠮᠳᠠᠭᠤᠯᠤᠨ ᠰᠤᠳᠤᠯᠵᠤ ᠲᠤᠳᠤᠷᠬᠠᠶᠢᠯᠠᠬᠤ ᠶᠢᠨ ᠬᠠᠮᠳᠤ ᠳᠡᠮᠵᠢᠬᠦ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠬᠠᠮᠢᠶ᠎ᠠ ᠪᠦᠬᠦᠢ ᠭᠠᠶᠢᠯᠢ ᠳᠠᠳᠠᠪᠤᠷᠢ ᠶᠢᠨ ᠳᠦᠷᠦ ᠶᠢᠨ ᠪᠤᠳᠤᠯᠭ᠎ᠠ ᠪᠠᠨ ᠳᠤᠬᠢᠷᠠᠭᠤᠯᠤᠨ ᠰᠢᠯᠢᠳᠡᠭᠵᠢᠭᠦᠯᠦᠨ᠎ᠡ   ᠭᠤᠣᠯᠳᠠᠯᠭ᠎ᠠ ᠪᠦᠬᠦᠢ ᠬᠥᠮᠥᠰ ᠢ ᠳᠡᠮᠵᠢᠨ ᠪᠠᠲᠤᠯᠠᠬᠤ ᠡᠷᠴᠢᠮ ᠢᠶᠠᠨ ᠴᠢᠩᠭᠠᠷᠠᠭᠤᠯᠤᠨ᠎ᠠ   ᠤᠯᠤᠰ ᠤᠨ ᠪᠠᠶᠠᠷ ᠠᠴᠠ ᠡᠮᠦᠨ᠎ᠡ ᠬᠦᠴᠢᠷᠳᠡᠯᠲᠡᠢ ᠣᠯᠠᠨ ᠲᠦᠮᠡᠨ ᠳᠤ ᠠᠮᠢᠳᠤᠷᠠᠯ ᠤᠨ ᠨᠥᠬᠦᠪᠦᠷᠢ ᠶᠢ ᠨᠢᠭᠡ ᠯᠡ ᠳᠡᠭᠡᠷ᠎ᠡ ᠣᠯᠭᠤᠪᠠ   ᠰᠤᠷᠤᠭᠴᠢᠳ ᠲᠤ ᠬᠠᠨᠳᠤᠭᠤᠯᠤᠭᠰᠠᠨ ᠰᠢᠯᠢᠳᠡᠭ ᠢ ᠱᠠᠩᠨᠠᠵᠤ ᠬᠦᠴᠢᠷᠳᠡᠭᠰᠡᠨ ᠢ ᠲᠤᠰᠠᠯᠠᠬᠤ ᠡᠷᠴᠢᠮ ᠢᠶᠠᠨ ᠴᠢᠩᠭᠠᠷᠠᠭᠤᠯᠤᠨ᠎ᠠ   ᠤᠯᠤᠰ ᠤᠨ ᠰᠤᠷᠤᠯᠭ᠎ᠠ ᠶᠢᠨ ᠱᠠᠩᠨᠠᠯ ᠤᠨ ᠮᠥᠩᠭᠦᠨ ᠤ ᠱᠠᠩᠨᠠᠬᠤ ᠲᠤᠭ᠎ᠠ ᠶᠢ ᠳᠠᠬᠢᠨ ᠢᠶᠠᠷ ᠨᠡᠮᠡᠭᠳᠡᠭᠦᠯᠦᠨ᠎ᠡ   ᠵᠢᠩᠬᠢᠨᠢ ᠠᠩᠭᠢ ᠶᠢᠨ ᠪᠠ ᠲᠤᠰᠬᠠᠢ ᠮᠡᠷᠭᠡᠵᠢᠯ ᠤᠨ ᠰᠤᠷᠤᠭᠴᠢᠳ ᠤᠨ ᠰᠤᠷᠤᠯᠭ᠎ᠠ ᠶᠢᠨ ᠱᠠᠩᠨᠠᠯ ᠤᠨ ᠮᠥᠩᠭᠦᠨ ᠤ ᠱᠠᠩᠨᠠᠬᠤ ᠪᠠᠷᠢᠮᠵᠢᠶ᠎ᠠ ᠶᠢ ᠳᠡᠭᠡᠭᠰᠢᠯᠡᠭᠦᠯᠦᠨ᠎ᠡ   ᠵᠢᠩᠬᠢᠨᠢ ᠠᠩᠭᠢ ᠶᠢᠨ ᠪᠠ ᠲᠤᠰᠬᠠᠢ ᠮᠡᠷᠭᠡᠵᠢᠯ ᠤᠨ ᠠᠩᠭᠢ ᠶᠢᠨ ᠰᠣᠷᠣᠭᠴᠢᠳ ᠤᠨ ᠤᠯᠤᠰ ᠤᠨ ᠰᠤᠷᠤᠯᠭ᠎ᠠ ᠶᠢᠨ ᠲᠡᠳᠭᠦᠮᠵᠢ ᠶᠢᠨ ᠮᠥᠩᠭᠦᠨ ᠤ ᠲᠡᠳᠬᠦᠬᠦ ᠪᠠᠷᠢᠮᠵᠢᠶ᠎ᠠ ᠶᠢ ᠳᠡᠭᠡᠭᠰᠢᠯᠡᠭᠦᠯᠬᠦ ᠵᠡᠷᠭᠡ ᠶᠢ ᠪᠠᠭᠲᠠᠭᠠᠨ᠎ᠠ   ᠨᠡᠩ ᠤᠯᠠᠨ ᠲᠦᠷᠦ ᠶᠢᠨ ᠪᠤᠳᠤᠯᠭ᠎ᠠ ᠶᠢᠨ ᠪᠠᠭᠠᠵᠢ ᠨᠤᠭᠤᠳ ᠬᠦᠯᠢᠶᠡᠭᠦᠰᠢᠲᠡᠢ   ᠲᠦᠷᠦ ᠶᠢᠨ ᠪᠤᠳᠤᠯᠭ᠎ᠠ ᠶᠢᠨ ᠪᠤᠰᠤᠳ ᠪᠠᠭᠠᠵᠢ ᠨᠤᠭᠤᠳ ᠢ ᠶᠠᠭ ᠰᠤᠳᠤᠯᠵᠤ ᠪᠠᠶᠢᠨ᠎ᠠ   ᠵᠢᠱᠢᠶᠡᠯᠡᠪᠡᠯ ᠳᠦᠪ ᠤᠨ ᠡᠳ᠋ ᠤᠨ ᠵᠠᠰᠠᠭ ᠲᠤ ᠪᠠᠰᠠ ᠨᠡᠯᠢᠶᠡᠳ ᠶᠡᠭᠡ ᠵᠢᠭᠡᠯᠡᠯᠭᠡ ᠠᠪᠬᠤ ᠤᠷᠤᠨ ᠵᠠᠢ ᠪᠠ ᠤᠯᠠᠭᠠᠨ ᠲᠤᠭ᠎ᠠ ᠶᠢ ᠳᠡᠭᠡᠭᠰᠢᠯᠡᠬᠦᠯᠬᠦ ᠤᠷᠤᠨ ᠵᠠᠢ ᠪᠤᠢ   ᠪᠦᠬᠦ ᠵᠢᠯ ᠤᠨ ᠲᠦᠰᠦᠪ ᠤᠨ ᠬᠠᠷᠠᠯᠲᠠ ᠶᠢ ᠪᠡᠶᠡᠯᠡᠭᠦᠯᠵᠦ ᠪᠣᠯᠤᠨ᠎ᠠ   ᠳᠤᠮᠳᠠᠳᠤ ᠤᠯᠤᠰ ᠤᠨ ᠡᠳ᠋ ᠤᠨ ᠵᠠᠰᠠᠭ ᠤᠨ ᠡᠷᠴᠢ ᠬᠦᠴᠦᠨ ᠲᠡᠭᠦᠯᠳᠡᠷ   ᠶᠡᠷᠦᠩᠬᠡᠶᠢᠯᠡᠭᠰᠡᠨ ᠴᠢᠨᠠᠷᠲᠠᠢ ᠠᠷᠭ᠎ᠠ ᠬᠡᠮᠵᠢᠶ᠎ᠡ ᠪᠠᠷ ᠤᠷᠤᠯᠭ᠎ᠠ ᠵᠠᠷᠤᠯᠭ᠎ᠠ ᠶᠢ ᠲᠡᠩᠴᠡᠭᠦᠷᠢᠰᠢᠭᠦᠯᠵᠦ᠂ ᠪᠦᠬᠦ ᠵᠢᠯ ᠤᠨ ᠲᠦᠰᠦᠪ ᠤᠨ ᠬᠠᠷᠠᠯᠲᠠ ᠪᠠᠨ ᠪᠡᠶᠡᠯᠡᠭᠦᠯᠵᠦ ᠪᠤᠯᠤᠨ᠎ᠠ
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
ᠬᠠᠮᠢᠶ᠎ᠡ ᠪᠦᠬᠦᠢ ᠰᠣᠨᠢᠨ
2014-2015 ©ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map