ᠬᠡᠯᠬᠢᠶᠡᠰᠦᠨ ᠨᠣᠮᠧᠷ᠄ 000014348/2024 — 06740 |
ᠭᠤᠣᠯ ᠰᠡᠳᠦᠪ ᠤᠨ ᠠᠩᠭᠢᠯᠠᠯ᠄ ᠤᠰᠤᠨ ᠠᠰᠢᠭᠯᠠᠯᠲᠠ |
ᠨᠡᠶᠢᠲᠡᠯᠡᠭᠰᠡᠨ ᠪᠠᠶᠢᠭᠤᠯᠤᠮᠵᠢ᠄ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ |
ᠪᠢᠴᠢᠭ ᠤᠨ ᠳ᠋ᠤᠭᠠᠷ᠄ ᠦᠪᠦᠷ ᠤᠰᠤᠨ ᠬᠠᠮᠠᠭᠠᠯᠠᠬᠤ ᠵᠦᠪᠰᠢᠶᠡᠷᠡᠯ ᠲᠤᠭᠲᠠᠭᠠᠯ ﹇2024﹈ 71 ᠳ᠋ᠦ᠋ᠭᠡᠷ |
ᠲᠣᠭᠠᠲᠤ |
ᠪᠢᠴᠢᠭᠳᠡᠭᠰᠡᠨ ᠡᠳᠦᠷ ᠬᠤᠭᠤᠴᠠᠭ᠎ᠠ᠄ 2024 ᠣᠨ ᠤ 10 ᠳ᠋ᠤᠭᠠᠷ ᠰᠠᠷ᠎ᠠ ᠶᠢᠨ 12 ᠤ ᠡᠳᠦᠷ |
ᠠᠯᠪᠠᠨ ᠪᠢᠴᠢᠭ ᠤᠨ ᠬᠦᠴᠦᠨ ᠲᠠᠢ ᠬᠤᠭᠤᠴᠠᠭ᠎ᠠ᠄ ᠬᠦᠴᠦᠨ ᠲᠠᠢ |
|
ᠤᠯᠠᠭᠠᠨᠴᠠᠪ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠳᠤ᠄ |
ᠮᠠᠨ ᠤ ᠲᠢᠩᠬᠢᠮ 2024 ᠣᠨ ᠤ 8 ᠳ᠋ᠤᠭᠠᠷ ᠰᠠᠷ᠎ᠠ ᠶᠢᠨ 23 ᠤ ᠡᠳᠦᠷ ᠲᠠᠨ ᠤ ᠨᠢᠭᠡᠴᠢ ᠶᠢᠨ |
ᠳᠤᠷᠠᠳᠤᠭᠰᠠᠨ ︽ᠮᠤᠵᠢ ᠶᠢᠨ ᠵᠠᠮ 101 ᠱᠤᠭᠤᠮ ᠤᠨ ᠬᠥᠬᠡᠬᠤᠲᠠ ︵ᠤᠯᠤᠰ ᠤᠨ ᠵᠠᠮ 110 ᠱᠤᠭᠤᠮ︶ ᠠᠴᠠ |
ᠰᠢ ᠬᠤᠤ ᠴᠢᠶᠠᠨ ᠬᠦᠷᠬᠦ ᠳᠠᠩ ᠴᠢᠭᠯᠡᠯ ᠢ ᠬᠤᠣᠰ ᠴᠢᠭᠯᠡᠯ ᠢᠶᠠᠷ ᠥᠭᠡᠷᠡᠴᠢᠯᠡᠬᠦ ᠢᠨᠵᠧᠨᠧᠷᠢᠩ ᠤᠨ ᠤᠰᠤ ᠰᠢᠷᠤᠢ ᠶᠢ |
ᠬᠠᠮᠠᠭᠠᠯᠠᠬᠤ ᠲᠥᠰᠦᠯ ᠤᠨ ᠮᠡᠳᠡᠭᠦᠯᠦᠯᠲᠡ ᠶᠢᠨ ᠪᠢᠴᠢᠭ︾ ᠢ ᠬᠢᠨᠠᠨ ᠪᠠᠶᠢᠴᠠᠭᠠᠬᠤ ᠭᠤᠶᠤᠴᠢᠯᠠᠯ ᠢ ᠭᠥᠯᠢᠶᠡᠨ |
ᠠᠪᠴᠤ ᠰᠢᠢᠳᠪᠦᠷᠢᠯᠡᠪᠡ ᠃ |
ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠦᠢᠯᠡᠰ ᠤᠨ |
ᠬᠥᠭᠵᠢᠯᠲᠡ ᠶᠢᠨ ᠲᠥᠪ ᠤᠨ ᠮᠡᠷᠭᠡᠵᠢᠯ ᠤᠨ ᠬᠢᠨᠠᠨ ᠪᠠᠶᠢᠴᠠᠭᠠᠯᠲᠠ ᠪᠠᠷ ᠳᠠᠮᠵᠢᠭᠠᠳ ᠂ ᠲᠠᠨ ᠤ ᠨᠢᠭᠡᠴᠢ ᠶᠢᠨ |
ᠳᠡᠪᠰᠢᠭᠦᠯᠦᠭᠰᠡᠨ ︽ᠮᠤᠵᠢ ᠶᠢᠨ ᠵᠠᠮ 101 ᠱᠤᠭᠤᠮ ᠤᠨ ᠬᠥᠬᠡᠬᠤᠲᠠ ︵ᠤᠯᠤᠰ ᠤᠨ ᠵᠠᠮ 110 ᠱᠤᠭᠤᠮ︶ |
ᠠᠴᠠ ᠰᠢ ᠬᠤᠤ ᠴᠢᠶᠠᠨ ᠬᠦᠷᠬᠦ ᠳᠠᠩ ᠴᠢᠭᠯᠡᠯ ᠢ ᠬᠤᠣᠰ ᠴᠢᠭᠯᠡᠯ ᠢᠶᠠᠷ ᠦᠭᠡᠷᠡᠴᠢᠯᠡᠬᠦ ᠢᠨᠵᠧᠨᠧᠷᠢᠩ ᠤᠨ ᠤᠰᠤ |
ᠬᠥᠷᠥᠰᠥ ᠶᠢ ᠬᠠᠮᠠᠭᠠᠯᠠᠬᠤ ᠲᠥᠰᠦᠯ ᠤᠨ ᠮᠡᠳᠡᠭᠦᠯᠦᠯᠲᠡ ᠶᠢᠨ ᠪᠢᠴᠢᠭ︾ ᠳᠤ ᠤᠰᠤ ᠬᠥᠷᠥᠰᠥ ᠶᠢᠨ ᠢᠳᠡᠭᠳᠡᠯ ᠢ |
ᠰᠡᠷᠭᠡᠶᠢᠯᠡᠨ ᠵᠠᠰᠠᠬᠤ ᠬᠠᠷᠠᠯᠲᠠ ᠵᠦᠶ ᠵᠣᠬᠢᠰ ᠥᠬᠡᠶ ᠪᠠᠶᠢᠵᠤ ᠂ ᠰᠡᠷᠭᠡᠶᠢᠯᠡᠨ ᠵᠠᠰᠠᠬᠤ ᠬᠠᠷᠢᠭᠤᠴᠠᠯᠭ᠎ᠠ ᠶᠢᠨ ᠬᠡᠪᠴᠢᠶ᠎ᠡ |
ᠲᠣᠳᠣᠷᠬᠠᠶ ᠥᠬᠡᠶ ᠂ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠠᠵᠢᠯ ᠤᠨ ᠬᠤᠭᠤᠴᠠᠭ᠎ᠠ ᠂ ᠤᠰᠤ |
ᠬᠥᠷᠥᠰᠥ ᠶᠢᠨ ᠬᠠᠮᠠᠭᠠᠯᠠᠯᠲᠠ ᠶᠢᠨ ᠲᠥᠰᠦᠯ ᠤᠨ ᠰᠠᠭᠤᠷᠢ ᠮᠠᠲ᠋ᠧᠷᠢᠶᠠᠯ ᠤᠨ ᠲᠤᠭ᠎ᠠ ᠪᠠᠷᠢᠮᠲᠠ ᠨᠢ ᠢᠯᠡᠷᠬᠡᠶ ᠪᠢᠰᠢ ᠂ |
ᠦᠢᠯᠡᠳᠪᠦᠷᠢᠯᠡᠯ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠭᠠᠵᠠᠷ ᠰᠣᠩᠭᠤᠬᠤ ᠨᠢ ᠬᠠᠲᠤᠨ ᠭᠤᠤᠯ ᠤᠨ |
ᠥᠪᠡᠷᠲᠡᠭᠡᠨ ᠵᠠᠰᠠᠬᠤ ᠣᠷᠣᠨ ᠤ ᠲᠠᠰ ᠤᠨ ᠤᠰᠤ ᠬᠥᠷᠥᠰᠥ ᠶᠢᠨ ᠢᠳᠡᠭᠳᠡᠯ ᠤᠨ ᠭᠤᠤᠯᠳᠠᠯᠭ᠎ᠠ ᠲᠠᠢ ᠵᠠᠰᠠᠯᠲᠠ ᠶᠢᠨ |
ᠣᠷᠣᠨ ᠂ ᠠᠮᠢ ᠠᠬᠤᠶ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠵᠡᠷᠭᠡ ᠰᠡᠷᠭᠡᠭ ᠣᠷᠣᠨ ᠳᠤ ᠣᠷᠣᠰᠢᠵᠤ |
ᠪᠠᠶᠢᠨ᠎ᠠ ᠂ ᠭᠡᠪᠡᠴᠦ ᠤᠰᠤ ᠬᠥᠷᠥᠰᠥ ᠶᠢ ᠬᠠᠮᠠᠭᠠᠯᠠᠬᠤ ᠪᠠᠷᠢᠮᠵᠢᠶ᠎ᠠ ᠂ ᠵᠢᠷᠤᠮᠵᠢᠯ ᠵᠡᠷᠭᠡ ᠱᠠᠭᠠᠷᠳᠠᠯᠭ᠎ᠠ ᠶᠣᠰᠣᠭᠠᠷ |
ᠪᠥᠲᠥᠭᠡᠨ ᠪᠠᠶᠢᠭᠤᠯᠤᠯᠲᠠ ᠶᠢᠨ ᠲᠥᠰᠦᠯ ᠢ ᠰᠢᠯᠢᠳᠡᠭᠵᠢᠭᠦᠯᠦᠭᠰᠡᠨ ᠥᠬᠡᠶ ᠵᠡᠷᠭᠡ ᠠᠰᠠᠭᠤᠳᠠᠯ ᠨᠢ ︽ |
ᠦᠢᠯᠡᠳᠪᠦᠷᠢᠯᠡᠯ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠤᠰᠤ ᠬᠥᠷᠥᠰᠥ ᠶᠢ ᠬᠠᠮᠠᠭᠠᠯᠠᠬᠤ |
ᠮᠡᠷᠭᠡᠵᠢᠯ ᠤᠨ ᠪᠠᠷᠢᠮᠵᠢᠶ᠎ᠠ︾ ︵GB50433 — 2018︶ ᠶᠢᠨ 3.2.1 ᠳ᠋ᠦ᠋ᠭᠡᠷ ᠵᠦᠢᠯ ᠂ 3.2.2 ᠳ᠋ᠤᠭᠠᠷ |
ᠵᠦᠢᠯ ᠂ 4.2.1 ᠳ᠋ᠦ᠋ᠭᠡᠷ ᠵᠦᠢᠯ ᠂ 4.6.4 ᠳ᠋ᠦ᠋ᠭᠡᠷ ᠵᠦᠢᠯ — 4.6.16 ᠳ᠋ᠤᠭᠠᠷ ᠵᠦᠢᠯ ᠤᠨ ᠲᠣᠭᠲᠠᠭᠠᠯ ᠳᠤ |
ᠨᠡᠶᠢᠴᠡᠬᠦ ᠥᠬᠡᠶ ᠪᠠᠶᠢᠵᠤ ᠂ ︽ᠦᠢᠯᠡᠳᠪᠦᠷᠢᠯᠡᠯ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠤᠰᠤ |
ᠬᠥᠷᠥᠰᠥ ᠶᠢ ᠬᠠᠮᠠᠭᠠᠯᠠᠬᠤ ᠲᠥᠰᠦᠯ ᠤᠨ ᠬᠠᠮᠢᠶᠠᠷᠤᠯᠲᠠ ᠶᠢᠨ ᠠᠷᠭ᠎ᠠ︾ ︵ᠤᠰᠤᠨ ᠠᠰᠢᠭᠯᠠᠯᠲᠠ ᠶᠢᠨ ᠶᠠᠮᠤᠨ ᠤ |
ᠵᠠᠷᠯᠢᠭ 53 ᠳ᠋ᠤᠭᠠᠷ ᠲᠣᠭᠠᠲᠤ︶ ᠶᠢᠨ ᠠᠷᠪᠠᠨ ᠲᠠᠪᠤᠳᠤᠭᠠᠷ ᠵᠦᠢᠯ ᠤᠨ ︵ᠨᠢᠭᠡ︶ ︵ᠳᠦᠷᠪᠡ︶ ︵ᠲᠠᠪᠤ︶ |
ᠳ᠋ᠤᠭᠠᠷ ᠵᠤᠷᠪᠤᠰ ᠲᠤ ᠲᠣᠭᠲᠠᠭᠠᠭᠰᠠᠨ ᠵᠠᠰᠠᠭ ᠵᠠᠬᠢᠷᠭᠠᠨ ᠤ ᠵᠥᠪᠰᠢᠶᠡᠷᠡᠯ ᠥᠯᠥ ᠥᠭᠬᠦ ᠲᠣᠭᠲᠠᠭᠠᠯ ᠭᠠᠷᠭᠠᠬᠤ |
ᠪᠠᠶᠢᠳᠠᠯ ᠳᠤ ᠬᠠᠷᠢᠶᠠᠯᠠᠭᠳᠠᠨ᠎ᠠ ᠃ ᠡᠭᠦᠨ ᠤ ᠬᠠᠮᠲᠤ ᠮᠡᠳᠡᠭᠦᠯᠦᠯᠲᠡ ᠶᠢᠨ ᠪᠢᠴᠢᠭ ᠲᠤ ᠪᠠᠰᠠ ᠮᠡᠷᠭᠡᠵᠢᠯ ᠤᠨ ᠪᠤᠰᠤ |
ᠴᠢᠨᠠᠷᠲᠠᠢ ᠤᠯᠠᠨ ᠲᠠᠯ᠎ᠠ ᠶᠢᠨ ᠠᠯᠳᠠᠭ᠎ᠠ ᠣᠷᠣᠰᠢᠵᠤ ᠪᠠᠶᠢᠨ᠎ᠠ ᠃ |
︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠬᠠᠤᠯᠢ︾ |
ᠶᠢᠨ ᠭᠤᠴᠢᠨ ᠨᠠᠢᠮᠠᠳᠤᠭᠠᠷ ᠵᠦᠢᠯ ᠤᠨ ᠬᠤᠶᠠᠳᠤᠭᠠᠷ ᠵᠤᠷᠪᠤᠰ ᠂ ︽ᠤᠰᠤᠨ ᠤ ᠵᠠᠰᠠᠭ ᠵᠠᠬᠢᠷᠭᠠᠨ ᠤ |
ᠵᠥᠪᠰᠢᠶᠡᠷᠡᠯ ᠤᠨ ᠬᠡᠷᠡᠭᠵᠢᠭᠦᠯᠬᠦ ᠠᠷᠭ᠎ᠠ︾ ᠶᠢᠨ ᠭᠤᠴᠢᠨ ᠬᠤᠶᠠᠳᠤᠭᠠᠷ ᠵᠦᠢᠯ ᠤᠨ ᠬᠤᠶᠠᠳᠤᠭᠠᠷ ᠵᠤᠷᠪᠤᠰ ᠢ |
ᠦᠨᠳᠦᠰᠦᠯᠡᠨ ᠂ ᠵᠠᠰᠠᠭ ᠵᠠᠬᠢᠷᠭᠠᠨ ᠤ ᠵᠥᠪᠰᠢᠶᠡᠷᠡᠯ ᠣᠯᠭᠤᠬᠤ ᠦᠭᠡᠶ ᠪᠠᠷ ᠲᠤᠭᠲᠠᠭᠠᠪᠠ ᠃ |
ᠬᠡᠷᠪᠡ ᠲᠤᠰ ᠲᠣᠭᠲᠠᠭᠠᠯ ᠢ ᠵᠥᠪᠰᠢᠶᠡᠷᠡᠬᠦ ᠦᠭᠡᠢ ᠪᠣᠯ ᠲᠤᠰ ᠲᠣᠭᠲᠠᠭᠠᠯ ᠢ ᠣᠯᠣᠭᠰᠠᠨ ᠡᠳᠦᠷ ᠠᠴᠠ |
ᠡᠬᠢᠯᠡᠨ ᠵᠢᠷᠠᠨ ᠡᠳᠦᠷ ᠤᠨ ᠳᠣᠲᠣᠷ᠎ᠠ ᠬᠠᠤᠯᠢ ᠶᠣᠰᠣᠭᠠᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ |
ᠠᠷᠠᠳ ᠤᠨ ᠵᠠᠰᠠᠭ ᠤᠨ ᠣᠷᠳᠣᠨ ᠳᠤ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠪᠠᠷ ᠭᠤᠶᠤᠴᠢᠯᠠᠬᠤ ᠪᠤᠶᠤ |
ᠵᠢᠷᠭᠤᠭᠠᠨ ᠰᠠᠷ᠎ᠠ ᠶᠢᠨ ᠳᠣᠲᠣᠷ᠎ᠠ ᠬᠥᠬᠡᠬᠤᠲᠠ ᠶᠢᠨ ᠰᠠᠶᠢᠬᠠᠨ ᠲᠣᠭᠤᠷᠢᠭ ᠤᠨ ᠠᠷᠠᠳ ᠤᠨ ᠰᠢᠭᠦᠬᠦ ᠬᠤᠷᠢᠶᠠᠨ ᠳᠤ |
ᠵᠠᠰᠠᠭ ᠵᠠᠬᠢᠷᠭᠠᠨ ᠤ ᠵᠠᠭᠠᠯᠳᠤᠯᠭ᠎ᠠ ᠭᠠᠷᠭᠠᠵᠤ ᠪᠣᠯᠣᠨ᠎ᠠ ᠃ |
2024 ᠣᠨ ᠤ 10 ᠳ᠋ᠤᠭᠠᠷ ᠰᠠᠷ᠎ᠠ ᠶᠢᠨ 12 ᠤᠨ ᠡᠳᠦᠷ |
|
ᠳᠠᠭᠠᠯᠳᠤᠭᠤᠯᠤᠯ᠄ |
︽ᠮᠤᠵᠢ ᠶᠢᠨ ᠵᠠᠮ 101 ᠳ᠋ᠤᠭᠡᠷ ᠱᠤᠭᠤᠮ ᠤᠨ ᠬᠥᠬᠡᠬᠤᠲᠠ ︵ᠤᠯᠤᠰ ᠤᠨ ᠵᠠᠮ 110 ᠱᠤᠭᠤᠮ︶ ᠠᠴᠠ |
ᠰᠢ ᠬᠤᠤ ᠴᠢᠶᠠᠨ ᠬᠦᠷᠬᠦ ᠳᠠᠩ ᠴᠢᠭᠯᠡᠯ ᠢ ᠬᠤᠣᠰ ᠴᠢᠭᠯᠡᠯ ᠢᠶᠠᠷ ᠦᠭᠡᠷᠡᠴᠢᠯᠡᠬᠦ ᠢᠨᠵᠧᠨᠧᠷᠢᠩ ᠤᠨ ᠤᠰᠤ |
ᠰᠢᠷᠤᠢ ᠶᠢ ᠬᠠᠮᠠᠭᠠᠯᠠᠬᠤ ᠲᠥᠰᠦᠯ ᠤᠨ ᠮᠡᠳᠡᠭᠦᠯᠦᠯᠲᠡ ᠶᠢᠨ ᠪᠢᠴᠢᠭ︾ ᠤᠨ ᠮᠡᠷᠭᠡᠵᠢᠯ ᠤᠨ ᠬᠢᠨᠠᠨ |
ᠪᠠᠶᠢᠴᠠᠭᠠᠯᠲᠠ ᠶᠢᠨ ᠰᠠᠨᠠᠯ ᠢ ᠮᠡᠳᠡᠭᠦᠯᠦᠨ ᠬᠦᠷᠭᠡᠬᠦ ᠲᠤᠬᠠᠶ ᠮᠡᠳᠡᠭᠦᠯᠦᠯᠲᠡ ﹇2024﹈ 375 ᠳ᠋ᠤᠭᠠᠷ .pdf |
ᠮᠤᠵᠢ ᠶᠢᠨ ᠵᠠᠮ 101 ᠳ᠋ᠤᠭᠡᠷ ᠱᠤᠭᠤᠮ ᠤᠨ ᠬᠥᠬᠡᠬᠤᠲᠠ ︵ᠤᠯᠤᠰ ᠤᠨ ᠵᠠᠮ 110 ᠱᠤᠭᠤᠮ︶ ᠠᠴᠠ |
ᠰᠢ ᠬᠤᠤ ᠴᠢᠶᠠᠨ ᠬᠦᠷᠬᠦ ᠳᠠᠩ ᠴᠢᠭᠯᠡᠯ ᠢ ᠬᠤᠣᠰ ᠴᠢᠭᠯᠡᠯ ᠢᠶᠠᠷ ᠦᠭᠡᠷᠡᠴᠢᠯᠡᠬᠦ ᠢᠨᠵᠧᠨᠧᠷᠢᠩ .pdf |
|
|