ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠬᠤᠶᠠᠳᠤᠭᠠᠷ ᠪᠦᠭᠦᠳᠡ ᠬᠤᠷᠠᠯ ᠂ |
ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠵᠢᠴᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ |
ᠤᠯᠤᠰ ᠤᠨ ᠡᠬᠢ ᠪᠠᠶᠠᠯᠢᠭ ᠤᠨ ᠭᠠᠶᠢᠯᠢ ᠶᠢᠨ ᠬᠠᠤᠯᠢ︾ ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ |
ᠤᠯᠤᠰ ᠤᠨ ᠤᠰᠤᠨ ᠤ ᠬᠠᠤᠯᠢ︾ ᠶᠢᠨ ᠬᠤᠯᠪᠣᠭᠳᠠᠯ ᠪᠥᠬᠦᠶ ᠲᠣᠭᠲᠠᠭᠠᠯ ᠢ ᠪᠥᠬᠦ ᠲᠠᠯ᠎ᠠ ᠪᠠᠷ ᠲᠤᠭᠤᠰᠢᠯᠠᠭᠤᠯᠵᠤ ᠂ |
ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠪᠠ ᠬᠠᠮᠠᠭᠠᠯᠠᠯᠲᠠ ᠶᠢ ᠴᠢᠩᠭᠠᠳᠬᠠᠨ ᠂ ᠤᠰᠤᠨ ᠤ ᠡᠬᠢ ᠪᠠᠶᠠᠯᠢᠭ ᠢ |
ᠠᠷᠪᠢᠲᠠᠶ ᠡᠷᠴᠢᠮᠯᠢᠭ ᠠᠮᠤᠷ ᠲᠦᠪᠰᠢᠨ ᠢᠶᠠᠷ ᠠᠰᠢᠭᠯᠠᠬᠤ ᠶᠢ ᠠᠬᠢᠭᠤᠯᠬᠤ ᠶᠢᠨ ᠲᠤᠰᠠᠳᠠ ᠂ ᠡᠳ᠋ ᠤᠨ ᠵᠠᠰᠠᠭ ᠤᠨ |
ᠶᠠᠮᠤᠨ ᠂ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠂ ᠤᠰᠤᠨ ᠠᠰᠢᠭᠯᠠᠯᠲᠠ ᠶᠢᠨ ᠶᠠᠮᠤᠨ ᠠᠴᠠ ︽ |
ᠤᠰᠤᠨ ᠤ ᠡᠬᠢ ᠪᠠᠶᠠᠯᠢᠭ ᠤᠨ ᠭᠠᠶᠢᠯᠢ ᠶᠢᠨ ᠥᠭᠡᠷᠡᠴᠢᠯᠡᠯᠲᠡ ᠶᠢᠨ ᠲᠤᠷᠰᠢᠯᠲᠠ ᠶᠢᠨ ᠬᠡᠷᠡᠭᠵᠢᠭᠦᠯᠬᠦ ᠠᠷᠭ᠎ᠠ︾ ︵ |
ᠳᠥᠭᠦᠮᠴᠢᠯᠡᠭᠡᠳ ︽ᠠᠷᠭ᠎ᠠ︾ ᠭᠡᠵᠦ ᠲᠣᠪᠴᠢᠯᠠᠨ᠎ᠠ︶ ᠶᠢ ᠳᠠᠷᠤᠮᠠᠯᠯᠠᠨ ᠲᠠᠷᠬᠠᠭᠠᠵᠤ ᠂ 2024 ᠣᠨ ᠤ 12 |
ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ ᠤᠰᠤᠨ ᠤ ᠡᠬᠢ ᠪᠠᠶᠠᠯᠢᠭ ᠤᠨ ᠵᠠᠷᠤᠳᠠᠯ ᠢ ᠭᠠᠶᠢᠯᠢ ᠪᠣᠯᠭᠠᠨ |
ᠥᠭᠡᠷᠡᠴᠢᠯᠡᠬᠦ ᠲᠤᠷᠰᠢᠯᠲᠠ ᠶᠢ ᠪᠥᠬᠦ ᠲᠠᠯ᠎ᠠ ᠪᠠᠷ ᠬᠡᠷᠡᠭᠵᠢᠭᠦᠯᠪᠡ ᠃ ᠣᠶᠢᠷ᠎ᠠ ᠳᠤ ᠂ ᠡᠳ᠋ ᠤᠨ ᠵᠠᠰᠠᠭ ᠤᠨ ᠶᠠᠮᠤᠨ ᠤ |
ᠭᠠᠶᠢᠯᠢ ᠶᠢᠨ ᠶᠠᠪᠤᠳᠠᠯ ᠤᠨ ᠵᠤᠷᠭᠠᠨ ᠂ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠡᠳ᠋ ᠬᠥᠷᠥᠩᠭᠡ ᠪᠠ |
ᠦᠢᠯᠡ ᠠᠵᠢᠯᠯᠠᠭ᠎ᠠ ᠶᠢᠨ ᠭᠠᠶᠢᠯᠢ ᠶᠢᠨ ᠵᠤᠷᠭᠠᠨ ᠂ ᠤᠰᠤᠨ ᠠᠰᠢᠭᠯᠠᠯᠲᠠ ᠶᠢᠨ ᠶᠠᠮᠤᠨ ᠤ ᠡᠳ᠋ ᠤᠨ ᠶᠠᠪᠤᠳᠠᠯ ᠤᠨ |
ᠵᠤᠷᠭᠠᠨ ᠪᠠ ᠤᠰᠤᠨ ᠤ ᠡᠬᠢ ᠪᠠᠶᠠᠯᠢᠭ ᠤᠨ ᠵᠤᠷᠭᠠᠨ ᠤ ᠬᠤᠯᠪᠣᠭᠳᠠᠯ ᠪᠥᠬᠦᠶ ᠬᠠᠷᠢᠭᠤᠴᠠᠯᠭᠠᠲᠠᠨ ᠨᠥᠬᠦᠳ |
ᠬᠤᠯᠪᠣᠭᠳᠠᠯ ᠪᠥᠬᠦᠶ ᠠᠰᠠᠭᠤᠳᠠᠯ ᠤᠨ ᠲᠤᠬᠠᠶ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ ᠃ |
ᠠᠰᠠᠭᠤᠬᠤ ᠨᠢ |
ᠤᠰᠤᠨ ᠤ ᠡᠬᠢ ᠪᠠᠶᠠᠯᠢᠭ ᠤᠨ ᠵᠠᠷᠤᠳᠠᠯ ᠢ ᠭᠠᠶᠢᠯᠢ ᠪᠣᠯᠭᠠᠨ ᠥᠭᠡᠷᠡᠴᠢᠯᠡᠬᠦ ᠲᠤᠷᠰᠢᠯᠲᠠ ᠶᠢ ᠪᠦᠬᠦ ᠲᠠᠯ᠎ᠠ ᠪᠠᠷ |
ᠬᠡᠷᠡᠭᠵᠢᠭᠦᠯᠬᠦ ᠶᠢᠨ ᠠᠴᠢ ᠬᠤᠯᠪᠣᠭᠳᠠᠯ ᠨᠢ ᠶᠠᠭᠤ ᠪᠤᠢ︖ |
ᠬᠠᠷᠢᠭᠤᠯᠬᠤ ᠨᠢ |
ᠤᠰᠤᠨ ᠤ ᠡᠬᠢ ᠪᠠᠶᠠᠯᠢᠭ ᠤᠨ ᠵᠠᠷᠤᠳᠠᠯ ᠢ ᠭᠠᠶᠢᠯᠢ ᠪᠣᠯᠭᠠᠨ ᠥᠭᠡᠷᠡᠴᠢᠯᠡᠬᠦ ᠲᠤᠷᠰᠢᠯᠲᠠ ᠶᠢ ᠪᠦᠬᠦ ᠲᠠᠯ᠎ᠠ ᠪᠠᠷ |
ᠬᠡᠷᠡᠭᠵᠢᠭᠦᠯᠬᠦ ᠨᠢ ᠭᠤᠷᠪᠠᠨ ᠲᠠᠯ᠎ᠠ ᠶᠢᠨ ᠴᠢᠬᠤᠯᠠ ᠠᠴᠢ ᠬᠤᠯᠪᠣᠭᠳᠠᠯ ᠲᠠᠢ ᠶᠤᠮ᠄ |
ᠨᠢᠭᠡ ᠳᠤ ᠂ ᠤᠰᠤᠨ ᠤ ᠡᠬᠢ ᠪᠠᠶᠠᠯᠢᠭ ᠤᠨ ᠰᠦᠢᠳᠭᠡᠯ ᠢ ᠭᠠᠶᠢᠯᠢ ᠪᠣᠯᠭᠠᠨ ᠥᠭᠡᠷᠡᠴᠢᠯᠡᠬᠦ ᠲᠤᠷᠰᠢᠯᠲᠠ ᠶᠢ |
ᠪᠥᠬᠦ ᠲᠠᠯ᠎ᠠ ᠪᠠᠷ ᠬᠡᠷᠡᠭᠵᠢᠭᠦᠯᠬᠦ ᠪᠣᠯ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ |
ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠴᠢᠬᠤᠯᠠ ᠢᠯᠡᠷᠡᠯ ᠮᠥᠨ ᠃ ᠨᠠᠮ ᠤᠨ ᠠᠷᠪᠠᠨ ᠨᠠᠢᠮᠠᠳᠤᠭᠠᠷ ᠶᠡᠭᠡ |
ᠬᠤᠷᠠᠯ ᠠᠴᠠ ᠨᠠᠭᠠᠰᠢ ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠳᠤᠮᠳᠠᠳᠤ ᠶᠢᠨ |
ᠦᠨᠳᠦᠰᠦᠲᠡᠨ ᠤ ᠥᠨᠢᠳᠡ ᠶᠢᠨ ᠬᠥᠭᠵᠢᠯᠲᠡ ᠶᠢᠨ ᠦᠨᠳᠦᠷᠴᠡ ᠠᠴᠠ ᠡᠭᠦᠰᠴᠦ ᠂ ᠰᠢᠨ᠎ᠡ ᠴᠠᠭ ᠦᠶ᠎ᠡ ᠶᠢᠨ |
ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠢᠯᠡᠰ ᠲᠠᠬᠢ ᠠᠮᠢ ᠠᠬᠤᠢ ᠶᠢᠨ ᠪᠣᠯᠪᠠᠰᠤᠨ ᠤ |
ᠪᠠᠶᠢᠭᠤᠯᠤᠯᠲᠠ ᠶᠢᠨ ᠴᠢᠬᠤᠯᠠ ᠪᠠᠶᠢᠷᠢ ᠰᠠᠭᠤᠷᠢ ᠪᠣᠯᠤᠨ ᠪᠠᠶᠢᠯᠳᠤᠬᠤ ᠪᠤᠳᠤᠯᠭ᠎ᠠ ᠶᠢᠨ ᠠᠴᠢ ᠬᠤᠯᠪᠣᠭᠳᠠᠯ ᠢ |
ᠭᠦᠨᠵᠡᠭᠡᠢ ᠡᠵᠡᠮᠳᠡᠵᠦ ᠂ ᠠᠮᠢ ᠠᠬᠤᠢ ᠶᠢᠨ ᠪᠣᠯᠪᠠᠰᠤᠨ ᠤ ᠤᠨᠤᠯ ᠤᠨ ᠰᠢᠨ᠎ᠡ ᠡᠭᠦᠳᠦᠯᠲᠡ ᠂ ᠦᠢᠯᠡᠳᠦᠯᠭᠡ ᠶᠢᠨ |
ᠰᠢᠨ᠎ᠡ ᠡᠭᠦᠳᠦᠯᠲᠡ ᠂ ᠲᠦᠷᠢᠮ ᠤᠨ ᠰᠢᠨ᠎ᠡ ᠡᠭᠦᠳᠦᠯᠲᠡ ᠶᠢ ᠶᠡᠬᠡᠪᠡᠷ ᠠᠬᠢᠭᠤᠯᠵᠤ ᠂ ᠠᠯᠢ ᠤᠯᠠᠨ ᠰᠢᠨ᠎ᠡ |
ᠣᠶᠢᠯᠠᠭᠠᠭᠳᠠᠬᠤᠨ ᠰᠢᠨ᠎ᠡ ᠦᠵᠡᠯ ᠰᠠᠨᠠᠭ᠎ᠠ ᠰᠢᠨ᠎ᠡ ᠪᠠᠶᠢᠯᠳᠤᠬᠤ ᠪᠤᠳᠤᠯᠭ᠎ᠠ ᠶᠢ ᠪᠦᠲᠦᠭᠡᠯᠴᠢ ᠪᠠᠷ ᠳᠤᠷᠠᠳᠴᠤ ᠂ |
ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠪᠦᠷᠢᠯᠳᠦᠭᠦᠯᠪᠡ ᠃ ᠨᠠᠮ ᠤᠨ ᠬᠤᠷᠢᠳᠤᠭᠠᠷ |
ᠶᠡᠭᠡ ᠬᠤᠷᠠᠯᠡ ᠠᠴᠠ ︽ᠪᠦᠬᠦ ᠲᠠᠯ᠎ᠠ ᠪᠠᠷ ᠠᠷᠪᠢᠯᠠᠨ ᠭᠠᠮᠨᠠᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠵᠦ ᠂ ᠡᠯ᠎ᠡ |
ᠲᠦᠷᠦᠯ ᠤᠨ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠶᠢ ᠠᠬᠢᠭᠤᠯᠤᠨ᠎ᠠ︾ ᠭᠡᠵᠦ ᠳᠤᠷᠠᠳᠴᠠᠢ ᠃ |
ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠠᠴᠠ ᠂ ︽ |
ᠤᠰᠤᠨ ᠤ ᠡᠬᠢ ᠪᠠᠶᠠᠯᠢᠭ ᠤᠨ ᠬᠠᠲᠠᠭᠤ ᠬᠢᠵᠠᠭᠠᠷᠯᠠᠯ ᠤᠨ ᠲᠦᠷᠢᠮ ᠢ ᠨᠠᠶᠢᠳᠠᠪᠤᠷᠢᠵᠢᠭᠤᠯᠵᠤ ᠂ ᠤᠰᠤᠨ ᠤ ᠡᠬᠢ |
ᠪᠠᠶᠠᠯᠢᠭ ᠤᠨ ᠰᠦᠢᠳᠬᠡᠯ ᠢ ᠭᠠᠶᠢᠯᠢ ᠪᠣᠯᠭᠠᠨ ᠥᠭᠡᠷᠡᠴᠢᠯᠡᠬᠦ︾ ᠶᠢ ᠪᠦᠬᠦ ᠲᠠᠯ᠎ᠠ ᠪᠠᠷ ᠬᠡᠷᠡᠭᠵᠢᠭᠦᠯᠦᠨ᠎ᠡ ᠃ ᠤᠰᠤᠨ ᠤ |
ᠡᠬᠢ ᠪᠠᠶᠠᠯᠢᠭ ᠪᠣᠯ ᠴᠢᠬᠤᠯᠠ ᠪᠠᠶᠢᠭᠠᠯᠢ ᠶᠢᠨ ᠡᠬᠢ ᠪᠠᠶᠠᠯᠢᠭ ᠪᠣᠯᠬᠤᠷ ᠂ ᠪᠦᠬᠦ ᠲᠠᠯ᠎ᠠ ᠪᠠᠷ ᠠᠷᠪᠢᠯᠠᠬᠤ ᠪᠠᠶᠢᠯᠳᠤᠬᠤ |
ᠪᠣᠳᠣᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠳᠤ ᠡᠷᠬᠡᠪᠰᠢ ᠤᠰᠤ ᠠᠷᠪᠢᠯᠠᠬᠤ ᠶᠢ ᠲᠡᠷᠢᠭᠦᠨ ᠳᠤ |
ᠲᠠᠯᠪᠢᠵᠤ ᠂ ᠤᠰᠤᠨ ᠤ ᠬᠡᠮᠵᠢᠶ᠎ᠡ ᠪᠠᠷ ᠬᠢᠬᠦ ᠶᠢ ᠪᠠᠷᠢᠮᠲᠠᠯᠠᠬᠤ ᠬᠡᠷᠡᠭᠲᠡᠶ ᠃ ᠨᠠᠮ ᠤᠨ ᠲᠥᠪ ᠬᠤᠷᠢᠶ᠎ᠠ ᠂ ᠲᠥᠷᠥ ᠶᠢᠨ |
ᠶᠠᠪᠤᠳᠠᠯ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠣᠰᠣᠭᠠᠷ ᠂ 2016 ᠣᠨ ᠤ 7 |
ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ ᠤᠷᠢᠳ ᠬᠤᠵᠢᠳ ᠾᠧᠪᠧᠶ ᠂ ᠪᠡᠭᠡᠵᠢᠩ ᠂ ᠲᠢᠶᠠᠨᠵᠢᠨ ᠵᠡᠷᠭᠡ 10 |
ᠮᠤᠵᠢ ︵ᠣᠷᠣᠨ ᠂ ᠬᠤᠲᠠ︶ ᠳᠤ ᠤᠰᠤᠨ ᠤ ᠡᠬᠢ ᠪᠠᠶᠠᠯᠢᠭ ᠤᠨ ᠭᠠᠶᠢᠯᠢ ᠶᠢᠨ ᠥᠭᠡᠷᠡᠴᠢᠯᠡᠯᠲᠡ ᠶᠢᠨ |
ᠲᠤᠷᠰᠢᠯᠲᠠ ᠶᠢ ᠥᠷᠨᠢᠭᠦᠯᠪᠡ ᠃ ᠭᠠᠵᠠᠷ ᠳᠣᠤᠷᠠᠬᠢ ᠤᠰᠤ ᠶᠢ ᠬᠡᠲᠦᠷᠡᠲᠡᠯ᠎ᠡ ᠲᠠᠲᠠᠬᠤ ᠶᠢ ᠬᠤᠷᠢᠭᠯᠠᠬᠤ ᠂ ᠤᠰᠤ |
ᠬᠡᠷᠡᠭᠯᠡᠬᠦ ᠠᠷᠭ᠎ᠠ ᠮᠠᠶ᠋ᠢᠭ ᠢᠶᠠᠨ ᠬᠤᠪᠢᠷᠠᠭᠤᠯᠬᠤ ᠂ ᠤᠰᠤ ᠠᠷᠪᠢᠯᠠᠬᠤ ᠥᠭᠡᠷᠡᠴᠢᠯᠡᠯᠲᠡ ᠶᠢ ᠠᠬᠢᠭᠤᠯᠬᠤ ᠂ ᠤᠰᠤ ᠶᠢ |
ᠬᠡᠷᠡᠭᠯᠡᠬᠦ ᠦᠢᠯᠡ ᠠᠵᠢᠯᠯᠠᠭ᠎ᠠ ᠶᠢ ᠵᠢᠷᠤᠮᠵᠢᠭᠤᠯᠬᠤ ᠵᠡᠷᠭᠡ ᠲᠠᠯ᠎ᠠ ᠪᠠᠷ ᠢᠯᠡᠳᠲᠡ ᠦᠷ᠎ᠡ ᠪᠦᠲᠦᠮᠵᠢ ᠣᠯᠪᠠ ᠃ ᠪᠥᠬᠦ |
ᠤᠯᠤᠰ ᠲᠤ ᠤᠰᠤᠨ ᠤ ᠡᠬᠢ ᠪᠠᠶᠠᠯᠢᠭ ᠤᠨ ᠵᠠᠷᠤᠳᠠᠯ ᠢ ᠭᠠᠶᠢᠯᠢ ᠪᠣᠯᠭᠠᠨ ᠥᠭᠡᠷᠡᠴᠢᠯᠡᠬᠦ ᠲᠤᠷᠰᠢᠯᠲᠠ ᠶᠢ |
ᠬᠡᠷᠡᠭᠵᠢᠭᠦᠯᠬᠦ ᠪᠣᠯ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠨᠠᠶᠢᠳᠠᠪᠤᠷᠢᠵᠢᠭᠤᠯᠬᠤ ᠂ |
ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠮᠥᠨ ᠭᠡᠬᠦ ᠣᠶᠢᠯᠠᠭᠠᠭᠳᠠᠬᠤᠨ ᠢ |
ᠦᠢᠯᠡᠳᠦᠯᠭᠡᠵᠢᠭᠦᠯᠬᠦ ᠶᠢᠨ ᠴᠢᠬᠤᠯᠠ ᠢᠯᠡᠷᠡᠯ ᠮᠥᠨ ᠂ ᠪᠠᠰᠠ ᠴᠤ ᠤᠰᠤᠨ ᠤ ᠡᠬᠢ ᠪᠠᠶᠠᠯᠢᠭ ᠤᠨ ᠭᠠᠶᠢᠯᠢ ᠶᠢᠨ |
ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠤᠯᠠᠮ ᠨᠢᠭᠡ ᠠᠯᠬᠤᠮ ᠪᠠᠬᠢᠵᠢᠭᠦᠯᠦᠨ ᠥᠷᠭᠡᠳᠬᠡᠬᠦ ᠳᠤ ᠠᠰᠢᠭᠲᠠᠶ ᠶᠤᠮ ᠃ |
|
ᠬᠤᠶᠠᠷ ᠲᠤ ᠂ ᠤᠰᠤᠨ ᠤ ᠡᠬᠢ ᠪᠠᠶᠠᠯᠢᠭ ᠤᠨ ᠵᠠᠷᠤᠳᠠᠯ ᠢ ᠭᠠᠶᠢᠯᠢ ᠪᠣᠯᠭᠠᠨ ᠥᠭᠡᠷᠡᠴᠢᠯᠡᠬᠦ ᠲᠤᠷᠰᠢᠯᠲᠠ ᠶᠢ |
ᠪᠦᠬᠦ ᠲᠠᠯ᠎ᠠ ᠪᠠᠷ ᠬᠡᠷᠡᠭᠵᠢᠭᠦᠯᠵᠦ ᠂ ᠰᠢᠨ᠎ᠡ ᠴᠠᠭ ᠦᠶ᠎ᠡ ᠶᠢᠨ ᠤᠰᠤ ᠶᠢ ᠵᠠᠰᠠᠬᠤ ᠰᠡᠳᠬᠢᠴᠡ ᠶᠢ ᠦᠢᠯᠡᠳᠦᠯᠭᠡᠵᠢᠭᠦᠯᠬᠦ |
ᠪᠠ ᠤᠯᠤᠰ ᠤᠨ ᠤᠰᠤᠨ ᠤ ᠠᠮᠤᠷ ᠲᠦᠪᠰᠢᠨ ᠢ ᠪᠠᠲᠤᠯᠠᠬᠤ ᠴᠢᠬᠤᠯᠠ ᠠᠷᠭ᠎ᠠ ᠬᠡᠮᠵᠢᠶ᠎ᠡ ᠪᠣᠯᠤᠨ᠎ᠠ ᠃ ᠤᠰᠤᠨ ᠤ |
ᠠᠮᠤᠷ ᠲᠦᠪᠰᠢᠨ ᠤᠯᠤᠰ ᠤᠨ ᠠᠵᠤ ᠠᠬᠤᠢ ᠠᠷᠠᠳ ᠤᠨ ᠠᠮᠢᠳᠤᠷᠠᠯ ᠲᠠᠢ ᠬᠤᠯᠪᠣᠭᠳᠠᠨ᠎ᠠ ᠃ ᠮᠠᠨ ᠤ ᠤᠯᠤᠰ ᠤᠨ |
ᠬᠥᠮᠦᠨ ᠤᠰᠤ ᠪᠠᠭ᠎ᠠ ᠂ ᠤᠰᠤᠨ ᠤ ᠡᠬᠢ ᠪᠠᠶᠠᠯᠢᠭ ᠤᠨ ᠬᠤᠭᠤᠴᠠᠭ᠎ᠠ ᠣᠷᠣᠨ ᠵᠠᠢ ᠶᠢᠨ ᠲᠠᠷᠬᠠᠯᠲᠠ ᠵᠢᠭᠳᠡ ᠪᠤᠰᠤ |
ᠪᠠᠶᠢᠳᠠᠭ ᠃ ᠠᠵᠤ ᠠᠬᠤᠶ ᠨᠡᠶᠢᠭᠡᠮ ᠤᠨ ᠲᠠᠰᠤᠷᠠᠯᠲᠠ ᠦᠭᠡᠢ ᠬᠥᠭᠵᠢᠬᠦ ᠶᠢ ᠳᠠᠭᠠᠯᠳᠤᠨ ᠂ ᠮᠠᠨ ᠤ ᠤᠯᠤᠰ ᠤᠨ |
ᠤᠰᠤᠨ ᠤ ᠡᠬᠢ ᠪᠠᠶᠠᠯᠢᠭ ᠤᠨ ᠬᠡᠷᠡᠭᠴᠡᠭᠡ ᠦᠷᠭᠦᠯᠵᠢᠯᠡᠨ ᠨᠡᠮᠡᠭᠳᠡᠵᠦ ᠂ ᠤᠰᠤᠨ ᠤ ᠡᠬᠢ ᠪᠠᠶᠠᠯᠢᠭ ᠤᠨ ᠬᠠᠩᠭᠠᠯᠭ᠎ᠠ |
ᠬᠡᠷᠡᠭᠴᠡᠭᠡ ᠶᠢᠨ ᠵᠥᠷᠢᠴᠡᠯ ᠡᠳᠦᠷ ᠢᠷᠡᠬᠦᠶ᠎ᠡ ᠲᠤᠪᠤᠶᠢᠮ᠎ᠠ ᠪᠣᠯᠤᠭᠰᠠᠨ ᠪᠥᠭᠡᠳ ᠮᠠᠨ ᠤ ᠤᠯᠤᠰ ᠤᠨ ᠤᠰᠤᠨ ᠤ ᠡᠬᠢ |
ᠪᠠᠶᠠᠯᠢᠭ ᠤᠨ ᠠᠰᠢᠭᠯᠠᠯᠲᠠ ᠶᠢᠨ ᠦᠷ᠎ᠡ ᠪᠦᠲᠦᠮᠵᠢ ᠶᠡᠷᠦᠩᠬᠡᠶ ᠳᠡᠭᠡᠨ ᠥᠨᠳᠥᠷ ᠪᠤᠰᠤ ᠪᠠᠶᠢᠵᠤ ᠂ ᠠᠵᠤ ᠠᠬᠤᠶ |
ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠪᠠ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠳᠤ ᠴᠥᠮ |
ᠤᠰᠤᠨ ᠤ ᠡᠬᠢ ᠪᠠᠶᠠᠯᠢᠭ ᠳᠤᠲᠠᠭᠳᠠᠵᠤ ᠪᠠᠶᠢᠭ᠎ᠠ ᠥᠷᠢᠰᠥᠯᠳᠦᠭᠡᠨ ᠳᠤ ᠲᠤᠯᠭᠠᠷᠠᠵᠤ ᠪᠠᠶᠢᠨ᠎ᠠ ᠃ ᠡᠬᠢ ᠪᠠᠶᠠᠯᠢᠭ ᠤᠨ |
ᠭᠠᠶᠢᠯᠢ ᠪᠤᠯ ᠡᠬᠢ ᠪᠠᠶᠠᠯᠢᠭ ᠢ ᠵᠦᠢ ᠵᠤᠬᠢᠰᠲᠠᠶ ᠲᠤᠬᠢᠷᠠᠭᠤᠯᠬᠤ ᠶᠢ ᠬᠥᠲᠥᠯᠥᠨ ᠵᠢᠯᠤᠭᠤᠳᠬᠤ ᠴᠢᠬᠤᠯᠠ ᠠᠷᠭ᠎ᠠ |
ᠪᠠᠷᠢᠯ ᠮᠥᠨ ᠃ ᠶᠡᠷᠦᠩᠬᠡᠶ ᠱᠦᠵᠢ ᠰᠢ ᠶᠢᠨ ᠫᠢᠩ ᠡᠬᠢ ᠪᠠᠶᠠᠯᠢᠭ ᠤᠨ ᠭᠠᠶᠢᠯᠢ ᠶᠢᠨ ᠬᠥᠰᠢᠭᠦᠷᠭᠡ ᠶᠢᠨ |
ᠲᠣᠬᠢᠷᠠᠭᠤᠯᠬᠤ ᠦᠢᠯᠡᠳᠦᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠂ ᠭᠠᠶᠢᠯᠢ ᠲᠠᠲᠠᠪᠤᠷᠢ ᠪᠣᠯ ᠤᠰᠤᠨ ᠤ |
ᠠᠰᠠᠭᠤᠳᠠᠯ ᠢ ᠰᠢᠢᠳᠪᠦᠷᠢᠯᠡᠬᠦ ᠴᠢᠬᠤᠯᠠ ᠠᠷᠭ᠎ᠠ ᠪᠠᠷᠢᠯ ᠮᠥᠨ ᠭᠡᠵᠦ ᠴᠢᠬᠤᠯᠠᠴᠢᠯᠠᠪᠠ ᠃ ᠤᠰᠤᠨ ᠤ ᠡᠬᠢ |
ᠪᠠᠶᠠᠯᠢᠭ ᠤᠨ ᠰᠦᠢᠳᠬᠡᠯ ᠢ ᠭᠠᠶᠢᠯᠢ ᠪᠣᠯᠭᠠᠨ ᠥᠭᠡᠷᠡᠴᠢᠯᠡᠬᠦ ᠲᠤᠷᠰᠢᠯᠲᠠ ᠶᠢᠨ ᠴᠡᠭ ᠢ ᠪᠦᠬᠦ ᠲᠠᠯ᠎ᠠ ᠪᠠᠷ |
ᠬᠡᠷᠡᠭᠵᠢᠭᠦᠯᠵᠦ ᠂ ᠭᠠᠶᠢᠯᠢ ᠲᠠᠲᠠᠪᠤᠷᠢ ᠶᠢᠨ ᠬᠥᠰᠢᠭᠦᠷᠭᠡ ᠶᠢᠨ ᠦᠢᠯᠡᠳᠦᠯ ᠢ ᠭᠦᠢᠴᠡᠳ ᠪᠠᠳᠠᠷᠠᠭᠤᠯᠬᠤ ᠨᠢ ᠠᠵᠤ |
ᠠᠬᠤᠶᠢᠯᠠᠯ ᠵᠡᠷᠭᠡ ᠨᠡᠶᠢᠭᠡᠮ ᠤᠨ ᠭᠤᠤᠯ ᠴᠣᠭᠴᠠ ᠶᠢᠨ ᠤᠰᠤ ᠠᠷᠪᠢᠯᠠᠬᠤ ᠦᠵᠡᠯ ᠤᠬᠠᠮᠰᠠᠷ ᠪᠣᠯᠤᠨ ᠬᠥᠳᠡᠯᠭᠡᠬᠦ |
ᠬᠦᠴᠦᠨ ᠢ ᠨᠡᠮᠡᠭᠳᠡᠭᠦᠯᠵᠦ ᠂ ᠠᠵᠤ ᠠᠬᠤᠶᠢᠯᠠᠯ ᠤᠨ ᠤᠰᠤ ᠠᠷᠪᠢᠯᠠᠬᠤ ᠥᠭᠡᠷᠡᠴᠢᠯᠡᠯᠲᠡ ᠪᠠ ᠮᠡᠷᠭᠡᠵᠢᠯ ᠤᠨ |
ᠰᠢᠨ᠎ᠡ ᠶᠢ ᠡᠭᠦᠳᠬᠦ ᠪᠠᠷ ᠳᠠᠮᠵᠢᠭᠤᠯᠤᠨ ᠤᠰᠤ ᠬᠡᠷᠡᠭᠯᠡᠬᠦ ᠦᠷ᠎ᠡ ᠪᠦᠲᠦᠮᠵᠢ ᠪᠠᠨ ᠳᠡᠭᠡᠭᠰᠢᠯᠡᠭᠦᠯᠬᠦ ᠶᠢ |
ᠵᠣᠷᠢᠭᠵᠢᠭᠤᠯᠵᠤ ᠂ ᠤᠰᠤᠨ ᠤ ᠡᠬᠢ ᠪᠠᠶᠠᠯᠢᠭ ᠢ ᠠᠷᠪᠢᠲᠠᠶ ᠡᠷᠴᠢᠮᠯᠢᠭ ᠡᠷᠭᠢᠯᠳᠦᠭᠦᠯᠦᠨ ᠠᠰᠢᠭᠯᠠᠬᠤ ᠪᠠ ᠠᠮᠢ |
ᠠᠬᠤᠶ ᠶᠢᠨ ᠣᠷᠴᠢᠨ ᠲᠣᠭᠤᠷᠢᠨ ᠢ ᠬᠠᠮᠠᠭᠠᠯᠠᠬᠤ ᠶᠢ ᠠᠬᠢᠭᠤᠯᠵᠤ ᠂ ᠪᠣᠬᠢᠷᠲᠤᠯ ᠦᠭᠡᠶ ᠬᠥᠭᠵᠢᠭᠦᠯᠬᠦ ᠠᠷᠭ᠎ᠠ ᠮᠠᠶ᠋ᠢᠭ |
ᠪᠠ ᠠᠮᠢᠳᠤᠷᠠᠯ ᠤᠨ ᠠᠷᠭ᠎ᠠ ᠮᠠᠶ᠋ᠢᠭ ᠢ ᠪᠣᠶ ᠪᠣᠯᠭᠠᠬᠤ ᠶᠢ ᠠᠬᠢᠭᠤᠯᠬᠤ ᠬᠡᠷᠡᠭᠲᠡᠶ ᠃ ᠡᠭᠦᠨ ᠤ ᠬᠠᠮᠲᠤ ᠂ ᠤᠰᠤᠨ ᠤ |
ᠡᠬᠢ ᠪᠠᠶᠠᠯᠢᠭ ᠤᠨ ᠵᠠᠷᠤᠳᠠᠯ ᠢ ᠭᠠᠶᠢᠯᠢ ᠪᠣᠯᠭᠠᠨ ᠥᠭᠡᠷᠡᠴᠢᠯᠡᠬᠦ ᠲᠤᠷᠰᠢᠯᠲᠠ ᠶᠢᠨ ᠴᠡᠭ ᠨᠢ ᠭᠠᠵᠠᠷ ᠳᠣᠤᠷᠠᠬᠢ |
ᠤᠰᠤ ᠶᠢ ᠬᠡᠲᠦᠷᠡᠲᠡᠯ᠎ᠡ ᠲᠠᠲᠠᠭᠰᠠᠨ ᠢ ᠵᠠᠰᠠᠬᠤ ᠂ ᠤᠰᠤ ᠲᠠᠲᠠᠬᠤ ᠶᠢ ᠵᠥᠪᠰᠢᠶᠡᠷᠡᠬᠦ ᠬᠠᠮᠢᠶᠠᠷᠤᠯᠲᠠ ᠵᠡᠷᠭᠡ ᠪᠤᠰᠤᠳ |
ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠲᠠᠢ ᠬᠠᠷᠢᠯᠴᠠᠨ ᠬᠠᠮᠵᠢᠯᠴᠠᠵᠤ ᠂ ᠬᠠᠮᠵᠢᠯᠴᠠᠨ ᠠᠬᠢᠭᠤᠯᠬᠤ ᠨᠢ ᠤᠰᠤᠨ ᠤ |
ᠡᠬᠢ ᠪᠠᠶᠠᠯᠢᠭ ᠤᠨ ᠬᠠᠲᠠᠭᠤ ᠬᠢᠵᠠᠭᠠᠷᠯᠠᠯ ᠤᠨ ᠲᠦᠷᠢᠮ ᠢ ᠨᠠᠶᠢᠳᠠᠪᠤᠷᠢᠵᠢᠭᠤᠯᠵᠤ ᠂ ᠤᠰᠤᠨ ᠤ ᠡᠬᠢ ᠪᠠᠶᠠᠯᠢᠭ ᠢ |
ᠠᠷᠪᠢᠲᠠᠶ ᠡᠷᠴᠢᠮᠯᠢᠭ ᠠᠮᠤᠷ ᠲᠦᠪᠰᠢᠨ ᠢᠶᠠᠷ ᠠᠰᠢᠭᠯᠠᠬᠤ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠬᠦ ᠳᠤ |
ᠠᠰᠢᠭᠲᠠᠶ ᠶᠤᠮ ᠃ |
ᠭᠤᠷᠪᠠ ᠳᠤ ᠂ ᠤᠰᠤᠨ ᠤ ᠡᠬᠢ ᠪᠠᠶᠠᠯᠢᠭ ᠤᠨ ᠵᠠᠷᠤᠳᠠᠯ ᠢ ᠭᠠᠶᠢᠯᠢ ᠪᠣᠯᠭᠠᠨ ᠥᠭᠡᠷᠡᠴᠢᠯᠡᠬᠦ ᠲᠤᠷᠰᠢᠯᠲᠠ ᠶᠢ |
ᠪᠦᠬᠦ ᠲᠠᠯ᠎ᠠ ᠪᠠᠷ ᠬᠡᠷᠡᠭᠵᠢᠭᠦᠯᠬᠦ ᠪᠣᠯ ᠡᠳ᠋ ᠤᠨ ᠵᠠᠰᠠᠭ ᠭᠠᠶᠢᠯᠢ ᠶᠢᠨ ᠪᠠᠶᠢᠭᠤᠯᠤᠯ ᠤᠨ ᠥᠭᠡᠷᠡᠴᠢᠯᠡᠯᠲᠡ ᠶᠢ |
ᠭᠦᠨᠵᠡᠭᠡᠶᠢᠷᠡᠭᠦᠯᠬᠦ ᠪᠠ ᠮᠠᠨ ᠤ ᠤᠯᠤᠰ ᠤᠨ ᠪᠣᠬᠢᠷᠲᠤᠯ ᠦᠭᠡᠶ ᠭᠠᠶᠢᠯᠢ ᠲᠠᠲᠠᠪᠤᠷᠢ ᠶᠢᠨ ᠲᠤᠭᠲᠠᠮᠵᠢ ᠶᠢ |
ᠲᠡᠭᠦᠯᠳᠡᠷᠵᠢᠭᠦᠯᠬᠦ ᠶᠢᠨ ᠴᠢᠬᠤᠯᠠ ᠦᠷ᠎ᠡ ᠪᠦᠲᠦᠭᠡᠯ ᠪᠣᠯᠤᠨ᠎ᠠ ᠃ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ |
ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠠᠴᠠ ᠳᠤᠷᠠᠳᠤᠭᠰᠠᠨ ᠨᠢ ᠂ ︽ᠡᠬᠢ ᠪᠠᠶᠠᠯᠢᠭ ᠢ ᠬᠡᠷᠡᠭᠯᠡᠪᠡᠯ |
ᠰᠦᠢᠳᠬᠡᠯ ᠲᠤᠰᠢᠶᠠᠬᠤ ᠪᠠ ᠬᠡᠨ ᠣᠷᠴᠢᠨ ᠲᠣᠭᠤᠷᠢᠨ ᠢ ᠪᠣᠬᠢᠷᠲᠤᠭᠤᠯᠪᠠᠯ ᠬᠡᠨ ᠠᠮᠢ ᠠᠬᠤᠶ ᠶᠢ ᠡᠪᠳᠡᠪᠡᠯ ᠬᠡᠨ |
ᠰᠦᠢᠳᠬᠡᠯ ᠲᠤᠰᠢᠶᠠᠬᠤ ᠵᠠᠷᠴᠢᠮ ᠢ ᠪᠠᠷᠢᠮᠲᠠᠯᠠᠵᠤ ᠂ ᠡᠬᠢ ᠪᠠᠶᠠᠯᠢᠭ ᠤᠨ ᠭᠠᠶᠢᠯᠢ ᠶᠢ ᠡᠯ᠎ᠡ ᠵᠦᠢᠯ ᠤᠨ ᠪᠠᠶᠢᠭᠠᠯᠢ ᠶᠢᠨ |
ᠠᠮᠢ ᠠᠬᠤᠶ ᠶᠢᠨ ᠣᠷᠣᠨ ᠵᠠᠶ ᠶᠢ ᠡᠵᠡᠯᠡᠨ ᠬᠡᠷᠡᠭᠯᠡᠬᠦ ᠪᠣᠯᠲᠠᠯ᠎ᠠ ᠠᠯᠬᠤᠮ ᠠᠯᠬᠤᠮ ᠢᠶᠠᠷ ᠥᠷᠭᠡᠳᠬᠡᠨ᠎ᠡ︾ ᠭᠡᠵᠡᠢ ᠃ |
2020 ᠣᠨ ᠤ 9 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠬᠦ ᠡᠬᠢ ᠪᠠᠶᠠᠯᠢᠭ ᠤᠨ |
ᠭᠠᠶᠢᠯᠢ ᠶᠢᠨ ᠬᠠᠤᠯᠢ ᠶᠢ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠤᠰᠤᠨ ᠤ ᠡᠬᠢ ᠪᠠᠶᠠᠯᠢᠭ ᠤᠨ ᠭᠠᠶᠢᠯᠢ |
ᠲᠠᠲᠠᠪᠤᠷᠢᠯᠠᠬᠤ ᠪᠠᠷ ᠲᠤᠷᠰᠢᠵᠤ ᠪᠣᠯᠤᠨ᠎ᠠ ᠃ 2023 ᠣᠨ ᠤ 12 ᠳ᠋ᠤᠭᠠᠷ ᠰᠠᠷ᠎ᠠ ᠳᠤ ᠬᠤᠷᠠᠯᠳᠤᠭᠰᠠᠨ ᠲᠥᠪ ᠤᠨ |
ᠠᠵᠤ ᠠᠬᠤᠢ ᠶᠢᠨ ᠠᠵᠢᠯ ᠤᠨ ᠬᠤᠷᠠᠯ ᠠᠴᠠ ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠂ |
ᠤᠷᠤᠭᠰᠢᠯᠠᠬᠤ ᠪᠠᠷ ᠲᠣᠭᠲᠠᠭᠤᠨ ᠢ ᠠᠬᠢᠭᠤᠯᠬᠤ ᠂ ᠤᠷᠢᠳ ᠢᠶᠠᠷ ᠪᠠᠶᠢᠭᠤᠯᠵᠤ ᠳᠠᠷᠠᠭ᠎ᠠ ᠨᠢ ᠡᠪᠳᠡᠬᠦ ᠶᠢ ᠪᠠᠷᠢᠮᠲᠠᠯᠠᠵᠤ ᠂ |
ᠰᠢᠨ᠎ᠡ ᠨᠢᠭᠡ ᠡᠭᠡᠯᠵᠢ ᠶᠢᠨ ᠡᠳ᠋ ᠤᠨ ᠵᠠᠰᠠᠭ ᠭᠠᠶᠢᠯᠢ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ |
ᠲᠥᠯᠥᠪᠵᠢᠭᠦᠯᠬᠦ ᠬᠡᠷᠡᠭᠲᠡᠢ ᠭᠡᠵᠦ ᠳᠤᠷᠠᠳᠪᠠ ᠃ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ |
ᠭᠤᠷᠪᠠᠳᠤᠭᠠᠷ ᠪᠥᠬᠦᠳᠡ ᠬᠤᠷᠠᠯ ᠠᠴᠠ ᠡᠳ᠋ ᠤᠨ ᠵᠠᠰᠠᠭ ᠭᠠᠶᠢᠯᠢ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ |
ᠭᠦᠨᠵᠡᠭᠡᠶᠢᠷᠡᠭᠦᠯᠬᠦ ᠳᠤ ᠪᠦᠬᠦ ᠲᠠᠯ᠎ᠠ ᠶᠢᠨ ᠪᠠᠶᠢᠷᠢᠯᠠᠭᠤᠯᠤᠯᠲᠠ ᠬᠢᠵᠦ ᠂ ︽ᠤᠰᠤᠨ ᠤ ᠡᠬᠢ ᠪᠠᠶᠠᠯᠢᠭ ᠤᠨ ᠬᠠᠲᠠᠭᠤ |
ᠬᠢᠵᠠᠭᠠᠷᠯᠠᠯ ᠤᠨ ᠲᠦᠷᠢᠮ ᠢ ᠨᠠᠶᠢᠳᠠᠪᠤᠷᠢᠵᠢᠭᠤᠯᠵᠤ ᠂ ᠤᠰᠤᠨ ᠤ ᠡᠬᠢ ᠪᠠᠶᠠᠯᠢᠭ ᠤᠨ ᠰᠦᠢᠳᠬᠡᠯ ᠢ ᠭᠠᠶᠢᠯᠢ ᠪᠣᠯᠭᠠᠨ |
ᠥᠭᠡᠷᠡᠴᠢᠯᠡᠬᠦ︾ ᠶᠢ ᠪᠦᠬᠦ ᠲᠠᠯ᠎ᠠ ᠪᠠᠷ ᠬᠡᠷᠡᠭᠵᠢᠭᠦᠯᠵᠦ ᠂ ︽ᠪᠣᠬᠢᠷᠲᠤᠯ ᠦᠭᠡᠢ ᠭᠠᠶᠢᠯᠢ ᠶᠢᠨ ᠲᠦᠷᠢᠮ ᠢ |
ᠲᠡᠭᠦᠯᠳᠡᠷᠵᠢᠭᠦᠯᠤᠨ᠎ᠡ︾ ᠭᠡᠵᠦ ᠲᠣᠳᠣᠷᠬᠠᠢ ᠳᠤᠷᠠᠳᠴᠠᠢ ᠃ ᠤᠰᠤᠨ ᠤ ᠡᠬᠢ ᠪᠠᠶᠠᠯᠢᠭ ᠤᠨ ᠵᠠᠷᠤᠳᠠᠯ ᠢ ᠭᠠᠶᠢᠯᠢ |
ᠪᠣᠯᠭᠠᠨ ᠥᠭᠡᠷᠡᠴᠢᠯᠡᠬᠦ ᠲᠤᠷᠰᠢᠯᠲᠠ ᠶᠢᠨ ᠴᠡᠭ ᠢ ᠪᠥᠬᠦ ᠲᠠᠯ᠎ᠠ ᠪᠠᠷ ᠬᠡᠷᠡᠭᠵᠢᠭᠦᠯᠬᠦ ᠪᠣᠯ ᠡᠳ᠋ ᠤᠨ ᠵᠠᠰᠠᠭ ᠭᠠᠶᠢᠯᠢ ᠶᠢᠨ |
ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠴᠢᠬᠤᠯᠠ ᠠᠷᠭ᠎ᠠ ᠬᠡᠮᠵᠢᠶ᠎ᠡ ᠮᠥᠨ ᠂ ᠡᠬᠢ ᠪᠠᠶᠠᠯᠢᠭ ᠤᠨ |
ᠭᠠᠶᠢᠯᠢ ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠠᠶᠢᠯᠢ ᠪᠠᠷ ᠭᠤᠤᠯ ᠴᠣᠭᠴᠠ ᠪᠣᠯᠭᠠᠭᠰᠠᠨ ︽ᠣᠯᠠᠨ |
ᠭᠠᠶᠢᠯᠢ ᠶᠢ ᠬᠠᠮᠲᠤ ᠪᠠᠷ ᠵᠠᠰᠠᠬᠤ︾ ᠶᠢ ᠲᠡᠭᠦᠯᠳᠡᠷᠵᠢᠭᠦᠯᠵᠦ ᠂ ᠰᠢᠰᠲ᠋ᠧᠮ ᠤᠨ ᠴᠢᠨᠠᠷᠲᠠᠶ ᠭᠠᠶᠢᠯᠢ ᠲᠠᠲᠠᠪᠤᠷᠢ ᠶᠢᠨ |
ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢᠨ ︽ᠣᠯᠠᠨ ᠠᠷᠭ᠎ᠠ ᠪᠣᠳᠣᠯᠭ᠎ᠠ ᠤᠶᠠᠯᠳᠤᠯ︾ ᠢᠶᠠᠷ ᠪᠣᠬᠢᠷᠲᠤᠯ ᠥᠬᠡᠶ |
ᠭᠠᠶᠢᠯᠢ ᠲᠠᠲᠠᠪᠤᠷᠢ ᠶᠢᠨ ᠰᠢᠰᠲ᠋ᠧᠮ ᠢ ᠲᠡᠭᠦᠯᠳᠡᠷᠵᠢᠭᠦᠯᠵᠦ ᠂ ᠮᠠᠨ ᠤ ᠤᠯᠤᠰ ᠤᠨ ᠠᠵᠤ ᠠᠬᠤᠶ ᠨᠡᠶᠢᠭᠡᠮ ᠤᠨ |
ᠪᠣᠬᠢᠷᠲᠤᠯ ᠥᠬᠡᠶ ᠬᠡᠯᠪᠡᠷᠢ ᠶᠢ ᠬᠤᠪᠢᠷᠠᠭᠤᠯᠬᠤ ᠶᠢ ᠳᠡᠮᠵᠢᠵᠦ ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ |
ᠪᠥᠲᠥᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠬᠦ ᠳᠤ ᠠᠰᠢᠭᠲᠠᠶ ᠶᠤᠮ ᠃ |
ᠠᠰᠠᠭᠤᠬᠤ ᠨᠢ |
ᠤᠰᠤᠨ ᠤ ᠡᠬᠢ ᠪᠠᠶᠠᠯᠢᠭ ᠤᠨ ᠵᠠᠷᠤᠳᠠᠯ ᠢ ᠭᠠᠶᠢᠯᠢ ᠪᠣᠯᠭᠠᠨ ᠥᠭᠡᠷᠡᠴᠢᠯᠡᠬᠦ ᠲᠤᠷᠰᠢᠯᠲᠠ ᠶᠢ ᠪᠦᠬᠦ ᠲᠠᠯ᠎ᠠ ᠪᠠᠷ |
ᠬᠡᠷᠡᠭᠵᠢᠭᠦᠯᠬᠦ ᠦᠨᠳᠦᠰᠦᠨ ᠵᠠᠷᠴᠢᠮ ᠨᠢ ᠶᠠᠭᠤ ᠪᠤᠢ︖ |
ᠬᠠᠷᠢᠭᠤᠯᠬᠤ ᠨᠢ |
ᠤᠰᠤᠨ ᠤ ᠡᠬᠢ ᠪᠠᠶᠠᠯᠢᠭ ᠤᠨ ᠵᠠᠷᠤᠳᠠᠯ ᠢ ᠭᠠᠶᠢᠯᠢ ᠪᠣᠯᠭᠠᠨ ᠥᠭᠡᠷᠡᠴᠢᠯᠡᠬᠦ ᠲᠤᠷᠰᠢᠯᠲᠠ ᠶᠢ ᠪᠦᠬᠦ ᠲᠠᠯ᠎ᠠ ᠪᠠᠷ |
ᠬᠡᠷᠡᠭᠵᠢᠭᠦᠯᠬᠦ ᠳᠤ ᠭᠤᠤᠯᠳᠠᠭᠤ ᠳᠣᠤᠷᠠᠬᠢ ᠵᠠᠷᠴᠢᠮ ᠢ ᠵᠢᠷᠤᠮᠯᠠᠬᠤ ᠬᠡᠷᠡᠭᠲᠡᠶ᠄ |
ᠨᠢᠭᠡ ᠳᠤ ᠂ ᠲᠣᠭᠲᠠᠭᠤᠨ ᠢᠶᠠᠷ ᠬᠤᠪᠢᠷᠠᠭᠤᠯᠬᠤ ᠶᠢ ᠪᠡᠶᠡᠯᠡᠭᠦᠯᠦᠨ᠎ᠡ ᠃ ᠣᠳᠣ ᠪᠠᠶᠢᠭ᠎ᠠ ᠤᠰᠤᠨ ᠤ ᠡᠬᠢ |
ᠪᠠᠶᠠᠯᠢᠭ ᠤᠨ ᠭᠠᠶᠢᠯᠢ ᠶᠢᠨ ᠥᠭᠡᠷᠡᠴᠢᠯᠡᠯᠲᠡ ᠶᠢᠨ ᠲᠤᠷᠰᠢᠯᠲᠠ ᠶᠢᠨ ᠳᠦᠷᠢᠮ ᠪᠣᠯᠤᠨ ᠤᠰᠤᠨ ᠤ ᠡᠬᠢ ᠪᠠᠶᠠᠯᠢᠭ ᠤᠨ |
ᠰᠦᠢᠳᠬᠡᠯ ᠲᠠᠲᠠᠪᠤᠷᠢᠯᠠᠬᠤ ᠳᠦᠷᠢᠮ ᠢ ᠨᠢᠭᠡᠳᠦᠯᠲᠡᠶ ᠲᠥᠯᠥᠪᠯᠡᠨ ᠂ ᠭᠠᠶᠢᠯᠢ ᠶᠢᠨ ᠳᠦᠷᠢᠮ ᠤᠨ ᠬᠦᠴᠦᠨ ᠵᠦᠢᠯ |
ᠪᠣᠯᠤᠨ ᠦᠨᠳᠦᠰᠦᠨ ᠪᠣᠷᠣ ᠲᠥᠯᠥᠪ ᠲᠣᠭᠲᠠᠭᠤᠨ ᠪᠠᠶᠢᠬᠤ ᠶᠢ ᠪᠠᠲᠤᠯᠠᠭᠰᠠᠨ ᠤᠷᠢᠲᠠᠯ ᠳᠣᠤᠷ᠎ᠠ ᠂ ᠤᠰᠤᠨ ᠤ ᠡᠬᠢ |
ᠪᠠᠶᠠᠯᠢᠭ ᠤᠨ ᠰᠦᠢᠳᠬᠡᠯ ᠤᠨ ᠳᠦᠷᠢᠮ ᠤᠨ ᠤᠰᠤᠨ ᠤ ᠡᠬᠢ ᠪᠠᠶᠠᠯᠢᠭ ᠤᠨ ᠭᠠᠶᠢᠯᠢ ᠶᠢᠨ ᠳᠦᠷᠢᠮ ᠤᠨ |
ᠲᠣᠭᠲᠠᠭᠤᠨ ᠢᠶᠠᠷ ᠬᠤᠪᠢᠷᠠᠭᠤᠯᠬᠤ ᠶᠢ ᠪᠡᠶᠡᠯᠡᠭᠦᠯᠬᠦ ᠬᠡᠷᠡᠭᠲᠡᠢ ᠃ |
ᠬᠤᠶᠠᠷ ᠲᠤ ᠂ ᠲᠥᠷᠥᠯ ᠬᠤᠪᠢᠶᠠᠨ ᠲᠣᠬᠢᠷᠠᠭᠤᠯᠤᠨ ᠡᠵᠡᠮᠳᠡᠬᠦ ᠶᠢ ᠴᠢᠩᠭᠠᠳᠬᠠᠨ᠎ᠠ ᠃ ᠤᠰᠤᠨ ᠤ ᠡᠬᠢ |
ᠪᠠᠶᠠᠯᠢᠭ ᠬᠦᠨᠳᠦ ᠨᠣᠴᠢᠲᠠᠶ ᠳᠤᠲᠠᠭᠳᠠᠵᠤ ᠪᠠᠶᠢᠭ᠎ᠠ ᠪᠠ ᠳᠠᠭᠠᠭᠠᠴᠠ ᠠᠴᠠ ᠬᠡᠲᠦᠷᠡᠭᠰᠡᠨ ᠭᠠᠵᠠᠷ ᠣᠷᠣᠨ ᠤ ᠤᠰᠤ |
ᠲᠠᠲᠠᠵᠤ ᠬᠡᠷᠡᠭᠯᠡᠬᠦ ᠂ ᠭᠠᠵᠠᠷ ᠳᠣᠤᠷᠠᠬᠢ ᠤᠰᠤ ᠶᠢ ᠲᠠᠲᠠᠵᠤ ᠬᠡᠷᠡᠭᠯᠡᠬᠦ ᠵᠡᠷᠭᠡ ᠳᠤ ᠭᠠᠶᠢᠯᠢ ᠶᠢᠨ ᠲᠤᠭ᠎ᠠ ᠶᠢ ᠥᠨᠳᠥᠷ |
ᠲᠣᠭᠲᠠᠭᠠᠵᠤ ᠂ ᠵᠥᠷᠢᠶᠡᠲᠦ ᠭᠠᠶᠢᠯᠢ ᠶᠢᠨ ᠲᠤᠭ᠎ᠠ ᠶᠢ ᠲᠣᠬᠢᠷᠠᠭᠤᠯᠬᠤ ᠪᠠᠷ ᠳᠠᠮᠵᠢᠭᠤᠯᠤᠨ ᠂ ᠭᠠᠶᠢᠯᠢ ᠲᠠᠲᠠᠪᠤᠷᠢ ᠶᠢᠨ |
ᠲᠣᠬᠢᠷᠠᠭᠤᠯᠤᠯᠲᠠ ᠶᠢᠨ ᠦᠢᠯᠡᠳᠦᠯ ᠢ ᠨᠠᠩ ᠰᠠᠶᠢᠲᠤᠷ ᠪᠠᠳᠠᠷᠠᠭᠤᠯᠵᠤ ᠂ ᠭᠠᠵᠠᠷ ᠳᠣᠤᠷᠠᠬᠢ ᠤᠰᠤ ᠶᠢ ᠬᠡᠲᠦᠷᠡᠲᠡᠯ᠎ᠡ |
ᠠᠪᠬᠤ ᠪᠠ ᠵᠦᠶ ᠵᠣᠬᠢᠰ ᠥᠬᠡᠶ ᠤᠰᠤ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠬᠤᠷᠢᠭᠯᠠᠬᠤ ᠬᠡᠷᠡᠭᠲᠡᠶ ᠃ |
ᠭᠤᠷᠪᠠ ᠳᠤ ᠂ ᠭᠠᠵᠠᠷ ᠣᠷᠣᠨ ᠤ ᠵᠥᠷᠢᠶ᠎ᠡ ᠶᠢ ᠢᠯᠡᠷᠡᠭᠦᠯᠦᠨ᠎ᠡ ᠃ ᠠᠳᠠᠯᠢ ᠪᠤᠰᠤ ᠭᠠᠵᠠᠷ ᠣᠷᠣᠨ ᠤ |
ᠤᠰᠤᠨ ᠤ ᠡᠬᠢ ᠪᠠᠶᠠᠯᠢᠭ ᠤᠨ ᠪᠠᠶᠢᠳᠠᠯ ᠬᠢᠭᠡᠳ ᠠᠵᠤ ᠠᠬᠤᠶ ᠶᠢᠨ ᠬᠥᠭᠵᠢᠯᠲᠡ ᠶᠢᠨ ᠬᠢᠷᠢ ᠬᠡᠮᠵᠢᠶ᠎ᠡ ᠶᠢᠨ |
ᠵᠥᠷᠢᠶ᠎ᠡ ᠶᠢ ᠭᠦᠢᠴᠡᠳ ᠪᠣᠳᠣᠯᠬᠢᠯᠠᠵᠤ ᠂ ᠠᠳᠠᠯᠢ ᠪᠤᠰᠤ ᠭᠠᠵᠠᠷ ᠣᠷᠣᠨ ᠤ ᠳᠤᠮᠳᠠᠴᠢ ᠭᠠᠶᠢᠯᠢ ᠶᠢᠨ ᠲᠣᠭᠠᠨ ᠤ ᠬᠢᠷᠢ |
ᠬᠡᠮᠵᠢᠶ᠎ᠡ ᠶᠢ ᠵᠦᠢ ᠵᠣᠬᠢᠰᠲᠠᠶ ᠲᠣᠬᠢᠷᠠᠭᠤᠯᠵᠤ ᠂ ᠣᠷᠣᠨ ᠨᠤᠲᠤᠭ ᠲᠤ ᠡᠷᠬᠡ ᠣᠯᠭᠤᠭᠰᠠᠨ ᠭᠠᠵᠠᠷ ᠣᠷᠣᠨ ᠤ |
ᠤᠰᠤᠨ ᠤ ᠡᠬᠢ ᠪᠠᠶᠠᠯᠢᠭ ᠤᠨ ᠭᠠᠶᠢᠯᠢ ᠶᠢᠨ ᠪᠣᠳᠠᠲᠠᠶ ᠲᠤᠬᠢᠷᠠᠬᠤ ᠭᠠᠶᠢᠯᠢ ᠶᠢᠨ ᠲᠤᠭ᠎ᠠ ᠶᠢ ᠲᠣᠭᠲᠠᠭᠠᠯ ᠶᠣᠰᠣᠭᠠᠷ |
ᠲᠣᠭᠲᠠᠭᠠᠬᠤ ᠬᠡᠷᠡᠭᠲᠡᠶ ᠃ |
ᠳᠥᠷᠪᠡ ᠳᠤ ᠂ ᠣᠷᠣᠨ ᠨᠤᠲᠤᠭ ᠤᠨ ᠢᠳᠡᠪᠬᠢᠵᠢᠯ ᠢ ᠳᠠᠶᠢᠴᠢᠯᠠᠨ᠎ᠠ ᠃ ᠤᠰᠤᠨ ᠤ ᠡᠬᠢ ᠪᠠᠶᠠᠯᠢᠭ ᠤᠨ |
ᠭᠠᠶᠢᠯᠢ ᠶᠢᠨ ᠣᠷᠣᠯᠭ᠎ᠠ ᠶᠢ ᠪᠦᠬᠦᠨ ᠢ ᠣᠷᠣᠨ ᠨᠤᠲᠤᠭ ᠲᠤ ᠦᠯᠡᠳᠡᠭᠡᠨ ᠥᠭᠴᠦ ᠂ ᠥᠭᠡᠷᠡᠴᠢᠯᠡᠯᠲᠡ ᠪᠠᠷ |
ᠳᠠᠮᠵᠢᠭᠤᠯᠤᠨ ᠣᠷᠣᠨ ᠨᠤᠲᠤᠭ ᠤᠨ ᠡᠵᠡᠨ ᠮᠡᠳᠡᠬᠦ ᠡᠳ᠋ ᠤᠨ ᠬᠦᠴᠦᠨ ᠢ ᠨᠡᠮᠡᠭᠳᠡᠭᠦᠯᠵᠦ ᠂ ᠣᠷᠣᠨ ᠨᠤᠲᠤᠭ ᠤᠨ |
ᠭᠠᠶᠢᠯᠢ ᠶᠢᠨ ᠢᠷᠡᠯᠲᠡ ᠶᠢ ᠥᠷᠭᠡᠳᠬᠡᠨ ᠂ ᠣᠷᠣᠨ ᠨᠤᠲᠤᠭ ᠤᠨ ᠭᠠᠶᠢᠯᠢ ᠲᠠᠲᠠᠪᠤᠷᠢ ᠶᠢᠨ ᠬᠠᠮᠢᠶᠠᠷᠤᠯᠲᠠ ᠶᠢᠨ ᠡᠷᠬᠡ |
ᠮᠡᠳᠡᠯ ᠢ ᠵᠣᠬᠢᠰᠲᠠᠶ ᠥᠷᠭᠡᠳᠬᠡᠵᠦ ᠂ ᠣᠷᠣᠨ ᠨᠤᠲᠤᠭ ᠤᠨ ᠬᠢᠨ ᠤ ᠢᠳᠡᠪᠬᠢᠵᠢᠯ ᠢ ᠨᠡᠩ ᠰᠠᠶᠢᠲᠤᠷ ᠪᠠᠳᠠᠷᠠᠭᠤᠯᠬᠤ |
ᠬᠡᠷᠡᠭᠲᠡᠶ ᠃ |
ᠠᠰᠠᠭᠤᠬᠤ ᠨᠢ |
ᠤᠰᠤᠨ ᠤ ᠡᠬᠢ ᠪᠠᠶᠠᠯᠢᠭ ᠤᠨ ᠰᠦᠢᠳᠬᠡᠯ ᠤᠨ ᠭᠠᠶᠢᠯᠢ ᠪᠣᠯᠭᠠᠨ ᠥᠭᠡᠷᠡᠴᠢᠯᠡᠬᠦ ᠲᠤᠷᠰᠢᠯᠲᠠ ᠶᠢᠨ ᠴᠡᠭ ᠤᠨ |
ᠭᠤᠤᠯ ᠠᠭᠤᠯᠭ᠎ᠠ ᠨᠢ ᠶᠠᠭᠤ ᠪᠤᠶ︖ |
ᠬᠠᠷᠢᠭᠤᠯᠬᠤ ᠨᠢ |
︽ᠠᠷᠭ᠎ᠠ︾ ᠳᠤ ᠤᠰᠤᠨ ᠤ ᠡᠬᠢ ᠪᠠᠶᠠᠯᠢᠭ ᠤᠨ ᠭᠠᠶᠢᠯᠢ ᠶᠢᠨ ᠭᠠᠶᠢᠯᠢ ᠲᠤᠰᠢᠶᠠᠭᠴᠢ ᠂ ᠭᠠᠶᠢᠯᠢ ᠪᠤᠳᠤᠬᠤ |
ᠦᠨᠳᠦᠰᠦᠯᠡᠯ ᠂ ᠭᠠᠶᠢᠯᠢ ᠶᠢᠨ ᠲᠤᠭ᠎ᠠ ᠶᠢᠨ ᠪᠠᠷᠢᠮᠵᠢᠶ᠎ᠠ ᠂ ᠭᠠᠶᠢᠯᠢ ᠲᠠᠲᠠᠪᠤᠷᠢ ᠶᠢᠨ ᠬᠠᠷᠠᠭᠠᠯᠵᠠᠯ ᠵᠡᠷᠭᠡ ᠭᠠᠶᠢᠯᠢ ᠶᠢᠨ |
ᠲᠦᠷᠢᠮ ᠤᠨ ᠬᠦᠴᠦᠨ ᠵᠦᠢᠯ ᠳᠤ ᠪᠣᠳᠠᠲᠠᠶ ᠲᠣᠭᠲᠠᠭᠠᠯ ᠭᠠᠷᠭᠠᠵᠠᠶ ᠃ |
︵ᠨᠢᠭᠡ︶ ᠭᠠᠶᠢᠯᠢ ᠲᠤᠰᠢᠶᠠᠭᠴᠢ ᠪᠣᠯᠤᠨ ᠭᠠᠶᠢᠯᠢ ᠪᠣᠳᠣᠬᠤ ᠦᠨᠳᠦᠰᠦᠯᠡᠯ ᠃ ᠤᠰᠤᠨ ᠤ ᠡᠬᠢ ᠪᠠᠶᠠᠯᠢᠭ ᠤᠨ |
ᠭᠠᠶᠢᠯᠢ ᠲᠤᠰᠢᠶᠠᠭᠴᠢ ᠪᠤᠯ ᠭᠤᠤᠯ ᠮᠦᠷᠡᠨ ᠂ ᠨᠠᠭᠤᠷ ᠴᠦᠬᠦᠷᠦᠮ ︵ᠤᠰᠤᠨ ᠴᠦᠬᠦᠷᠦᠮ ᠂ ᠤᠰᠤ ᠳᠠᠲᠠᠬᠤ |
ᠢᠨᠵᠧᠨᠧᠷᠢᠩ ᠵᠡᠷᠭᠡ ᠤᠰᠤᠨ ᠤ ᠡᠬᠢ ᠪᠠᠶᠠᠯᠢᠭ ᠢ ᠰᠢᠭᠤᠳ ᠲᠤᠬᠢᠷᠠᠭᠤᠯᠬᠤ ᠢᠨᠵᠧᠨᠧᠷᠢᠩ ᠪᠠᠭᠳᠠᠨ᠎ᠠ︶ ᠪᠠ ᠭᠠᠵᠠᠷ |
ᠳᠣᠣᠷ᠎ᠠ ᠠᠴᠠ ᠤᠰᠤᠨ ᠤ ᠡᠬᠢ ᠪᠠᠶᠠᠯᠢᠭ ᠢ ᠠᠪᠴᠤ ᠬᠡᠷᠡᠭᠯᠡᠬᠦ ᠨᠢᠭᠡᠴᠢ ᠪᠠ ᠬᠤᠪᠢ ᠬᠦᠮᠦᠨ ᠃ ᠤᠰᠤᠨ ᠤ ᠡᠬᠢ |
ᠪᠠᠶᠠᠯᠢᠭ ᠤᠨ ᠭᠠᠶᠢᠯᠢ ᠳᠤ ᠬᠡᠮᠵᠢᠶ᠎ᠡ ᠪᠠᠷ ᠪᠣᠳᠣᠵᠤ ᠲᠠᠲᠠᠪᠤᠷᠢᠯᠠᠬᠤ ᠶᠢ ᠬᠡᠷᠡᠭᠵᠢᠭᠦᠯᠦᠨ᠎ᠡ ᠃ |
︵ᠬᠤᠶᠠᠷ︶ ᠭᠠᠶᠢᠯᠢ ᠶᠢᠨ ᠲᠤᠭ᠎ᠠ ᠶᠢᠨ ᠪᠠᠷᠢᠮᠵᠢᠶ᠎ᠠ ᠃ ᠤᠰᠤᠨ ᠤ ᠡᠬᠢ ᠪᠠᠶᠠᠯᠢᠭ ᠤᠨ ᠭᠠᠶᠢᠯᠢ ᠤᠰᠤᠨ ᠤ |
ᠡᠬᠢ ᠪᠠᠶᠠᠯᠢᠭ ᠤᠨ ᠪᠠᠶᠢᠳᠠᠯ ᠂ ᠤᠰᠤ ᠲᠠᠲᠠᠵᠤ ᠬᠡᠷᠡᠭᠯᠡᠬᠦ ᠲᠥᠷᠥᠯ ᠵᠦᠢᠯ ᠪᠣᠯᠤᠨ ᠠᠵᠤ ᠠᠬᠤᠶ ᠶᠢᠨ ᠬᠥᠭᠵᠢᠯᠲᠡ |
ᠵᠡᠷᠭᠡ ᠪᠠᠶᠢᠳᠠᠯ ᠢ ᠦᠨᠳᠦᠰᠦᠯᠡᠨ ᠭᠠᠶᠢᠯᠢ ᠶᠢᠨ ᠲᠤᠭ᠎ᠠ ᠪᠠᠨ ᠵᠥᠷᠢᠶ᠎ᠡ ᠲᠠᠢ ᠪᠠᠶᠢᠯᠭᠠᠬᠤ ᠶᠢ ᠬᠡᠷᠡᠭᠵᠢᠭᠦᠯᠦᠨ᠎ᠡ ᠃ |
ᠤᠯᠤᠰ ᠠᠴᠠ ᠡᠯ᠎ᠡ ᠮᠤᠵᠢ ᠂ ᠥᠪᠡᠷᠲᠡᠭᠡᠨ ᠵᠠᠰᠠᠬᠤ ᠣᠷᠣᠨ ᠂ ᠰᠢᠭᠤᠳ ᠬᠠᠷᠢᠶ᠎ᠠ ᠬᠤᠲᠠ ᠶᠢᠨ ᠤᠰᠤᠨ ᠤ ᠡᠬᠢ |
ᠪᠠᠶᠠᠯᠢᠭ ᠤᠨ ᠭᠠᠶᠢᠯᠢ ᠶᠢᠨ ᠳᠤᠮᠳᠠᠴᠢ ᠭᠠᠶᠢᠯᠢ ᠶᠢᠨ ᠲᠤᠭ᠎ᠠ ᠶᠢᠨ ᠪᠠᠷᠢᠮᠵᠢᠶ᠎ᠠ ᠶᠢ ᠨᠢᠭᠡᠳᠦᠯᠲᠡᠶ ᠲᠣᠳᠣᠷᠬᠠᠶᠢᠯᠠᠵᠤ ᠂ |
ᠪᠣᠳᠠᠲᠠᠶ ᠲᠤᠬᠢᠷᠠᠬᠤ ᠭᠠᠶᠢᠯᠢ ᠶᠢᠨ ᠨᠣᠷᠮ᠎ᠠ ᠶᠢ ᠡᠯ᠎ᠡ ᠮᠤᠵᠢ ᠂ ᠥᠪᠡᠷᠲᠡᠭᠡᠨ ᠵᠠᠰᠠᠬᠤ ᠣᠷᠣᠨ ᠂ ᠰᠢᠭᠤᠳ ᠬᠠᠷᠢᠶ᠎ᠠ |
ᠬᠤᠲᠠ ᠠᠴᠠ ᠲᠣᠭᠲᠠᠭᠠᠨ᠎ᠠ ᠃ ᠡᠭᠦᠨ ᠤ ᠬᠠᠮᠲᠤ ᠂ ᠭᠠᠵᠠᠷ ᠳᠣᠤᠷᠠᠬᠢ ᠤᠰᠤ ᠂ ᠤᠰᠤᠨ ᠤ ᠡᠬᠢ ᠪᠠᠶᠠᠯᠢᠭ ᠢ |
ᠲᠠᠲᠠᠵᠤ ᠬᠡᠷᠡᠭᠯᠡᠬᠦ ᠬᠦᠨᠳᠦ ᠨᠣᠴᠢᠲᠠᠶ ᠳᠤᠲᠠᠭᠳᠠᠭᠰᠠᠨ ᠪᠠ ᠳᠠᠭᠠᠭᠠᠴᠠ ᠠᠴᠠ ᠬᠡᠲᠦᠷᠡᠭᠰᠡᠨ ᠭᠠᠵᠠᠷ ᠣᠷᠣᠨ ᠤ ᠤᠰᠤ |
ᠲᠠᠲᠠᠵᠤ ᠬᠡᠷᠡᠭᠯᠡᠬᠦ ᠬᠡᠮᠵᠢᠶ᠎ᠡ ᠶᠢ ᠳᠡᠭᠡᠳᠦ ᠬᠡᠮᠵᠢᠶ᠎ᠡ ᠠᠴᠠ ᠨᠢ ᠭᠠᠶᠢᠯᠢ ᠶᠢᠨ ᠲᠤᠭ᠎ᠠ ᠶᠢ ᠲᠣᠭᠲᠠᠭᠠᠬᠤ ᠬᠡᠷᠡᠭᠲᠡᠶ ᠭᠡᠵᠦ |
ᠱᠠᠭᠠᠷᠳᠠᠪᠠ ᠃ |
︵ᠭᠤᠷᠪᠠ︶ ᠭᠠᠶᠢᠯᠢ ᠲᠠᠲᠠᠪᠤᠷᠢ ᠶᠢᠨ ᠬᠠᠷᠠᠭᠠᠯᠵᠠᠯ ᠃ ᠲᠣᠭᠲᠠᠭᠠᠭᠰᠠᠨ ᠬᠢᠵᠠᠭᠠᠷ ᠲᠣᠭᠠᠨ ᠤ ᠳᠣᠲᠣᠷᠠᠬᠢ |
ᠲᠠᠷᠢᠶᠠᠯᠠᠩ ᠤᠨ ᠦᠢᠯᠡᠳᠪᠦᠷᠢᠯᠡᠯ ᠤᠨ ᠤᠰᠤ ᠲᠠᠲᠠᠵᠤ ᠬᠡᠷᠡᠭᠯᠡᠬᠦ ᠵᠡᠷᠭᠡ ᠲᠠᠪᠤᠨ ᠵᠦᠢᠯ ᠤᠨ ᠪᠠᠶᠢᠳᠠᠯ ᠠᠴᠠ |
ᠤᠰᠤᠨ ᠤ ᠡᠬᠢ ᠪᠠᠶᠠᠯᠢᠭ ᠤᠨ ᠭᠠᠶᠢᠯᠢ ᠲᠠᠲᠠᠪᠤᠷᠢᠯᠠᠬᠤ ᠦᠭᠡᠢ︔ ᠲᠣᠭᠲᠠᠭᠠᠭᠰᠠᠨ ᠬᠢᠵᠠᠭᠠᠷ ᠲᠤᠭ᠎ᠠ ᠠᠴᠠ |
ᠬᠡᠲᠦᠷᠡᠭᠰᠡᠨ ᠲᠠᠷᠢᠶᠠᠯᠠᠩ ᠤᠨ ᠦᠢᠯᠡᠳᠪᠦᠷᠢᠯᠡᠯ ᠤᠨ ᠤᠰᠤ ᠲᠠᠲᠠᠵᠤ ᠬᠡᠷᠡᠭᠯᠡᠬᠦ ᠵᠢᠴᠢ ᠬᠥᠳᠡᠭᠡ ᠲᠣᠰᠬᠤᠨ ᠤ ᠤᠰᠤ |
ᠲᠥᠪᠯᠡᠷᠡᠭᠰᠡᠨ ᠤᠰᠤ ᠤᠮᠳᠠ ᠶᠢᠨ ᠢᠨᠵᠧᠨᠧᠷᠢᠩ ᠠᠴᠠ ᠤᠰᠤ ᠲᠠᠲᠠᠵᠤ ᠬᠡᠷᠡᠭᠯᠡᠬᠦ ᠲᠠᠯ᠎ᠠ ᠪᠠᠷ ᠂ ᠣᠷᠣᠨ ᠨᠤᠲᠤᠭ ᠲᠤ |
ᠡᠷᠬᠡ ᠣᠯᠭᠤᠵᠤ ᠤᠰᠤᠨ ᠤ ᠡᠬᠢ ᠪᠠᠶᠠᠯᠢᠭ ᠤᠨ ᠭᠠᠶᠢᠯᠢ ᠶᠢ ᠬᠠᠰᠤᠵᠤ ᠬᠡᠯᠲᠦᠷᠢᠭᠦᠯᠦᠨ᠎ᠡ︔ ᠤᠰᠤ ᠬᠡᠷᠡᠭᠯᠡᠬᠦ ᠦᠷ᠎ᠡ |
ᠪᠦᠲᠦᠮᠵᠢ ᠨᠢ ᠤᠯᠤᠰ ᠤᠨ ᠤᠰᠤ ᠬᠡᠷᠡᠭᠯᠡᠬᠦ ᠲᠣᠭᠲᠠᠭᠰᠠᠨ ᠨᠣᠷᠮ᠎ᠠ ᠶᠢᠨ ᠲᠡᠷᠢᠭᠦᠨ ᠤ ᠥᠷᠲᠡᠭ ᠲᠤ ᠬᠦᠷᠦᠭᠰᠡᠨ |
ᠬᠠᠮᠢᠶ᠎ᠠ ᠪᠦᠬᠦᠢ ᠭᠠᠶᠢᠯᠢ ᠲᠤᠰᠢᠶᠠᠭᠴᠢ ᠠᠴᠠ ᠤᠰᠤᠨ ᠤ ᠡᠬᠢ ᠪᠠᠶᠠᠯᠢᠭ ᠤᠨ ᠭᠠᠶᠢᠯᠢ ᠶᠢ ᠬᠥᠩᠭᠡᠯᠡᠨ |
ᠲᠠᠲᠠᠪᠤᠷᠢᠯᠠᠨ᠎ᠠ ᠃ |
︵ᠳᠥᠷᠪᠡ︶ ᠣᠷᠣᠯᠭ᠎ᠠ ᠶᠢᠨ ᠬᠠᠷᠢᠶᠠᠯᠠᠯ ᠃ ᠤᠰᠤᠨ ᠤ ᠡᠬᠢ ᠪᠠᠶᠠᠯᠢᠭ ᠤᠨ ᠵᠠᠷᠤᠳᠠᠯ ᠢ ᠭᠠᠶᠢᠯᠢ ᠪᠣᠯᠭᠠᠨ |
ᠥᠭᠡᠷᠡᠴᠢᠯᠡᠬᠦ ᠲᠤᠷᠰᠢᠯᠲᠠ ᠶᠢ ᠪᠦᠬᠦ ᠲᠠᠯ᠎ᠠ ᠪᠠᠷ ᠬᠡᠷᠡᠭᠵᠢᠭᠦᠯᠦᠭᠰᠡᠨ ᠤ ᠳᠠᠷᠠᠭ᠎ᠠ ᠂ ᠤᠰᠤᠨ ᠤ ᠡᠬᠢ ᠪᠠᠶᠠᠯᠢᠭ ᠤᠨ |
ᠭᠠᠶᠢᠯᠢ ᠶᠢᠨ ᠣᠷᠣᠯᠭ᠎ᠠ ᠶᠢ ᠴᠥᠮ ᠣᠷᠣᠨ ᠨᠤᠲᠤᠭ ︵ᠲᠦᠭᠦᠬᠡᠶ ᠤᠰᠤᠨ ᠤ ᠡᠬᠢ ᠪᠠᠶᠠᠯᠢᠭ ᠤᠨ ᠵᠠᠷᠤᠳᠠᠯ ᠤᠨ |
ᠣᠷᠣᠯᠭ᠎ᠠ ᠳᠤ ᠲᠥᠪ ᠪᠠ ᠣᠷᠣᠨ ᠨᠤᠲᠤᠭ 1᠄ 9 ᠶᠢᠨ ᠬᠤᠪᠢᠳᠠᠯ ᠢ ᠬᠡᠷᠡᠭᠵᠢᠭᠦᠯᠦᠨ᠎ᠡ︶ ᠤᠨ ᠡᠵᠡᠨ ᠮᠡᠳᠡᠬᠦ |
ᠡᠳ᠋ ᠤᠨ ᠬᠦᠴᠦ ᠶᠢ ᠵᠣᠬᠢᠰᠲᠠᠢ ᠪᠠᠷ ᠨᠡᠮᠡᠭᠳᠡᠭᠦᠯᠦᠨ᠎ᠡ ᠃ |
︵ᠲᠠᠪᠤ︶ ᠭᠠᠶᠢᠯᠢ ᠲᠠᠲᠠᠪᠤᠷᠢ ᠶᠢ ᠲᠠᠲᠠᠪᠤᠷᠢᠯᠠᠨ ᠬᠠᠮᠢᠶᠠᠷᠬᠤ ᠃ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ |
ᠪᠣᠯᠤᠨ ᠤᠰᠤᠨ ᠤ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠬᠠᠮᠵᠢᠯᠴᠠᠨ ᠭᠠᠶᠢᠯᠢ |
ᠲᠠᠲᠠᠪᠤᠷᠢᠯᠠᠬᠤ ᠲᠣᠭᠲᠠᠴᠠ ᠶᠢ ᠪᠦᠷᠢᠨᠰᠢᠭᠦᠯᠵᠦ ᠂ ᠭᠠᠶᠢᠯᠢ ᠲᠤᠰᠢᠶᠠᠭᠴᠢ ᠶᠢᠨ ᠤᠰᠤ ᠲᠠᠲᠠᠬᠤ ᠬᠡᠮᠵᠢᠯᠲᠡ ᠶᠢᠨ |
ᠪᠡᠯᠡᠳᠬᠡᠮᠵᠢ ︵ᠪᠠᠭᠠᠵᠢ ᠬᠡᠷᠡᠭᠰᠡᠯ ᠢ ᠴᠢᠩᠭᠠᠷᠠᠭᠤᠯᠤᠨ᠎ᠠ︶ ᠬᠢᠨᠠᠯᠲᠠ ᠬᠠᠮᠢᠶᠠᠷᠤᠯᠲᠠ ᠶᠢ ᠵᠢᠷᠤᠮᠵᠢᠭᠤᠯᠤᠨ |
ᠴᠢᠩᠭᠠᠳᠬᠠᠨ᠎ᠠ ᠃ |
ᠠᠰᠠᠭᠤᠬᠤ ᠨᠢ |
ᠲᠦᠷᠦᠭᠦᠤ ᠬᠤᠶᠠᠷ ᠤᠳᠠᠭᠠᠨ ᠤ ᠤᠰᠤᠨ ᠤ ᠡᠬᠢ ᠪᠠᠶᠠᠯᠢᠭ ᠤᠨ ᠭᠠᠶᠢᠯᠢ ᠶᠢᠨ ᠥᠭᠡᠷᠡᠴᠢᠯᠡᠯᠲᠡ ᠶᠢᠨ |
ᠲᠤᠷᠰᠢᠯᠲᠠ ᠶᠢᠨ ᠴᠡᠭ ᠲᠠᠢ ᠬᠠᠷᠢᠴᠠᠭᠤᠯᠪᠠᠯ ᠂ ︽ᠠᠷᠭ᠎ᠠ︾ ᠳᠤ ᠶᠠᠮᠠᠷ ᠶᠠᠮᠠᠷ ᠲᠥᠷᠥ ᠶᠢᠨ ᠪᠣᠳᠣᠯᠭ᠎ᠠ ᠶᠢᠨ |
ᠲᠣᠬᠢᠷᠠᠭᠤᠯᠤᠯᠲᠠ ᠬᠢᠭᠰᠡᠨ ᠪᠣᠶ︖ |
ᠬᠠᠷᠢᠭᠤᠯᠬᠤ ᠨᠢ |
ᠲᠦᠷᠦᠭᠦᠤ ᠬᠤᠶᠠᠷ ᠤᠳᠠᠭᠠᠨ ᠤ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠲᠠᠢ ᠬᠠᠷᠢᠴᠠᠭᠤᠯᠪᠠᠯ ᠂ ︽ |
ᠠᠷᠭ᠎ᠠ︾ ᠳᠤ ᠭᠤᠤᠯᠳᠠᠭᠤ ᠳᠥᠷᠪᠡᠨ ᠲᠠᠯ᠎ᠠ ᠶᠢᠨ ᠲᠥᠷᠥ ᠶᠢᠨ ᠪᠣᠳᠣᠯᠭ᠎ᠠ ᠶᠢᠨ ᠲᠣᠬᠢᠷᠠᠭᠤᠯᠤᠯᠲᠠ ᠪᠣᠶ᠄ |
ᠨᠢᠭᠡ ᠳᠤ ᠂ ᠭᠠᠶᠢᠯᠢ ᠲᠠᠲᠠᠪᠤᠷᠢ ᠶᠢᠨ ᠳᠦᠷᠢᠮ ᠢ ᠲᠡᠭᠦᠯᠳᠡᠷᠵᠢᠭᠦᠯᠪᠡ ᠃ ︽ᠠᠷᠭ᠎ᠠ︾ ᠨᠢ ᠤᠰᠤᠨ ᠤ ᠡᠬᠢ |
ᠪᠠᠶᠠᠯᠢᠭ ᠤᠨ ᠭᠠᠶᠢᠯᠢ ᠲᠠᠲᠠᠪᠤᠷᠢᠯᠠᠬᠤ ᠬᠡᠪᠴᠢᠶ᠎ᠡ ᠪᠠ ᠡᠲᠡᠭᠡᠳ ᠢ ᠤᠯᠠᠮ ᠨᠢᠭᠡ ᠠᠯᠬᠤᠮ ᠵᠠᠭᠠᠭᠯᠠᠨ ᠲᠣᠭᠲᠠᠭᠠᠵᠠᠢ︔ |
ᠭᠠᠶᠢᠯᠢ ᠲᠤᠰᠢᠶᠠᠭᠴᠢ ᠶᠢᠨ ᠤᠰᠤ ᠠᠪᠴᠤ ᠬᠡᠷᠡᠭᠯᠡᠬᠦ ᠳᠤ ᠣᠯᠠᠨ ᠭᠠᠶᠢᠯᠢ ᠶᠢᠨ ᠲᠤᠭ᠎ᠠ ᠶᠢᠨ ᠪᠠᠷᠢᠮᠵᠢᠶ᠎ᠠ ᠶᠢᠨ |
ᠭᠤᠶᠤᠴᠢᠯᠠᠨ ᠮᠡᠳᠡᠭᠦᠯᠵᠦ ᠭᠠᠶᠢᠯᠢ ᠲᠤᠰᠢᠶᠠᠬᠤ ᠱᠠᠭᠠᠷᠳᠠᠯᠭ᠎ᠠ ᠶᠢ ᠨᠠᠷᠢᠯᠢᠬᠵᠢᠭᠤᠯᠪᠠ︔ ᠭᠠᠶᠢᠯᠢ ᠲᠠᠲᠠᠪᠤᠷᠢ ᠶᠢᠨ |
ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢᠨ ᠵᠥᠪ ᠴᠢᠭᠯᠡᠯ ᠢᠶᠠᠷ ᠤᠷᠮᠠᠰᠢᠭᠤᠯᠤᠨ ᠵᠢᠯᠣᠭᠤᠳᠬᠤ ᠦᠢᠯᠡᠳᠦᠯ ᠢ |
ᠴᠢᠩᠭᠠᠷᠠᠭᠤᠯᠪᠠ︔ ᠡᠬᠢ ᠪᠠᠶᠠᠯᠢᠭ ᠤᠨ ᠭᠠᠶᠢᠯᠢ ᠶᠢᠨ ᠬᠠᠤᠯᠢ ᠶᠢᠨ ᠬᠤᠯᠪᠣᠭᠳᠠᠯ ᠪᠦᠬᠦᠢ ᠲᠣᠭᠲᠠᠭᠠᠯ ᠲᠠᠢ |
ᠵᠣᠯᠭᠠᠯᠳᠤᠭᠤᠯᠵᠤ ᠂ ᠤᠰᠤᠨ ᠤ ᠡᠬᠢ ᠪᠠᠶᠠᠯᠢᠭ ᠤᠨ ᠭᠠᠶᠢᠯᠢ ᠲᠤᠰᠢᠶᠠᠬᠤ ᠭᠠᠵᠠᠷ ᠢ ᠦᠢᠯᠡᠳᠪᠦᠷᠢᠯᠡᠯ |
ᠡᠵᠡᠩᠨᠡᠯᠲᠡ ᠶᠢᠨ ᠪᠠᠶᠢᠭ᠎ᠠ ᠭᠠᠵᠠᠷ ᠠᠴᠠ ᠨᠢ ᠤᠰᠤ ᠠᠪᠬᠤ ᠠᠮᠠᠰᠠᠷ ᠪᠣᠯᠭᠠᠨ ᠲᠣᠬᠢᠷᠠᠭᠤᠯᠪᠠ ᠃ |
ᠬᠤᠶᠠᠷ ᠲᠤ ᠂ ᠣᠷᠣᠨ ᠨᠤᠲᠤᠭ ᠤᠨ ᠡᠷᠬᠡ ᠮᠡᠳᠡᠯ ᠢ ᠦᠷᠭᠡᠳᠭᠡᠪᠡ ᠃ ︽ᠠᠷᠭ᠎ᠠ︾ ᠨᠢ ᠣᠷᠣᠨ ᠨᠤᠲᠤᠭ ᠤᠨ |
ᠭᠠᠶᠢᠯᠢ ᠲᠠᠲᠠᠪᠤᠷᠢ ᠶᠢᠨ ᠬᠠᠮᠢᠶᠠᠷᠤᠯᠲᠠ ᠶᠢᠨ ᠡᠷᠬᠡ ᠮᠡᠳᠡᠯ ᠢ ᠵᠣᠬᠢᠰᠲᠠᠶ ᠥᠷᠭᠡᠳᠬᠡᠵᠦ ᠂ ᠡᠭᠦᠨ ᠳᠤ ᠣᠷᠣᠨ |
ᠨᠤᠲᠤᠭ ᠠᠴᠠ ᠬᠠᠰᠤᠵᠤ ᠲᠠᠲᠠᠪᠤᠷᠢᠯᠠᠬᠤ ᠪᠠ ᠬᠡᠯᠲᠦᠷᠢᠭᠦᠯᠵᠦ ᠪᠣᠯᠬᠤ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ |
ᠲᠥᠷᠥ ᠶᠢᠨ ᠪᠣᠳᠣᠯᠭ᠎ᠠ ᠶᠢ ᠰᠢᠨ᠎ᠡ ᠪᠠᠷ ᠨᠡᠮᠡᠭᠳᠡᠭᠦᠯᠪᠡ︔ ᠤᠰᠤᠨ ᠤ ᠡᠬᠢ ᠪᠠᠶᠠᠯᠢᠭ ᠤᠨ ᠭᠠᠶᠢᠯᠢ ᠶᠢᠨ ᠭᠠᠶᠢᠯᠢ ᠶᠢᠨ |
ᠲᠤᠭ᠎ᠠ ᠶᠢᠨ ᠪᠠᠷᠢᠮᠵᠢᠶ᠎ᠠ ᠶᠢ ᠳᠥᠭᠦᠮᠴᠢᠯᠡᠵᠦ ᠂ ᠣᠷᠣᠨ ᠨᠤᠲᠤᠭ ᠲᠤ ᠡᠷᠬᠡ ᠣᠯᠭᠤᠵᠤ ᠪᠠᠶᠢᠭᠠᠳ ᠪᠣᠳᠠᠲᠠᠶ |
ᠭᠠᠶᠢᠯᠢ ᠶᠢᠨ ᠲᠤᠭ᠎ᠠ ᠶᠢ ᠲᠣᠭᠲᠠᠭᠠᠬᠤ ᠦᠶ᠎ᠡ ᠳᠤ ᠨᠠᠩ ᠣᠯᠠᠨ ᠲᠣᠬᠢᠷᠠᠭᠤᠯᠬᠤ ᠣᠷᠣᠨ ᠵᠠᠶ ᠲᠠᠢ ᠪᠣᠯᠭᠠᠨ᠎ᠠ︔ |
ᠣᠷᠣᠨ ᠨᠤᠲᠤᠭ ᠲᠤ ᠡᠷᠬᠡ ᠣᠯᠭᠤᠵᠤ ᠪᠠᠶᠢᠭᠠᠳ ᠤᠰᠤ ᠠᠪᠴᠤ ᠬᠡᠷᠡᠭᠯᠡᠬᠦ ᠤᠰᠤᠨ ᠤ ᠡᠬᠢ ᠪᠠᠶᠠᠯᠢᠭ ᠤᠨ |
ᠭᠠᠶᠢᠯᠢ ᠶᠢ ᠬᠢᠨᠠᠨ ᠲᠣᠭᠲᠠᠭᠠᠬᠤ ᠠᠷᠭ᠎ᠠ ᠪᠠ ᠪᠤᠳᠤᠵᠤ ᠲᠠᠲᠠᠪᠤᠷᠢᠯᠠᠬᠤ ᠠᠷᠭ᠎ᠠ ᠮᠠᠶ᠋ᠢᠭ ᠵᠡᠷᠭᠡ ᠶᠢ ᠲᠣᠭᠲᠠᠭᠠᠨ᠎ᠠ ᠃ |
ᠭᠤᠷᠪᠠ ᠳᠤ ᠂ ᠲᠠᠲᠠᠪᠤᠷᠢᠯᠠᠨ ᠬᠠᠮᠢᠶᠠᠷᠬᠤ ᠲᠣᠭᠲᠠᠴᠠ ᠶᠢ ᠪᠦᠷᠢᠨᠰᠢᠭᠦᠯᠪᠡ ᠃ ︽ᠠᠷᠭ᠎ᠠ︾ ᠳᠤ ᠭᠠᠶᠢᠯᠢ |
ᠲᠤᠰᠢᠶᠠᠭᠴᠢ ᠶᠢᠨ ᠭᠠᠶᠢᠯᠢ ᠲᠤᠰᠢᠶᠠᠬᠤ ᠪᠠᠷ ᠭᠤᠶᠤᠴᠢᠯᠠᠨ ᠮᠡᠳᠡᠭᠦᠯᠬᠦ ᠬᠠᠮᠢᠶ᠎ᠠ ᠪᠥᠬᠦᠶ ᠬᠠᠷᠢᠭᠤᠴᠠᠯᠭ᠎ᠠ ᠪᠠ |
ᠡᠭᠦᠷᠭᠡ ᠶᠢ ᠤᠯᠠᠮ ᠨᠢᠭᠡ ᠠᠯᠬᠤᠮ ᠲᠣᠳᠣᠷᠬᠠᠶ ᠲᠣᠭᠲᠠᠭᠠᠪᠠ ᠃ ᠡᠭᠦᠨ ᠤ ᠬᠠᠮᠲᠤ ᠂ ᠭᠠᠶᠢᠯᠢ ᠶᠢᠨ ᠶᠠᠪᠤᠳᠠᠯ ᠤᠨ |
ᠰᠠᠯᠠᠭ᠎ᠠ ᠮᠥᠴᠢᠷ ᠪᠣᠯᠤᠨ ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠮᠡᠳᠡᠭᠡ |
ᠵᠠᠩᠭᠢ ᠶᠢ ᠬᠠᠮᠲᠤ ᠪᠠᠷ ᠡᠳ᠋ᠯᠡᠬᠦ ᠪᠠ ᠲᠠᠲᠠᠪᠤᠷᠢᠯᠠᠨ ᠬᠠᠮᠢᠶᠠᠷᠴᠤ ᠵᠣᠬᠢᠴᠠᠭᠤᠯᠬᠤ ᠲᠣᠭᠲᠠᠴᠠ ᠶᠢ ᠤᠯᠠᠮ ᠨᠢᠭᠡ |
ᠠᠯᠬᠤᠮ ᠲᠡᠭᠦᠯᠳᠡᠷᠵᠢᠭᠦᠯᠵᠦ ᠂ ᠤᠰᠤᠨ ᠤ ᠡᠬᠢ ᠪᠠᠶᠠᠯᠢᠭ ᠤᠨ ᠭᠠᠶᠢᠯᠢ ᠲᠠᠲᠠᠪᠤᠷᠢᠯᠠᠵᠤ ᠬᠠᠮᠢᠶᠠᠷᠬᠤ ᠦᠷ᠎ᠡ |
ᠪᠦᠲᠦᠮᠵᠢ ᠶᠢ ᠳᠡᠭᠡᠭᠰᠢᠯᠡᠭᠦᠯᠪᠡ ᠃ |
ᠳᠥᠷᠪᠡ ᠳᠤ ᠂ ᠦᠨ᠎ᠡ ᠶᠢᠨ ᠭᠠᠶᠢᠯᠢ ᠶᠢᠨ ᠬᠠᠷᠢᠴᠠᠭ᠎ᠠ ᠶᠢ ᠰᠢᠯᠤᠭᠤᠳᠬᠠᠪᠠ ᠃ ︽ᠠᠷᠭ᠎ᠠ︾ ᠳᠤ ᠤᠰᠤᠨ ᠤ |
ᠡᠬᠢ ᠪᠠᠶᠠᠯᠢᠭ ᠤᠨ ᠭᠠᠶᠢᠯᠢ ᠪᠠ ᠤᠰᠤ ᠬᠠᠩᠭᠠᠬᠤ ᠦᠨ᠎ᠡ ᠬᠠᠩᠰᠢ ᠶᠢᠨ ᠬᠠᠷᠢᠴᠠᠭ᠎ᠠ ᠶᠢ ᠲᠣᠳᠣᠷᠬᠠᠶᠢᠯᠠᠵᠤ ᠂ ᠬᠤᠲᠠ |
ᠪᠠᠯᠭᠠᠰᠤᠨ ᠤ ᠣᠯᠠᠨ ᠨᠡᠶᠢᠲᠡ ᠶᠢᠨ ᠤᠰᠤ ᠬᠠᠩᠭᠠᠬᠤ ᠠᠵᠤ ᠠᠬᠤᠶᠢᠯᠠᠯ ᠨᠢ ᠤᠰᠤᠨ ᠤ ᠡᠬᠢ ᠪᠠᠶᠠᠯᠢᠭ ᠤᠨ ᠭᠠᠶᠢᠯᠢ |
ᠲᠤᠰᠢᠶᠠᠭᠴᠢ ᠪᠣᠯᠤᠨ᠎ᠠ ᠂ ᠤᠰᠤᠨ ᠤ ᠡᠬᠢ ᠪᠠᠶᠠᠯᠢᠭ ᠤᠨ ᠭᠠᠶᠢᠯᠢ ᠬᠢᠭᠡᠳ ᠲᠦᠭᠡᠭᠡᠯ ᠤᠰᠤᠨ ᠤ ᠦᠨ᠎ᠡ |
ᠬᠠᠩᠰᠢ ᠶᠢᠨ ᠭᠠᠶᠢᠯᠢ ᠶᠢ ᠰᠠᠯᠭᠠᠬᠤ ᠶᠢ ᠬᠡᠷᠡᠭᠵᠢᠭᠦᠯᠵᠦ ᠂ ᠭᠠᠶᠢᠯᠢ ᠲᠠᠲᠠᠪᠤᠷᠢ ᠪᠠᠷ ᠬᠤᠯᠪᠣᠭᠳᠠᠯ ᠪᠥᠬᠦᠶ ᠠᠵᠤ |
ᠠᠬᠤᠶᠢᠯᠠᠯ ᠢ ᠬᠥᠲᠥᠯᠦᠨ ᠵᠢᠯᠣᠭᠤᠳᠴᠤ ᠪᠠᠶᠢᠭᠠᠳ ᠠᠷᠭ᠎ᠠ ᠬᠡᠮᠵᠢᠶ᠎ᠡ ᠠᠪᠴᠤ ᠪᠠᠶᠢᠭᠠᠳ ᠤᠰᠤᠨ ᠤ |
ᠭᠤᠭᠤᠵᠢᠭᠳᠠᠯ ᠢ ᠬᠢᠵᠠᠭᠠᠷᠯᠠᠬᠤ ᠪᠠ ᠪᠠᠭᠤᠷᠠᠭᠤᠯᠤᠨ᠎ᠠ ᠃ |
ᠠᠰᠠᠭᠤᠬᠤ ᠨᠢ |
ᠶᠠᠮᠠᠷ ᠶᠠᠮᠠᠷ ᠠᠷᠭ᠎ᠠ ᠬᠡᠮᠵᠢᠶ᠎ᠡ ᠠᠪᠴᠤ ᠪᠠᠶᠢᠭᠠᠳ ᠤᠰᠤᠨ ᠤ ᠡᠬᠢ ᠪᠠᠶᠠᠯᠢᠭ ᠤᠨ ᠰᠦᠢᠳᠬᠡᠯ ᠢ ᠭᠠᠶᠢᠯᠢ |
ᠪᠣᠯᠭᠠᠨ ᠥᠭᠡᠷᠡᠴᠢᠯᠡᠵᠦ ᠲᠣᠭᠲᠠᠭᠤᠨ ᠢᠶᠠᠷ ᠬᠡᠷᠡᠭᠵᠢᠭᠦᠯᠬᠦ ᠶᠢ ᠠᠬᠢᠭᠤᠯᠬᠤ ᠪᠣᠶ︖ |
ᠬᠠᠷᠢᠭᠤᠯᠬᠤ ᠨᠢ |
ᠤᠰᠤᠨ ᠤ ᠡᠬᠢ ᠪᠠᠶᠠᠯᠢᠭ ᠤᠨ ᠵᠠᠷᠤᠳᠠᠯ ᠢ ᠭᠠᠶᠢᠯᠢ ᠪᠣᠯᠭᠠᠨ ᠥᠭᠡᠷᠡᠴᠢᠯᠡᠬᠦ ᠲᠤᠷᠰᠢᠯᠲᠠ ᠶᠢᠨ ᠴᠡᠭ ᠤᠨ |
ᠬᠤᠯᠪᠣᠭᠳᠠᠬᠤ ᠬᠡᠪᠴᠢᠶ᠎ᠡ ᠥᠷᠭᠡᠨ ᠂ ᠲᠤᠰᠬᠠᠶ ᠮᠡᠷᠭᠡᠵᠢᠯ ᠤᠨ ᠴᠢᠨᠠᠷ ᠢᠶᠠᠷ ᠴᠢᠩᠭ᠎ᠠ ᠂ ᠨᠡᠶᠢᠭᠡᠮ ᠤᠨ ᠠᠩᠬᠠᠷᠤᠯ ᠤᠨ |
ᠬᠡᠮᠵᠢᠶ᠎ᠡ ᠥᠨᠳᠥᠷ ᠪᠠᠶᠢᠬᠤ ᠶᠢ ᠪᠦᠬᠦ ᠲᠠᠯ᠎ᠠ ᠪᠠᠷ ᠬᠡᠷᠡᠭᠵᠢᠭᠦᠯᠵᠦ ᠂ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ |
ᠲᠣᠭᠲᠠᠭᠤᠨ ᠪᠥᠭᠡᠳ ᠡᠮᠬᠢ ᠵᠢᠷᠤᠮ ᠲᠠᠢ ᠪᠠᠷ ᠬᠡᠷᠡᠭᠵᠢᠭᠦᠯᠦᠭᠳᠡᠬᠦ ᠶᠢ ᠦᠨᠡᠨ ᠬᠦ ᠪᠠᠲᠤᠯᠠᠬᠤ ᠶᠢᠨ ᠲᠤᠰᠠᠳᠠ ᠂ ᠡᠯ᠎ᠡ |
ᠱᠠᠲᠤᠨ ᠤ ᠡᠳ᠋ ᠤᠨ ᠵᠠᠰᠠᠭ ᠂ ᠭᠠᠶᠢᠯᠢ ᠶᠢᠨ ᠶᠠᠪᠤᠳᠠᠯ ᠂ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠴᠢᠯᠠᠨ |
ᠬᠠᠮᠢᠶᠠᠷᠬᠤ ᠰᠠᠯᠠᠭ᠎ᠠ ᠮᠥᠴᠢᠷ ᠤᠳ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠂ ᠣᠯᠠᠨ ᠵᠦᠢᠯ ᠤᠨ ᠵᠠᠭᠤᠴᠢ ᠶᠢ |
ᠠᠰᠢᠭᠯᠠᠨ ᠭᠠᠶᠢᠯᠢ ᠲᠤᠰᠢᠶᠠᠭᠴᠢ ᠳᠤ ᠴᠢᠭᠯᠡᠭᠦᠯᠬᠦ ᠴᠢᠨᠠᠷᠲᠠᠶ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠲᠠᠶᠢᠯᠤᠮᠵᠢ |
ᠬᠢᠵᠦ ᠂ ᠭᠠᠶᠢᠯᠢ ᠲᠤᠰᠢᠶᠠᠭᠴᠢ ᠶᠢᠨ ᠲᠥᠷᠥ ᠶᠢᠨ ᠪᠣᠳᠣᠯᠭ᠎ᠠ ᠶᠢ ᠣᠶᠢᠯᠠᠭᠠᠬᠤ ᠂ ᠭᠤᠶᠤᠴᠢᠯᠠᠨ ᠮᠡᠳᠡᠭᠦᠯᠵᠦ ᠴᠢᠳᠠᠬᠤ ᠂ |
ᠮᠡᠳᠡᠵᠦ ᠠᠵᠢᠯᠯᠠᠬᠤ ᠶᠢ ᠦᠨᠡᠨ ᠬᠦ ᠪᠠᠲᠤᠯᠠᠵᠤ ᠂ ᠲᠥᠷᠥ ᠶᠢᠨ ᠪᠣᠳᠣᠯᠭ᠎ᠠ ᠶᠢ ᠣᠶᠢᠯᠠᠭᠠᠬᠤ ᠬᠡᠮᠵᠢᠶ᠎ᠡ ᠪᠣᠯᠤᠨ |
ᠨᠠᠶᠢᠳᠠᠪᠤᠷᠢᠵᠢᠭᠤᠯᠬᠤ ᠣᠨᠣᠪᠴᠢᠲᠤ ᠴᠢᠨᠠᠷ ᠢ ᠦᠨᠡᠨ ᠬᠦ ᠳᠡᠭᠡᠭᠰᠢᠯᠡᠭᠦᠯᠬᠦ ᠬᠡᠷᠡᠭᠲᠡᠶ ᠃ ᠡᠭᠦᠨ ᠤ ᠬᠠᠮᠲᠤ ᠂ |
ᠭᠠᠶᠢᠯᠢ ᠶᠢᠨ ᠶᠠᠪᠤᠳᠠᠯ ᠬᠢᠭᠡᠳ ᠤᠰᠤᠨ ᠠᠰᠢᠭᠯᠠᠯᠲᠠ ᠶᠢᠨ ᠰᠠᠯᠠᠭ᠎ᠠ ᠮᠥᠴᠢᠷ ᠤᠨ ᠠᠵᠢᠯ ᠤᠨ ᠬᠠᠮᠵᠢᠯᠴᠠᠬᠤ |
ᠲᠣᠭᠲᠠᠴᠠ ᠶᠢ ᠪᠠᠶᠢᠭᠤᠯᠵᠤ ᠂ ᠭᠠᠶᠢᠯᠢ ᠲᠤᠰᠢᠶᠠᠭᠴᠢ ᠶᠢᠨ ᠲᠠᠩᠰᠠ ᠡᠪᠬᠡᠮᠡᠯ ᠤᠨ ᠮᠠᠲ᠋ᠧᠷᠢᠶᠠᠯ ᠢ ᠲᠤᠰᠢᠶᠠᠬᠤ ᠪᠠ |
ᠭᠥᠯᠢᠶᠡᠨ ᠠᠪᠴᠤ ᠂ ᠭᠠᠶᠢᠯᠢ ᠲᠠᠲᠠᠪᠤᠷᠢᠯᠠᠬᠤ ᠮᠡᠳᠡᠭᠡ ᠵᠠᠩᠭᠢ ᠶᠢᠨ ᠰᠢᠰᠲ᠋ᠧᠮ ᠢ ᠨᠡᠭᠡᠭᠡᠨ ᠬᠥᠭᠵᠢᠭᠦᠯᠬᠦ ᠪᠠ ᠰᠢᠯᠭᠠᠨ |
ᠰᠢᠯᠭᠠᠵᠤ ᠂ ᠭᠠᠶᠢᠯᠢ ᠳᠤ ᠬᠤᠯᠪᠣᠭᠳᠠᠭᠰᠠᠨ ᠮᠡᠳᠡᠭᠡ ᠵᠠᠩᠭᠢ ᠶᠢ ᠠᠦ᠋ᠲ᠋ᠣ᠋ ᠲᠠᠭᠯᠠᠵᠤ ᠂ ᠠᠦ᠋ᠲ᠋ᠣ᠋ ᠪᠤᠳᠤᠬᠤ ᠶᠢ |
ᠪᠡᠶᠡᠯᠡᠭᠦᠯᠵᠦ ᠂ ᠭᠠᠶᠢᠯᠢ ᠲᠤᠰᠢᠶᠠᠭᠴᠢ ᠶᠢᠨ ᠭᠠᠶᠢᠯᠢ ᠭᠦᠢᠴᠡᠳᠭᠡᠬᠦ ᠳᠤ ᠲᠥᠬᠦᠮ ᠦᠵᠡᠭᠦᠯᠬᠦ ᠬᠡᠮᠵᠢᠶ᠎ᠡ ᠶᠢ ᠤᠯᠠᠮ |
ᠨᠢᠭᠡ ᠠᠯᠬᠤᠮ ᠳᠡᠭᠡᠭᠰᠢᠯᠡᠭᠦᠯᠦᠨ᠎ᠡ ᠃ ᠡᠳ᠋ ᠤᠨ ᠵᠠᠰᠠᠭ ᠤᠨ ᠶᠠᠮᠤᠨ ᠂ ᠭᠠᠶᠢᠯᠢ ᠶᠢᠨ ᠶᠠᠪᠤᠳᠠᠯ ᠤᠨ ᠶᠡᠷᠦᠩᠬᠡᠶ |
ᠲᠣᠪᠴᠢᠶ᠎ᠠ ᠂ ᠤᠰᠤᠨ ᠠᠰᠢᠭᠯᠠᠯᠲᠠ ᠶᠢᠨ ᠶᠠᠮᠤᠨ ᠠᠵᠢᠯ ᠤᠨ ᠵᠢᠯᠣᠭᠤᠳᠤᠯᠭ᠎ᠠ ᠪᠠᠨ ᠴᠢᠩᠭᠠᠳᠬᠠᠵᠤ ᠂ |
ᠥᠭᠡᠷᠡᠴᠢᠯᠡᠯᠲᠡ ᠶᠢᠨ ᠲᠤᠷᠰᠢᠯᠲᠠ ᠶᠢᠨ ᠠᠵᠢᠯᠯᠠᠭᠠᠨ ᠤ ᠪᠠᠶᠢᠳᠠᠯ ᠢ ᠮᠥᠷᠳᠡᠨ ᠵᠠᠳᠠᠯᠵᠤ ᠂ ᠲᠤᠷᠰᠢᠯᠲᠠ ᠶᠢᠨ ᠴᠡᠭ ᠤᠨ |
ᠦᠷ᠎ᠡ ᠪᠦᠲᠦᠮᠵᠢ ᠶᠢ ᠴᠠᠭ ᠲᠤᠬᠠᠶ ᠳᠤᠨᠢ ᠳ᠋ᠦᠩᠨᠡᠨ ᠦᠨᠡᠯᠡᠨ ᠵᠢᠱᠢᠵᠦ ᠂ ᠡᠯ᠎ᠡ ᠭᠠᠵᠠᠷ ᠤᠨ ᠠᠵᠢᠯ ᠤᠨ ᠡᠭᠦᠷᠭᠡ ᠪᠠ |
ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠬᠤ ᠶᠢ ᠵᠢᠯᠣᠭᠤᠳᠴᠤ ᠂ ᠰᠠᠯᠠᠭ᠎ᠠ ᠮᠥᠴᠢᠷ ᠤᠳ ᠤᠨ ᠵᠣᠬᠢᠴᠠᠯᠳᠤᠨ |
ᠬᠠᠮᠵᠢᠯᠴᠠᠬᠤ ᠪᠠᠨ ᠴᠢᠩᠭᠠᠳᠬᠠᠵᠤ ᠂ ᠲᠤᠷᠰᠢᠯᠲᠠ ᠶᠢᠨ ᠴᠡᠭ ᠤᠨ ᠠᠵᠢᠯ ᠤᠨ ᠲᠣᠭᠲᠠᠭᠤᠨ ᠢᠶᠠᠷ ᠠᠬᠢᠬᠤ ᠶᠢ ᠦᠨᠡᠨ |
ᠬᠦ ᠪᠠᠲᠤᠯᠠᠬᠤ ᠬᠡᠷᠡᠭᠲᠡᠶ ᠃ |
|