︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ |
ᠬᠠᠮᠢᠶᠠᠷᠤᠯᠲᠠ ᠶᠢᠨ ᠬᠡᠷᠡᠭᠵᠢᠭᠦᠯᠬᠦ ᠨᠠᠷᠢᠨ ᠲᠦᠷᠢᠮ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ︾ ︵ᠥᠪᠥᠷ |
ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠠᠯᠪᠠᠨ ᠲᠠᠷᠬᠠᠭᠠᠭᠰᠠᠨ ﹇2024﹈ 4 |
ᠳ᠋ᠤᠭᠡᠷ ᠲᠣᠭᠠᠲᠤ︶᠂ ︽2024 ᠣᠨ ᠤ ᠪᠥᠬᠦ ᠣᠷᠣᠨ ᠤ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ |
ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ︵ᠥᠪᠥᠷ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ |
ᠪᠠᠲᠤᠯᠠᠭ᠎ᠠ ᠠᠯᠪᠠᠨ ᠲᠠᠷᠬᠠᠭᠠᠭᠰᠠᠨ ﹇2024﹈ 85 ᠳ᠋ᠤᠭᠠᠷ ᠲᠣᠭᠠᠲᠤ︶᠂ ︽2024 ᠣᠨ ᠤ ᠥᠪᠡᠷᠲᠡᠭᠡᠨ |
ᠵᠠᠰᠠᠬᠤ ᠣᠷᠣᠨ ᠤ ᠳᠡᠭᠡᠳᠦ ᠵᠡᠷᠭᠡ ᠶᠢᠨ ᠠᠵᠤ ᠠᠬᠤᠶᠢᠴᠢ ᠶᠢ ᠬᠢᠨᠠᠨ ᠲᠣᠭᠲᠠᠭᠠᠬᠤ ᠮᠠᠲ᠋ᠧᠷᠢᠶᠠᠯ ᠢ ᠭᠤᠶᠤᠴᠢᠯᠠᠨ |
ᠮᠡᠳᠡᠭᠦᠯᠬᠦ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ︵ᠥᠪᠥᠷ ᠬᠥᠮᠦᠨ ᠤ ᠬᠦᠴᠦᠨ ᠤ ᠡᠬᠢ ᠪᠠᠶᠠᠯᠢᠭ ᠪᠠ |
ᠨᠡᠶᠢᠭᠡᠮ ᠤᠨ ᠪᠠᠲᠤᠯᠠᠭ᠎ᠠ ᠠᠯᠪᠠᠨ ᠲᠠᠷᠬᠠᠭᠠᠭᠰᠠᠨ ﹇2024﹈ 168 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠢ |
ᠦᠨᠳᠦᠰᠦᠯᠡᠨ᠂ ᠡᠳᠦᠭᠡ 2024 ᠣᠨ ᠤ ᠳᠡᠭᠡᠳᠦ ᠵᠡᠷᠭᠡ ᠶᠢᠨ ᠠᠵᠤ ᠠᠬᠤᠶᠢᠴᠢ ᠶᠢᠨ ᠲᠤᠰᠬᠠᠶ ᠮᠡᠷᠭᠡᠵᠢᠯ ᠤᠨ |
ᠬᠢᠷᠢ ᠬᠡᠮ ᠮᠡᠳᠡᠭᠦᠯᠦᠭᠰᠡᠨ ᠬᠥᠮᠦᠰ ᠢ ᠢᠯᠡ ᠨᠡᠶᠢᠲᠡᠯᠡᠪᠡ᠃ |
ᠨᠢᠭᠡ᠂ ᠬᠦᠮᠦᠰ ᠤᠨ ᠨᠡᠷᠡᠰ |
ᠪᠤᠤ ᠸᠧᠢ ᠥᠪᠡᠷᠲᠡᠭᠡᠨ ᠵᠠᠰᠠᠬᠤ ᠣᠷᠣᠨ ᠤ ᠤᠰᠤᠨ ᠰᠢᠨᠵᠢᠯᠡᠭᠡᠨ ᠤᠰᠤᠨ ᠤ ᠡᠬᠢ ᠰᠤᠷᠪᠤᠯᠵᠢ ᠶᠢᠨ |
ᠲᠥᠪ ᠤᠨ ᠤᠯᠠᠭᠠᠨᠬᠠᠳᠠ ᠶᠢᠨ ᠤᠰᠤᠨ ᠰᠢᠨᠵᠢᠯᠡᠭᠡᠨ ᠤ ᠤᠰᠤᠨ ᠤ ᠡᠬᠢ ᠰᠤᠷᠪᠤᠯᠵᠢ ᠶᠢᠨ ᠬᠤᠪᠢᠶᠠᠷᠢ ᠲᠥᠪ |
ᠬᠤᠶᠠᠷ᠂ ᠢᠯᠡ ᠨᠡᠶᠢᠲᠡᠯᠡᠬᠦ ᠴᠠᠭ ᠬᠤᠭᠤᠴᠠᠭ᠎ᠠ |
2024 ᠣᠨ ᠤ 10 ᠳ᠋ᠤᠭᠠᠷ ᠰᠠᠷ᠎ᠠ ᠶᠢᠨ 18 ᠤ ᠡᠳᠦᠷ ᠠᠴᠠ 2024 ᠣᠨ ᠤ 10 ᠳ᠋ᠤᠭᠠᠷ ᠰᠠᠷ᠎ᠠ ᠶᠢᠨ |
24 ᠤ ᠡᠳᠦᠷ ᠪᠣᠯᠲᠠᠯ᠎ᠠ᠃ |
ᠭᠤᠷᠪᠠ᠂ ᠬᠦᠯᠢᠶᠡᠨ ᠠᠪᠴᠤ ᠭᠦᠢᠴᠡᠳᠭᠡᠬᠦ ᠠᠷᠭ᠎ᠠ ᠮᠠᠶ᠋ᠢᠭ |
ᠨᠢᠭᠡᠴᠢ ᠪᠠ ᠬᠤᠪᠢ ᠬᠥᠮᠦᠨ ᠰᠤᠷᠪᠤᠯᠵᠢᠯᠠᠯ᠂ ᠵᠠᠬᠢᠳᠠᠯ᠂ ᠳ᠋ᠢᠶᠠᠩᠬᠤᠸᠠ ᠵᠡᠷᠭᠡ ᠬᠡᠯᠪᠡᠷᠢ ᠪᠠᠷ ᠳᠡᠭᠡᠷ᠎ᠡ |
ᠳᠤᠷᠠᠳᠤᠭᠰᠠᠨ ᠢᠯᠡ ᠨᠡᠶᠢᠲᠡᠯᠡᠭᠰᠡᠨ ᠬᠥᠮᠦᠰ ᠤᠨ ᠬᠤᠯᠪᠣᠭᠳᠠᠯ ᠪᠦᠬᠦᠢ ᠪᠠᠶᠢᠳᠠᠯ ᠪᠠ ᠠᠰᠠᠭᠤᠳᠠᠯ ᠢ ᠲᠤᠰᠬᠠᠵᠤ |
ᠪᠣᠯᠤᠨ᠎ᠠ᠃ ᠲᠤᠰᠬᠠᠭᠰᠠᠨ ᠠᠰᠠᠭᠤᠳᠠᠯ ᠢ ᠪᠠᠶᠢᠴᠠᠭᠠᠨ ᠬᠠᠷᠭᠤᠭᠤᠯᠬᠤ ᠳᠤ ᠲᠥᠬᠦᠮ ᠪᠠᠶᠢᠯᠭᠠᠬᠤ ᠶᠢᠨ ᠲᠥᠯᠥᠭᠡ᠂ |
ᠠᠰᠠᠭᠤᠳᠠᠯ ᠢ ᠲᠤᠰᠬᠠᠬᠤ ᠦᠶ᠎ᠡ ᠳᠤ ᠬᠤᠯᠪᠣᠭᠳᠠᠯ ᠪᠥᠬᠦᠶ ᠰᠦᠪᠡᠭᠴᠢ ᠬᠠᠩᠭᠠᠬᠤ ᠵᠢᠴᠢ ᠲᠣᠰ ᠬᠥᠮᠦᠨ ᠤ ᠦᠨᠡᠨ |
ᠣᠪᠣᠭ ᠨᠡᠷ᠎ᠡ᠂ ᠬᠠᠷᠢᠯᠴᠠᠬᠤ ᠠᠷᠭ᠎ᠠ ᠮᠠᠶ᠋ᠢᠭ ᠪᠤᠶᠤ ᠠᠵᠢᠯᠯᠠᠵᠤ ᠪᠠᠶᠢᠭ᠎ᠠ ᠨᠢᠭᠡᠴᠢ ᠵᠡᠷᠭᠡ ᠮᠡᠳᠡᠭᠡ ᠵᠠᠩᠭᠢ ᠶᠢ |
ᠬᠠᠩᠭᠠᠵᠤ᠂ ᠪᠢᠳᠡ ᠠᠵᠢᠯ ᠤᠨ ᠰᠠᠬᠢᠯᠭ᠎ᠠ ᠪᠠᠲᠤ ᠶᠢ ᠴᠢᠩᠭ᠎ᠠ ᠵᠢᠷᠤᠮᠯᠠᠨ᠂ ᠨᠢᠭᠤᠴᠠ ᠶᠢ ᠬᠠᠮᠠᠭᠠᠯᠠᠬᠤ ᠡᠭᠦᠷᠭᠡ ᠪᠠᠨ |
ᠭᠦᠢᠴᠡᠳᠬᠡᠵᠦ᠂ ᠬᠢᠨᠠᠨ ᠬᠠᠷᠭᠤᠭᠤᠯᠤᠭᠰᠠᠨ ᠪᠠᠶᠢᠳᠠᠯ ᠢᠶᠠᠨ ᠴᠠᠭ ᠲᠤᠬᠠᠶ ᠳᠤᠨᠢ ᠬᠠᠷᠢᠭᠤ ᠲᠤᠰᠬᠠᠨ᠎ᠠ᠃ |
ᠵᠠᠷᠯᠠᠨ ᠨᠡᠶᠢᠲᠡᠯᠡᠬᠦ ᠠᠯᠪᠠᠨ ᠬᠡᠷ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ |
ᠠᠰᠢᠭᠯᠠᠯᠲᠠ ᠶᠢᠨ ᠲᠢᠩᠬᠢᠮ ᠤᠨ ᠠᠵᠢᠯᠲᠠᠨ ᠤ ᠶᠠᠪᠤᠳᠠᠯ ᠤᠨ ᠭᠠᠵᠠᠷ ᠤᠨ 2512 ᠳ᠋ᠤᠭᠠᠷ ᠥᠷᠥᠭᠡ ᠳᠤ |
ᠳᠣᠭᠢᠷᠠᠭᠤᠯᠪᠠ᠃ |
ᠬᠦᠯᠢᠶᠡᠨ ᠠᠪᠬᠤ ᠴᠠᠭ᠄ ᠠᠵᠢᠯᠯᠠᠬᠤ ᠡᠳᠦᠷ ᠤᠨ ᠦᠳᠡ ᠶᠢᠨ ᠡᠮᠦᠨ᠎ᠡ 9᠄ 00 — 12᠄ 00 ᠴᠠᠭ᠂ |
ᠦᠳᠡ ᠶᠢᠨ ᠬᠤᠶᠢᠨ᠎ᠠ 13᠄ 30 — 17᠄ 00 ᠴᠠᠭ |
ᠬᠦᠯᠢᠶᠡᠨ ᠠᠪᠴᠤ ᠰᠢᠢᠳᠪᠤᠷᠢᠯᠡᠬᠦ ᠤᠲᠠᠰᠤ᠄ ︵0471︶ — 5259607 5259546 |
ᠣᠨᠴᠠᠭᠠᠶᠢᠯᠠᠨ ᠵᠠᠷᠯᠠᠪᠠ |
|
2024 ᠣᠨ ᠤ 10 ᠳ᠋ᠤᠭᠠᠷ ᠰᠠᠷ᠎ᠠ ᠶᠢᠨ 17 ᠤ ᠡᠳᠦᠷ |
|