| 2024 ᠣᠨ ᠳᠤ᠂ ᠬᠢᠩᠭᠠᠨ ᠠᠶᠢᠮᠠᠭ ᠵᠡᠭᠦᠨ ᠬᠤᠶᠢᠲᠤ ᠶᠢᠨ ᠬᠠᠷ᠎ᠠ ᠬᠦᠷᠦᠰᠦᠲᠦ ᠣᠷᠣᠨ ᠤ ᠢᠳᠡᠭᠳᠡᠯ |
ᠭᠤᠤ ᠶᠢ ᠵᠠᠰᠠᠬᠤ ᠤᠯᠤᠰ ᠤᠨ ᠵᠢᠭᠡᠯᠡᠯᠭᠡ ᠶᠢᠨ 1254 ᠲᠥᠷᠥᠯ ᠵᠦᠢᠯ ᠢ ᠬᠡᠷᠡᠭᠵᠢᠭᠦᠯᠵᠦ᠂ ᠶᠡᠷᠦᠩᠬᠡᠶ ᠪᠡᠯᠡ |
ᠣᠷᠣᠭᠤᠯᠤᠯᠲᠠ ᠨᠢ 5.64 ᠳ᠋ᠦᠩᠰᠢᠭᠤᠷ ᠲᠥᠭᠦᠷᠢᠭ ︵ᠡᠭᠦᠨ ᠳᠤ ᠤᠯᠤᠰ ᠤᠨ ᠵᠢᠭᠡᠯᠡᠯᠭᠡ ᠶᠢᠨ ᠪᠡᠯᠡ ᠮᠥᠩᠭᠦ 4. |
44 ᠳ᠋ᠦᠩᠰᠢᠭᠤᠷ ᠲᠥᠭᠦᠷᠢᠭ᠂ ᠣᠷᠣᠨ ᠨᠤᠲᠤᠭ ᠤᠨ ᠢᠵᠢ ᠪᠦᠷᠢᠳᠦᠭᠦᠯᠬᠦ ᠪᠡᠯᠡ ᠮᠥᠩᠭᠦ 1.2 ᠳ᠋ᠦᠩᠰᠢᠭᠤᠷ |
ᠲᠥᠭᠦᠷᠢᠭ︶ ᠢ ᠬᠡᠷᠡᠭᠵᠢᠭᠦᠯᠪᠡ᠃ 10 ᠳ᠋ᠤᠭᠠᠷ ᠰᠠᠷ᠎ᠠ ᠶᠢᠨ 24 ᠤ ᠡᠳᠦᠷ ᠪᠣᠯᠲᠠᠯ᠎ᠠ᠂ ᠨᠡᠶᠢᠲᠡ 3.95 |
ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠵᠦ᠂ ᠪᠠᠯᠠ ᠣᠷᠣᠭᠤᠯᠤᠯᠲᠠ ᠶᠢ ᠪᠡᠶᠡᠯᠡᠭᠦᠯᠦᠭᠰᠡᠨ |
ᠨᠣᠷᠮ᠎ᠠ ᠨᠢ 70 % ᠳᠤ ᠬᠦᠷᠪᠡ︔ ᠤᠯᠤᠰ ᠤᠨ ᠵᠢᠭᠡᠯᠡᠯᠭᠡ ᠶᠢᠨ ᠪᠠᠯᠠ ᠮᠥᠩᠭᠦ ᠶᠢ 3.57 ᠳ᠋ᠦᠩᠰᠢᠭᠤᠷ |
ᠲᠥᠭᠦᠷᠢᠭ ᠥᠭᠴᠦ᠂ ᠵᠠᠷᠤᠴᠠᠭᠤᠯᠤᠭᠰᠠᠨ ᠨᠣᠷᠮ᠎ᠠ ᠨᠢ 80.4 % ᠳᠤ ᠬᠦᠷᠴᠦ᠂ ᠱᠠᠲᠤ ᠦᠶ᠎ᠡ ᠶᠢᠨ ᠬᠠᠷᠠᠯᠲᠠ |
ᠡᠭᠦᠷᠭᠡ ᠶᠢ ᠤᠷᠤᠭᠰᠢᠲᠠᠶ ᠪᠡᠶᠡᠯᠡᠭᠦᠯᠪᠡ᠃ ᠬᠢᠩᠭᠠᠨ ᠠᠶᠢᠮᠠᠭ ᠭᠤᠣᠯᠳᠠᠭᠤ ᠳᠣᠣᠷᠠᠬᠢ ᠬᠡᠳᠦᠨ ᠲᠠᠯ᠎ᠠ ᠪᠠᠷ |
ᠤᠯᠤᠰ ᠤᠨ ᠵᠢᠭᠡᠯᠡᠯᠭᠡ ᠶᠢᠨ ᠢᠳᠡᠭᠳᠡᠯ ᠭᠤᠤ ᠶᠢ ᠵᠠᠰᠠᠬᠤ ᠲᠥᠷᠥᠯ ᠵᠦᠢᠯ ᠢ ᠪᠦᠬᠦ ᠬᠦᠴᠦᠨ ᠢᠶᠠᠷ ᠢᠶᠠᠨ ᠲᠦᠯᠬᠢᠨ |
ᠠᠬᠢᠭᠤᠯᠪᠠ᠃ |
ᠨᠢᠭᠡ᠂ ᠠᠵᠢᠯ ᠤᠨ ᠲᠣᠭᠲᠠᠴᠠ ᠶᠢᠨ ᠰᠢᠨ᠎ᠡ ᠶᠢ ᠡᠭᠦᠳᠦᠪᠡ᠃ ᠨᠢᠭᠡ ᠳᠤ᠂ ᠠᠵᠢᠯ ᠤᠨ ᠲᠤᠰᠬᠠᠶ ᠠᠩᠭᠢ ᠶᠢ |
ᠵᠣᠬᠢᠶᠠᠨ ᠪᠠᠶᠢᠭᠤᠯᠵᠤ ᠠᠬᠢᠭᠤᠯᠪᠠ᠃ 2024 ᠣᠨ ᠤ ᠡᠬᠢ ᠪᠠᠷ᠂ ᠬᠢᠩᠭᠠᠨ ᠠᠶᠢᠮᠠᠭ ᠤᠨ ᠤᠰᠤᠨ |
ᠠᠰᠢᠭᠯᠠᠯᠲᠠ ᠶᠢᠨ ᠲᠣᠪᠴᠢᠶ᠎ᠠ ᠠᠴᠠ ᠵᠡᠭᠦᠨ ᠬᠤᠶᠢᠲᠤ ᠶᠢᠨ ᠬᠠᠷ᠎ᠠ ᠬᠥᠷᠥᠰᠥᠲᠦ ᠣᠷᠣᠨ ᠤ ᠢᠳᠡᠭᠳᠡᠯ ᠭᠤᠤ ᠶᠢ |
ᠵᠠᠰᠠᠬᠤ ᠠᠵᠢᠯ ᠤᠨ ᠲᠤᠰᠬᠠᠶ ᠠᠩᠭᠢ ᠶᠢ ᠵᠣᠬᠢᠶᠠᠨ ᠪᠠᠶᠢᠭᠤᠯᠵᠤ᠂ ᠪᠥᠬᠦ ᠠᠶᠢᠮᠠᠭ ᠤᠨ ᠢᠳᠡᠭᠳᠡᠯ ᠭᠤᠤ ᠶᠢ ᠵᠠᠰᠠᠬᠤ |
ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠵᠤ᠂ ᠠᠵᠢᠯ ᠢ ᠠᠬᠢᠭᠤᠯᠬᠤ ᠳᠤᠮᠳᠠᠬᠢ ᠬᠦᠴᠢᠷ ᠠᠰᠠᠭᠤᠳᠠᠯ ᠪᠠ |
ᠲᠦᠭᠵᠢᠷᠡᠯ ᠠᠰᠠᠭᠤᠳᠠᠯ ᠢ ᠬᠦᠴᠦᠯᠡᠨ ᠵᠣᠬᠢᠴᠠᠭᠤᠯᠤᠨ ᠰᠢᠢᠳᠪᠦᠷᠢᠯᠡᠵᠦ᠂ ᠢᠨᠵᠧᠨᠧᠷᠢᠩ ᠤᠨ ᠪᠥᠲᠥᠭᠡᠨ |
ᠪᠠᠶᠢᠭᠤᠯᠤᠯᠲᠠ ᠶᠢᠨ ᠡᠭᠦᠷᠭᠡ ᠶᠢ ᠶᠠᠰᠤ ᠴᠢᠨᠠᠷ ᠢ ᠪᠠᠲᠤᠯᠠᠨ ᠪᠡᠶᠡᠯᠡᠭᠦᠯᠬᠦ ᠳᠤ ᠪᠠᠲᠤ ᠪᠠᠬᠢ ᠰᠠᠭᠤᠷᠢ ᠲᠠᠯᠪᠢᠪᠠ᠃ |
ᠬᠤᠶᠠᠷ ᠲᠤ᠂ ︽ᠠᠵᠢᠯ ᠤᠨ ᠰᠠᠨᠠᠭᠤᠯᠤᠮᠵᠢ︾ ᠶᠢᠨ ᠲᠣᠭᠲᠠᠴᠠ ᠶᠢ ᠪᠠᠶᠢᠭᠤᠯᠪᠠ᠃ ᠤᠰᠤᠨ ᠠᠰᠢᠭᠯᠠᠯᠲᠠ ᠶᠢᠨ |
ᠶᠠᠮᠤᠨ᠂ ᠤᠰᠤᠨ ᠠᠰᠢᠭᠯᠠᠯᠲᠠ ᠶᠢᠨ ᠲᠢᠩᠬᠢᠮ ᠤᠨ ᠬᠠᠮᠢᠶ᠎ᠠ ᠪᠦᠬᠦᠢ ᠠᠵᠢᠯ ᠤᠨ ᠵᠢᠯᠣᠭᠤᠳᠬᠤ ᠱᠠᠭᠠᠷᠳᠠᠯᠭ᠎ᠠ ᠶᠢ |
ᠦᠨᠳᠦᠰᠦᠯᠡᠨ᠂ ᠪᠦᠬᠦ ᠠᠶᠢᠮᠠᠭ ᠤᠨ ᠢᠳᠡᠭᠳᠡᠯ ᠭᠤᠤ ᠶᠢ ᠵᠠᠰᠠᠬᠤ ᠠᠵᠢᠯ ᠢ ᠥᠷᠨᠢᠭᠦᠯᠦᠭᠰᠡᠨ ᠪᠠᠶᠢᠳᠠᠯ ᠲᠠᠢ |
ᠤᠶᠠᠯᠳᠤᠭᠤᠯᠤᠨ᠂ ᠲᠥᠷᠥᠯ ᠵᠦᠢᠯ ᠤᠨ ᠬᠤᠰᠢᠭᠤ ᠰᠢᠶᠠᠨ ᠬᠤᠲᠠ ᠶᠢ ᠲᠣᠭᠲᠠᠮᠠᠯ ᠪᠤᠰᠤ ᠬᠤᠭᠤᠴᠠᠭ᠎ᠠ ᠲᠠᠢ ᠪᠠᠷ |
ᠴᠠᠭ ᠲᠤᠬᠠᠶ ᠳᠤᠨᠢ ᠤᠷᠢᠳᠴᠢᠯᠠᠨ ᠪᠠᠶᠢᠷᠢᠯᠠᠭᠤᠯᠬᠤ ᠪᠠ ᠰᠠᠨᠠᠭᠤᠯᠵᠤ᠂ ᠲᠥᠷᠥᠯ ᠵᠦᠢᠯ ᠤᠨ ᠡᠮᠦᠨᠡᠬᠢ ᠬᠤᠭᠤᠴᠠᠭ᠎ᠠ |
ᠪᠠ ᠬᠡᠷᠡᠭᠵᠢᠭᠦᠯᠬᠦ ᠶᠠᠪᠤᠴᠠ ᠶᠢ ᠮᠥᠷᠳᠡᠨ ᠬᠢᠨᠠᠨ ᠵᠢᠯᠣᠭᠤᠳᠴᠤ᠂ ᠠᠰᠠᠭᠤᠳᠠᠯ ᠢ ᠣᠯᠵᠤ ᠮᠡᠳᠡᠪᠡᠯ ᠴᠠᠭ |
ᠲᠤᠬᠠᠶ ᠳᠤᠨᠢ ︽ᠨᠢᠭᠡ ᠰᠢᠶᠠᠨ ᠳᠤ ᠨᠢᠭᠡ ᠳᠠᠩᠰᠠ︾ ᠶᠢᠨ ᠬᠡᠯᠪᠡᠷᠢ ᠪᠠᠷ ᠡᠯ᠎ᠡ ᠲᠥᠷᠥᠯ ᠵᠦᠢᠯ ᠤᠨ ᠬᠤᠰᠢᠭᠤ |
ᠰᠢᠶᠠᠨ ᠬᠤᠲᠠ ᠳᠤ ᠬᠠᠷᠢᠭᠤ ᠲᠤᠰᠬᠠᠵᠤ᠂ ᠤᠯᠤᠰ ᠤᠨ ᠵᠢᠭᠡᠯᠡᠯᠭᠡ ᠶᠢᠨ ᠢᠳᠡᠭᠳᠡᠯ ᠭᠤᠤ ᠶᠢ ᠵᠠᠰᠠᠬᠤ ᠲᠥᠷᠥᠯ |
ᠵᠦᠢᠯ ᠤᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠪᠠ᠃ ᠭᠤᠷᠪᠠ ᠳᠤ᠂ ︽ᠲᠦᠷᠪᠡ ᠦᠭᠡᠢ |
ᠬᠤᠶᠠᠷ ᠰᠢᠭᠤᠳ︾ ᠬᠢᠨᠠᠨ ᠪᠠᠶᠢᠴᠠᠭᠠᠯᠲᠠ ᠶᠢ ᠦᠷᠨᠢᠭᠦᠯᠪᠡ᠃ ᠢᠳᠡᠭᠳᠡᠯ ᠤᠨ ᠭᠤᠤ ᠶᠢ ᠵᠠᠰᠠᠬᠤ ᠲᠥᠷᠥᠯ |
ᠵᠦᠢᠯ ᠤᠨ ᠡᠮᠦᠨᠡᠬᠢ ᠬᠤᠭᠤᠴᠠᠭᠠᠨ ᠤ ᠠᠵᠢᠯ᠂ ᠪᠡᠯᠡ ᠮᠥᠩᠭᠦ ᠶᠢᠨ ᠬᠠᠮᠢᠶᠠᠷᠤᠯᠲᠠ᠂ ᠵᠣᠬᠢᠶᠠᠨ ᠪᠠᠶᠢᠭᠤᠯᠤᠨ |
ᠬᠡᠷᠡᠭᠵᠢᠭᠦᠯᠬᠦ ᠵᠡᠷᠭᠡ ᠳᠤ ᠪᠦᠬᠦᠨ ᠢ ᠬᠢᠨᠠᠨ ᠪᠠᠶᠢᠴᠠᠭᠠᠯᠲᠠ ᠬᠢᠵᠦ᠂ ᠪᠠᠶᠢᠴᠠᠭᠠᠯᠲᠠ ᠶᠢᠨ ᠳᠤᠮᠳᠠ ᠣᠯᠵᠤ ᠮᠡᠳᠡᠭᠰᠡᠨ |
ᠠᠰᠠᠭᠤᠳᠠᠯ ᠳᠤ ᠠᠰᠠᠭᠤᠳᠠᠯ ᠤᠨ ᠡᠬᠡ ᠳᠠᠩᠰᠠ ᠪᠠᠶᠢᠭᠤᠯᠵᠤ᠂ ᠴᠡᠭᠴᠡᠯᠡᠨ ᠰᠠᠶᠢᠵᠢᠷᠠᠭᠤᠯᠬᠤ ᠭᠤᠤᠯ ᠴᠣᠭᠴᠠ |
ᠬᠢᠭᠡᠳ ᠴᠡᠭᠴᠡᠯᠡᠨ ᠰᠠᠶᠢᠵᠢᠷᠠᠭᠤᠯᠬᠤ ᠴᠠᠭ ᠤᠨ ᠬᠢᠵᠠᠭᠠᠷ ᠢ ᠲᠣᠳᠣᠷᠬᠠᠶᠢᠯᠠᠨ᠂ ᠬᠠᠮᠢᠶ᠎ᠠ ᠪᠦᠬᠦᠢ ᠬᠠᠷᠢᠭᠤᠴᠠᠯᠭᠠᠲᠤ |
ᠨᠢᠭᠡᠴᠢ ᠶᠢ ᠬᠢᠨᠠᠵᠤ ᠪᠠᠶᠢᠭᠠᠳ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠨ᠂ ᠬᠦᠨᠳᠦ ᠨᠣᠴᠢᠲᠠᠶ |
ᠠᠰᠠᠭᠤᠳᠠᠯ ᠢ ᠨᠡᠷᠡᠯᠡᠨ ᠵᠢᠭᠠᠵᠤ ᠬᠢᠨᠠᠨ ᠪᠠᠶᠢᠴᠠᠭᠠᠵᠤ ᠰᠢᠢᠳᠪᠦᠷᠢᠯᠡᠪᠡ᠃ |
|
|
|
|
|
ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠤᠯᠤᠰ ᠤᠨ ᠵᠢᠭᠡᠯᠡᠯᠭᠡ ᠶᠢᠨ ᠢᠳᠡᠭᠳᠡᠯ ᠭᠤᠤ ᠶᠢ |
ᠵᠠᠰᠠᠬᠤ ᠲᠥᠷᠥᠯ ᠵᠦᠢᠯ ᠤᠨ ᠤᠰᠤᠨ ᠴᠥᠭᠦᠷᠥᠮ ᠤᠨ ᠲᠥᠷᠥᠯ ᠵᠦᠢᠯ ᠤᠨ ᠣᠷᠣᠨ |
ᠬᠤᠶᠠᠷ᠂ ᠵᠣᠬᠢᠶᠠᠨ ᠪᠠᠶᠢᠭᠤᠯᠵᠤ ᠲᠣᠬᠢᠷᠠᠭᠤᠯᠬᠤ ᠶᠢ ᠴᠢᠩᠭᠠᠳᠬᠠᠪᠠ᠃ ᠨᠢᠭᠡ ᠳᠤ᠂ ᠬᠠᠷᠢᠭᠤᠴᠠᠯᠭ᠎ᠠ ᠶᠢ |
ᠪᠤᠲᠠᠲᠠᠶᠢᠵᠢᠭᠤᠯᠪᠠ᠃ ᠲᠥᠷᠥᠯ ᠵᠦᠢᠯ ᠤᠨ ᠬᠠᠤᠯᠢ ᠶᠢᠨ ᠡᠷᠬᠡᠲᠡᠨ ᠤ ᠭᠤᠤᠯ ᠴᠣᠭᠴᠠ ᠶᠢᠨ ᠬᠠᠷᠢᠭᠤᠴᠠᠯᠭ᠎ᠠ ᠵᠢᠴᠢ |
ᠪᠠᠷᠢᠯᠭ᠎ᠠ ᠪᠠᠷᠢᠬᠤ ᠨᠢᠭᠡᠴᠢ᠂ ᠬᠢᠨᠠᠨ ᠬᠠᠮᠢᠶᠠᠷᠬᠤ ᠨᠢᠭᠡᠴᠢ ᠵᠡᠷᠭᠡ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠴᠢᠩᠭ᠎ᠠ |
ᠠᠳᠬᠤᠵᠤ᠂ ᠪᠠᠷᠢᠯᠭ᠎ᠠ ᠪᠠᠷᠢᠬᠤ᠂ ᠬᠢᠨᠠᠨ ᠬᠠᠮᠢᠶᠠᠷᠬᠤ ᠵᠡᠷᠭᠡ ᠭᠤᠭᠴᠤᠭ᠎ᠠ ᠶᠢᠨ ᠬᠠᠮᠢᠶᠠᠷᠤᠯᠲᠠ ᠶᠢᠨ ᠪᠣᠭᠤᠮᠲᠠ ᠶᠢ |
ᠴᠢᠩᠭ᠎ᠠ ᠠᠳᠬᠤᠵᠤ᠂ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠠᠮᠤᠷ ᠲᠦᠪᠰᠢᠨ ᠪᠠ ᠶᠠᠰᠤ ᠴᠢᠨᠠᠷ ᠤᠨ |
ᠬᠠᠮᠢᠶᠠᠷᠤᠯᠲᠠ ᠶᠢ ᠦᠨᠡᠨ ᠬᠦ ᠨᠠᠶᠢᠳᠠᠪᠤᠷᠢᠵᠢᠭᠤᠯᠪᠠ᠃ ᠬᠤᠶᠠᠷ ᠲᠤ᠂ ᠲᠣᠭᠲᠠᠮᠠᠯ ᠬᠤᠭᠤᠴᠠᠭ᠎ᠠ ᠲᠠᠢ ᠪᠠᠷ |
ᠲᠤᠬᠢᠷᠠᠭᠤᠯᠪᠠ᠃ ᠭᠠᠷᠠᠭ ᠤᠨ ᠮᠡᠳᠡᠭᠦᠯᠬᠦ ᠬᠦᠰᠦᠨᠦᠭᠲᠦ᠂ ᠰᠠᠷ᠎ᠠ ᠶᠢᠨ ᠮᠡᠳᠡᠭᠦᠯᠦᠯᠲᠡ᠂ ᠤᠯᠠᠷᠢᠯ ᠤᠨ ᠲᠣᠬᠢᠷᠠᠭᠤᠯᠬᠤ |
ᠠᠵᠢᠯ ᠤᠨ ᠲᠣᠭᠲᠠᠴᠠ ᠶᠢ ᠴᠢᠩᠭ᠎ᠠ ᠬᠡᠷᠡᠭᠵᠢᠭᠦᠯᠦᠨ᠎ᠡ᠃ ᠠᠬᠢᠴᠠ ᠨᠢ ᠤᠳᠠᠭᠠᠨ ᠪᠠᠶᠢᠭ᠎ᠠ ᠲᠥᠷᠥᠯ ᠵᠦᠢᠯ ᠢ |
ᠬᠠᠮᠢᠶ᠎ᠠ ᠪᠦᠬᠦᠢ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠳᠡᠵᠦ᠂ ᠴᠡᠭᠴᠡᠯᠡᠨ |
ᠰᠠᠶᠢᠵᠢᠷᠠᠭᠤᠯᠬᠤ ᠶᠢ ᠱᠠᠯᠠᠪᠳᠠᠭᠤᠯᠬᠤ ᠬᠡᠷᠡᠭᠲᠡᠶ᠃ ᠡᠭᠦᠨ ᠤ ᠬᠠᠮᠲᠤ᠂ ᠲᠥᠷᠥᠯ ᠵᠦᠢᠯ ᠢ ᠪᠡᠶᠡᠯᠡᠭᠦᠯᠦᠭᠰᠡᠨ ᠪᠠᠶᠢᠳᠠᠯ |
ᠪᠠ ᠪᠠᠯᠠ ᠮᠥᠩᠭᠦ ᠥᠭᠭᠦᠭᠰᠡᠨ ᠪᠠᠶᠢᠳᠠᠯ ᠢ ᠵᠠᠬᠢᠷᠭ᠎ᠠ ᠶᠢᠨ ᠬᠤᠪᠢᠳᠠᠨ ᠬᠠᠮᠢᠶᠠᠷᠴᠤ ᠪᠥᠬᠦᠶ ᠠᠶᠢᠮᠠᠭ ᠤᠨ ᠳᠠᠷᠤᠭ᠎ᠠ ᠳᠤ |
ᠲᠣᠭᠲᠠᠮᠠᠯ ᠬᠤᠭᠤᠴᠠᠭ᠎ᠠ ᠲᠠᠢ ᠪᠠᠷ ᠮᠡᠳᠡᠭᠦᠯᠵᠦ᠂ ᠤᠯᠠᠮ ᠨᠢᠭᠡ ᠠᠯᠬᠤᠮ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃ |
ᠭᠤᠷᠪᠠ ᠳᠤ᠂ ᠰᠠᠨᠠᠭᠠᠴᠢᠯᠠᠭ᠎ᠠ ᠠᠴᠠ ᠪᠠᠨ ᠦᠢᠯᠡᠴᠢᠯᠡᠪᠡ᠃ ᠲᠥᠷᠥᠯ ᠵᠦᠢᠯ ᠢ ᠠᠬᠢᠭᠤᠯᠬᠤ ᠶᠠᠪᠤᠴᠠ ᠳᠠᠬᠢ ᠬᠦᠴᠢᠷ |
ᠠᠰᠠᠭᠤᠳᠠᠯ᠂ ᠲᠦᠭᠵᠢᠷᠡᠯ ᠤᠨ ᠠᠰᠠᠭᠤᠳᠠᠯ ᠳᠤ ᠴᠢᠭᠯᠡᠭᠦᠯᠦᠨ᠂ ᠰᠠᠨᠠᠭᠠᠴᠢᠯᠠᠭ᠎ᠠ ᠠᠴᠠ ᠪᠠᠨ ᠭᠠᠷᠳᠠᠵᠤ᠂ ᠲᠥᠷᠥᠯ |
ᠵᠦᠢᠯ ᠤᠨ ᠪᠠᠶᠢᠭ᠎ᠠ ᠰᠤᠮᠤ ᠰᠢᠶᠠᠩ ᠪᠠᠯᠭᠠᠰᠤ᠂ ᠭᠠᠴᠠᠭ᠎ᠠ ᠲᠣᠰᠬᠤᠨ ᠳᠤ ᠭᠦᠨᠵᠡᠭᠡᠶᠢᠷᠡᠨ᠂ ᠲᠥᠷᠥᠯ ᠵᠦᠢᠯ ᠤᠨ |
ᠪᠥᠲᠥᠭᠡᠨ ᠪᠠᠶᠢᠭᠤᠯᠤᠯᠲᠠ ᠶᠢᠨ ᠶᠠᠪᠤᠴᠠ ᠳᠠᠬᠢ ᠲᠠᠲᠠᠪᠤᠷᠢᠯᠠᠨ ᠡᠵᠡᠯᠡᠬᠦ ᠭᠠᠵᠠᠷ᠂ ᠴᠢᠯᠠᠭᠤᠨ ᠬᠡᠰᠡᠭ ᠤᠨ ᠡᠳ᠋ |
ᠮᠠᠲ᠋ᠧᠷᠢᠶᠠᠯ ᠲᠡᠭᠡᠭᠡᠪᠦᠷᠢᠯᠡᠬᠦ ᠵᠡᠷᠭᠡ ᠠᠰᠠᠭᠤᠳᠠᠯ ᠢ ᠬᠠᠪᠰᠤᠷᠤᠨ ᠰᠢᠢᠳᠪᠦᠷᠢᠯᠡᠵᠦ᠂ ᠤᠯᠤᠰ ᠤᠨ ᠵᠢᠭᠡᠯᠡᠯᠭᠡ ᠶᠢᠨ |
ᠢᠳᠡᠭᠳᠡᠭᠰᠡᠨ ᠭᠤᠤ ᠶᠢᠨ ᠲᠥᠷᠥᠯ ᠵᠦᠢᠯ ᠤᠨ ᠤᠷᠤᠭᠰᠢᠲᠠᠶ ᠠᠭᠢᠬᠤ ᠶᠢ ᠦᠨᠡᠨ ᠬᠦ ᠪᠠᠲᠤᠯᠠᠪᠠ᠃ |
|
|
|
|
|
ᠤᠯᠠᠭᠠᠨᠬᠤᠲᠠ ᠶᠢᠨ ᠤᠯᠤᠰ ᠤᠨ ᠵᠢᠭᠡᠯᠡᠯᠭᠡ ᠶᠢᠨ ᠢᠳᠡᠭᠳᠡᠯ ᠭᠤᠤ ᠶᠢ ᠵᠠᠰᠠᠬᠤ ᠲᠥᠷᠥᠯ ᠵᠦᠢᠯ ᠤᠨ ᠰᠢᠶᠤᠤ |
ᠾᠧ ᠵᠢᠶᠠ ᠭᠸᠦ ᠶᠢᠨ ᠲᠥᠷᠥᠯ ᠵᠦᠢᠯ ᠤᠨ ᠤᠷᠤᠨ |
ᠭᠤᠷᠪᠠ᠂ ᠰᠢᠮᠳᠠᠭᠤᠯᠤᠨ ᠵᠢᠯᠣᠭᠤᠳᠬᠤ ᠪᠠᠨ ᠴᠢᠩᠭᠠᠷᠠᠭᠤᠯᠪᠠ᠃ ᠨᠢᠭᠡ ᠳᠤ᠂ ᠡᠳᠦᠷ ᠲᠤᠲᠤᠮ ᠤᠨ ᠬᠢᠨᠠᠯᠲᠠ |
ᠲᠠᠯᠪᠢᠪᠠ᠃ ᠨᠠᠶᠢᠷᠠᠭᠤᠯᠤᠨ ᠲᠠᠷᠬᠠᠭᠠᠭᠰᠠᠨ ︽ᠤᠯᠤᠰ ᠤᠨ ᠵᠢᠭᠡᠯᠡᠯᠭᠡ ᠶᠢᠨ ᠲᠥᠷᠥᠯ ᠵᠦᠢᠯ ᠤᠨ ᠪᠥᠬᠦ ᠶᠠᠪᠤᠴᠠ ᠶᠢᠨ |
ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢ ᠴᠢᠩᠭᠠᠳᠬᠠᠬᠤ ᠲᠤᠬᠠᠶ 25 ᠵᠦᠢᠯ ᠤᠨ ᠠᠷᠭ᠎ᠠ ᠬᠡᠮᠵᠢᠶ᠎ᠡ︾ ᠶᠢ |
ᠦᠨᠳᠦᠰᠦᠯᠡᠨ᠂ ᠲᠥᠷᠥᠯ ᠵᠦᠢᠯ ᠤᠨ ᠠᠬᠢᠴᠠ ᠶᠢᠨ ᠡᠬᠡ ᠲᠠᠩᠰᠠ ᠶᠢ ᠪᠠᠶᠢᠭᠤᠯᠵᠤ᠂ ᠡᠯ᠎ᠡ ᠴᠠᠭ ᠤᠨ |
ᠵᠠᠩᠭᠢᠯᠠᠭ᠎ᠠ ᠶᠢᠨ ᠴᠡᠭ ᠤᠨ ᠡᠭᠦᠷᠭᠡ ᠶᠢᠨ ᠨᠠᠷᠢᠨ ᠬᠠᠭᠤᠳᠠᠰᠤ ᠬᠢᠭᠡᠳ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ |
ᠲᠣᠳᠣᠷᠬᠠᠶᠢᠯᠠᠨ᠂ ᠲᠥᠷᠥᠯ ᠵᠦᠢᠯ ᠳᠤ ᠣᠷᠣᠰᠢᠵᠤ ᠪᠠᠶᠢᠭ᠎ᠠ ᠠᠬᠢᠴᠠ ᠪᠠᠷ ᠬᠤᠴᠣᠷᠤᠩᠭᠤᠶ ᠲᠦᠭᠰᠢᠭᠦᠷᠢ ᠶᠢᠨ |
ᠴᠡᠭ ᠢ ᠴᠠᠭ ᠲᠤᠬᠠᠶ ᠳᠤᠨᠢ ᠵᠢᠭᠠᠨ ᠭᠠᠷᠭᠠᠵᠤ᠂ ᠰᠠᠨᠠᠭᠤᠯᠬᠤ ᠶᠢ ᠴᠠᠭ ᠲᠤᠬᠠᠶ ᠳᠤᠨᠢ ᠵᠢᠭᠠᠨ ᠭᠠᠷᠭᠠᠬᠤ ᠶᠢᠨ ᠬᠠᠮᠲᠤ |
ᠰᠢᠮᠳᠠᠭᠤᠯᠵᠤ ᠪᠠᠶᠢᠭᠠᠳ ᠴᠡᠭᠴᠡᠯᠡᠨ ᠰᠠᠶᠢᠵᠢᠷᠠᠭᠤᠯᠬᠤ ᠬᠡᠷᠡᠭᠲᠡᠶ᠃ ᠬᠤᠶᠠᠷ ᠲᠤ᠂ ᠲᠤᠬᠠᠶ ᠶᠢᠨ ᠭᠠᠵᠠᠷ ᠲᠤᠨᠢ |
ᠵᠢᠭᠠᠨ ᠵᠢᠯᠤᠭᠤᠳᠤᠪᠠ᠃ ᠠᠶᠢᠮᠠᠭ ᠬᠤᠰᠢᠭᠤᠨ ᠤ ᠤᠰᠤᠨ ᠠᠰᠢᠭᠯᠠᠯᠲᠠ ᠶᠢᠨ ᠰᠠᠯᠠᠭ᠎ᠠ ᠮᠥᠴᠢᠷ ᠤᠨ ᠬᠠᠮᠢᠶ᠎ᠠ ᠪᠥᠬᠦᠶ |
ᠤᠳᠤᠷᠢᠳᠤᠯᠭ᠎ᠠ ᠲᠤᠰᠬᠠᠶ ᠮᠡᠷᠭᠡᠵᠢᠯ ᠤᠨ ᠠᠵᠢᠯᠲᠠᠨ ᠢ ᠳᠠᠭᠠᠭᠤᠯᠤᠨ ᠪᠠᠷᠢᠯᠭ᠎ᠠ ᠶᠢᠨ ᠲᠤᠬᠠᠶ ᠶᠢᠨ ᠭᠠᠵᠠᠷ ᠲᠤ |
ᠪᠠᠶᠢᠩᠭᠤ ᠶᠢᠨ ᠴᠢᠨᠠᠷᠲᠠᠶ ᠪᠠᠷ ᠭᠦᠨᠵᠡᠭᠡᠶᠢᠷᠡᠵᠦ᠂ ᠵᠢᠷᠤᠭ ᠲᠥᠯᠥᠪᠯᠡᠭᠡ ᠶᠢᠨ ᠬᠤᠪᠢᠷᠠᠭᠤᠯᠤᠯᠲᠠ ᠶᠢ ᠵᠢᠭᠠᠨ |
ᠵᠢᠯᠣᠭᠤᠳᠴᠤ᠂ ᠵᠢᠷᠤᠭ ᠲᠥᠯᠥᠪᠯᠡᠭᠡ ᠶᠢᠨ ᠲᠥᠰᠦᠯ ᠢ ᠰᠢᠯᠢᠳᠡᠭᠵᠢᠭᠦᠯᠦᠨ᠂ ᠲᠥᠷᠥᠯ ᠵᠦᠢᠯ ᠤᠨ ᠪᠥᠲᠥᠭᠡᠨ |
ᠪᠠᠶᠢᠭᠤᠯᠤᠯᠲᠠ ᠳᠤ ᠲᠤᠯᠭᠠᠷᠠᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠬᠠᠪᠰᠤᠷᠤᠨ ᠰᠢᠢᠳᠪᠦᠷᠢᠯᠡᠨ᠎ᠡ᠃ ᠡᠭᠦᠨ ᠤ |
ᠬᠠᠮᠲᠤ᠂ ᠴᠠᠭ ᠤᠨ ᠳᠠᠷᠠᠭᠠᠯᠠᠯ ᠤᠨ ᠠᠬᠢᠴᠠ᠂ ᠢᠨᠵᠧᠨᠧᠷᠢᠩ ᠤᠨ ᠶᠠᠰᠤ ᠴᠢᠨᠠᠷ᠂ ᠠᠶᠤᠯᠭᠦᠢ ᠦᠢᠯᠡᠳᠪᠦᠷᠢᠯᠡᠯ ᠵᠡᠷᠭᠡ |
ᠲᠠᠯ᠎ᠠ ᠶᠢᠨ ᠬᠠᠷᠢᠭᠤᠴᠠᠯᠭ᠎ᠠ ᠪᠣᠯᠤᠨ ᠳᠠᠷᠤᠯᠲᠠ ᠶᠢ ᠪᠦᠲᠦᠭᠡᠨ ᠪᠠᠶᠢᠭᠤᠯᠬᠤ᠂ ᠪᠠᠷᠢᠯᠭ᠎ᠠ ᠪᠠᠷᠢᠬᠤ᠂ ᠬᠢᠨᠠᠨ ᠬᠠᠮᠢᠶᠠᠷᠬᠤ |
ᠪᠠ ᠵᠢᠷᠤᠵᠤ ᠲᠥᠯᠥᠪᠯᠡᠬᠦ ᠵᠡᠷᠭᠡ ᠪᠦᠲᠦᠭᠡᠨ ᠪᠠᠶᠢᠭᠤᠯᠤᠯᠲᠠ ᠳᠤ ᠣᠷᠣᠯᠴᠠᠬᠤ ᠨᠢᠭᠡᠴᠢ ᠵᠢᠴᠢ ᠠᠵᠢᠯᠲᠠᠨ ᠳᠤ ᠱᠠᠲᠤ |
ᠱᠠᠲᠤ ᠪᠠᠷ ᠳᠠᠮᠵᠢᠭᠤᠯᠬᠤ ᠬᠡᠷᠡᠭᠲᠡᠶ᠃ ᠭᠤᠷᠪᠠ ᠳᠤ᠂ ᠰᠠᠬᠢᠯᠭ᠎ᠠ ᠪᠠᠲᠤ ᠪᠠᠶᠢᠴᠠᠭᠠᠬᠤ ᠪᠦᠬᠦ ᠶᠠᠪᠤᠴᠠ ᠳᠤ |
ᠤᠷᠤᠯᠴᠠᠪᠠ᠃ ᠲᠣᠪᠴᠢᠶ᠎ᠠ ᠳᠤ ᠰᠠᠭᠤᠭ᠎ᠠ ᠰᠠᠬᠢᠯᠭ᠎ᠠ ᠪᠠᠲᠤ ᠪᠠᠶᠢᠴᠠᠭᠠᠬᠤ ᠳᠤᠭᠤᠶᠢᠯᠠᠩ ᠤᠯᠤᠰ ᠤᠨ ᠵᠢᠭᠡᠯᠡᠯᠭᠡ ᠶᠢᠨ |
ᠭᠤᠤ ᠰᠤᠪᠠᠭ ᠤᠨ ᠲᠥᠷᠥᠯ ᠵᠦᠢᠯ ᠤᠨ ᠠᠬᠢᠴᠠ ᠶᠢ ᠪᠥᠬᠦ ᠶᠠᠪᠤᠴᠠ ᠳᠤ ᠮᠥᠷᠳᠡᠵᠦ᠂ ᠲᠥᠷᠥᠯ ᠵᠦᠢᠯ ᠤᠨ |
ᠪᠥᠲᠥᠭᠡᠨ ᠪᠠᠶᠢᠭᠤᠯᠤᠯᠲᠠ ᠶᠢᠨ ᠲᠤᠬᠠᠶ ᠶᠢᠨ ᠲᠠᠯᠠᠪᠤᠷ ᠲᠤ ᠲᠣᠭᠲᠠᠮᠠᠯ ᠪᠤᠰᠤ ᠬᠤᠭᠤᠴᠠᠭ᠎ᠠ ᠲᠠᠢ ᠪᠠᠷ |
ᠭᠦᠨᠵᠡᠭᠡᠶᠢᠷᠡᠨ᠂ ᠠᠬᠢᠴᠠ ᠶᠢᠨ ᠬᠤᠴᠣᠷᠤᠩᠭᠤᠶ ᠪᠠ ᠪᠠᠯᠠ ᠮᠥᠩᠭᠦ ᠪᠠᠭᠤᠯᠭᠠᠬᠤ ᠳᠤ ᠤᠳᠠᠭᠠᠨ ᠪᠠᠶᠢᠭ᠎ᠠ ᠬᠤᠰᠢᠭᠤ |
ᠰᠢᠶᠠᠨ ᠬᠤᠲᠠ ᠶᠢ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠨᠡᠪᠲᠡᠷᠡᠭᠦᠯᠦᠨ ᠬᠢᠨᠠᠯᠲᠠ ᠲᠠᠯᠪᠢᠬᠤ ᠲᠠᠪᠴᠠᠩ ᠳᠤ |
ᠣᠷᠣᠭᠤᠯᠵᠤ᠂ ᠮᠥᠷᠳᠡᠨ ᠬᠢᠨᠠᠨ ᠭᠦᠢᠴᠡᠳᠭᠡᠪᠡ᠃ |
|
|
|
|
|
ᠬᠢᠩᠭᠠᠨ ᠠᠶᠢᠮᠠᠭ ᠤᠨ 2024 ᠣᠨ ᠤ ᠤᠯᠤᠰ ᠤᠨ ᠵᠢᠭᠡᠯᠡᠯᠭᠡ ᠶᠢᠨ ᠢᠳᠡᠭᠳᠡᠯ ᠭᠤᠤ ᠶᠢ ᠵᠠᠰᠠᠬᠤ ᠲᠥᠷᠥᠯ |
ᠵᠦᠢᠯ ᠤᠨ ᠲᠤᠬᠠᠶ ᠶᠢᠨ ᠲᠠᠯᠠᠪᠤᠷ ᠤᠨ ᠠᠬᠢᠭᠤᠯᠬᠤ ᠬᠤᠷᠠᠯ |
ᠲᠠᠷᠠᠭᠠᠴᠢ ᠶᠢᠨ ᠠᠯᠬᠤᠮ ᠳᠤ᠂ ᠬᠢᠩᠭᠠᠨ ᠠᠶᠢᠮᠠᠭ ᠦᠷᠭᠦᠯᠵᠢᠯᠡᠨ ᠬᠦᠴᠦ ᠣᠷᠣᠭᠤᠯᠵᠤ᠂ ᠲᠥᠷᠥᠯ |
ᠵᠦᠢᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠤᠯᠤᠰ ᠤᠨ ᠵᠢᠭᠡᠯᠡᠯᠭᠡ ᠶᠢᠨ ᠵᠡᠭᠦᠨ ᠬᠤᠶᠢᠲᠤ ᠶᠢᠨ ᠬᠠᠷ᠎ᠠ |
ᠬᠥᠷᠥᠰᠥᠲᠦ ᠣᠷᠣᠨ ᠤ ᠢᠳᠡᠭᠳᠡᠯ ᠭᠤᠤ ᠶᠢ ᠵᠠᠰᠠᠬᠤ ᠲᠥᠷᠥᠯ ᠵᠦᠢᠯ ᠤᠨ ᠠᠬᠢᠴᠠ ᠶᠢ ᠲᠦᠷᠭᠡᠳᠬᠡᠨ ᠠᠬᠢᠭᠤᠯᠵᠤ᠂ |
ᠡᠨᠡ ᠵᠢᠯ ᠤᠨ 12 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠤᠯᠤᠰ ᠤᠨ ᠵᠢᠭᠡᠯᠡᠯᠭᠡ ᠶᠢᠨ ᠪᠠᠯᠠ ᠮᠥᠩᠭᠦ ᠶᠢ |
ᠥᠭᠴᠦ ᠳᠠᠭᠤᠰᠬᠠᠬᠤ ᠶᠢ ᠦᠨᠡᠨ ᠬᠦ ᠪᠠᠲᠤᠯᠠᠨ᠎ᠠ᠃ |
|
︵ᠡᠬᠡ ᠪᠢᠴᠢᠭ ᠶᠢ ᠬᠢᠩᠭᠠᠨ ᠠᠶᠢᠮᠠᠭ ᠤᠨ ᠤᠰᠤᠨ ᠠᠰᠢᠭᠯᠠᠯᠲᠠ ᠶᠢᠨ ᠲᠣᠪᠴᠢᠶ᠎ᠠ ᠠᠴᠠ ᠬᠠᠩᠭᠠᠪᠠ︶ |
|