ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ |
ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ︽2024 ᠣᠨ ᠤ ᠪᠥᠬᠦ ᠣᠷᠣᠨ ᠤ ᠮᠡᠷᠭᠡᠵᠢᠯ ᠤᠨ ᠴᠣᠯᠠ ᠶᠢ ᠬᠢᠨᠠᠨ |
ᠲᠣᠭᠲᠠᠭᠠᠬᠤ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ︵ᠥᠪᠥᠷ ᠬᠥᠮᠦᠨ ᠤ ᠬᠦᠴᠦᠨ ᠤ ᠡᠬᠢ ᠪᠠᠶᠠᠯᠢᠭ ᠪᠠ |
ᠨᠡᠶᠢᠭᠡᠮ ᠤᠨ ᠪᠠᠲᠤᠯᠠᠭ᠎ᠠ ᠠᠯᠪᠠᠨ ᠲᠠᠷᠬᠠᠭᠠᠭᠰᠠᠨ ﹇2024﹈ 85 ᠳ᠋ᠤᠭᠠᠷ ᠲᠣᠭᠠᠲᠤ︶ ᠪᠠ ᠥᠪᠥᠷ ᠮᠣᠩᠭᠤᠯ ᠤᠨ |
ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ︽2024 ᠣᠨ ᠤ ᠤᠰᠤᠨ |
ᠠᠰᠢᠭᠯᠠᠯᠲᠠ ᠶᠢᠨ ᠪᠠᠷᠢᠯᠭ᠎ᠠ ᠶᠢᠨ ᠰᠢᠷᠢᠰ ᠲᠤᠰᠬᠠᠶ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ ᠠᠵᠢᠯ ᠢ |
ᠥᠷᠨᠢᠭᠦᠯᠬᠦ ᠲᠤᠬᠠᠶ ᠮᠡᠳᠡᠭᠳᠡᠯ︾ ︵ᠥᠪᠥᠷ ᠤᠰᠤ ᠬᠥᠮᠦᠨ ﹇2024﹈ 10 ᠳ᠋ᠤᠭᠠᠷ ᠲᠣᠭᠠᠲᠤ︶ ᠵᠡᠷᠭᠡ ᠪᠢᠴᠢᠭ |
ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠨ᠂ 2024 ᠣᠨ ᠤ ᠥᠪᠡᠷᠲᠡᠭᠡᠨ ᠵᠠᠰᠠᠬᠤ ᠣᠷᠣᠨ ᠤ ᠤᠰᠤᠨ |
ᠠᠰᠢᠭᠯᠠᠯᠲᠠ ᠶᠢᠨ ᠪᠠᠷᠢᠯᠭ᠎ᠠ ᠶᠢᠨ ᠰᠢᠷᠢᠰ ᠲᠤᠰᠬᠠᠶ ᠮᠡᠷᠭᠡᠵᠢᠯ ᠤᠨ ᠬᠢᠷᠢ ᠬᠡᠮ ᠢ ᠬᠢᠨᠠᠨ ᠲᠣᠭᠲᠠᠭᠠᠬᠤ ᠠᠵᠢᠯ ᠢ |
ᠨᠢᠭᠡᠨᠲᠡ ᠳᠠᠭᠤᠰᠬᠠᠵᠤ᠂ ᠡᠳᠦᠭᠡ ᠪᠠᠲᠤᠯᠠᠬᠤ ᠪᠠᠷ ᠪᠠᠶᠢᠭ᠎ᠠ ᠬᠥᠮᠦᠰ ᠤᠨ ᠨᠡᠷᠡᠰ ᠢ ᠢᠯᠡ ᠨᠡᠶᠢᠲᠡᠯᠡᠪᠡ᠃ |
ᠵᠠᠷᠯᠠᠨ ᠨᠡᠶᠢᠲᠡᠯᠡᠬᠦ ᠬᠤᠭᠤᠴᠠᠭ᠎ᠠ ᠪᠣᠯ 2024 ᠣᠨ ᠤ 10 ᠳ᠋ᠤᠭᠠᠷ ᠰᠠᠷ᠎ᠠ ᠶᠢᠨ 8 ᠤ ᠡᠳᠦᠷ ᠠᠴᠠ |
2024 ᠣᠨ ᠤ 10 ᠳ᠋ᠤᠭᠠᠷ ᠰᠠᠷ᠎ᠠ ᠶᠢᠨ 12 ᠤᠨ ᠡᠳᠦᠷ ᠪᠣᠯᠤᠨ᠎ᠠ᠃ |
ᠬᠦᠯᠢᠶᠡᠨ ᠠᠪᠴᠤ ᠰᠢᠢᠳᠪᠦᠷᠢᠯᠡᠬᠦ ᠴᠠᠭ᠄ ᠦᠳᠡ ᠶᠢᠨ ᠡᠮᠦᠨ᠎ᠡ 9᠄ 00 — 12᠄ 00 ᠦᠳᠡ ᠶᠢᠨ |
ᠬᠤᠶᠢᠨ᠎ᠠ 13᠄ 30 — 17᠄ 00 ᠴᠠᠭ |
ᠵᠠᠷᠯᠠᠨ ᠨᠡᠶᠢᠲᠡᠯᠡᠬᠦ ᠬᠤᠭᠤᠴᠠᠭᠠᠨ ᠳᠤ᠂ ᠰᠢᠯᠭᠠᠷᠠᠭᠤᠯᠤᠨ ᠲᠣᠭᠲᠠᠭᠠᠬᠤ ᠠᠵᠢᠯᠲᠠᠨ ᠳᠤ ᠰᠡᠵᠢᠭᠲᠡᠶ ᠪᠠᠶᠢᠪᠠᠯ᠂ |
ᠤᠲᠠᠰᠤ ᠢᠷᠡᠭᠦᠯᠬᠦ᠂ ᠵᠠᠬᠢᠳᠠᠯ ᠢᠷᠡᠭᠦᠯᠬᠦ᠂ ᠰᠣᠷᠪᠤᠯᠵᠢᠯᠠᠭ᠎ᠠ ᠬᠢᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ |
ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠤᠰᠬᠠᠶ ᠮᠡᠷᠭᠡᠵᠢᠯ ᠤᠨ ᠳᠡᠭᠡᠳᠦ ᠵᠡᠷᠭᠡ ᠶᠢᠨ |
ᠮᠡᠷᠭᠡᠵᠢᠯ ᠤᠨ ᠴᠣᠯᠠ ᠰᠢᠯᠭᠠᠷᠠᠭᠤᠯᠬᠤ ᠺᠣᠮᠢᠰ ᠲᠤ ᠠᠰᠠᠭᠤᠳᠠᠯ ᠢᠶᠠᠨ ᠲᠤᠰᠬᠠᠵᠤ ᠪᠣᠯᠤᠨ᠎ᠠ᠃ ᠠᠰᠠᠭᠤᠳᠠᠯ ᠢ |
ᠲᠤᠰᠬᠠᠬᠤ ᠳᠤ ᠡᠷᠬᠡᠪᠰᠢ ᠦᠨᠡᠨ ᠪᠣᠳᠠᠲᠠᠶ ᠦᠨᠳᠦᠰᠦ ᠪᠠᠷᠢᠮᠲᠠ ᠲᠠᠢ ᠪᠠᠶᠢᠬᠤ ᠬᠡᠷᠡᠭᠲᠡᠶ ᠪᠥᠭᠡᠳ ᠪᠢᠴᠢᠭᠯᠡᠭᠰᠡᠨ |
ᠮᠠᠲ᠋ᠧᠷᠢᠶᠠᠯ᠂ ᠦᠨᠡᠨ ᠪᠣᠳᠠᠲᠠᠶ ᠣᠪᠣᠭ ᠨᠡᠷ᠎ᠡ᠂ ᠬᠠᠷᠢᠯᠴᠠᠬᠤ ᠤᠲᠠᠰᠤ ᠶᠢ ᠳᠠᠭᠠᠯᠳᠤᠭᠤᠯᠬᠤ ᠬᠡᠷᠡᠭᠲᠡᠶ᠃ ᠢᠯᠡ |
ᠨᠡᠶᠢᠲᠡᠯᠡᠭᠰᠡᠨ ᠬᠤᠪᠢ ᠬᠥᠮᠦᠨ ᠤ ᠮᠡᠳᠡᠭᠡ ᠵᠠᠩᠭᠢ ᠨᠢ ᠪᠤᠷᠤᠭᠤ ᠲᠠᠢ ᠪᠣᠯ ᠥᠪᠡᠷᠲᠡᠭᠡᠨ ᠵᠠᠰᠠᠬᠤ ᠣᠷᠣᠨ ᠤ ᠤᠰᠤᠨ |
ᠠᠰᠢᠭᠯᠠᠯᠲᠠ ᠶᠢᠨ ᠲᠤᠰᠬᠠᠶ ᠮᠡᠷᠭᠡᠵᠢᠯ ᠤᠨ ᠳᠡᠭᠡᠳᠦ ᠵᠡᠷᠭᠡ ᠶᠢᠨ ᠮᠡᠷᠭᠡᠵᠢᠯ ᠤᠨ ᠴᠣᠯᠠ ᠰᠢᠯᠭᠠᠷᠠᠭᠤᠯᠬᠤ ᠺᠣᠮᠢᠰ ᠲᠠᠢ |
ᠬᠠᠷᠢᠯᠴᠠᠵᠤ ᠵᠠᠰᠠᠪᠤᠷᠢ ᠣᠷᠣᠭᠤᠯᠬᠤ ᠬᠡᠷᠡᠭᠲᠡᠶ᠃ |
ᠬᠠᠷᠢᠯᠴᠠᠬᠤ ᠬᠠᠶᠢᠭ᠄ ᠬᠥᠬᠡᠬᠤᠲᠠ ᠶᠢᠨ ᠬᠥᠯᠥᠨ ᠪᠤᠶᠢᠷ ᠡᠮᠦᠨ᠎ᠡ ᠵᠠᠮ ᠤᠨ 119 ᠳ᠋ᠦ᠋ᠭᠡᠷ ᠲᠣᠭᠠᠲᠤ |
ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠠᠵᠢᠯᠲᠠᠨ ᠤ ᠭᠠᠵᠠᠷ ︵ᠰᠢᠤᠳᠠᠨ |
ᠨᠣᠮᠧᠷ᠄ 010000︶ |
ᠬᠠᠷᠢᠯᠴᠠᠬᠤ ᠤᠲᠠᠰᠤ᠄ 0471 — 5259607 0471 – 5259546 |
ᠳᠠᠭᠠᠯᠳᠤᠭᠤᠯᠤᠯ᠄2024 ᠣᠨ ᠤ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ |
ᠢᠨᠵᠧᠨᠧᠷᠢᠩ ᠤᠨ ᠰᠢᠷᠢᠰ ᠲᠤᠰᠬᠠᠶ ᠮᠡᠷᠭᠡᠵᠢᠯ ᠤᠨ ᠬᠢᠷᠢ ᠬᠡᠮ ᠢ ᠬᠢᠨᠠᠨ ᠲᠣᠭᠲᠠᠭᠠᠬᠤ ᠪᠠᠷ ᠪᠠᠶᠢᠭ᠎ᠠ ᠬᠥᠮᠦᠰ ᠤᠨ |
ᠨᠡᠷᠡᠰ |
|
ᠥᠪᠥᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠤᠰᠬᠠᠢ ᠮᠡᠷᠭᠡᠵᠢᠯ ᠤᠨ |
ᠴᠤᠯᠠ ᠰᠢᠯᠭᠠᠷᠠᠭᠤᠯᠬᠤ ᠺᠣᠮᠢᠰ |
2024 ᠣᠨ ᠤ 10 ᠳ᠋ᠤᠭᠠᠷ ᠰᠠᠷ᠎ᠠ ᠶᠢᠨ 7 ᠤ ᠡᠳᠦᠷ |
|
|