| ᠢᠷᠡᠯᠲᠡ᠄ ᠥᠪᠡᠷᠲᠡᠭᠡᠨ ᠵᠠᠰᠠᠬᠤ ᠣᠷᠣᠨ ᠤ ᠬᠤᠰᠢᠭᠤ ᠰᠢᠶᠠᠨ ᠤ ᠱᠠᠲᠤᠨ ᠤ ᠬᠠᠮ ᠵᠠᠭᠤᠴᠢᠯᠠᠭᠤᠷ ᠤᠨ |
ᠡᠵᠡᠩᠨᠡᠯᠲᠡ ᠶᠢᠨ ᠦᠢᠯᠡᠴᠢᠯᠡᠭᠡᠨ ᠤ ᠲᠥᠪ |
|
ᠤᠰᠤᠨ ᠠᠰᠢᠭᠯᠠᠯᠲᠠ ᠶᠢᠨ ᠲᠦᠮᠡᠨ ᠪᠣᠳᠠᠰ ᠢ ᠪᠤᠯᠢᠶᠠᠯᠳᠤᠬᠤ ᠦᠭᠡᠢ᠂ ᠪᠢᠳᠡᠨ ᠤ ᠬᠦᠰᠡᠨ ᠮᠥᠷᠥᠭᠡᠳᠴᠦ |
ᠪᠠᠶᠢᠭ᠎ᠠ ᠬᠡᠲᠦᠶᠢᠳᠦᠭᠰᠡᠨ ᠪᠠᠶᠢᠳᠠᠯ ᠪᠣᠯ ᠶᠡᠷᠦ ᠨᠢ ᠤᠰᠤ ᠲᠠᠢ ᠬᠤᠯᠪᠣᠭ᠎ᠠ ᠲᠠᠢ ᠶᠤᠮ᠂ ᠡᠶᠢᠮᠦ ᠠᠴᠠ ᠬᠥᠮᠥᠰ ᠴᠥᠮ |
ᠤᠰᠤ ᠶᠢ ᠳᠣᠲᠣᠨᠣᠴᠢᠯᠠᠬᠤ ᠳᠤᠷᠠᠲᠠᠢ ᠪᠠᠶᠢᠳᠠᠭ᠃ |
ᠲᠠᠰᠤᠷᠠᠯᠲᠠ ᠦᠭᠡᠢ ᠦᠷᠭᠦᠯᠵᠢᠯᠡᠭᠰᠡᠨ᠂ ᠲᠦᠷᠭᠡᠨ ᠤᠷᠤᠰᠬᠠᠯ ᠦᠷᠭᠦᠯᠵᠢᠯᠡᠵᠦ ᠪᠠᠶᠢᠭ᠎ᠠ ᠭᠤᠣᠯ ᠮᠥᠷᠡᠨ ᠨᠢ |
ᠬᠥᠮᠥᠨ ᠲᠥᠷᠥᠯᠬᠢᠲᠡᠨ ᠤ ᠪᠣᠯᠪᠠᠰᠤᠨ ᠤ ᠡᠭᠦᠰᠦᠯ ᠢ ᠳᠠᠭᠠᠯᠳᠤᠨ᠂ ᠲᠡᠦᠬᠡ ᠶᠢᠨ ᠮᠠᠨᠳᠤᠯ ᠪᠠᠭᠤᠷᠠᠯ ᠰᠣᠯᠢᠭᠳᠠᠯ ᠢ |
ᠭᠡᠷᠡᠴᠢᠯᠡᠵᠦ ᠪᠠᠶᠢᠨ᠎ᠠ᠃ |
ᠥᠪᠥᠷ ᠮᠣᠩᠭᠤᠯ ᠤᠨ ᠤᠰᠤᠨ ᠤ ᠡᠬᠢ ᠪᠠᠶᠠᠯᠢᠭ ᠳᠤᠲᠠᠭᠳᠠᠵᠤ ᠪᠠᠶᠢᠬᠤ ᠪᠥᠭᠡᠳ ᠴᠠᠭ ᠬᠤᠭᠤᠴᠠᠭ᠎ᠠ ᠪᠠ |
ᠣᠷᠣᠨ ᠵᠠᠶ ᠶᠢᠨ ᠲᠠᠷᠬᠠᠯᠲᠠ ᠲᠡᠭᠰᠢ ᠪᠤᠰᠤ᠂ ᠤᠰᠤᠨ ᠤ ᠡᠬᠢ ᠪᠠᠶᠠᠯᠢᠭ ᠵᠥᠪᠬᠡᠨ ᠪᠥᠬᠦ ᠤᠯᠤᠰ ᠤᠨ ᠶᠡᠷᠦᠩᠬᠡᠶ |
ᠬᠡᠮᠵᠢᠶᠡᠨ ᠤ 1.92% ᠢ ᠡᠵᠡᠯᠡᠵᠦ᠂ ᠤᠰᠤ ᠬᠦᠨᠳᠦ ᠨᠣᠴᠢᠲᠠᠶ ᠳᠤᠲᠠᠭᠳᠠᠵᠤ ᠪᠠᠶᠢᠭ᠎ᠠ ᠭᠠᠵᠠᠷ ᠣᠷᠣᠨ ᠪᠣᠯᠤᠨ᠎ᠠ᠃ |
|
2014 ᠣᠨ ᠤ 3 ᠳ᠋ᠤᠭᠠᠷ ᠰᠠᠷ᠎ᠠ ᠶᠢᠨ 14 ᠤ ᠡᠳᠦᠷ᠂ ᠶᠡᠷᠦᠩᠬᠡᠶ ᠱᠦᠵᠢ ᠰᠢ ᠶᠢᠨ ᠫᠢᠩ ᠲᠥᠪ ᠤᠨ |
ᠡᠳ᠋ ᠤᠨ ᠵᠠᠰᠠᠭ ᠠᠵᠤ ᠠᠬᠤᠶ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠲᠠᠪᠤᠳᠤᠭᠠᠷ ᠤᠳᠠᠭᠠᠨ ᠤ ᠬᠤᠷᠠᠯ |
ᠳᠡᠭᠡᠷ᠎ᠡ ᠤᠯᠤᠰ ᠤᠨ ᠤᠰᠤᠨ ᠤ ᠠᠮᠤᠷ ᠲᠦᠪᠰᠢᠨ ᠢ ᠪᠠᠲᠤᠯᠠᠬᠤ ᠲᠤᠬᠠᠶ ᠴᠢᠬᠤᠯᠠ ᠶᠠᠷᠢᠶ᠎ᠠ ᠲᠠᠯᠪᠢᠵᠤ᠂ ᠤᠰᠤᠨ ᠤ |
ᠠᠮᠤᠷ ᠲᠦᠪᠰᠢᠨ ᠢ ᠤᠯᠤᠰ ᠤᠨ ᠪᠠᠶᠢᠯᠳᠤᠬᠤ ᠪᠣᠳᠣᠯᠭ᠎ᠠ ᠪᠣᠯᠭᠠᠨ ᠳᠡᠭᠡᠭᠰᠢᠯᠡᠭᠦᠯᠪᠡ᠃ 10 ᠵᠢᠯ ᠤᠨ ᠲᠤᠷᠰᠢ᠂ |
ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠤᠳᠤᠷᠢᠳᠤᠯᠭ᠎ᠠ ᠳᠣᠤᠷ᠎ᠠ᠂ |
ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠵᠢᠴᠢ ᠪᠥᠬᠦ ᠣᠷᠣᠨ ᠤ ᠡᠯ᠎ᠡ ᠱᠠᠲᠤᠨ ᠤ |
ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠶᠡᠷᠦᠩᠬᠡᠶ ᠱᠦᠵᠢ ᠰᠢ ᠶᠢᠨ |
ᠫᠢᠩ ᠤᠨ ︽ᠤᠰᠤ ᠠᠷᠪᠢᠯᠠᠬᠤ ᠶᠢ ᠲᠡᠷᠢᠭᠦᠨ ᠳᠤ ᠲᠠᠯᠪᠢᠬᠤ᠂ ᠣᠷᠣᠨ ᠵᠠᠶ ᠶᠢ ᠲᠡᠩᠴᠡᠭᠦᠷᠢᠲᠡᠶ ᠪᠠᠶᠢᠯᠭᠠᠬᠤ᠂ |
ᠰᠢᠰᠲ᠋ᠧᠮ ᠢ ᠵᠠᠰᠠᠬᠤ᠂ ᠬᠤᠶᠠᠷ ᠲᠠᠯ᠎ᠠ ᠪᠠᠷ ᠬᠦᠴᠦᠯᠡᠬᠦ︾ ᠤᠰᠤ ᠶᠢ ᠵᠠᠰᠠᠬᠤ ᠰᠡᠳᠬᠢᠴᠡ ᠪᠠ ᠤᠰᠤ ᠶᠢ ᠵᠠᠰᠠᠬᠤ |
ᠲᠤᠬᠠᠶ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠶᠡᠷᠦᠩᠬᠡᠶ |
ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠪᠠ ᠵᠢᠱᠢᠶᠡᠴᠢ |
ᠥᠪᠡᠷᠲᠡᠭᠡᠨ ᠵᠠᠰᠠᠬᠤ ᠣᠷᠣᠨ ᠤ ᠬᠤᠶᠠᠷ ᠶᠡᠭᠡ ᠶᠠᠪᠤᠳᠠᠯ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠵᠤ᠂ |
ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠠᠵᠢᠯ ᠤᠨ |
ᠭᠤᠤᠯ ᠰᠢᠵᠢᠮ ᠪᠣᠯᠭᠠᠵᠤ᠂ ᠬᠡᠪᠴᠢᠶᠡᠵᠢᠭᠰᠡᠨ ᠴᠢᠨᠠᠷᠲᠠᠶ ᠮᠠᠯᠵᠢᠬᠤ ᠲᠠᠷᠢᠶᠠᠯᠠᠬᠤ ᠣᠷᠣᠨ ᠤ ᠤᠤᠭᠤᠬᠤ ᠤᠰᠤᠨ ᠤ |
ᠠᠰᠠᠭᠤᠳᠠᠯ ᠡᠭᠦᠰᠬᠦ ᠥᠬᠡᠶ ᠪᠠᠶᠢᠬᠤ ᠬᠤᠷᠢᠭ᠎ᠠ ᠱᠤᠭᠤᠮ ᠢ ᠡᠷᠡᠰ ᠭᠤᠶᠢᠪᠢᠰᠢ ᠥᠬᠡᠶ ᠰᠠᠬᠢᠵᠤ᠂ ᠮᠠᠯᠵᠢᠬᠤ |
ᠲᠠᠷᠢᠶᠠᠯᠠᠬᠤ ᠣᠷᠣᠨ ᠤ ᠤᠰᠤ ᠬᠠᠩᠭᠠᠬᠤ ᠪᠠᠲᠤᠯᠠᠭ᠎ᠠ ᠶᠢᠨ ᠰᠠᠭᠤᠷᠢ ᠶᠢ ᠲᠠᠰᠤᠷᠠᠯᠲᠠ ᠥᠬᠡᠶ ᠪᠠᠬᠢᠵᠢᠭᠦᠯᠵᠦ᠂ ᠪᠥᠬᠦ |
ᠰᠡᠳᠬᠢᠯ ᠪᠥᠬᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ ᠵᠣᠷᠢᠯᠲᠠ ᠶᠢ ᠴᠠᠭ ᠢᠮᠠᠭᠲᠠ |
ᠦᠢᠯᠡᠳᠦᠯᠭᠡᠵᠢᠭᠦᠯᠪᠡ᠃ ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ ᠶᠢᠨ ᠲᠣᠭᠲᠠᠴᠠ ᠶᠢ ᠴᠢᠩᠭᠠᠷᠠᠭᠤᠯᠤᠨ᠂ |
ᠬᠤᠰᠢᠭᠤ ᠰᠢᠶᠠᠨ ᠤ ᠱᠠᠲᠤᠨ ᠤ ᠮᠠᠯᠵᠢᠬᠤ ᠲᠠᠷᠢᠶᠠᠯᠠᠬᠤ ᠣᠷᠣᠨ ᠤ ᠤᠰᠤ ᠬᠠᠩᠭᠠᠬᠤ ᠪᠠᠴᠢᠮ ᠪᠠᠶᠢᠳᠠᠯ ᠢ |
ᠠᠷᠭᠠᠴᠠᠬᠤ ᠪᠡᠯᠡᠳᠬᠡᠯ ᠲᠥᠰᠦᠯ ᠢ ᠲᠣᠭᠲᠠᠭᠠᠨ ᠲᠡᠭᠦᠯᠳᠡᠷᠵᠢᠭᠦᠯᠵᠦ᠂ ᠪᠠᠴᠢᠮ ᠪᠠᠶᠢᠳᠠᠯ ᠢ ᠠᠷᠭᠠᠴᠠᠬᠤ ᠤᠰᠤ |
ᠬᠠᠩᠭᠠᠬᠤ ᠡᠩᠨᠡᠭᠡ ᠶᠢ ᠵᠣᠬᠢᠶᠠᠨ ᠪᠠᠶᠢᠭᠤᠯᠤᠨ᠂ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠥᠷᠨᠢᠭᠦᠯᠵᠦ᠂ |
ᠪᠠᠴᠢᠮ ᠪᠠᠶᠢᠳᠠᠯ ᠢ ᠠᠷᠭᠠᠴᠠᠬᠤ ᠡᠳ᠋ ᠪᠣᠳᠠᠰ ᠤᠨ ᠨᠥᠭᠡᠴᠡᠯᠡᠯᠲᠡ ᠶᠢᠨ ᠪᠠᠶᠢᠳᠠᠯ ᠢ ᠪᠥᠬᠦ ᠲᠠᠯ᠎ᠠ ᠪᠠᠷ ᠲᠣᠭᠠᠯᠠᠨ |
ᠪᠦᠷᠢᠳᠬᠡᠵᠦ᠂ ᠤᠰᠤ ᠬᠠᠩᠭᠠᠬᠤ ᠪᠠᠲᠤᠯᠠᠭ᠎ᠠ ᠶᠢᠨ ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠪᠡ᠃ |
9 ᠳ᠋ᠦ᠋ᠭᠡᠷ ᠰᠠᠷ᠎ᠠ ᠶᠢᠨ 25 ᠤ ᠡᠳᠦᠷ᠂ ︽ᠬᠠᠲᠤᠨ ᠭᠤᠤᠯ ᠤᠨ ᠤᠰᠤ ᠪᠠᠷ ᠤᠮᠠᠷᠠᠲᠤ ᠬᠢᠯᠢ ᠶᠢ ᠤᠮᠳᠠᠯᠠᠬᠤ︾ |
ᠠᠵᠢᠯᠯᠠᠭ᠎ᠠ ᠶᠢ ᠰᠤᠷᠪᠤᠯᠵᠢᠯᠠᠨ ᠮᠡᠳᠡᠭᠡᠯᠡᠬᠦ ᠠᠵᠢᠯᠯᠠᠭ᠎ᠠ ᠠᠯᠠᠱᠠ ᠠᠶᠢᠮᠠᠭ ᠤᠨ ᠰᠣᠨᠢᠨ ᠤ ᠬᠤᠷᠢᠶ᠎ᠠ ᠠᠯᠠᠱᠠ ᠵᠡᠭᠦᠨ |
ᠬᠤᠰᠢᠭᠤᠨ ᠤ ᠲᠡᠷᠭᠡ ᠪᠠᠷ ᠠᠶᠠᠯᠠᠵᠤ᠂ ᠵᠠᠮ ᠤᠨ ᠬᠤᠶᠠᠷ ᠲᠠᠯ᠎ᠠ ᠪᠠᠷ ᠳᠦᠭᠦᠷᠡᠩ ᠭᠤᠪᠢ ᠴᠦᠯᠡᠷᠬᠡᠭᠵᠢᠭᠰᠡᠨ |
ᠦᠵᠡᠮᠵᠢ ᠲᠠᠢ᠃ ᠦᠳᠡ ᠤᠶᠢᠷᠠᠳᠤᠬᠤ ᠳᠤ᠂ ᠮᠠᠰᠢᠨ ᠲᠡᠷᠭᠡ ᠢᠩᠭᠡᠨ ᠰᠤᠮᠤ ᠶᠢᠨ ᠴᠠᠭᠠᠨ ᠵᠠᠳᠠᠭᠠᠢ ᠭᠠᠴᠠᠭᠠᠨ ᠤ |
ᠨᠢᠭᠡ ᠵᠤᠷᠪᠤᠰ ᠪᠠᠶᠢᠭᠤᠯᠵᠤ ᠪᠠᠶᠢᠭ᠎ᠠ ᠵᠠᠰᠠᠮᠠᠯ ᠵᠠᠮ ᠳᠡᠭᠡᠷ᠎ᠡ ᠣᠭᠵᠣᠮ ᠮᠣᠷᠦ᠋ᠢᠵᠤ᠂ ᠨᠢᠭᠡ ᠴᠢᠯᠠᠭᠤᠨ ᠠᠭᠤᠯᠠ ᠶᠢᠨ |
ᠳᠣᠤᠷᠠᠬᠢ ᠶᠡᠭᠡ ᠬᠡᠰᠡᠭ ᠵᠠᠭ ᠬᠠᠷᠠᠭᠠᠨ ᠳᠤ ᠢᠯᠡᠷᠡᠪᠡ᠃ ᠵᠠᠭ ᠤᠨ ᠰᠠᠯᠠᠭ᠎ᠠ ᠨᠠᠮᠠᠭ᠎ᠠ ᠨᠢ ᠪᠦᠳᠦᠭᠦᠨ ᠲᠣᠮᠤ᠂ |
ᠰᠠᠯᠬᠢᠨ ᠤ ᠠᠶ᠎ᠠ ᠪᠠᠷ ᠪᠥᠵᠢᠭᠯᠡᠵᠦ᠂ ᠤᠭ᠍ᠶᠤ ᠨᠣᠭᠤᠭᠠᠨ ᠥᠩᠭᠡ ᠪᠠᠷ ᠭᠤᠤᠯ ᠪᠣᠯᠭᠠᠭᠰᠠᠨ ᠡᠬᠡ ᠭᠠᠵᠠᠷ ᠲᠤ |
ᠰᠢᠭᠢᠳᠴᠦ᠂ ᠨᠣᠭᠤᠭᠠᠨ ᠥᠩᠭᠡ ᠪᠠᠷ ᠬᠥᠮᠦᠰ ᠤᠨ ᠰᠡᠳᠬᠢᠯ ᠢ ᠠᠭᠤᠵᠢᠷᠠᠭᠤᠯᠵᠤ᠂ ᠠᠳᠡ ᠠᠮᠢᠵᠢᠷᠠᠯ ᠤᠨ |
ᠬᠦᠴᠦᠨ ᠢ ᠠᠪᠴᠢᠷᠠᠵᠤ᠂ ᠬᠥᠮᠦᠰ ᠤᠨ ᠬᠦᠷᠢᠶᠡᠯᠡᠯ ᠢ ᠣᠯᠤᠭᠰᠠᠨ ᠪᠠᠶᠢᠨ᠎ᠠ᠃ |
|
|
|
|
|
ᠵᠢᠶᠤᠤ ᠳ᠋ᠦᠸᠧ ᠸᠧᠨ ᠨᠠᠰᠤᠲᠠᠨ ᠵᠠᠭ ᠲᠠᠷᠢᠬᠤ ᠶᠠᠪᠤᠴᠠ ᠶᠢ ᠲᠠᠨᠢᠯᠴᠠᠭᠤᠯᠪᠠ |
70 ᠨᠠᠰᠤᠲᠠᠶ ᠵᠢᠶᠤᠤ ᠳ᠋ᠦᠸᠧ ᠸᠧᠨ ᠨᠠᠰᠤᠲᠠᠨ ᠪᠣᠯᠤᠨ ᠬᠥᠭᠰᠢᠨ ᠨᠢ ᠡᠨᠡ ᠬᠦ ᠵᠠᠭ ᠤᠨ ᠡᠵᠡᠨ ᠪᠣᠯᠤᠨ᠎ᠠ᠂ |
ᠬᠥᠭᠰᠢᠨ ᠬᠤᠶᠠᠭᠤᠯᠠ 2018 ᠣᠨ ᠳᠤ ᠠᠳᠡ ᠨᠡᠭᠦᠵᠦ ᠢᠷᠡᠵᠦ ᠵᠠᠭ ᠲᠠᠷᠢᠵᠤ᠂ ᠣᠶᠢᠷ᠎ᠠ ᠶᠢᠨ ︽ᠵᠡᠷᠭᠡᠯᠡᠳᠡᠭᠡ |
ᠠᠶᠢᠯ︾ ᠨᠢ ᠴᠦ 8 ᠺᠢᠯᠤᠮᠧᠲᠷ ᠤᠨ ᠭᠠᠳᠠᠨ᠎ᠠ ᠪᠠᠶᠢᠳᠠᠭ᠃ 6 ᠵᠢᠯ ᠤᠨ ᠲᠤᠷᠰᠢ᠂ ᠡᠨᠡ ᠬᠦ ᠡᠵᠡᠭᠦᠢ ᠲᠠᠩ ᠠᠴᠠ |
ᠴᠤᠬᠤᠶᠢᠵᠤ ᠭᠠᠷᠤᠭᠰᠠᠨ ᠨᠢᠯᠬ᠎ᠠ ᠨᠠᠬᠢᠶ᠎ᠠ ᠨᠢᠭᠡᠪᠦᠷᠢ ᠨᠢ ᠴᠥᠮ ᠲᠡᠳᠡᠨ ᠤ ᠰᠢᠷᠭᠠᠭᠤ ᠬᠠᠲᠠᠭᠤᠵᠢᠯᠲᠠᠢ |
ᠠᠵᠢᠯᠯᠠᠭᠰᠠᠨ ᠤ ᠠᠴᠢ ᠬᠠᠷᠢᠭᠤᠯᠠᠯ ᠪᠠ ᠲᠠᠶᠢᠳᠬᠤᠷᠠᠭᠤᠯᠤᠯ ᠪᠣᠯᠣᠨ᠎ᠠ᠃ |
︽ᠡᠨᠡ ᠬᠡᠰᠡᠭ ᠵᠠᠭ ᠤᠨ ᠶᠡᠷᠦᠩᠬᠡᠶ ᠲᠠᠯᠠᠪᠠᠶ ᠨᠢ 3000 ᠮᠥ ᠰᠢᠬᠠᠮ ᠪᠣᠯᠤᠨ᠎ᠠ᠂ ᠰᠠᠬᠤᠯᠢᠭ ᠤᠷᠭᠤᠭᠰᠠᠨ |
ᠮᠣᠳᠣᠨ ᠤ ᠨᠠᠰᠤ ᠨᠢ ᠨᠢᠭᠡᠨᠲᠡ 3 ᠵᠢᠯ ᠢ ᠳᠠᠪᠠᠵᠤ᠂ ᠭᠡᠷ ᠤᠨ ᠣᠶᠢᠷ᠎ᠠ ᠬᠠᠪᠢ ᠳᠤᠨᠢ ᠡᠨᠡ ᠬᠤᠶᠠᠷ ᠵᠢᠯ ᠳᠤ |
ᠲᠠᠷᠢᠭᠰᠠᠨ ᠶᠤᠮ︾᠃ ᠰᠠᠶ᠋ᠢᠬᠠᠨ 15 ᠺᠢᠯᠤᠮᠧᠲᠷ ᠤᠨ ᠭᠠᠳᠠᠨᠠᠬᠢ ᠤᠰᠤᠨ ᠰᠤᠷᠪᠤᠯᠵᠢ ᠶᠢᠨ ᠭᠠᠵᠠᠷ ᠠᠴᠠ ᠤᠰᠤ |
ᠲᠠᠲᠠᠵᠤ ᠢᠷᠡᠭᠰᠡᠨ ᠵᠢᠶᠤᠤ ᠳ᠋ᠦᠸᠧ ᠸᠧᠨ ᠥᠪᠡᠷ ᠤᠨ ᠡᠷᠳᠡᠨᠢᠲᠦ ᠵᠠᠭ ᠢᠶᠠᠨ ᠤᠯᠠᠨ ᠳᠤ ᠲᠤᠭᠠᠴᠢᠨ ᠶᠠᠷᠢᠨ᠎ᠠ᠃ |
ᠠᠯᠠᠱᠠ ᠵᠡᠭᠦᠨ ᠬᠤᠰᠢᠭᠤ ᠨᠢ ᠳᠤᠮᠳᠠ ᠬᠦᠢᠲᠡᠨ ᠪᠦᠰᠡ ᠳᠤ ᠪᠠᠶᠢᠷᠢᠰᠢᠵᠤ᠂ ᠳᠠᠯᠠᠢ ᠲᠠᠩᠭᠢᠰ ᠠᠴᠠ ᠬᠤᠯᠠ |
ᠵᠠᠶᠢᠲᠠᠢ᠂ ᠵᠡᠭᠦᠨ ᠨᠢ ᠠᠯᠠᠱᠠ ᠠᠭᠤᠯᠠᠨ ᠠᠴᠠ᠂ ᠬᠤᠶᠢᠲᠦ ᠨᠢ ᠮᠤᠩᠭᠤᠯ ᠤᠨ ᠥᠨᠳᠦᠷᠯᠢᠭ ᠤᠨ ᠠᠯᠤᠰᠯᠠᠬᠤ᠂ |
ᠪᠢᠲᠡᠭᠦᠦ ᠳᠣᠲᠣᠭᠠᠳᠤ ᠡᠬᠡ ᠭᠠᠵᠠᠷ ᠤᠨ ᠥᠨᠳᠦᠷᠯᠢᠭ᠂ ᠨᠡᠶᠢᠲᠡᠯᠢᠭ ᠡᠬᠡ ᠭᠠᠵᠠᠷ ᠤᠨ ᠭᠠᠩ ᠬᠠᠭᠤᠷᠠᠢ ᠴᠦᠯ ᠤᠨ |
ᠭᠠᠵᠠᠷ ᠣᠷᠣᠨ ᠳᠤ ᠲᠣᠭᠠᠴᠠᠭᠳᠠᠨ᠎ᠠ᠃ ᠠᠭᠤᠷ ᠠᠮᠢᠰᠬᠤᠯ ᠤᠨ ᠤᠨᠴᠠᠯᠢᠭ ᠨᠢ ᠭᠠᠩ ᠬᠠᠭᠤᠷᠠᠢ ᠪᠤᠷᠤᠭᠠᠨ ᠪᠠᠭ᠎ᠠ᠂ |
ᠡᠪᠦᠯ ᠬᠦᠢᠳᠡᠨ ᠵᠤᠨ ᠬᠠᠯᠠᠭᠤᠨ᠂ ᠰᠠᠯᠬᠢ ᠶᠡᠭᠡ ᠡᠯᠡᠰᠦ ᠤᠯᠠᠨ᠂ ᠲᠦᠷᠪᠡᠨ ᠤᠯᠠᠷᠢᠯ ᠰᠠᠶᠢᠬᠠᠨ᠂ ᠨᠠᠷᠠᠨ ᠤ |
ᠲᠤᠰᠤᠯᠲᠠ ᠭᠦᠢᠴᠡᠳ᠂ ᠠᠭᠤᠷᠰᠢᠯ ᠴᠢᠩᠭ᠎ᠠ ᠪᠠᠶᠢᠳᠠᠭ᠃ ᠴᠠᠭ ᠠᠭᠤᠷ ᠤᠨ ᠲᠤᠭ᠎ᠠ ᠪᠠᠷᠢᠮᠲᠠ ᠶᠢᠨ ᠪᠦᠷᠢᠳᠬᠡᠯ ᠢ |
ᠦᠨᠳᠦᠰᠦᠯᠡᠪᠡᠯ᠂ ᠪᠥᠬᠦ ᠬᠤᠰᠢᠭᠤᠨ ᠤ ᠵᠢᠯ ᠤᠨ ᠳᠤᠮᠳᠠᠴᠢ ᠲᠤᠨᠳᠠᠰᠤᠨ ᠤ ᠬᠡᠮᠵᠢᠶ᠎ᠡ ᠵᠥᠪᠬᠡᠨ 107.4 — |
225.2 ᠮᠢᠯᠢᠮᠧᠲᠷ ᠪᠠᠶᠢᠵᠤ᠂ ᠠᠭᠤᠷᠰᠢᠯᠲᠠ ᠶᠢᠨ ᠬᠡᠮᠵᠢᠶ᠎ᠡ ᠬᠠᠷᠢᠨ 2264 — 3087 ᠮᠢᠯᠢᠮᠧᠲᠷ ᠲᠤ |
ᠬᠦᠷᠴᠡᠶ᠃ |
|
|
|
|
|
ᠡᠯᠡᠰᠦᠷᠬᠡᠭ ᠭᠠᠵᠠᠷ ᠲᠠᠬᠢ ᠵᠠᠭ |
ᠡᠶᠢᠮᠦ ᠬᠠᠲᠠᠭᠤ ᠰᠢᠷᠦᠭᠦᠨ ᠣᠷᠴᠢᠨ ᠲᠣᠭᠤᠷᠢᠨ ᠳᠤ ᠵᠠᠭ ᠲᠠᠷᠢᠬᠤ ᠵᠡᠷᠭᠡ ᠰᠠᠯᠬᠢ ᠶᠢ ᠬᠠᠯᠬᠠᠯᠠᠨ ᠡᠯᠡᠰᠦ ᠶᠢ |
ᠲᠣᠭᠲᠠᠪᠤᠷᠢᠵᠢᠭᠤᠯᠬᠤ ᠲᠥᠷᠥᠯ ᠤᠨ ᠤᠷᠭᠤᠮᠠᠯ ᠲᠠᠷᠢᠬᠤ ᠬᠡᠷᠡᠭᠲᠡᠢ᠂ ᠤᠰᠤ ᠳᠤᠲᠠᠭᠳᠠᠵᠤ ᠪᠣᠯᠬᠤ ᠦᠭᠡᠢ᠃ ᠵᠢᠶᠤᠤ |
ᠳ᠋ᠦᠸᠧ ᠸᠧᠨ ᠲᠠᠨᠢᠯᠴᠠᠭᠤᠯᠬᠤ ᠳᠠᠭᠠᠨ᠂ 3 ᠵᠢᠯ ᠤᠨ ᠳᠣᠲᠣᠷ᠎ᠠ ᠵᠠᠭ ᠡᠷᠬᠡᠪᠰᠢ ᠴᠠᠭ ᠲᠤᠬᠠᠢ ᠳᠤᠨᠢ ᠤᠰᠤ |
ᠨᠥᠬᠦᠪᠥᠷᠢᠯᠡᠵᠦ ᠴᠢᠳᠠᠪᠠᠯ ᠰᠠᠶ᠋ᠢ ᠡᠳᠡᠭᠡᠷᠡᠬᠦ ᠶᠢ ᠪᠠᠲᠤᠯᠠᠵᠤ ᠴᠢᠳᠠᠨ᠎ᠠ᠃ ᠬᠠᠷᠢᠭᠤ ᠬᠠᠷᠠᠮᠵᠢ ᠪᠣᠯᠭᠠᠭᠰᠠᠨ ᠤ |
ᠬᠤᠪᠢ ᠳᠤ᠂ ᠵᠠᠷᠢᠮ ᠮᠠᠯ ᠲᠡᠵᠢᠭᠡᠪᠦᠷᠢ ᠶᠢ ᠰᠢᠭᠤᠳ ᠠᠵᠤ ᠠᠬᠤᠶ ᠶᠢᠨ ᠦᠷ᠎ᠡ ᠠᠰᠢᠭ ᠲᠠᠢ ᠪᠣᠯᠭᠠᠬᠤ ᠠᠴᠠ |
ᠭᠠᠳᠠᠨ᠎ᠠ᠂ ᠠᠯᠠᠱᠠ ᠠᠶᠢᠮᠠᠭ ᠨᠢ ᠬᠤᠪᠣᠷ ᠨᠠᠨᠳᠢᠨ ᠬᠢᠲᠠᠳ ᠡᠮ ᠤᠨ ᠮᠠᠲ᠋ᠧᠷᠢᠶᠠᠯ ᠤᠨ ᠴᠠᠭᠠᠨ ᠭᠤᠶᠣᠣ ᠶᠢᠨ ᠭᠤᠤᠯ |
ᠭᠠᠷᠤᠯᠲᠠ ᠶᠢᠨ ᠣᠷᠣᠨ ᠪᠣᠯᠤᠭᠰᠠᠨ ᠤ ᠬᠤᠪᠢ ᠳᠤ᠂ ᠵᠠᠭ ᠤᠨ ᠦᠨᠳᠦᠰᠦ ᠠᠴᠠ ᠴᠠᠭᠠᠨ ᠭᠤᠶᠣᠣ ᠵᠠᠯᠭᠠᠵᠤ᠂ |
ᠢᠯᠡᠭᠦᠴᠡ ᠣᠷᠣᠯᠭ᠎ᠠ ᠣᠯᠵᠤ ᠪᠣᠯᠤᠨ᠎ᠠ᠃ |
ᠵᠢᠶᠤᠤ ᠳ᠋ᠦᠸᠧ ᠸᠧᠨ ᠨᠠᠰᠤᠲᠠᠨ ᠮᠡᠲᠦ ᠮᠠᠯᠴᠢᠳ ᠲᠤ ᠠᠪᠴᠤ ᠬᠡᠯᠡᠪᠡᠯ᠂ ᠤᠰᠤᠨ ᠤ ᠡᠬᠢ ᠰᠤᠷᠪᠤᠯᠵᠢ ᠶᠢ |
ᠣᠯᠵᠤ ᠪᠠᠶᠢᠭ᠎ᠠ ᠨᠢ ᠲᠡᠳᠡᠨ ᠤ ᠠᠮᠢᠳᠤᠷᠠᠯ ᠤᠨ ᠴᠢᠬᠤᠯᠠ ᠠᠴᠠ ᠴᠢᠬᠤᠯᠠ ᠵᠦᠢᠯ ᠪᠣᠯᠤᠨ᠎ᠠ᠂ ᠭᠡᠲᠡᠯ᠎ᠡ ᠣᠳᠣᠬᠠᠨ ᠳᠤ |
ᠬᠠᠮᠤᠭ ᠤᠨ ᠣᠶᠢᠷ᠎ᠠ ᠶᠢᠨ ᠤᠰᠤᠨ ᠰᠤᠷᠪᠤᠯᠵᠢ ᠶᠢᠨ ᠭᠠᠵᠠᠷ 15 ᠺᠢᠯᠤᠮᠧᠲᠷ ᠤᠨ ᠭᠠᠳᠠᠨ᠎ᠠ ᠪᠠᠶᠢᠨ᠎ᠠ᠃ ᠣᠳᠣ |
ᠲᠷᠠᠺᠲ᠋ᠤᠷ ᠢᠶᠠᠷ ᠤᠰᠤ ᠲᠠᠲᠠᠵᠤ ᠤᠰᠤᠯᠠᠬᠤ ᠨᠢ ᠲᠡᠭᠦᠨ ᠤ ᠡᠩ ᠤᠨ ᠦᠶ᠎ᠡ ᠳᠤ ᠦᠢᠯᠡᠳᠪᠦᠷᠢᠯᠡᠯ ᠤᠨ ᠠᠵᠢᠯ ᠤᠨ |
ᠭᠤᠣᠯ ᠠᠭᠤᠯᠭ᠎ᠠ ᠪᠣᠯᠤᠨ᠎ᠠ᠃ ᠲᠡᠭᠦᠨ ᠤ ᠦᠭᠡ ᠪᠠᠷ᠄ ︽ᠬᠤᠯᠠ ᠭᠠᠵᠠᠷ᠂ ᠵᠠᠮ ᠰᠠᠶᠢᠨ ᠪᠢᠰᠢ᠂ ᠤᠰᠤ ᠲᠠᠲᠠᠬᠤ |
ᠪᠣᠯ ᠮᠠᠰᠢ ᠬᠦᠨᠳᠦ ᠠᠵᠢᠯ ᠮᠥᠨ᠂ ᠥᠪᠡᠷ ᠤᠨ ᠥᠷᠲᠡᠭ ᠨᠢ ᠴᠦ ᠥᠨᠳᠥᠷ ᠶᠤᠮ︾ ᠭᠡᠵᠦ ᠬᠡᠯᠡᠪᠡ᠃ |
ᠥᠩᠭᠡᠷᠡᠭᠰᠡᠨ ᠤ ᠠᠯᠢ ᠴᠤ ᠦᠶ᠎ᠡ ᠳᠤ᠂ ᠣᠶᠢᠷ᠎ᠠ ᠮᠥᠷᠲᠡᠭᠡᠨ ᠬᠢᠮᠳᠠ ᠤᠰᠤᠨ ᠤ ᠡᠬᠢ ᠰᠤᠷᠪᠤᠯᠵᠢ ᠲᠠᠢ |
ᠪᠣᠯᠬᠤ ᠨᠢ ᠲᠡᠭᠦᠨ ᠤ ᠶᠡᠷᠦ ᠠᠴᠠ ᠬᠦᠰᠡᠨ ᠮᠥᠷᠥᠭᠡᠳᠦᠭᠰᠡᠭᠡᠷ ᠢᠷᠡᠭᠰᠡᠨ ᠶᠠᠪᠤᠳᠠᠯ ᠶᠤᠮ᠃ ᠣᠳᠣ ᠪᠣᠯᠬᠤ ᠳᠤ ᠡᠨᠡ |
ᠬᠦ ᠬᠦᠰᠡᠯ ᠵᠡᠭᠦᠳᠦ ᠤᠳᠠᠯ ᠦᠭᠡᠢ ᠪᠡᠶᠡᠯᠡᠭᠳᠡᠬᠦ ᠭᠡᠵᠦ ᠪᠠᠶᠢᠨ᠎ᠠ᠃ |
ᠵᠢᠶᠤᠤ ᠳ᠋ᠦᠸᠧ ᠸᠧᠨ ᠰᠠᠭᠤᠭ᠎ᠠ ᠭᠠᠵᠠᠷ ᠤᠨ ᠪᠠᠷᠠᠭᠤᠨ ᠲᠠᠯ᠎ᠠ ᠨᠢ ᠪᠠᠷᠤᠭ 500 ᠮᠧᠲᠷ ᠵᠠᠮ ᠤᠨ |
ᠬᠠᠵᠠᠭᠤ ᠳᠤ ᠪᠠᠶᠢᠵᠤ᠂ ᠬᠤᠭᠤᠯᠠᠶ ᠶᠢᠨ ᠶᠡᠷᠦᠩᠬᠡᠶ ᠣᠷᠳᠣ ᠨᠢ 70 ᠺᠢᠯᠤᠮᠧᠲᠷ ᠲᠤ ᠬᠦᠷᠦᠭᠰᠡᠨ ᠠᠯᠠᠱᠠ ᠵᠡᠭᠦᠨ |
ᠬᠤᠰᠢᠭᠤᠨ ᠤ ᠢᠩᠭᠡᠨ ᠰᠤᠮᠤ ᠶᠢᠨ 2024 ᠣᠨ ᠤ ᠬᠢᠯᠢ ᠶᠢᠨ ᠤᠰᠤ ᠬᠠᠩᠭᠠᠬᠤ ᠪᠠᠲᠤᠯᠠᠭ᠎ᠠ ᠶᠢᠨ |
ᠢᠨᠵᠧᠨᠧᠷᠢᠩ ᠤᠨ ᠪᠠᠷᠢᠯᠭ᠎ᠠ ᠶᠢᠨ ᠭᠠᠵᠠᠷ ᠲᠤ᠂ ᠨᠢᠭᠡᠨᠲᠡ ᠤᠭᠰᠠᠷᠠᠭᠰᠠᠨ ᠤᠰᠤ ᠬᠠᠩᠭᠠᠬᠤ ᠬᠤᠭᠤᠯᠠᠶ ᠶᠠᠭ ᠤᠷᠲᠤ |
ᠯᠤᠤ ᠰᠢᠭ ᠢᠶᠠᠷ ᠵᠠᠮ ᠢ ᠲᠦᠰᠢᠨ ᠤᠮᠠᠷᠠᠲᠤ ᠣᠷᠣᠨ ᠢ ᠴᠢᠭᠯᠡᠪᠡ᠃ |
|
|
|
|
|
ᠤᠰᠤ ᠬᠠᠩᠭᠠᠬᠤ ᠪᠠᠳᠤᠯᠠᠭ᠎ᠠ ᠶᠢᠨ ᠢᠨᠵᠧᠨ᠋ᠧᠷᠢᠩ ᠤᠨ ᠤᠰᠤᠨ ᠰᠤᠷᠪᠤᠯᠵᠢ ᠶᠢᠨ ᠭᠠᠵᠠᠷ |
ᠣᠶᠢᠯᠠᠭᠠᠭᠰᠠᠨ ᠢᠶᠠᠷ᠂ ᠢᠩᠭᠡᠨ ᠰᠤᠮᠤ ᠶᠢᠨ ᠴᠠᠭᠠᠨ ᠵᠠᠳᠠᠭᠠᠢ ᠭᠠᠴᠠᠭ᠎ᠠ ᠳᠣᠪᠣᠷᠬᠠᠭ ᠭᠠᠵᠠᠷ ᠤᠨ ᠴᠦᠯ |
ᠮᠠᠩᠬᠠᠨ ᠭᠠᠵᠠᠷ ᠲᠤ ᠪᠠᠶᠢᠷᠢᠯᠠᠵᠤ᠂ ᠮᠠᠯᠴᠢᠳ ᠲᠠᠷᠬᠠᠢ ᠰᠠᠭᠤᠷᠢᠰᠢᠵᠤ᠂ ᠤᠯᠠᠨ ᠵᠢᠯ ᠤᠨ ᠲᠤᠷᠰᠢ᠂ ᠮᠠᠯᠴᠢᠳ ᠤᠨ |
ᠦᠢᠯᠡᠳᠪᠦᠷᠢᠯᠡᠯ ᠠᠮᠢᠳᠤᠷᠠᠯ ᠳᠤ ᠬᠡᠷᠡᠭᠯᠡᠬᠦ ᠤᠰᠤ ᠴᠥᠮ ᠨᠡᠯᠢᠶᠡᠳ ᠬᠤᠯᠠ᠂ ᠤᠰᠤᠨ ᠤ ᠡᠬᠢ ᠪᠠᠶᠠᠯᠢᠭ |
ᠬᠠᠷᠢᠴᠠᠩᠭᠤᠢ ᠡᠯᠪᠡᠭ ᠭᠠᠵᠠᠷ ᠣᠷᠣᠨ ᠳᠤ ᠤᠰᠤ ᠲᠠᠲᠠᠭᠰᠠᠨ ᠤ ᠳᠠᠷᠠᠭ᠎ᠠ ᠬᠠᠳᠠᠭᠠᠯᠠᠵᠤ᠂ ᠮᠠᠯᠴᠢᠳ ᠤᠰᠤ |
ᠲᠠᠲᠠᠬᠤ ᠳᠠᠭᠠᠨ ᠪᠠᠰᠠ ᠬᠦᠴᠦ ᠪᠠᠷᠠᠵᠤ ᠪᠠᠶᠢᠪᠠ᠃ ᠮᠠᠯᠴᠢᠳ ᠤᠨ ᠤᠰᠤ ᠬᠡᠷᠡᠭᠯᠡᠬᠦ ᠬᠦᠴᠢᠷ ᠠᠰᠠᠭᠤᠳᠠᠯ ᠢ |
ᠪᠦᠲᠦᠮᠵᠢᠲᠡᠶ ᠰᠢᠢᠳᠪᠦᠷᠢᠯᠡᠬᠦ ᠶᠢᠨ ᠲᠥᠯᠥᠭᠡ᠂ ᠢᠩᠭᠡᠨ ᠰᠤᠮᠤ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ |
ᠪᠣᠯᠤᠨ ᠭᠠᠴᠠᠭᠠᠨ ᠤ ︽ᠬᠤᠶᠠᠷ ᠵᠥᠪᠯᠡᠯ︾ ᠨᠢ ᠠᠯᠠᠱᠠ ᠠᠶᠢᠮᠠᠭ ᠤᠨ ᠡᠯ᠎ᠡ ᠱᠠᠲᠤᠨ ᠤ ᠤᠰᠤᠨ ᠤ ᠵᠠᠰᠠᠭ |
ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠠᠢ ᠢᠳᠡᠪᠬᠢᠲᠡᠶ ᠨᠡᠪᠲᠡᠷᠡᠯᠴᠡᠨ ᠵᠣᠬᠢᠴᠠᠭᠤᠯᠵᠤ᠂ |
ᠲᠤᠰᠬᠠᠶ ᠮᠡᠷᠭᠡᠵᠢᠯ ᠤᠨ ᠠᠵᠢᠯᠲᠠᠨ ᠠᠴᠠ ᠭᠠᠴᠠᠭ᠎ᠠ ᠳᠤ ᠲᠤᠬᠠᠶ ᠶᠢᠨ ᠭᠠᠵᠠᠷ ᠤᠨ ᠬᠠᠶᠢᠨ ᠰᠢᠨᠵᠢᠯᠡᠯᠲᠡ ᠬᠢᠬᠦ ᠪᠠᠷ |
ᠳᠡᠮᠵᠢᠨ᠂ ᠲᠣᠰ ᠢᠨᠵᠧᠨᠧᠷᠢᠩ ᠢ ᠬᠡᠷᠡᠭᠵᠢᠭᠦᠯᠬᠦ ᠪᠠᠷ ᠲᠣᠭᠲᠠᠪᠠ᠃ |
ᠲᠤᠰ ᠢᠨᠵᠧᠨᠧᠷᠢᠩ ᠨᠢ ᠪᠠᠰᠠ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ |
ᠳᠡᠭᠡᠳᠦ ᠬᠡᠮᠵᠢᠶ᠎ᠡ ᠤ ᠴᠢᠬᠤᠯᠠᠴᠢᠯᠠᠯ ᠢ ᠤᠯᠤᠭᠰᠠᠨ ᠪᠠᠶᠢᠨ᠎ᠠ᠃ ᠡᠨᠡ ᠵᠢᠯ ᠤᠨ 3 ᠳ᠋ᠤᠭᠠᠷ ᠰᠠᠷ᠎ᠠ ᠳᠤ᠂ ᠥᠪᠡᠷᠲᠡᠭᠡᠨ |
ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠤᠳᠤᠷᠢᠳᠤᠯᠭ᠎ᠠ ᠪᠦᠯᠬᠦᠮ ᠳᠠᠭᠠᠭᠤᠯᠤᠨ ᠠᠯᠠᠱᠠ |
ᠵᠡᠭᠦᠨ ᠬᠤᠰᠢᠭᠤᠨ ᠤ ᠥᠯᠵᠡᠶ ᠰᠤᠮᠤ᠂ ᠢᠩᠭᠡᠨ ᠰᠤᠮᠤ ᠳᠤ ᠭᠦᠨᠵᠡᠭᠡᠶᠢᠷᠡᠨ᠂ ᠬᠢᠯᠢ ᠶᠢᠨ ᠮᠠᠯᠴᠢᠨ ᠲᠠᠷᠢᠶᠠᠴᠢᠨ |
ᠡᠷᠦᠬᠡ ᠶᠢᠨ ᠤᠤᠭᠤᠬᠤ ᠤᠰᠤᠨ ᠤ ᠠᠮᠤᠷ ᠲᠦᠪᠰᠢᠨ ᠤ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠠ᠃ |
ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠥᠯᠵᠡᠶ ᠰᠤᠮᠤ᠂ ᠢᠩᠭᠡᠨ ᠰᠤᠮᠤ ᠶᠢᠨ 2024 ᠣᠨ ᠤ ᠬᠢᠯᠢ ᠶᠢᠨ |
ᠤᠰᠤ ᠬᠠᠩᠭᠠᠬᠤ ᠪᠠᠲᠤᠯᠠᠭ᠎ᠠ ᠶᠢᠨ ᠢᠨᠵᠧᠨᠧᠷᠢᠩ ᠤᠨ ᠬᠤᠯᠪᠣᠭᠳᠠᠯ ᠪᠥᠬᠦᠶ ᠪᠠᠶᠢᠳᠠᠯ ᠤᠨ ᠬᠠᠷᠢᠭᠤ ᠮᠡᠳᠡᠭᠦᠯᠦᠯᠲᠡ ᠶᠢ |
ᠰᠣᠨᠣᠰᠤᠭᠰᠠᠨ ᠪᠥᠭᠡᠳ ᠡᠯ᠎ᠡ ᠨᠢᠭᠡᠴᠢ ᠶᠢ ᠲᠣᠭᠲᠠᠭᠰᠠᠨ ᠡᠭᠦᠷᠭᠡ ᠬᠠᠷᠠᠯᠲᠠ ᠶᠣᠰᠣᠭᠠᠷ ᠲᠣᠰ ᠵᠢᠯ ᠤᠨ ᠮᠠᠯᠵᠢᠬᠤ |
ᠲᠠᠷᠢᠶᠠᠯᠠᠬᠤ ᠣᠷᠣᠨ ᠤ ᠤᠰᠤ ᠬᠠᠩᠭᠠᠬᠤ ᠪᠠᠲᠤᠯᠠᠭ᠎ᠠ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ |
ᠡᠭᠦᠷᠭᠡ ᠶᠢ ᠰᠠᠶᠢᠲᠤᠷ ᠪᠡᠶᠡᠯᠡᠭᠦᠯᠵᠦ᠂ ᠬᠢᠯᠢ ᠶᠢᠨ ᠴᠡᠷᠢᠭ ᠠᠩᠭᠢ ᠶᠢᠨ ᠤᠰᠤ ᠬᠠᠩᠭᠠᠬᠤ ᠪᠠᠲᠤᠯᠠᠭ᠎ᠠ ᠶᠢᠨ |
ᠨᠥᠬᠦᠴᠡᠯ ᠢ ᠴᠢᠩᠭᠠᠷᠠᠭᠤᠯᠤᠨ᠂ ᠮᠠᠯᠵᠢᠬᠤ ᠲᠠᠷᠢᠶᠠᠯᠠᠬᠤ ᠣᠷᠣᠨ ᠤ ᠤᠰᠤ ᠬᠠᠩᠭᠠᠬᠤ ᠴᠢᠨᠠᠷ ᠰᠠᠶᠢᠲᠠᠶ |
ᠬᠥᠭᠵᠢᠯᠲᠡ ᠶᠢ ᠳᠠᠬᠢᠨ ᠰᠢᠨ᠎ᠡ ᠳᠡᠭᠲᠡᠷ ᠲᠤ ᠭᠠᠷᠭᠠᠬᠤ ᠶᠢ ᠲᠠᠰᠤᠷᠠᠯᠲᠠ ᠥᠬᠡᠶ ᠠᠬᠢᠭᠤᠯᠵᠤ᠂ ︽ᠲᠠᠪᠤᠨ ᠶᠡᠭᠡ |
ᠡᠭᠦᠷᠭᠡ︾᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠪᠠ ᠬᠢᠯᠢ |
ᠬᠢᠵᠠᠭᠠᠷ ᠣᠷᠣᠨ ᠤ ᠴᠡᠴᠡᠭᠯᠡᠨ ᠬᠥᠭᠵᠢᠬᠦ᠂ ᠬᠢᠯᠢ ᠶᠢᠨ ᠠᠷᠠᠳ ᠪᠦᠯᠬᠦᠮᠳᠡᠨ ᠵᠣᠯ ᠵᠢᠷᠭᠠᠯ ᠲᠠᠢ᠂ ᠬᠢᠯᠢ ᠶᠢᠨ |
ᠬᠠᠮᠠᠭᠠᠯᠠᠯᠲᠠ ᠶᠢᠨ ᠠᠮᠤᠷ ᠲᠦᠪᠰᠢᠨ ᠲᠣᠭᠲᠠᠭᠤᠨ ᠵᠡᠷᠭᠡ ᠬᠠᠷᠠᠯᠲᠠ ᠶᠢ ᠪᠡᠶᠡᠯᠡᠭᠦᠯᠬᠦ ᠳᠤ ᠬᠦᠴᠦᠨ ᠴᠢᠳᠠᠯ ᠢᠶᠠᠨ |
ᠡᠷᠭᠦᠬᠦ ᠬᠡᠷᠡᠭᠲᠡᠶ ᠭᠡᠵᠦ ᠱᠠᠭᠠᠷᠳᠠᠪᠠ᠃ |
|
|
|
|
|
ᠤᠰᠤ ᠬᠠᠩᠭᠠᠬᠤ ᠪᠠᠲᠤᠯᠭ᠎ᠠ ᠶᠢᠨ ᠪᠠᠷᠢᠯᠭ᠎ᠠ ᠶᠢᠨ ᠠᠵᠢᠯ ᠤᠨ ᠲᠤᠬᠠᠢ ᠶᠢᠨ ᠲᠠᠯᠠᠪᠠᠢ |
ᠭᠤᠪᠢ ᠶᠢᠨ ᠲᠠᠩ ᠳᠡᠭᠡᠷᠡᠬᠢ ᠨᠡᠷᠡᠨ ᠤ ᠭᠡᠷᠡᠯ ᠢ ᠲᠤᠯᠵᠤ᠂ ᠰᠤᠷᠪᠤᠯᠵᠢᠯᠠᠭᠴᠢ ᠠᠯᠠᠱᠠ ᠵᠡᠭᠦᠨ ᠬᠤᠰᠢᠭᠤᠨ ᠤ |
ᠢᠩᠭᠡᠨ ᠰᠤᠮᠤ ᠶᠢᠨ 2024 ᠣᠨ ᠤ ᠬᠢᠯᠢ ᠶᠢᠨ ᠤᠰᠤ ᠬᠠᠩᠭᠠᠬᠤ ᠪᠠᠲᠤᠯᠠᠭ᠎ᠠ ᠶᠢᠨ ᠢᠨᠵᠧᠨᠧᠷᠢᠩ ᠤᠨ |
ᠪᠠᠷᠢᠯᠭ᠎ᠠ ᠶᠢᠨ ᠭᠠᠵᠠᠷ ᠠᠴᠠ ᠣᠯᠵᠤ ᠦᠵᠡᠭᠰᠡᠨ ᠨᠢ᠂ ᠲᠤᠬᠠᠢ ᠶᠢᠨ ᠲᠠᠯᠠᠪᠤᠷ ᠤᠨ ᠮᠠᠰᠢᠨ ᠤ ᠳᠠᠭᠤᠨ ᠨᠢᠵᠢᠭᠢᠨᠡᠵᠦ᠂ |
ᠵᠢᠯᠣᠭᠤᠴᠢ ᠤᠬᠤᠭᠤᠷ ᠮᠠᠰᠢᠨ ᠤ ᠰᠤᠪᠠᠭ ᠭᠠᠷᠭᠠᠬᠤ ᠶᠢ ᠡᠵᠡᠮᠳᠡᠨ᠂ ᠬᠡᠳᠦᠨ ᠬᠤᠰᠤᠭᠤᠷ ᠪᠠᠭᠤᠭᠰᠠᠨ ᠳᠤ᠂ 1 |
ᠮᠧᠲᠷ ᠭᠦᠨ 2 ᠮᠧᠲᠷ ᠤᠨ ᠭᠤᠤ ᠳᠤ ᠠᠩᠬᠠᠨ ᠤ ᠳᠦᠷᠰᠦ ᠢᠯᠡᠷᠡᠭᠰᠡᠨ ᠪᠠᠶᠢᠨ᠎ᠠ᠃ ᠵᠠᠯᠭᠠᠭᠠᠳ ᠠᠵᠢᠯᠴᠢᠨ |
ᠦᠷᠭᠦᠯᠵᠢᠯᠡᠨ ᠰᠠᠭᠤᠷᠢ ᠳᠡᠪᠢᠰᠬᠦ᠂ ᠬᠤᠭᠤᠯᠠᠢ ᠲᠠᠯᠪᠢᠬᠤ᠂ ᠵᠠᠯᠭᠠᠬᠤ᠂ ᠨᠢᠭᠲᠠ ᠪᠢᠲᠡᠭᠦᠮᠵᠢᠯᠡᠬᠦ ᠵᠡᠷᠭᠡ ᠠᠵᠢᠯ ᠢ |
ᠪᠡᠶᠡᠯᠡᠭᠦᠯᠵᠦ᠂ ᠠᠯᠢᠪᠠ ᠪᠦᠬᠦᠨ ᠡᠮᠬᠢ ᠴᠡᠭᠴᠡ ᠲᠠᠢ ᠪᠠᠶᠢᠵᠤ᠂ ᠢᠳᠡᠪᠬᠢᠲᠡᠢ ᠪᠥᠭᠡᠳ ᠡᠮᠬᠢ ᠵᠢᠷᠤᠮ ᠲᠠᠢ |
ᠶᠠᠪᠤᠭᠳᠠᠪᠠ᠃ ᠪᠠᠷᠢᠯᠭ᠎ᠠ ᠶᠢᠨ ᠲᠤᠬᠠᠶ ᠶᠢᠨ ᠲᠠᠯᠠᠪᠠᠶ ᠳᠤ ᠥᠪᠥᠷ ᠮᠣᠩᠭᠤᠯ ᠤᠨ ᠬᠤᠩ ᠽᠧ ᠤᠰᠤᠨ |
ᠠᠰᠢᠭᠯᠠᠯᠲᠠ ᠶᠢᠨ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠬᠢᠨᠠᠨ ᠬᠠᠮᠢᠶᠠᠷᠬᠤ ᠬᠢᠵᠠᠭᠠᠷᠲᠤ ᠺᠣᠮᠫᠠᠨᠢ ᠶᠢᠨ |
ᠲᠤᠬᠠᠶ ᠶᠢᠨ ᠲᠠᠯᠠᠪᠠᠶ ᠶᠢᠨ ᠬᠢᠨᠠᠨ ᠬᠠᠮᠢᠶᠠᠷᠤᠯᠲᠠ ᠴᠠᠩ ᠳ᠋ᠧ ᠪᠢᠩ᠄ ︽ᠢᠨᠵᠧᠨᠧᠷᠢᠩ 7 ᠳ᠋ᠤᠭᠠᠷ ᠰᠠᠷ᠎ᠠ ᠶᠢᠨ |
15 ᠤ ᠡᠳᠦᠷ ᠠᠴᠠ ᠨᠠᠭᠠᠰᠢ᠂ ᠣᠳᠣᠬᠠᠨ ᠳᠤ ᠨᠢᠭᠡᠨᠲᠡ 30 ᠺᠢᠯᠤᠮᠧᠲᠷ ᠤᠨ ᠬᠤᠭᠤᠯᠠᠶ ᠳᠡᠪᠢᠰᠬᠦ ᠠᠵᠢᠯ ᠢ |
ᠳᠠᠭᠤᠰᠬᠠᠵᠤ᠂ 200 ᠪᠣᠰᠤᠭ᠎ᠠ ᠳᠥᠷᠪᠡᠯᠵᠢᠨ ᠮᠧᠲᠷ ᠤᠰᠤ ᠬᠠᠳᠠᠭᠠᠯᠠᠬᠤ ᠴᠥᠭᠦᠷᠥᠮ ᠢ ᠰᠢᠨ᠎ᠡ ᠪᠠᠷ ᠪᠠᠶᠢᠭᠤᠯᠵᠤ᠂ |
ᠵᠢᠱᠢᠯᠲᠡ ᠪᠠᠷ ᠵᠢᠯ ᠤᠨ ᠡᠴᠦᠰ ᠲᠤ ᠪᠦᠬᠦᠨ ᠢ ᠳᠠᠭᠤᠰᠬᠠᠨ᠎ᠠ︾ ᠭᠡᠵᠡᠶ᠃ |
ᠡᠨᠡ ᠬᠦ ᠢᠨᠵᠧᠨᠧᠷᠢᠩ ᠨᠢ ᠰᠤᠮᠤᠨ ᠳᠤ ᠦᠵᠡᠭᠦᠯᠬᠦ ᠨᠥᠯᠥᠭᠡ ᠶᠢᠨ ᠲᠤᠬᠠᠶ ᠠᠯᠠᠱᠠ ᠵᠡᠭᠦᠨ ᠬᠤᠰᠢᠭᠤᠨ ᠤ |
ᠢᠩᠭᠡᠨ ᠰᠤᠮᠤ ᠶᠢᠨ ᠨᠠᠮ ᠤᠨ ᠬᠤᠷᠢᠶᠠᠨ ᠤ ᠱᠦᠵᠢ ᠲᠡᠭᠦᠰ᠄ ︽ᠢᠨᠵᠧᠨᠧᠷᠢᠩ ᠨᠢ ᠰᠤᠮᠤ ᠶᠢᠨ 8 ᠡᠷᠦᠬᠡ ᠨᠡᠶᠢᠲᠡ |
32 ᠬᠥᠮᠦᠨ ᠳᠤ ᠠᠰᠢᠭ ᠬᠦᠷᠲᠡᠭᠡᠵᠦ᠂ ᠨᠤᠲᠤᠭ ᠤᠰᠤ ᠪᠠᠨ ᠬᠠᠮᠠᠭᠠᠯᠠᠵᠤ ᠬᠢᠯᠢ ᠬᠢᠵᠠᠭᠠᠷ ᠢᠶᠠᠨ ᠬᠠᠮᠠᠭᠠᠯᠠᠬᠤ |
ᠡᠷᠦᠬᠡ ᠶᠢᠨ ᠤᠤᠭᠤᠬᠤ ᠤᠰᠤᠨ ᠤ ᠴᠢᠨᠠᠷ ᠴᠢᠨᠰᠠᠭ᠎ᠠ ᠪᠠ ᠠᠮᠤᠷ ᠲᠦᠪᠰᠢᠨ ᠢ ᠳᠡᠭᠡᠭᠰᠢᠯᠡᠭᠦᠯᠵᠦ᠂ ᠦᠢᠯᠡᠳᠪᠦᠷᠢᠯᠡᠯ |
ᠠᠮᠢᠳᠤᠷᠠᠯ ᠢ ᠪᠠᠲᠤᠯᠠᠵᠤ᠂ ︿ᠬᠤᠶᠠᠷ ᠬᠠᠯᠬᠠᠪᠴᠢ﹀ ᠶᠢ ᠪᠠᠲᠤ ᠴᠣᠭᠴᠠᠯᠠᠵᠤ᠂ ᠠᠮᠢ ᠠᠬᠤᠶ ᠶᠢ ᠤᠷᠢᠳ ᠢᠶᠠᠷ |
ᠪᠣᠳᠣᠯᠬᠢᠯᠠᠬᠤ ᠪᠣᠬᠢᠷᠲᠤᠯ ᠥᠬᠡᠶ ᠬᠥᠭᠵᠢᠭᠦᠯᠬᠦ ᠵᠠᠮ ᠢᠶᠠᠷ ᠰᠠᠶᠢᠲᠤᠷ ᠵᠠᠮᠨᠠᠬᠤ ᠳᠤ ᠢᠳᠡᠪᠬᠢᠲᠡᠶ ᠦᠢᠯᠡᠳᠦᠯ |
ᠦᠵᠡᠭᠦᠯᠵᠡᠢ︾ ᠭᠡᠵᠡᠶ᠃ |
|
|
|
|
|
ᠠᠯᠠᠱᠠ ᠵᠡᠭᠦᠨ ᠬᠤᠰᠢᠭᠤᠨ ᠤ ᠢᠩᠭᠡᠨ ᠰᠤᠮᠤ ᠶᠢᠨ ᠨᠠᠮ ᠤᠨ ᠬᠤᠷᠢᠶᠠᠨ ᠤ ᠱᠦᠵᠢ ᠲᠡᠭᠦᠰ |
ᠰᠤᠷᠪᠤᠯᠵᠢᠯᠠᠭ᠎ᠠ ᠶᠢ ᠬᠦᠯᠢᠶᠡᠪᠡ |
︽ᠡᠨᠡ ᠬᠦ ᠬᠤᠭᠤᠯᠠᠶ ᠮᠠᠨ ᠤ ᠬᠡᠷ ᠤᠨ ᠬᠠᠵᠠᠭᠤ ᠳᠤ ᠨᠡᠭᠡᠯᠡᠬᠡᠶ ᠶᠢ ᠤᠷᠢᠳᠴᠢᠯᠠᠨ ᠦᠯᠡᠳᠡᠭᠡᠵᠦ᠂ |
ᠪᠠᠶᠢᠭᠤᠯᠵᠤ ᠳᠠᠭᠤᠰᠤᠭᠠᠳ ᠤᠰᠤ ᠨᠡᠪᠲᠡᠷᠡᠭᠦᠯᠦᠭᠰᠡᠨ ᠤ ᠳᠠᠷᠠᠭ᠎ᠠ᠂ ᠪᠢ ᠬᠤᠯᠠ ᠭᠠᠵᠠᠷ ᠠᠴᠠ ᠤᠰᠤ ᠲᠡᠭᠡᠭᠡᠬᠦ |
ᠴᠢᠬᠤᠯᠠ ᠥᠬᠡᠶ᠂ ᠨᠠᠩ ᠣᠯᠠᠨ ᠵᠠᠭ ᠳᠠᠷᠢᠵᠤ᠂ ᠨᠣᠭᠤᠭᠠᠷᠠᠭᠤᠯᠤᠯᠲᠠ ᠶᠢᠨ ᠲᠠᠯᠠᠪᠠᠶ ᠤᠯᠠᠮ ᠠᠴᠠ ᠤᠯᠠᠮ ᠶᠡᠬᠡᠳᠡᠬᠦ |
ᠪᠣᠯᠤᠨ᠎ᠠ︾ ᠭᠡᠵᠡᠶ᠃ ᠬᠤᠶᠢᠰᠢᠳᠠ ᠶᠢᠨ ᠦᠢᠯᠡᠳᠪᠦᠷᠢᠯᠡᠯ ᠠᠮᠢᠳᠤᠷᠠᠯ ᠤᠨ ᠠᠷᠭ᠎ᠠ ᠪᠣᠳᠣᠯᠭ᠎ᠠ ᠳᠤ᠂ ᠵᠢᠶᠤᠤ ᠳ᠋ᠦᠸᠧ |
ᠸᠧᠨ ᠨᠠᠰᠤᠲᠠᠨ ᠬᠦᠰᠡᠯ ᠳᠦᠭᠦᠷᠡᠩ ᠪᠠᠶᠢᠨ᠎ᠠ᠃ |
ᠨᠢᠭᠡᠨ ᠤᠰᠤ ᠳᠠᠮᠵᠢᠭᠤᠯᠬᠤ ᠬᠤᠭᠤᠯᠠᠶ ᠨᠢ ᠮᠠᠯᠴᠢᠳ ᠲᠠᠢ ᠬᠤᠯᠪᠣᠯᠳᠤᠵᠤ᠂ ᠠᠯᠠᠱᠠ ᠵᠡᠭᠦᠨ ᠬᠤᠰᠢᠭᠤᠨ ᠤ |
ᠥᠷᠭᠡᠨ ᠣᠯᠠᠨ ᠬᠢᠯᠢ ᠬᠢᠵᠠᠭᠠᠷ ᠣᠷᠣᠨ ᠲᠠᠢ ᠵᠠᠯᠭᠠᠯᠳᠤᠵᠤ ᠪᠠᠶᠢᠨ᠎ᠠ᠃ |
ᠦᠳᠡ ᠶᠢᠨ ᠬᠤᠶᠢᠨ᠎ᠠ ᠶᠢᠨ ᠭᠤᠪᠢ ᠲᠠᠩ ᠮᠥᠨ ᠯᠡ ᠪᠦᠭᠴᠢᠮ ᠬᠠᠯᠠᠭᠤᠨ᠂ ᠥᠪᠥᠷ ᠮᠣᠩᠭᠤᠯ ᠤᠨ |
ᠴᠡᠷᠢᠭ ᠤᠨ ᠲᠣᠭᠤᠷᠢᠭ ᠤᠨ ᠬᠢᠯᠢ ᠶᠢᠨ ᠬᠠᠮᠠᠭᠠᠯᠠᠯᠲᠠ ᠶᠢᠨ ᠨᠢᠭᠡᠨ ᠴᠡᠷᠢᠭ ᠠᠩᠭᠢ ᠶᠢᠨ ᠰᠤᠮᠤᠨ ᠳᠤ ᠪᠠᠶᠢᠯᠳᠤᠭᠴᠢᠳ |
ᠪᠣᠯᠪᠠᠰᠤᠷᠠᠯ ᠬᠢᠵᠦ᠂ ᠠᠯᠬᠤᠭ᠎ᠠ ᠨᠢ ᠲᠡᠷᠢ ᠲᠡᠭᠰᠢ ᠬᠦᠴᠦᠲᠡᠢ᠂ ᠤᠷᠢᠶ᠎ᠠ ᠨᠢ ᠰᠦᠷ ᠵᠢᠪᠬᠤᠭ᠎ᠠ ᠲᠠᠢ ᠪᠠᠶᠢᠯ᠎ᠠ᠃ |
ᠣᠶᠢᠷ᠎ᠠ ᠬᠠᠪᠢ ᠶᠢᠨ ᠡᠪᠡᠰᠦᠲᠦ ᠲᠠᠯ᠎ᠠ ᠳᠤ ᠬᠡᠳᠦᠨ ᠲᠡᠮᠡᠭᠡ ᠰᠤᠯᠠ ᠰᠡᠯᠡᠭᠦᠦ ᠢᠳᠡᠰᠢ ᠢᠳᠡᠵᠦ᠂ 331 |
ᠤᠯᠤᠰ ᠤᠨ ᠵᠠᠮ ᠳᠡᠭᠡᠷ᠎ᠡ᠂ ᠨᠢᠭᠡᠨ ᠠᠴᠢᠶᠠᠨ ᠤ ᠮᠠᠰᠢᠨ ᠲᠡᠷᠭᠡ ᠳᠦᠭᠦᠷᠡᠩ ᠪᠠᠷᠠᠭ᠎ᠠ ᠲᠡᠭᠡᠭᠡᠵᠦ ᠤᠷᠭᠤᠯᠲᠠ ᠶᠢᠨ |
ᠠᠩᠭᠢ ᠠᠯᠤᠰ ᠵᠦᠭ ᠠᠶᠠᠯᠠᠵᠤ᠂ ᠦᠵᠡᠮᠵᠢ ᠪᠠᠶᠢᠳᠠᠯ ᠠᠮᠤᠷ ᠠᠮᠤᠭᠤᠯᠠᠩ ᠥᠯᠵᠡᠶ ᠪᠡᠯᠭᠡ ᠲᠠᠢ ᠪᠠᠶᠢᠯ᠎ᠠ᠃ |
ᠡᠨᠡ ᠪᠦᠬᠦᠨ ᠨᠢ ᠴᠥᠮ ᠬᠢᠯᠢ ᠶᠢᠨ ᠬᠠᠮᠠᠭᠠᠯᠠᠯᠲᠠ ᠶᠢᠨ ᠳᠠᠷᠤᠭ᠎ᠠ ᠪᠠᠶᠢᠯᠳᠤᠭᠴᠢ ᠠᠴᠠ ᠰᠠᠯᠵᠤ ᠴᠢᠳᠠᠬᠤ |
ᠦᠭᠡᠢ᠂ ᠬᠢᠯᠢ ᠶᠢᠨ ᠬᠠᠮᠠᠭᠠᠯᠠᠯᠲᠠ ᠶᠢᠨ ᠠᠷᠠᠳ ᠤᠨ ᠴᠠᠭᠳᠠᠭ᠎ᠠ ᠵᠢᠴᠢ ᠨᠤᠲᠤᠭ ᠤᠰᠤ ᠪᠠᠨ ᠰᠠᠬᠢᠨ ᠬᠠᠮᠠᠭᠠᠯᠠᠬᠤ |
ᠡᠷᠦᠬᠡ ᠶᠢᠨ ᠦᠭᠡ ᠳᠠᠭᠤᠨ ᠦᠭᠡᠢ ᠪᠠᠷ ᠵᠢᠳᠭᠦᠵᠦ ᠪᠠᠶᠢᠨ᠎ᠠ᠃ |
ᠭᠡᠲᠡᠯ᠎ᠡ ᠢᠩᠭᠡᠨ ᠰᠤᠮᠤ ᠶᠢᠨ ᠬᠢᠯᠢ ᠬᠢᠵᠠᠭᠠᠷ ᠣᠷᠣᠨ ᠳᠤ ᠭᠠᠩ ᠬᠠᠭᠤᠷᠠᠶ ᠪᠣᠷᠣᠭᠠᠨ ᠪᠠᠭ᠎ᠠ ᠪᠣᠯᠬᠤᠷ |
ᠥᠷᠭᠡᠨ ᠣᠯᠠᠨ ᠬᠢᠯᠢ ᠶᠢᠨ ᠬᠠᠮᠠᠭᠠᠯᠠᠯᠲᠠ ᠶᠢᠨ ᠳᠠᠷᠤᠭ᠎ᠠ ᠪᠠᠶᠢᠯᠳᠤᠭᠴᠢ᠂ ᠬᠢᠯᠢ ᠶᠢᠨ ᠬᠠᠮᠠᠭᠠᠯᠠᠯᠲᠠ ᠶᠢᠨ ᠠᠷᠠᠳ ᠤᠨ |
ᠴᠠᠭᠳᠠᠭ᠎ᠠ ᠵᠢᠴᠢ ᠮᠠᠯᠴᠢᠨ ᠲᠦᠮᠡᠨ ᠤ ᠦᠢᠯᠡᠳᠪᠦᠷᠢᠯᠡᠯ ᠠᠮᠢᠳᠤᠷᠠᠯ ᠳᠤ ᠬᠡᠷᠡᠭᠯᠡᠬᠦ ᠤᠰᠤ ᠲᠦᠢᠯ ᠤᠨ ᠳᠤᠲᠠᠭᠳᠠᠵᠤ᠂ |
ᠤᠰᠤᠨ ᠤ ᠴᠢᠨᠠᠷ ᠨᠢ ᠴᠦ ᠤᠤᠭᠤᠬᠤ ᠪᠠᠷᠢᠮᠵᠢᠶ᠎ᠠ ᠳᠤ ᠬᠦᠷᠴᠦ ᠳᠡᠶᠢᠯᠬᠦ ᠥᠬᠡᠶ ᠪᠠᠶᠢᠪᠠ᠃ |
ᠠᠯᠠᠱᠠ ᠵᠡᠭᠦᠨ ᠬᠤᠰᠢᠭᠤᠨ ᠤ ᠤᠯᠤᠰ ᠤᠨ ᠬᠢᠯᠢ ᠬᠠᠮᠠᠭᠠᠯᠠᠯᠲᠠ ᠶᠢᠨ ᠡᠭᠦᠷᠭᠡ ᠲᠦᠢᠯ ᠤᠨ ᠬᠠᠲᠠᠭᠤ ᠪᠡᠷᠬᠡ |
ᠪᠠᠶᠢᠨ᠎ᠠ᠃ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠨᠢ ᠬᠢᠯᠢ ᠶᠢᠨ ᠴᠡᠷᠢᠭ ᠴᠠᠭᠳᠠᠭ᠎ᠠ |
ᠠᠷᠠᠳ ᠤᠨ ᠤᠤᠭᠤᠬᠤ ᠤᠰᠤᠨ ᠤ ᠠᠮᠤᠷ ᠲᠦᠪᠰᠢᠨ ᠢ ᠪᠠᠲᠤᠯᠠᠬᠤ ᠠᠵᠢᠯ ᠢ ᠳᠡᠭᠡᠳᠦ ᠬᠡᠮᠵᠢᠶ᠎ᠡ ᠪᠠᠷ ᠠᠩᠬᠠᠷᠴᠤ᠂ |
ᠠᠯᠠᠱᠠ ᠠᠶᠢᠮᠠᠭ ᠤᠨ ᠡᠯ᠎ᠡ ᠱᠠᠲᠤᠨ ᠤ ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ |
ᠮᠥᠴᠢᠷ ᠢ ︽ᠴᠡᠷᠢᠭ ᠠᠩᠭᠢ ᠶᠢᠨ ᠨᠢᠭᠡ ᠬᠥᠯᠭᠡ ᠰᠢᠲᠠᠷ᠎ᠠ︾ ᠶᠢᠨ ᠦᠵᠡᠯ ᠰᠠᠨᠠᠭ᠎ᠠ ᠶᠢ ᠪᠠᠲᠤ ᠪᠠᠬᠢ ᠪᠣᠶ ᠪᠣᠯᠭᠠᠵᠤ᠂ |
ᠴᠡᠷᠢᠭ ᠤᠨ ᠶᠠᠪᠤᠳᠠᠯ ᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠨ᠂ ᠴᠡᠷᠢᠭ ᠢ ᠲᠡᠷᠢᠭᠦᠨ ᠳᠤ ᠲᠠᠯᠪᠢᠬᠤ ᠶᠢ |
ᠪᠠᠷᠢᠮᠲᠠᠯᠠᠵᠤ᠂ ᠤᠰᠤᠨ ᠤ ᠴᠢᠨᠠᠷ ᠤᠨ ᠠᠮᠤᠷ ᠲᠦᠪᠰᠢᠨ ᠤ ᠬᠤᠷᠢᠭ᠎ᠠ ᠱᠤᠭᠤᠮ ᠢ ᠡᠷᠡᠰ ᠰᠠᠬᠢᠵᠤ᠂ ᠬᠢᠯᠢ ᠶᠢᠨ |
ᠮᠠᠯᠵᠢᠬᠤ ᠣᠷᠣᠨ ᠤ ᠤᠤᠭᠤᠬᠤ ᠤᠰᠤ᠂ ᠤᠰᠤ ᠬᠡᠷᠡᠭᠯᠡᠬᠦ ᠰᠢᠰᠲ᠋ᠧᠮ ᠤᠨ ᠪᠠᠶᠢᠭᠤᠯᠤᠯᠲᠠ ᠶᠢ ᠦᠷᠭᠦᠯᠵᠢᠯᠡᠨ |
ᠴᠢᠩᠭᠠᠳᠬᠠᠵᠤ᠂ ᠬᠢᠯᠢ ᠬᠢᠵᠠᠭᠠᠷ ᠣᠷᠣᠨ ᠤ ᠴᠡᠷᠢᠭ ᠴᠠᠭᠳᠠᠭ᠎ᠠ ᠵᠢᠴᠢ ᠮᠠᠯᠵᠢᠬᠤ ᠣᠷᠣᠨ ᠤ ᠣᠯᠠᠨ ᠲᠦᠮᠡᠨ ᠤ |
ᠠᠮᠢᠳᠤᠷᠠᠯ ᠤᠨ ᠶᠠᠰᠤ ᠴᠢᠨᠠᠷ ᠪᠠ ᠡᠷᠡᠭᠦᠯ ᠮᠡᠨᠳᠦ ᠶᠢᠨ ᠬᠢᠷᠢ ᠲᠦᠪᠰᠢᠨ ᠢ ᠴᠢᠷᠮᠠᠶᠢᠨ ᠳᠡᠭᠡᠭᠰᠢᠯᠡᠭᠦᠯᠬᠦ ᠬᠡᠷᠡᠭᠲᠡᠶ ᠭᠡᠵᠦ |
ᠱᠠᠭᠠᠷᠳᠠᠪᠠ᠃ |
|
|
|
|
|
ᠥᠪᠥᠷ ᠮᠣᠩᠭᠤᠯ ᠤᠨ ᠬᠢᠯᠢ ᠶᠢᠨ ᠬᠠᠮᠠᠭᠠᠯᠠᠯᠲᠠ ᠶᠢᠨ ᠨᠢᠭᠡᠨ ᠵᠠᠬᠢᠷᠭ᠎ᠠ ᠶᠢᠨ ᠨᠢᠭᠡᠨ ᠰᠤᠮᠤᠨ ᠤ ᠳᠠᠷᠤᠭ᠎ᠠ ᠵᠠᠩ |
ᠱᠦ ᠭᠤᠸᠠᠩ ᠰᠤᠷᠪᠤᠯᠵᠢᠯᠠᠭ᠎ᠠ ᠶᠢ ᠬᠦᠯᠢᠶᠡᠪᠡ |
ᠥᠪᠥᠷ ᠮᠣᠩᠭᠤᠯ ᠤᠨ ᠴᠡᠷᠢᠭ ᠤᠨ ᠲᠣᠭᠤᠷᠢᠭ ᠤᠨ ᠬᠢᠯᠢ ᠶᠢᠨ ᠬᠠᠮᠠᠭᠠᠯᠠᠯᠲᠠ ᠶᠢᠨ ᠨᠢᠭᠡᠨ ᠵᠠᠬᠢᠷᠭ᠎ᠠ ᠶᠢᠨ |
ᠨᠢᠭᠡᠨ ᠰᠤᠮᠤᠨ ᠤ ᠳᠠᠷᠤᠭ᠎ᠠ ᠶᠢᠨ ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ ᠥᠪᠡᠷ ᠢᠶᠠᠨ ᠤᠰᠤ ᠬᠡᠷᠡᠭᠯᠡᠬᠦ ᠠᠴᠠ |
ᠭᠠᠳᠠᠨ᠎ᠠ᠂ ᠲᠣᠰ ᠰᠤᠮᠤ ᠪᠠᠰᠠ ᠣᠶᠢᠷ᠎ᠠ ᠬᠠᠪᠢ ᠶᠢᠨ ᠬᠢᠯᠢ ᠶᠢᠨ ᠬᠠᠮᠠᠭᠠᠯᠠᠯᠲᠠ ᠶᠢᠨ ᠲᠣᠮᠢᠯᠠᠭᠰᠠᠨ ᠰᠠᠯᠪᠤᠷᠢ ᠶᠢᠨ |
ᠴᠠᠭᠳᠠᠭᠠᠨ ᠤ ᠶᠠᠪᠤᠳᠠᠯ ᠤᠨ ᠲᠠᠰᠤᠭ ᠵᠢᠴᠢ ᠨᠤᠲᠤᠭ ᠤᠰᠤ ᠪᠠᠨ ᠬᠠᠮᠠᠭᠠᠯᠠᠵᠤ ᠬᠢᠯᠢ ᠬᠢᠵᠠᠭᠠᠷ ᠢᠶᠠᠨ ᠬᠠᠮᠠᠭᠠᠯᠠᠬᠤ |
ᠡᠷᠦᠬᠡ ᠮᠠᠯᠴᠢᠨ ᠲᠦᠮᠡᠨ ᠤ ᠤᠰᠤ ᠬᠡᠷᠡᠭᠯᠡᠬᠦ ᠬᠡᠷᠡᠭᠴᠡᠭᠡ ᠶᠢ ᠡᠭᠦᠷᠭᠡᠯᠡᠵᠦ ᠪᠠᠶᠢᠨ᠎ᠠ᠃ ᠤᠰᠤᠨ ᠤ ᠢᠷᠡᠯᠲᠡ ᠶᠢᠨ |
ᠴᠡᠭ ᠠᠴᠠ ᠬᠤᠯᠠ ᠮᠥᠷᠲᠡᠭᠡᠨ ᠤᠰᠤᠨ ᠤ ᠴᠢᠨᠠᠷ ᠨᠢ ᠪᠠᠷᠢᠮᠵᠢᠶ᠎ᠠ ᠳᠤ ᠬᠦᠷᠬᠦ ᠦᠭᠡᠢ ᠠᠴᠠ ᠪᠣᠯᠵᠤ᠂ ᠤᠰᠤ |
ᠬᠡᠷᠡᠭᠯᠡᠬᠦ ᠳᠤ ᠲᠦᠢᠯ ᠤᠨ ᠬᠦᠴᠢᠷᠲᠡᠢ ᠪᠠᠶᠢᠳᠠᠭ᠃ ᠠᠯᠠᠱᠠ ᠵᠡᠭᠦᠨ ᠬᠤᠰᠢᠭᠤᠨ ᠤ ᠢᠩᠭᠡᠨ ᠰᠤᠮᠤ ᠶᠢᠨ 2024 |
ᠣᠨ ᠤ ᠬᠢᠯᠢ ᠶᠢᠨ ᠤᠰᠤ ᠬᠠᠩᠭᠠᠬᠤ ᠪᠠᠲᠤᠯᠠᠭ᠎ᠠ ᠶᠢᠨ ᠢᠨᠵᠧᠨᠧᠷᠢᠩ ᠤᠨ ᠬᠤᠭᠤᠯᠠᠶ ᠲᠦᠷᠭᠡᠨ ᠠᠬᠢᠬᠤ ᠶᠢ |
ᠳᠠᠭᠠᠯᠳᠤᠨ᠂ ᠡᠨᠡ ᠬᠦ ᠠᠰᠠᠭᠤᠳᠠᠯ ᠴᠦ ᠰᠢᠢᠳᠪᠦᠷᠢᠯᠡᠭᠳᠡᠬᠦ ᠪᠣᠯᠤᠨ᠎ᠠ᠃ |
ᠥᠪᠥᠷ ᠮᠣᠩᠭᠤᠯ ᠤᠨ ᠴᠡᠷᠢᠭ ᠤᠨ ᠲᠣᠭᠤᠷᠢᠭ ᠤᠨ ᠬᠢᠯᠢ ᠶᠢᠨ ᠬᠠᠮᠠᠭᠠᠯᠠᠯᠲᠠ ᠶᠢᠨ ᠨᠢᠭᠡᠨ ᠵᠠᠬᠢᠷᠭ᠎ᠠ ᠶᠢᠨ |
ᠨᠢᠭᠡᠨ ᠰᠤᠮᠤᠨ ᠤ ᠳᠠᠷᠤᠭ᠎ᠠ ᠵᠠᠩ ᠱᠦ ᠭᠤᠸᠠᠩ ᠰᠤᠷᠪᠤᠯᠵᠢᠯᠠᠭ᠎ᠠ ᠶᠢ ᠬᠦᠯᠢᠶᠡᠬᠦ ᠳᠡᠭᠡᠨ ᠬᠡᠯᠡᠭᠰᠡᠨ ᠨᠢ᠄ ︽ |
ᠰᠤᠮᠤ ᠶᠢᠨ ᠠᠩᠭᠢ ᠶᠢᠨ ᠠᠮᠢᠳᠤᠷᠠᠯ ᠳᠤ ᠬᠡᠷᠡᠭᠯᠡᠬᠦ ᠤᠰᠤ ᠮᠠᠰᠢ ᠬᠦᠴᠢᠷ᠂ ᠦᠷᠭᠦᠯᠵᠢ 20 ᠺᠢᠯᠤᠮᠧᠲᠷ ᠠᠴᠠ |
ᠭᠠᠳᠠᠨᠠᠬᠢ ᠤᠰᠤᠨ ᠤ ᠢᠷᠡᠯᠲᠡ ᠶᠢᠨ ᠴᠡᠭ ᠲᠤ ᠤᠰᠤ ᠲᠠᠲᠠᠵᠤ᠂ ᠳᠠᠷᠤᠭ᠎ᠠ ᠪᠠᠶᠢᠯᠳᠤᠭᠴᠢᠳ ᠤᠨ ᠠᠮᠢᠳᠤᠷᠠᠯ ᠵᠢᠴᠢ |
ᠤᠤᠭᠤᠬᠤ ᠤᠰᠤᠨ ᠳᠤ ᠮᠠᠰᠢ ᠶᠡᠭᠡ ᠳᠥᠭᠦᠮ ᠦᠭᠡᠢ ᠪᠣᠯᠵᠤ᠂ ᠢᠨᠵᠧᠨᠧᠷᠢᠩ ᠳᠠᠭᠤᠰᠤᠭᠰᠠᠨ ᠤ ᠳᠠᠷᠠᠭ᠎ᠠ᠂ |
ᠳᠠᠷᠤᠭ᠎ᠠ ᠪᠠᠶᠢᠯᠳᠤᠭᠴᠢᠳ ᠴᠠᠭ ᠲᠤᠬᠠᠶ ᠳᠤᠨᠢ ᠴᠡᠪᠡᠷ ᠤᠤᠭᠤᠬᠤ ᠤᠰᠤ ᠬᠡᠷᠡᠭᠯᠡᠵᠦ ᠴᠢᠳᠠᠬᠤ ᠪᠣᠯᠵᠠᠢ᠂ ᠡᠨᠡ ᠬᠦ |
ᠠᠷᠭ᠎ᠠ ᠬᠡᠮᠵᠢᠶ᠎ᠡ ᠨᠢ ᠠᠮᠢᠳᠤᠷᠠᠯ ᠤᠨ ᠤᠰᠤ ᠬᠡᠷᠡᠭᠯᠡᠬᠦ ᠠᠰᠠᠭᠤᠳᠠᠯ ᠢ ᠰᠢᠢᠳᠪᠦᠷᠢᠯᠡᠭᠰᠡᠨ ᠪᠥᠭᠡᠳ ᠪᠠᠰᠠ ᠴᠡᠷᠢᠭ |
ᠠᠩᠭᠢ ᠶᠢᠨ ᠳᠠᠶᠢᠴᠢᠨ ᠬᠦᠴᠦᠨ ᠪᠠ ᠨᠢᠭᠲᠠᠷᠠᠯ ᠤᠨ ᠬᠦᠴᠦᠨ ᠢ ᠳᠡᠭᠡᠭᠰᠢᠯᠡᠭᠦᠯᠬᠦ ᠳᠤ ᠵᠣᠬᠢᠬᠤ ᠬᠡᠮᠵᠢᠶᠡᠨ ᠤ |
ᠠᠬᠢᠭᠤᠯᠬᠤ ᠦᠢᠯᠡᠳᠦᠯ ᠲᠠᠢ ᠶᠤᠮ︾᠃ |
ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠨᠢ ᠪᠥᠬᠦ ᠣᠷᠣᠨ ᠤ ᠡᠯ᠎ᠡ ᠱᠠᠲᠤᠨ ᠤ |
ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠢ ᠦᠷᠭᠦᠯᠵᠢᠯᠡᠨ ᠬᠥᠲᠥᠯᠥᠨ |
ᠳᠠᠭᠠᠭᠤᠯᠵᠤ᠂ ᠠᠷᠠᠳ ᠲᠦᠮᠡᠨ ᠢᠶᠠᠷ ᠭᠤᠤᠯ ᠪᠣᠯᠭᠠᠬᠤ ᠶᠢ ᠢᠮᠠᠭᠲᠠ ᠪᠠᠷᠢᠮᠲᠠᠯᠠᠨ᠂ ᠨᠠᠩ ᠶᠡᠭᠡ ᠡᠷᠡᠰ ᠵᠣᠷᠢᠭ᠂ |
ᠨᠠᠩ ᠥᠨᠳᠥᠷ ᠪᠠᠷᠢᠮᠵᠢᠶ᠎ᠠ᠂ ᠨᠠᠩ ᠪᠣᠳᠠᠲᠠᠶ ᠠᠷᠭ᠎ᠠ ᠬᠡᠮᠵᠢᠶ᠎ᠡ ᠪᠠᠷ ᠠᠷᠠᠳ ᠤᠨ ᠠᠮᠢᠳᠤᠷᠠᠯ ᠤᠨ ᠲᠥᠷᠥᠯ ᠵᠦᠢᠯ ᠤᠨ |
ᠪᠥᠲᠥᠭᠡᠨ ᠪᠠᠶᠢᠭᠤᠯᠤᠯᠲᠠ ᠶᠢᠨ ᠬᠤᠷᠳᠤᠴᠠ ᠶᠢ ᠳᠠᠬᠢᠨ ᠲᠦᠷᠭᠡᠳᠭᠡᠬᠦ᠂ ᠶᠠᠰᠤ ᠴᠢᠨᠠᠷ ᠢ ᠳᠠᠬᠢᠨ ᠳᠡᠭᠡᠭᠰᠢᠯᠡᠭᠦᠯᠬᠦ᠂ |
ᠳᠠᠬᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ ᠠᠬᠢᠭᠤᠯᠤᠨ᠎ᠠ᠃ ᠢᠨᠵᠧᠨᠧᠷᠢᠩ ᠤᠨ ᠤᠰᠤᠨ ᠤ ᠴᠢᠨᠠᠷ ᠢ |
ᠪᠠᠶᠢᠴᠠᠭᠠᠨ ᠬᠡᠮᠵᠢᠬᠦ ᠬᠠᠮᠢᠶᠠᠷᠤᠯᠲᠠ ᠶᠢᠨ ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂ ᠤᠤᠭᠤᠬᠤ ᠤᠰᠤᠨ ᠤ |
ᠠᠮᠤᠷ ᠲᠦᠪᠰᠢᠨ ᠤ ᠢᠨᠵᠧᠨᠧᠷᠢᠩ ᠤᠨ ᠠᠵᠢᠯᠯᠠᠭᠠᠨ ᠤ ᠬᠠᠮᠢᠶᠠᠷᠤᠯᠲᠠ ᠶᠢ ᠰᠠᠶᠢᠲᠤᠷ ᠬᠢᠵᠦ᠂ ᠮᠠᠯᠵᠢᠬᠤ ᠲᠠᠷᠢᠶᠠᠯᠠᠬᠤ |
ᠣᠷᠣᠨ ᠤ ᠤᠰᠤ ᠬᠠᠩᠭᠠᠬᠤ ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠬᠤ ᠶᠢ ᠠᠬᠢᠭᠤᠯᠵᠤ᠂ ᠣᠯᠠᠨ ᠲᠦᠮᠡᠨ ᠤ |
ᠰᠠᠨᠠᠭ᠎ᠠ ᠠᠮᠤᠷ ᠤᠰᠤ᠂ ᠠᠮᠤᠷ ᠲᠦᠪᠰᠢᠨ ᠤᠰᠤ᠂ ᠵᠣᠯ ᠵᠢᠷᠭᠠᠯᠲᠤ ᠤᠰᠤ ᠤᠤᠭᠤᠬᠤ ᠶᠢ ᠦᠨᠡᠨ ᠬᠦ ᠪᠠᠲᠤᠯᠠᠬᠤ |
ᠬᠡᠷᠡᠭᠲᠡᠶ᠃ ᠮᠠᠯᠵᠢᠬᠤ ᠲᠠᠷᠢᠶᠠᠯᠠᠬᠤ ᠣᠷᠣᠨ ᠤ ᠤᠰᠤ ᠬᠠᠩᠭᠠᠬᠤ ᠪᠠᠲᠤᠯᠠᠭ᠎ᠠ ᠶᠢᠨ ᠡᠯ᠎ᠡ ᠵᠦᠢᠯ ᠤᠨ ᠠᠷᠭ᠎ᠠ |
ᠬᠡᠮᠵᠢᠶ᠎ᠡ ᠶᠢ ᠦᠷᠭᠦᠯᠵᠢᠯᠡᠨ ᠭᠦᠨᠵᠡᠭᠡᠶ ᠨᠠᠶᠢᠳᠠᠪᠤᠷᠢᠵᠢᠭᠤᠯᠵᠤ᠂ ᠤᠰᠤ ᠬᠠᠩᠭᠠᠬᠤ ᠬᠡᠪᠴᠢᠶ᠎ᠡ ᠪᠠ ᠲᠦᠭᠡᠭᠡᠯ |
ᠤᠰᠤ ᠶᠢ ᠲᠦᠭᠡᠮᠡᠯᠵᠢᠭᠦᠯᠬᠦ ᠨᠣᠷᠮ᠎ᠠ ᠶᠢ ᠳᠡᠭᠡᠭᠰᠢᠯᠡᠭᠦᠯᠦᠨ᠂ ᠮᠠᠯᠵᠢᠬᠤ ᠲᠠᠷᠢᠶᠠᠯᠠᠬᠤ ᠣᠷᠣᠨ ᠤ ᠤᠰᠤ ᠬᠠᠩᠭᠠᠬᠤ ︽ |
ᠡᠴᠦᠰ ᠤᠨ ᠨᠢᠭᠡ ᠺᠢᠯᠤᠮᠧᠲᠷ︾ ᠢ ᠨᠡᠪᠲᠡᠷᠡᠭᠦᠯᠬᠦ ᠬᠡᠷᠡᠭᠲᠡᠶ᠃ |
|