ᠬᠡᠯᠬᠢᠶᠡᠰᠦᠨ ᠨᠣᠮᠧᠷ᠄ 000014348/2024 — 07062 |
ᠭᠤᠣᠯ ᠰᠡᠳᠦᠪ ᠤᠨ ᠠᠩᠭᠢᠯᠠᠯ᠄ ᠤᠰᠤᠨ ᠠᠰᠢᠭᠯᠠᠯᠲᠠ |
ᠨᠡᠶᠢᠲᠡᠯᠡᠭᠰᠡᠨ ᠪᠠᠶᠢᠭᠤᠯᠤᠮᠵᠢ᠄ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ |
ᠪᠢᠴᠢᠭ ᠤᠨ ᠳ᠋ᠤᠭᠠᠷ᠄ ᠦᠪᠦᠷ ᠤᠰᠤᠨ ᠬᠠᠮᠠᠭᠠᠯᠠᠬᠤ ᠵᠦᠪᠰᠢᠶᠡᠷᠡᠯ ᠲᠤᠭᠲᠠᠭᠠᠯ ﹇2024﹈ 29 ᠳ᠋ᠦ᠋ᠭᠡᠷ |
ᠲᠣᠭᠠᠲᠤ |
ᠪᠢᠴᠢᠭᠳᠡᠭᠰᠡᠨ ᠡᠳᠦᠷ ᠬᠤᠭᠤᠴᠠᠭ᠎ᠠ᠄ 2024 ᠣᠨ ᠤ 8 ᠳ᠋ᠤᠭᠠᠷ ᠰᠠᠷ᠎ᠠ ᠶᠢᠨ 3 ᠤ ᠡᠳᠦᠷ |
ᠠᠯᠪᠠᠨ ᠪᠢᠴᠢᠭ ᠤᠨ ᠬᠦᠴᠦᠨ ᠲᠠᠢ ᠬᠤᠭᠤᠴᠠᠭ᠎ᠠ᠄ ᠬᠦᠴᠦᠨ ᠲᠠᠢ |
|
ᠥᠪᠥᠷ ᠮᠣᠩᠭᠤᠯ ᠤᠨ ᠰᠢᠨ ᠴᠧᠩ ᠸᠧᠶ ᠶᠧ ᠬᠢᠮᠢ ᠶᠢᠨ ᠬᠢᠵᠠᠭᠠᠷᠲᠤ ᠺᠣᠮᠫᠠᠨᠢ᠄ |
︽ᠬᠠᠲᠤᠨ ᠭᠤᠤᠯ ᠤᠨ ᠰᠠᠪᠠ ᠭᠠᠵᠠᠷ ᠤᠨ ᠤᠰᠤᠨ ᠤ ᠡᠬᠢ ᠪᠠᠶᠠᠯᠢᠭ ᠤᠨ ᠳᠠᠭᠠᠭᠠᠴᠠ ᠠᠴᠠ ᠬᠡᠲᠦᠷᠡᠭᠰᠡᠨ |
ᠭᠠᠵᠠᠷ ᠣᠷᠣᠨ ᠳᠤ ᠤᠰᠤ ᠠᠪᠬᠤ ᠵᠥᠪᠰᠢᠶᠡᠷᠡᠯ ᠢ ᠰᠢᠨ᠎ᠡ ᠪᠠᠷ ᠨᠡᠮᠡᠭᠳᠡᠭᠦᠯᠬᠦ ᠶᠢ ᠲᠦᠷ ᠵᠣᠭᠰᠣᠭᠠᠬᠤ ᠲᠤᠬᠠᠶ |
ᠤᠰᠤᠨ ᠠᠰᠢᠭᠯᠠᠯᠲᠠ ᠶᠢᠨ ᠶᠠᠮᠤᠨ ᠤ ᠮᠡᠳᠡᠭᠳᠡᠯ︾ ︵ᠤᠰᠤᠨ ᠤ ᠡᠬᠢ ᠪᠠᠶᠠᠯᠢᠭ ᠬᠠᠮᠢᠶᠠᠷᠤᠯᠲᠠ ﹇2020﹈ |
280 ᠳ᠋ᠤᠭᠠᠷ ᠲᠣᠭᠠᠲᠤ︶ ᠂ ︽ᠬᠠᠲᠤᠨ ᠭᠤᠤᠯ ᠤᠨ ᠭᠤᠤᠯ ᠤᠷᠤᠰᠬᠠᠯ ᠤᠨ ᠤᠰᠤ ᠲᠠᠲᠠᠵᠤ ᠬᠡᠷᠡᠭᠯᠡᠬᠦ ᠲᠥᠷᠥᠯ |
ᠵᠦᠢᠯ ᠤᠨ ᠤᠰᠤ ᠠᠪᠬᠤ ᠵᠥᠪᠰᠢᠶᠡᠷᠡᠯ ᠤᠨ ᠬᠠᠮᠢᠶᠠᠷᠤᠯᠲᠠ ᠶᠢ ᠰᠢᠯᠵᠢᠭᠦᠯᠦᠨ ᠲᠤᠰᠢᠶᠠᠬᠤ ᠲᠤᠬᠠᠶ ᠬᠠᠲᠤᠨ |
ᠭᠤᠤᠯ ᠤᠨ ᠤᠰᠤᠨ ᠤ ᠡᠬᠢ ᠪᠠᠶᠠᠯᠢᠭ ᠤᠨ ᠲᠣᠪᠴᠢᠶ᠎ᠠ ᠶᠢᠨ ᠵᠠᠬᠢᠳᠠᠯ︾ ︵ᠤᠰᠤᠨ ᠤ ᠡᠬᠢ ᠪᠠᠶᠠᠯᠢᠭ ᠤᠨ |
ᠬᠠᠮᠢᠶᠠᠷᠤᠯᠲᠠ ﹇2023﹈ 33 ᠳ᠋ᠤᠭᠠᠷ ᠲᠣᠭᠠᠲᠤ︶ ᠤᠨ ᠬᠤᠯᠪᠣᠭᠳᠠᠯ ᠪᠥᠬᠦᠶ ᠱᠠᠭᠠᠷᠳᠠᠯᠭ᠎ᠠ ᠶᠢ ᠦᠨᠳᠦᠰᠦᠯᠡᠨ ᠂ |
ᠮᠠᠨ ᠤ ᠲᠢᠩᠬᠢᠮ ᠲᠠᠨ ᠤ ᠺᠣᠮᠫᠠᠨᠢ ᠶᠢᠨ ᠨᠠᠷᠢᠯᠢᠭ ᠬᠢᠮᠢ ᠶᠢᠨ ᠠᠵᠤ ᠦᠢᠯᠡᠳᠪᠦᠷᠢ ᠶᠢᠨ ᠦᠢᠯᠡᠳᠬᠦᠨ ᠤ ᠲᠥᠷᠥᠯ |
ᠵᠦᠢᠯ ᠤᠨ ᠤᠰᠤ ᠠᠪᠬᠤ ᠵᠥᠪᠰᠢᠶᠡᠷᠡᠯ ᠤᠨ ᠭᠤᠶᠤᠴᠢᠯᠠᠯ ᠢ ᠭᠥᠯᠢᠶᠡᠨ ᠠᠪᠴᠤ ᠰᠢᠢᠳᠪᠦᠷᠢᠯᠡᠨ᠎ᠡ ᠃ ᠬᠢᠨᠠᠨ |
ᠪᠠᠶᠢᠴᠠᠭᠠᠭᠰᠠᠨ ᠢᠶᠠᠷ ᠂ ᠲᠠᠨ ᠤ ᠺᠣᠮᠫᠠᠨᠢ ᠵᠥᠪᠰᠢᠶᠡᠷᠡᠯ ᠣᠯᠤᠭᠰᠠᠨ ᠦᠭᠡᠢ ᠪᠠᠷ ᠳᠤᠷ᠎ᠠ ᠪᠠᠷ ᠢᠶᠠᠨ ᠤᠰᠤ ᠠᠪᠤᠭᠰᠠᠨ |
ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠶᠢ ᠨᠢᠭᠡᠨᠲᠡ ᠪᠠᠶᠢᠴᠠᠭᠠᠨ ᠰᠢᠢᠳᠪᠦᠷᠢᠯᠡᠵᠦ ᠂ ᠭᠤᠶᠤᠴᠢᠯᠠᠯ ᠨᠢ |
ᠬᠠᠤᠯᠢ ᠳᠤ ᠲᠣᠭᠲᠠᠭᠠᠭᠰᠠᠨ ᠨᠥᠬᠦᠴᠡᠯ ᠳᠤ ᠨᠡᠶᠢᠴᠡᠭᠰᠡᠨ ᠪᠠᠶᠢᠬᠤ ᠬᠡᠷᠡᠭᠲᠡᠢ ᠃ ︽ᠪᠦᠭᠦᠳᠡ ᠨᠠᠶᠢᠷᠠᠮᠳᠠᠬᠤ ᠳᠤᠮᠳᠠᠳᠤ |
ᠠᠷᠠᠳ ᠤᠯᠤᠰ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠬᠠᠤᠯᠢ︾ ᠶᠢᠨ ᠭᠤᠴᠢᠨ ᠨᠠᠢᠮᠠᠳᠤᠭᠠᠷ ᠵᠦᠢᠯ ᠤᠨ |
ᠨᠢᠭᠡᠳᠦᠭᠡᠷ ᠵᠤᠷᠪᠤᠰ ᠂ ︽ᠤᠰᠤᠨ ᠤ ᠵᠠᠰᠠᠭ ᠵᠠᠬᠢᠷᠭᠠᠨ ᠤ ᠵᠥᠪᠰᠢᠶᠡᠷᠡᠯ ᠤᠨ ᠬᠡᠷᠡᠭᠵᠢᠭᠦᠯᠬᠦ ᠠᠷᠭ᠎ᠠ︾ ᠶᠢᠨ ᠭᠤᠴᠢᠨ |
ᠬᠤᠶᠠᠳᠤᠭᠠᠷ ᠵᠦᠢᠯ ︵ᠨᠢᠭᠡᠳᠦᠭᠡᠷ︶ ᠵᠤᠷᠪᠤᠰ ᠂ ︽ᠤᠰᠤ ᠲᠠᠲᠠᠬᠤ ᠵᠥᠪᠰᠢᠶᠡᠷᠡᠯ ᠪᠠ ᠤᠰᠤᠨ ᠤ ᠡᠬᠢ |
ᠪᠠᠶᠠᠯᠢᠭ ᠤᠨ ᠵᠠᠷᠤᠳᠠᠯ ᠲᠠᠲᠠᠪᠤᠷᠢᠯᠠᠬᠤ ᠬᠠᠮᠢᠶᠠᠷᠤᠯᠲᠠ ᠶᠢᠨ ᠳᠦᠷᠢᠮ︾ ᠪᠣᠯᠤᠨ ︽ᠥᠪᠥᠷ ᠮᠣᠩᠭᠤᠯ ᠤᠨ |
ᠥᠪᠡᠷᠲᠡᠭᠡᠨ ᠵᠠᠰᠠᠬᠤ ᠣᠷᠣᠨ ᠤ ᠤᠰᠤ ᠲᠠᠲᠠᠬᠤ ᠵᠥᠪᠰᠢᠶᠡᠷᠡᠯ ᠪᠠ ᠤᠰᠤᠨ ᠤ ᠡᠬᠢ ᠪᠠᠶᠠᠯᠢᠭ ᠤᠨ ᠵᠠᠷᠤᠳᠠᠯ |
ᠲᠠᠲᠠᠪᠤᠷᠢᠯᠠᠬᠤ ᠬᠠᠮᠢᠶᠠᠷᠤᠯᠲᠠ ᠶᠢᠨ ᠬᠡᠷᠡᠭᠵᠢᠭᠦᠯᠬᠦ ᠠᠷᠭ᠎ᠠ︾ ᠶᠢᠨ ᠬᠤᠯᠪᠣᠭᠳᠠᠯ ᠪᠦᠬᠦᠢ ᠲᠣᠭᠲᠠᠭᠠᠯ ᠢ |
ᠦᠨᠳᠦᠰᠦᠯᠡᠨ ᠂ ᠤᠰᠤ ᠲᠠᠲᠠᠬᠤ ᠵᠥᠪᠰᠢᠶᠡᠷᠡᠯ ᠤᠨ ᠭᠤᠶᠤᠴᠢᠯᠠᠯ ᠢ ᠵᠥᠪᠰᠢᠶᠡᠷᠡᠬᠦ ᠪᠠᠷ ᠲᠣᠭᠲᠠᠪᠠ ᠃ |
ᠨᠢᠭᠡ ᠂ ᠥᠪᠥᠷ ᠮᠣᠩᠭᠤᠯ ᠤᠨ ᠰᠢᠨ ᠴᠧᠩ ᠸᠧᠶ ᠶᠧ ᠬᠢᠮᠢ ᠶᠢᠨ ᠬᠢᠵᠠᠭᠠᠷᠲᠤ ᠺᠣᠮᠫᠠᠨᠢ ᠶᠢᠨ ᠨᠠᠷᠢᠯᠢᠭ |
ᠬᠢᠮᠢ ᠶᠢᠨ ᠠᠵᠤ ᠦᠢᠯᠡᠳᠪᠦᠷᠢ ᠶᠢᠨ ᠦᠢᠯᠡᠳᠬᠦᠨ ᠤ ᠲᠥᠷᠥᠯ ᠵᠦᠢᠯ ᠠᠯᠠᠱᠠ ᠶᠢᠨ ᠲᠩᠷᠢ ᠠᠵᠤ ᠠᠬᠤᠶ |
ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠲᠩᠷᠢ ᠡᠮᠦᠨ᠎ᠡ ᠬᠡᠰᠡᠭ ᠲᠤ ᠪᠠᠶᠢᠷᠢᠯᠠᠵᠤ ᠂ 3 ᠲᠥᠷᠥᠯ ᠵᠦᠢᠯ ᠢ |
ᠪᠠᠭᠲᠠᠭᠠᠵᠤ ᠂ ᠲᠣᠰ ᠲᠣᠰ 2014 ᠣᠨ ᠤ 12 ᠳ᠋ᠤᠭᠠᠷ ᠰᠠᠷ᠎ᠠ ᠂ 2016 ᠣᠨ ᠤ 12 ᠳ᠋ᠤᠭᠠᠷ ᠰᠠᠷ᠎ᠠ ᠂ |
2019 ᠣᠨ ᠤ 4 ᠳ᠋ᠦ᠋ᠭᠡᠷ ᠰᠠᠷ᠎ᠠ ᠳᠤ ᠠᠯᠠᠱᠠ ᠶᠢᠨ ᠲᠩᠷᠢ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ |
ᠲᠣᠭᠤᠷᠢᠭ ᠤᠨ ᠠᠵᠤ ᠠᠬᠤᠶ ᠶᠢᠨ ᠬᠥᠭᠵᠢᠯᠲᠡ ᠶᠢᠨ ᠲᠣᠪᠴᠢᠶ᠎ᠠ ᠠᠴᠠ ᠳᠠᠩᠰᠠᠯᠠᠪᠠ ᠃ 3 ᠲᠥᠷᠥᠯ ᠵᠦᠢᠯ ᠢ |
ᠵᠢᠯ ᠳᠤ ᠬᠤᠵᠢᠷᠯᠢᠭ ᠴᠢᠨᠠᠷᠲᠠᠢ ᠰᠠᠷᠭᠠᠢ ᠶᠢᠨ ᠣᠬᠢ 3000 ᠲᠣᠨ ᠂ ᠵᠠᠪᠰᠠᠷ ᠤᠨ ᠤᠰᠤᠮᠠᠭ N-N-ᠬᠤᠶᠠᠷ |
ᠡᠲ᠋ᠢᠯᠲᠦ ᠪᠧᠨ᠋ᠽᠧᠨ᠋ᠲᠦ ᠠᠮᠢᠨ 2500 ᠲᠣᠨ ᠂ ᠬᠦᠴᠢᠯᠯᠢᠭ ᠴᠢᠨᠠᠷᠲᠠᠢ ᠪᠡᠭᠡ ᠶᠢᠨ ᠬᠦᠬᠡ 100 ᠲᠣᠨ ᠂ ᠠᠷᠭ᠎ᠠ |
ᠢᠶᠣᠨ ᠤ ᠤᠯᠠᠭᠠᠨ X — GRL 200 ᠲᠣᠨ ᠂ ᠠᠷᠭ᠎ᠠ ᠢᠶᠣᠨ ᠤ ᠬᠥᠬᠡ X-BL200 ᠲᠣᠨ ᠪᠣᠯᠣᠨ᠎ᠠ ᠃ |
2024 ᠣᠨ ᠤ 8 ᠳ᠋ᠤᠭᠠᠷ ᠰᠠᠷ᠎ᠠ ᠳᠤ ᠂ ᠠᠯᠠᠱᠠ ᠶᠢᠨ ᠬᠤᠶᠠᠷᠬᠤᠳᠳᠤᠭ ᠤᠨ ᠬᠦᠳᠡᠭᠡ ᠶᠢᠨ ᠠᠮᠢ ᠠᠬᠤᠶ ᠶᠢᠨ |
ᠨᠡᠭᠦᠳᠡᠯ ᠠᠷᠠᠳ ᠤᠨ ᠵᠢᠱᠢᠶ᠎ᠡ ᠦᠵᠡᠭᠦᠯᠬᠦ ᠣᠷᠣᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ |
ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ 3 ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ |
ᠪᠠᠶᠢᠳᠠᠯ ᠤᠨ ᠬᠤᠯᠪᠣᠭᠳᠠᠯ ᠪᠦᠬᠦᠢ ᠲᠣᠳᠣᠷᠬᠠᠶᠢᠯᠠᠯᠲᠠ ᠬᠢᠵᠦ ᠂ ᠲᠠᠨ ᠤ ᠺᠣᠮᠫᠠᠨᠢ ᠶᠢᠨ ᠪᠣᠳᠠᠲᠠᠢ ᠪᠠᠶᠢᠭᠤᠯᠤᠨ |
ᠪᠦᠲᠦᠭᠡᠵᠦ ᠦᠢᠯᠡᠳᠪᠦᠷᠢᠯᠡᠬᠦ ᠶᠢ ᠵᠥᠪᠰᠢᠶᠡᠷᠡᠵᠦ ᠂ ᠪᠤᠰᠤᠳ ᠦᠢᠯᠡᠳᠬᠦᠨ ᠢ ᠲᠦᠷ ᠴᠠᠭ ᠪᠦᠳᠦᠭᠡᠨ ᠪᠠᠶᠢᠭᠤᠯᠬᠤ ᠶᠢ |
ᠵᠥᠪᠰᠢᠶᠡᠷᠡᠪᠡ ᠃ |
ᠬᠤᠶᠠᠷ ᠂ ᠲᠥᠷᠥᠯ ᠵᠦᠢᠯ ᠤᠨ ᠦᠢᠯᠡᠳᠪᠦᠷᠢᠯᠡᠯ ᠂ ᠠᠮᠢᠳᠤᠷᠠᠯ ᠤᠨ ᠤᠰᠤ ᠲᠠᠲᠠᠬᠤ ᠤᠰᠤᠨ ᠤ ᠡᠬᠢ |
ᠰᠤᠷᠪᠤᠯᠵᠢ ᠨᠢ ᠬᠠᠲᠤᠨ ᠭᠤᠤᠯ ᠤᠨ ᠭᠤᠤᠯ ᠤᠷᠤᠰᠬᠠᠯ ᠤᠨ ᠭᠠᠵᠠᠷ ᠳᠡᠭᠡᠷᠡᠬᠢ ᠤᠰᠤ ︵ᠠᠶᠢᠮᠠᠭ ᠬᠤᠲᠠ |
ᠠᠯᠤᠰᠯᠠᠭᠰᠠᠨ ᠨᠢᠭᠡᠳᠦᠭᠡᠷ ᠬᠤᠭᠤᠴᠠᠭᠠᠨ ᠤ ᠤᠰᠤᠨ ᠤ ᠡᠷᠬᠡ ᠶᠢ ᠰᠢᠯᠵᠢᠭᠦᠯᠦᠨ ᠥᠭᠴᠦ ᠰᠢᠢᠳᠪᠦᠷᠢᠯᠡᠬᠦ ᠤᠮᠠᠷᠠᠲᠤ |
ᠣᠷᠣᠨ ᠤ ᠰᠤᠯᠠ ᠪᠠᠶᠢᠭ᠎ᠠ ᠬᠠᠲᠤᠨ ᠭᠤᠤᠯ ᠤᠨ ᠤᠰᠤᠨ ᠤ ᠭᠦᠢᠴᠡᠳᠬᠡᠯ ᠲᠤᠭ᠎ᠠ ᠪᠣᠯᠤᠨ᠎ᠠ ᠂ ᠠᠯᠠᠱᠠ ᠠᠶᠢᠮᠠᠭ ᠤᠨ |
ᠫᠦ᠋ ᠲᠣᠣ ᠳ᠋ᠦᠨ — ᠲᠩᠷᠢ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠤᠰᠤ ᠬᠠᠩᠭᠠᠬᠤ ᠢᠨᠵᠧᠨᠧᠷᠢᠩ |
ᠬᠢᠭᠡᠳ ᠲᠩᠷᠢ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠣᠷᠣᠨ ᠤ ᠤᠰᠤ ᠬᠠᠩᠭᠠᠬᠤ ᠢᠨᠵᠧᠨᠧᠷᠢᠩ ᠤᠨ |
ᠬᠠᠮᠲᠤᠷᠠᠨ ᠤᠰᠤ ᠬᠠᠩᠭᠠᠬᠤ︶ ᠂ ᠤᠰᠤ ᠲᠠᠲᠠᠬᠤ ᠠᠮᠠᠰᠠᠷ ᠨᠢ ᠲᠥᠷᠥᠯ ᠵᠦᠢᠯ ᠤᠨ ᠦᠢᠯᠡᠳᠪᠦᠷᠢ ᠶᠢᠨ |
ᠲᠣᠭᠤᠷᠢᠭ ᠤᠨ ᠪᠠᠷᠠᠭᠤᠨ ᠬᠤᠶᠢᠲᠤ ᠲᠠᠯ᠎ᠠ ᠶᠢᠨ ᠬᠠᠲᠤᠨ ᠭᠤᠤᠯ ᠤᠨ ᠬᠤᠭᠤᠯᠠᠶ ᠶᠢᠨ ᠲᠣᠤᠷ ᠢ ᠵᠠᠯᠭᠠᠬᠤ ᠴᠡᠭ ᠲᠤ |
ᠪᠠᠶᠢᠵᠤ ᠂ ᠪᠠᠶᠢᠷᠢᠰᠢᠯ ᠨᠢ ᠤᠮᠠᠷᠠᠲᠤ ᠥᠷᠭᠡᠷᠢᠭ ᠤᠨ 37°35'56'' ᠂ ᠵᠡᠭᠦᠨ ᠤᠷᠲᠤᠷᠢᠭ ᠤᠨ 105°02' |
50'' ᠤᠨ ᠬᠤᠭᠤᠷᠣᠨᠳᠣ ᠪᠣᠶ ᠃ |
ᠭᠤᠷᠪᠠ ᠂ ᠤᠰᠤ ᠳᠠᠮᠵᠢᠭᠤᠯᠬᠤ ᠪᠠ ᠴᠡᠪᠡᠷᠰᠢᠭᠦᠯᠦᠭᠰᠡᠨ ᠬᠤᠬᠢᠷᠠᠯ ᠢ ᠪᠣᠳᠣᠯᠬᠢᠯᠠᠭᠰᠠᠨ ᠤ ᠳᠠᠷᠠᠭ᠎ᠠ ᠂ ᠲᠣᠰ |
ᠲᠥᠷᠥᠯ ᠵᠦᠢᠯ ᠤᠨ ᠶᠡᠷᠦᠩᠬᠡᠶ ᠤᠰᠤ ᠠᠪᠬᠤ ᠬᠡᠮᠵᠢᠶ᠎ᠡ 3.99 ᠲᠦᠮᠡᠨ m3/a ᠪᠠᠶᠢᠬᠤ ᠶᠢ ᠬᠢᠨᠠᠨ |
ᠲᠣᠭᠲᠠᠭᠠᠵᠤ ᠂ ᠡᠭᠦᠨ ᠳᠤ ᠦᠢᠯᠡᠳᠪᠦᠷᠢᠯᠡᠯ ᠤᠨ ᠤᠰᠤ ᠲᠠᠲᠠᠬᠤ ᠬᠡᠮᠵᠢᠶ᠎ᠡ 3.77 ᠲᠦᠮᠡᠨ m3/a ᠂ |
ᠠᠮᠢᠳᠤᠷᠠᠯ ᠤᠨ ᠤᠰᠤ ᠲᠠᠲᠠᠬᠤ ᠬᠡᠮᠵᠢᠶ᠎ᠡ 0.22 ᠲᠦᠮᠡᠨ m3/a ᠪᠠᠶᠢᠨ᠎ᠠ ᠃ ᠲᠤᠰ ᠲᠦᠷᠦᠯ ᠵᠦᠢᠯ ᠤᠨ |
ᠨᠢᠭᠡᠴᠢ ᠶᠢᠨ ᠪᠦᠲᠦᠭᠡᠭᠳᠡᠬᠦᠨ ᠤ ᠰᠢᠨ᠎ᠡ ᠤᠰᠤᠨ ᠤ ᠬᠡᠮᠵᠢᠶ᠎ᠡ ᠨᠢ ᠲᠤᠰ ᠪᠦᠷᠢ ᠬᠤᠵᠢᠷᠯᠢᠭ ᠴᠢᠨᠠᠷᠲᠠᠢ ᠰᠠᠷᠭᠠᠢ ᠶᠢᠨ |
ᠣᠬᠢ 7.37m3/t ᠂ ᠵᠠᠪᠰᠠᠷ ᠤᠨ ᠤᠰᠤᠮᠠᠭ — N-N-ᠬᠤᠶᠠᠷ ᠡᠲ᠋ᠢᠯᠲᠦ ᠪᠧᠨ᠋ᠽᠧᠨ᠋ᠲᠦ ᠠᠮᠢᠨ 3. |
86m3/t ᠂ ᠬᠦᠴᠢᠯᠯᠢᠭ ᠴᠢᠨᠠᠷᠲᠠᠢ ᠪᠡᠭᠡ ᠶᠢᠨ ᠬᠦᠬᠡ 3.65m3/t ᠂ ᠠᠷᠭ᠎ᠠ ᠢᠶᠤᠨ ᠤ ᠤᠯᠠᠭᠠᠨ X — |
GRL9.36m3/t ᠂ ᠠᠷᠭ᠎ᠠ ᠢᠶᠤᠨ ᠤ ᠬᠦᠬᠡ X-BL9.56m3/t ᠪᠤᠯᠤᠨ᠎ᠠ ᠃ ᠥᠪᠡᠷᠲᠡᠭᠡᠨ ᠵᠠᠰᠠᠬᠤ |
ᠣᠷᠣᠨ ᠪᠠ ᠤᠯᠤᠰ ᠤᠨ ᠠᠵᠢᠯ ᠲᠥᠷᠥᠯ ᠤᠨ ᠤᠰᠤ ᠬᠡᠷᠡᠭᠯᠡᠬᠦ ᠲᠣᠭᠲᠠᠭᠰᠠᠨ ᠨᠣᠷᠮ᠎ᠠ ᠨᠢ ᠴᠥᠮ ᠳᠡᠭᠡᠷᠡᠬᠢ |
ᠦᠢᠯᠡᠳᠭᠦᠨ ᠤ ᠬᠠᠮᠢᠶ᠎ᠠ ᠪᠥᠬᠦᠶ ᠤᠰᠤ ᠬᠡᠷᠡᠭᠯᠡᠬᠦ ᠲᠣᠭᠲᠠᠭᠰᠠᠨ ᠨᠣᠷᠮ᠎ᠠ ᠶᠢᠨ ᠲᠣᠭᠲᠠᠭᠠᠯ ᠥᠬᠡᠶ ᠠᠴᠠ ᠪᠣᠯᠵᠣ ᠂ ︽ |
ᠹᠦᠵᠢᠶᠠᠨ ᠮᠤᠵᠢ ᠶᠢᠨ ᠣᠷᠣᠨ ᠨᠤᠲᠤᠭ ᠤᠨ ᠪᠠᠷᠢᠮᠵᠢᠶ᠎ᠠ — ᠠᠵᠢᠯ ᠲᠥᠷᠥᠯ ᠤᠨ ᠤᠰᠤ ᠬᠡᠷᠡᠭᠯᠡᠬᠦ ᠲᠣᠭᠲᠠᠭᠰᠠᠨ |
ᠨᠣᠷᠮ᠎ᠠ︾ ︵DB35/T772 — 2023︶ ᠶᠢᠨ ᠪᠤᠳᠤᠭ ᠤᠨ ᠦᠢᠯᠡᠳᠭᠡᠯ — ᠪᠤᠳᠤᠭ — ᠲᠡᠷᠢᠭᠦᠨ ᠤ |
ᠬᠡᠮᠵᠢᠭᠳᠡᠯ 10m3/t ᠪᠠᠶᠢᠭᠰᠠᠨ ᠠᠴᠠ ᠦᠢᠯᠡᠳᠪᠦᠷᠢᠯᠡᠯ ᠤᠨ ᠤᠷ᠎ᠠ ᠮᠡᠷᠭᠡᠰᠢᠯ ᠤᠨ ᠵᠦᠶ ᠶᠣᠰᠣᠴᠢ ᠴᠢᠨᠠᠷ ᠂ |
ᠭᠤᠤᠯ ᠪᠣᠯᠬᠤ ᠤᠰᠤ ᠬᠡᠷᠡᠭᠯᠡᠬᠦ ᠨᠢᠭᠡᠴᠢ ᠶᠢᠨ ᠤᠰᠤ ᠬᠡᠷᠡᠭᠯᠡᠬᠦ ᠵᠦᠶ ᠶᠣᠰᠣᠴᠢ ᠴᠢᠨᠠᠷ ᠲᠠᠢ ᠤᠶᠠᠯᠳᠤᠭᠤᠯᠤᠨ |
ᠵᠠᠳᠠᠯᠤᠯᠲᠠ ᠬᠢᠵᠦ ᠂ ᠲᠣᠰ ᠲᠥᠷᠥᠯ ᠵᠦᠢᠯ ᠤᠨ ᠡᠯ᠎ᠡ ᠦᠢᠯᠡᠳᠬᠦᠨ ᠤ ᠨᠢᠭᠡᠴᠢ ᠶᠢᠨ ᠦᠢᠯᠡᠳᠬᠦᠨ ᠤ ᠰᠢᠨ᠎ᠡ |
ᠤᠰᠤᠨ ᠤ ᠬᠡᠮᠵᠢᠶ᠎ᠡ ᠵᠦᠶ ᠵᠣᠬᠢᠰᠲᠠᠶ ᠪᠠᠶᠢᠨ᠎ᠠ ᠃ ᠠᠵᠢᠯᠲᠠᠨ ᠠᠵᠢᠯᠴᠢᠨ ᠤ ᠠᠮᠢᠳᠤᠷᠠᠯ ᠤᠨ ᠤᠰᠤ ᠬᠡᠷᠡᠭᠯᠡᠬᠦ |
ᠶᠡᠷᠦᠩᠬᠡᠶᠢᠯᠡᠭᠰᠡᠨ ᠭᠦᠢᠴᠡᠳᠬᠡᠬᠦ ᠲᠤᠭ᠎ᠠ ᠨᠢ 104.59L / ︵ᠬᠥᠮᠦᠨ · d︶ ᠨᠢ ᠥᠪᠡᠷᠲᠡᠭᠡᠨ ᠵᠠᠰᠠᠬᠤ |
ᠣᠷᠣᠨ ᠤ ᠠᠵᠢᠯ ᠲᠥᠷᠥᠯ ᠤᠨ ᠤᠰᠤ ᠬᠡᠷᠡᠭᠯᠡᠬᠦ ᠲᠣᠭᠲᠠᠭᠰᠠᠨ ᠨᠣᠷᠮ᠎ᠠ ᠶᠢᠨ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ |
ᠬᠡᠷᠡᠭᠲᠡᠶ ᠃ ᠤᠰᠤ ᠲᠠᠲᠠᠵᠤ ᠬᠡᠷᠡᠭᠯᠡᠬᠦ ᠨᠢ ᠦᠨᠳᠦᠰᠦᠨ ᠳᠡᠭᠡᠨ ᠣᠷᠣᠨ ᠪᠦᠰᠡ ᠶᠢᠨ ᠤᠰᠤᠨ ᠤ ᠡᠬᠢ ᠪᠠᠶᠠᠯᠢᠭ ᠤᠨ |
ᠲᠣᠬᠢᠷᠠᠭᠤᠯᠤᠯᠲᠠ ᠵᠢᠴᠢ ︽ᠭᠤᠷᠪᠠᠨ ᠵᠤᠷᠪᠤᠰ ᠤᠯᠠᠭᠠᠨ ᠱᠤᠭᠤᠮ︾ ᠤᠨ ᠭᠦᠢᠴᠡᠳᠬᠡᠬᠦ ᠲᠤᠭ᠎ᠠ ᠶᠢᠨ |
ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠶ ᠃ |
ᠳᠥᠷᠪᠡ ᠂ ᠲᠣᠰ ᠲᠥᠷᠥᠯ ᠵᠦᠢᠯ ᠤᠨ ᠦᠢᠯᠡᠳᠪᠦᠷᠢᠯᠡᠯ ᠤᠨ ᠬᠠᠶᠠᠭᠳᠠᠮᠠᠯ ᠤᠰᠤ ᠶᠢ ᠰᠢᠢᠳᠪᠦᠷᠢᠯᠡᠭᠰᠡᠨ ᠤ |
ᠳᠠᠷᠠᠭ᠎ᠠ ᠪᠦᠬᠦᠨ ᠢ ᠦᠢᠯᠡᠳᠪᠦᠷᠢᠯᠡᠯ ᠳᠤ ᠬᠡᠷᠡᠭᠯᠡᠵᠦ ᠂ ᠠᠮᠢᠳᠤᠷᠠᠯ ᠤᠨ ᠪᠣᠬᠢᠷ ᠤᠰᠤ ᠶᠢ ᠰᠢᠢᠳᠪᠦᠷᠢᠯᠡᠭᠰᠡᠨ ᠤ |
ᠳᠠᠷᠠᠭ᠎ᠠ ᠬᠦᠷᠢᠶᠡᠯᠡᠩ ᠲᠣᠭᠤᠷᠢᠭ ᠤᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠳᠤ ᠵᠠᠯᠠᠨ ᠣᠷᠣᠭᠤᠯᠪᠠ ᠃ |
ᠲᠠᠪᠤ ᠂ ᠲᠥᠷᠥᠯ ᠵᠦᠢᠯ ᠳᠤ ᠳᠤᠷᠠᠳᠤᠭᠰᠠᠨ ᠤᠰᠤ ᠠᠷᠪᠢᠯᠠᠬᠤ ᠶᠢ ᠦᠨᠡᠯᠡᠬᠦ ᠬᠠᠮᠢᠶ᠎ᠠ ᠪᠦᠬᠦᠢ ᠠᠭᠤᠯᠭ᠎ᠠ ᠶᠢ |
ᠦᠨᠳᠦᠰᠦᠨ ᠳᠤᠨᠢ ᠵᠥᠪᠰᠢᠶᠡᠷᠡᠨ᠎ᠡ ᠃ ᠲᠠᠨ ᠤ ᠺᠣᠮᠫᠠᠨᠢ ᠬᠠᠮᠢᠶ᠎ᠠ ᠪᠦᠬᠦᠢ ᠤᠰᠤ ᠠᠷᠪᠢᠯᠠᠬᠤ ᠠᠷᠭ᠎ᠠ ᠬᠡᠮᠵᠢᠶ᠎ᠡ ᠶᠢ |
ᠴᠢᠩᠭ᠎ᠠ ᠨᠠᠶᠢᠳᠠᠪᠤᠷᠢᠵᠢᠭᠤᠯᠵᠤ ᠂ ᠤᠰᠤ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢᠨ ᠠᠵᠢᠯ ᠢ ᠢᠳᠡᠪᠬᠢᠲᠡᠢ |
ᠥᠷᠨᠢᠭᠦᠯᠵᠦ ᠂ ᠤᠯᠤᠰ ᠠᠴᠠ ᠵᠣᠷᠢᠭᠵᠢᠭᠤᠯᠵᠤ ᠪᠠᠶᠢᠭ᠎ᠠ ᠤᠰᠤ ᠠᠷᠪᠢᠯᠠᠬᠤ ᠤᠷ᠎ᠠ ᠮᠡᠷᠭᠡᠰᠢᠯ ᠂ ᠮᠡᠷᠭᠡᠵᠢᠯ ᠪᠣᠯᠤᠨ |
ᠲᠣᠨᠤᠭ ᠲᠥᠬᠦᠭᠡᠷᠦᠮᠵᠢ ᠶᠢ ᠡᠩ ᠲᠡᠷᠢᠭᠦᠨ ᠳᠤ ᠬᠡᠷᠡᠭᠯᠡᠵᠦ ᠂ ᠤᠰᠤ ᠬᠡᠷᠡᠭᠯᠡᠬᠦ ᠬᠢᠷᠢ ᠲᠦᠪᠰᠢᠨ ᠢ ᠠᠳᠠᠯᠢ ᠠᠵᠢᠯ |
ᠲᠥᠷᠥᠯ ᠤᠨ ᠲᠡᠷᠢᠭᠦᠨ ᠤ ᠬᠢᠷᠢ ᠲᠦᠪᠰᠢᠨ ᠳᠤ ᠬᠦᠷᠭᠡᠬᠦ ᠪᠠᠷ ᠴᠢᠷᠮᠠᠶᠢᠨ᠎ᠠ ᠃ |
ᠵᠢᠷᠭᠤᠭ᠎ᠠ ᠂ ᠲᠠᠨ ᠤ ᠺᠣᠮᠫᠠᠨᠢ ᠤᠰᠤ ᠠᠪᠬᠤ ᠵᠥᠪᠰᠢᠶᠡᠷᠡᠯ ᠤᠨ ᠬᠠᠮᠢᠶᠠᠷᠤᠯᠲᠠ ᠶᠢᠨ ᠬᠤᠯᠪᠣᠭᠳᠠᠯ ᠪᠦᠬᠦᠢ |
ᠲᠣᠭᠲᠠᠭᠠᠯ ᠪᠠ ︽ᠤᠰᠤ ᠠᠪᠬᠤ ᠬᠡᠮᠵᠢᠯᠲᠡ ᠶᠢᠨ ᠮᠡᠷᠭᠡᠵᠢᠯ ᠤᠨ ᠵᠢᠯᠣᠭᠤᠳᠬᠤ ᠳᠦᠷᠢᠮ︾ ︵GB/T28714 |
— 2023︶ ᠤᠨ ᠬᠠᠮᠢᠶ᠎ᠠ ᠪᠦᠬᠦᠢ ᠱᠠᠭᠠᠷᠳᠠᠯᠭ᠎ᠠ ᠶᠣᠰᠣᠭᠠᠷ ᠂ ᠤᠰᠤ ᠠᠪᠬᠤ ᠬᠡᠮᠵᠢᠯᠲᠡ ᠶᠢᠨ ᠪᠡᠯᠡᠳᠬᠡᠮᠵᠢ ᠪᠠ |
ᠰᠦᠯᠵᠢᠶᠡᠨ ᠳᠡᠭᠡᠷᠡᠬᠢ ᠬᠡᠮᠵᠢᠯᠲᠡ ᠶᠢᠨ ᠳᠠᠮᠵᠢᠭᠤᠯᠬᠤ ᠲᠥᠬᠦᠭᠡᠷᠦᠮᠵᠢ ᠶᠢ ᠤᠭᠰᠠᠷᠠᠬᠤ ᠶᠢᠨ ᠬᠠᠮᠲᠤ ᠬᠡᠪ ᠤᠨ |
ᠠᠵᠢᠯᠯᠠᠭᠠᠨ ᠢ ᠪᠠᠲᠤᠯᠠᠵᠤ ᠂ ᠤᠰᠤᠨ ᠤ ᠬᠡᠮᠵᠢᠶ᠎ᠡ ᠶᠢ ᠬᠢᠨᠠᠨ ᠬᠡᠮᠵᠢᠭᠰᠡᠨ ᠲᠤᠭ᠎ᠠ ᠪᠠᠷᠢᠮᠲᠠ ᠶᠢ ᠥᠪᠡᠷᠲᠡᠭᠡᠨ ᠵᠠᠰᠠᠬᠤ |
ᠣᠷᠣᠨ ᠤ ᠤᠰᠤ ᠠᠪᠬᠤ ᠬᠠᠮᠢᠶᠠᠷᠤᠯᠲᠠ ᠶᠢᠨ ᠲᠠᠪᠴᠠᠩ ᠳᠤ ᠲᠣᠭᠲᠠᠭᠤᠨ ᠢᠶᠠᠷ ᠳᠠᠮᠵᠢᠭᠤᠯᠬᠤ ᠶᠢ ᠦᠨᠡᠨ ᠬᠦ |
ᠪᠠᠲᠤᠯᠠᠬᠤ ᠬᠡᠷᠡᠭᠲᠡᠶ ᠃ ᠲᠣᠰ ᠲᠥᠷᠥᠯ ᠵᠦᠢᠯ ᠢ ᠨᠢᠭᠡᠨᠲᠡ ᠪᠠᠶᠢᠭᠤᠯᠤᠭᠰᠠᠨ ᠪᠥᠭᠡᠳ ᠠᠰᠢᠭᠯᠠᠯᠲᠠ ᠳᠤ |
ᠣᠷᠣᠭᠤᠯᠤᠭᠰᠠᠨ ᠪᠠᠶᠢᠳᠠᠯ ᠢ ᠦᠨᠳᠦᠰᠦᠯᠡᠨ ᠂ ︽ᠤᠰᠤ ᠠᠪᠬᠤ ᠵᠥᠪᠰᠢᠶᠡᠷᠡᠯ ᠪᠠ ᠤᠰᠤᠨ ᠤ ᠡᠬᠢ ᠪᠠᠶᠠᠯᠢᠭ ᠤᠨ |
ᠵᠠᠷᠤᠳᠠᠯ ᠢ ᠲᠠᠲᠠᠪᠤᠷᠢᠯᠠᠬᠤ ᠬᠠᠮᠢᠶᠠᠷᠤᠯᠲᠠ ᠶᠢᠨ ᠲᠦᠷᠢᠮ︾ ᠪᠠ ︽ᠤᠰᠤ ᠠᠪᠬᠤ ᠵᠥᠪᠰᠢᠶᠡᠷᠡᠯ ᠤᠨ |
ᠬᠠᠮᠢᠶᠠᠷᠤᠯᠲᠠ ᠶᠢᠨ ᠠᠷᠭ᠎ᠠ︾ ᠶᠢᠨ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠂ ᠲᠠᠨ ᠤ ᠺᠣᠮᠫᠠᠨᠢ ᠲᠣᠰ |
ᠴᠣᠬᠤᠯᠠᠪᠤᠷᠢ ᠶᠢ ᠣᠯᠤᠭᠰᠠᠨ ᠤ ᠳᠠᠷᠠᠭ᠎ᠠ ᠳᠠᠷᠤᠶ ᠲᠦᠷᠭᠡᠨ ᠮᠠᠨ ᠤ ᠲᠢᠩᠬᠢᠮ ᠳᠤ ᠬᠤᠯᠪᠣᠭᠳᠠᠯ ᠪᠥᠬᠦᠶ |
ᠮᠠᠲ᠋ᠧᠷᠢᠶᠠᠯ ᠢᠶᠠᠨ ᠮᠡᠳᠡᠭᠦᠯᠦᠨ ᠬᠦᠷᠭᠡᠵᠦ ᠂ ᠤᠰᠤ ᠠᠪᠬᠤ ᠵᠥᠪᠰᠢᠶᠡᠷᠡᠯ ᠤᠨ ᠦᠨᠡᠮᠯᠡᠯ ᠢ ᠬᠢᠨᠠᠨ ᠣᠯᠭᠤᠬᠤ ᠪᠠᠷ |
ᠭᠤᠶᠤᠴᠢᠯᠠᠪᠠ ᠃ |
|
ᠳᠠᠭᠠᠯᠳᠤᠭᠤᠯᠤᠯ᠄1 ᠂ ᠥᠪᠥᠷ ᠮᠣᠩᠭᠤᠯ ᠤᠨ ᠰᠢᠨ ᠴᠧᠩ ᠸᠧᠢ ᠶᠧ ᠬᠢᠮᠢ ᠶᠢᠨ ᠬᠢᠵᠠᠭᠠᠷᠲᠤ ᠺᠣᠮᠫᠠᠨᠢ ᠶᠢᠨ |
ᠨᠠᠷᠢᠯᠢᠭ ᠬᠢᠮᠢ ᠶᠢᠨ ᠠᠵᠤ ᠦᠢᠯᠡᠳᠪᠦᠷᠢ ᠶᠢᠨ ᠦᠢᠯᠡᠳᠬᠦᠨ ᠤ ᠲᠥᠷᠥᠯ ᠵᠦᠢᠯ ᠤᠨ ᠤᠰᠤᠨ ᠤ ᠡᠬᠢ ᠪᠠᠶᠠᠯᠢᠭ ᠤᠨ |
ᠨᠤᠲᠠᠯᠠᠯᠲᠠ ᠶᠢᠨ ᠮᠡᠳᠡᠭᠦᠯᠦᠯᠲᠡ ᠶᠢᠨ ᠬᠦᠰᠦᠨᠦᠭᠲᠦ ᠶᠢ ᠬᠢᠨᠠᠨ ᠪᠠᠶᠢᠴᠠᠭᠠᠭᠰᠠᠨ ᠲᠤᠬᠠᠢ ᠮᠡᠳᠡᠭᠦᠯᠦᠯᠲᠡ ︵ |
ᠳᠠᠭᠠᠯᠳᠤᠭᠤᠯᠤᠯ ᠪᠠᠭᠲᠠᠨ᠎ᠠ︶ .pdf |
2024 ᠣᠨ ᠤ 11 ᠳ᠋ᠦ᠋ᠭᠡᠷ ᠰᠠᠷ᠎ᠠ ᠶᠢᠨ 20 ᠤ ᠡᠳᠦᠷ |
|
|