| ᠶᠡᠷᠦᠩᠬᠡᠢ ᠱᠦᠵᠢ ᠰᠢ ᠶᠢᠨ ᠫᠢᠩ ᠤᠨ ︽ᠤᠰᠤ ᠠᠷᠪᠢᠯᠠᠬᠤ ᠶᠢ ᠲᠡᠷᠢᠭᠦᠨ ᠳᠤ ᠲᠠᠯᠪᠢᠬᠤ᠂ ᠣᠷᠣᠨ ᠵᠠᠢ ᠶᠢ |
ᠲᠡᠩᠴᠡᠭᠦᠷᠢᠲᠡᠢ ᠪᠠᠶᠢᠯᠭᠠᠬᠤ᠂ ᠰᠢᠰᠲ᠋ᠧᠮ ᠲᠠᠢ ᠵᠠᠰᠠᠬᠤ᠂ ᠬᠤᠶᠠᠷ ᠲᠠᠯ᠎ᠠ ᠪᠠᠷ ᠬᠦᠴᠦᠯᠡᠬᠦ︾ ᠤᠰᠤ ᠵᠠᠰᠠᠬᠤ |
ᠰᠡᠳᠬᠢᠮᠵᠢ ᠶᠢ ᠭᠦᠨᠵᠡᠭᠡᠢ ᠲᠤᠭᠤᠰᠢᠯᠠᠭᠤᠯᠵᠤ᠂ ᠪᠥᠬᠦ ᠲᠠᠯ᠎ᠠ ᠪᠠᠷ ᠠᠷᠪᠢᠯᠠᠬᠤ ᠪᠠᠶᠢᠯᠳᠤᠬᠤ ᠪᠣᠳᠣᠯᠭ᠎ᠠ ᠶᠢ |
ᠨᠠᠶᠢᠳᠠᠪᠤᠷᠢᠵᠢᠭᠤᠯᠤᠨ᠂ ᠭᠡᠷ᠎ᠡ ᠪᠠᠷ ᠤᠰᠤ ᠠᠷᠪᠢᠯᠠᠬᠤ ᠬᠠᠮᠢᠶᠠᠷᠤᠯᠲᠠ ᠶᠢᠨ ᠵᠠᠭᠪᠤᠷ ᠢ ᠶᠡᠭᠡ ᠪᠠᠷ ᠳᠡᠯᠭᠡᠷᠡᠭᠦᠯᠬᠦ ᠶᠢᠨ |
ᠲᠥᠯᠥᠭᠡ᠂ 11 ᠳ᠋ᠦ᠋ᠭᠡᠷ ᠰᠠᠷ᠎ᠠ ᠶᠢᠨ 14 ᠤ ᠡᠳᠦᠷ᠂ ᠰᠢᠯᠢ ᠶᠢᠨ ᠭᠤᠣᠯ ᠠᠶᠢᠮᠠᠭ ᠤᠨ ᠤᠰᠤᠨ ᠠᠰᠢᠭᠯᠠᠯᠲᠠ ᠶᠢᠨ |
ᠲᠣᠪᠴᠢᠶ᠎ᠠ ᠪᠥᠬᠦ ᠠᠶᠢᠮᠠᠭ ᠤᠨ ᠭᠡᠷ᠎ᠡ ᠪᠠᠷ ᠤᠰᠤ ᠠᠷᠪᠢᠯᠠᠬᠤ ᠬᠠᠮᠢᠶᠠᠷᠤᠯᠲᠠ ᠶᠢᠨ ᠠᠵᠢᠯ ᠤᠨ ᠶᠠᠷᠢᠯᠴᠠᠬᠤ ᠬᠤᠷᠠᠯ ᠢ |
ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠡᠯ᠎ᠡ ᠬᠤᠰᠢᠭᠤ ᠰᠢᠶᠠᠨ ᠤ ᠤᠰᠤᠨ ᠤ ᠵᠠᠰᠠᠭ ᠵᠠᠬᠢᠷᠭᠠᠨ ᠤ ᠭᠤᠣᠯᠴᠢᠯᠠᠨ |
ᠬᠠᠮᠢᠶᠠᠷᠬᠤ ᠰᠠᠯᠠᠭ᠎ᠠ ᠮᠥᠴᠢᠷ ᠤᠨ ᠬᠤᠪᠢᠳᠠᠨ ᠬᠠᠮᠢᠶᠠᠷᠬᠤ ᠳᠡᠳ᠋ ᠳᠠᠷᠤᠭ᠎ᠠ ᠪᠣᠯᠣᠨ ᠲᠤᠬᠠᠶᠢᠯᠠᠭᠰᠠᠨ ᠠᠵᠢᠯ ᠤᠨ |
ᠭᠤᠣᠯᠯᠠᠭᠴᠢ ᠬᠦᠴᠦᠨ ᠣᠷᠣᠯᠴᠠᠪᠠ᠃ |
ᠶᠠᠷᠢᠯᠴᠠᠬᠤ ᠬᠤᠷᠠᠯ ᠳᠡᠭᠡᠷ᠎ᠡ᠂ ᠰᠢᠯᠢ ᠶᠢᠨ ᠭᠤᠣᠯ ᠠᠶᠢᠮᠠᠭ ᠤᠨ ᠤᠰᠤᠨ ᠠᠰᠢᠭᠯᠠᠯᠲᠠ ᠶᠢᠨ ᠲᠣᠪᠴᠢᠶ᠎ᠠ |
ᠪᠥᠬᠦ ᠠᠶᠢᠮᠠᠭ ᠤᠨ ᠤᠰᠤᠨ ᠤ ᠡᠬᠢ ᠪᠠᠶᠠᠯᠢᠭ ᠤᠨ ᠪᠠᠶᠢᠳᠠᠯ ᠵᠢᠴᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ |
ᠤᠰᠤ ᠬᠡᠷᠡᠭᠯᠡᠵᠦ ᠪᠠᠶᠢᠭ᠎ᠠ ᠪᠠᠶᠢᠳᠠᠯ ᠢ ᠨᠠᠷᠢᠨ ᠲᠠᠨᠢᠯᠴᠠᠭᠤᠯᠵᠤ᠂ ᠪᠥᠬᠦ ᠠᠶᠢᠮᠠᠭ ᠤᠨ ᠭᠡᠷ᠎ᠡ ᠪᠠᠷ ᠤᠰᠤ ᠠᠷᠪᠢᠯᠠᠬᠤ |
ᠬᠠᠮᠢᠶᠠᠷᠤᠯᠲᠠ ᠶᠢᠨ ᠠᠵᠢᠯ ᠢ ᠥᠷᠨᠢᠭᠦᠯᠦᠭᠰᠡᠨ ᠪᠠᠶᠢᠳᠠᠯ᠂ ᠣᠯᠣᠭᠰᠠᠨ ᠦᠷ᠎ᠡ ᠪᠦᠲᠦᠮᠵᠢ ᠪᠠ ᠣᠷᠣᠰᠢᠵᠤ ᠪᠠᠶᠢᠭ᠎ᠠ |
ᠠᠰᠠᠭᠤᠳᠠᠯ ᠢ ᠳ᠋ᠦᠩᠨᠡᠨ ᠵᠠᠳᠠᠯᠪᠠ᠃ ᠶᠠᠷᠢᠯᠴᠠᠬᠤ ᠬᠤᠷᠠᠯ ᠠᠴᠠ ᠲᠤᠰᠬᠠᠢ ᠮᠡᠷᠭᠡᠵᠢᠯᠲᠡᠨ ᠤᠰᠤᠨ ᠠᠰᠢᠭᠯᠠᠯᠲᠠ ᠶᠢᠨ |
ᠶᠠᠮᠤᠨ ᠤ ᠤᠰᠤ ᠶᠢ ᠠᠷᠪᠢᠯᠠᠨ ᠬᠡᠷᠡᠭᠯᠡᠬᠦ ᠶᠢ ᠠᠬᠢᠭᠤᠯᠬᠤ ᠲᠥᠪ ᠤᠨ ᠳᠡᠳ᠋ ᠭᠠᠵᠠᠷ ᠤᠨ ᠳᠠᠷᠤᠭ᠎ᠠ ᠼᠤᠤ ᠫᠧᠩ |
ᠹᠧᠢ ᠶᠢ ᠣᠨᠴᠠ ᠤᠷᠢᠵᠤ᠂ ᠡᠯ᠎ᠡ ᠭᠠᠵᠠᠷ ᠤᠨ ᠭᠡᠷ᠎ᠡ ᠪᠠᠷ ᠤᠰᠤ ᠠᠷᠪᠢᠯᠠᠬᠤ ᠬᠠᠮᠢᠶᠠᠷᠤᠯᠲᠠ ᠶᠢᠨ ᠠᠵᠢᠯ ᠢ |
ᠳᠡᠯᠭᠡᠷᠡᠭᠦᠯᠬᠦ ᠳᠤᠮᠳᠠ ᠣᠷᠣᠰᠢᠵᠤ ᠪᠠᠶᠢᠭ᠎ᠠ ᠠᠰᠠᠭᠤᠳᠠᠯ ᠤᠨ ᠲᠤᠬᠠᠢ ᠲᠠᠶᠢᠯᠤᠮᠵᠢ ᠬᠢᠯᠭᠡᠵᠦ᠂ ᠭᠡᠷ᠎ᠡ ᠪᠠᠷ ᠤᠰᠤ |
ᠠᠷᠪᠢᠯᠠᠬᠤ ᠶᠢ ᠬᠠᠪᠰᠤᠷᠤᠨ ᠵᠢᠯᠤᠭᠤᠳᠬᠤ ᠠᠵᠢᠯ ᠢ ᠴᠢᠩᠭᠠᠳᠬᠠᠵᠤ᠂ ᠪᠦᠲᠦᠮᠵᠢᠲᠡᠶ ᠵᠠᠬ᠎ᠠ ᠳᠡᠯᠭᠡᠭᠦᠷ ᠪᠣᠯᠣᠨ |
ᠪᠦᠲᠦᠮᠵᠢᠲᠡᠶ ᠵᠠᠰᠠᠭ ᠤᠨ ᠣᠷᠳᠣᠨ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠵᠤ᠂ ᠡᠯ᠎ᠡ ᠱᠠᠲᠤᠨ ᠤ ᠤᠰᠤᠨ ᠤ |
ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠲᠥᠷᠥ ᠶᠢᠨ ᠪᠣᠳᠣᠯᠭ᠎ᠠ ᠶᠢ ᠤᠬᠠᠭᠤᠯᠤᠨ |
ᠲᠠᠶᠢᠯᠪᠤᠷᠢᠯᠠᠬᠤ᠂ ᠲᠥᠷᠥᠯ ᠵᠦᠢᠯ ᠤᠨ ᠬᠠᠮᠢᠶᠠᠷᠤᠯᠲᠠ᠂ ᠬᠠᠩᠭᠠᠯᠭ᠎ᠠ ᠬᠡᠷᠡᠭᠴᠡᠭᠡ ᠶᠢ ᠵᠣᠯᠭᠠᠭᠤᠯᠬᠤ᠂ ᠬᠡᠪ |
ᠵᠠᠭᠪᠤᠷ ᠤᠨ ᠰᠢᠨ᠎ᠡ ᠶᠢ ᠡᠭᠦᠳᠬᠦ᠂ ᠭᠤᠣᠯ ᠴᠣᠭᠴᠠ ᠶᠢ ᠪᠣᠶᠢᠵᠢᠭᠤᠯᠬᠤ᠂ ᠬᠡᠷᠡᠭ ᠤᠨ ᠵᠢᠱᠢᠶ᠎ᠡ ᠶᠢ ᠤᠬᠠᠭᠤᠯᠬᠤ |
ᠵᠡᠷᠭᠡ ᠲᠠᠯ᠎ᠠ ᠪᠠᠷ ᠪᠠᠲᠤᠯᠠᠭ᠎ᠠ ᠳᠡᠮᠵᠢᠯᠭᠡ ᠦᠵᠡᠭᠦᠯᠬᠦ ᠪᠠᠨ ᠴᠢᠩᠭᠠᠳᠬᠠᠬᠤ ᠬᠡᠷᠡᠭᠲᠡᠢ ᠭᠡᠵᠦ ᠳᠤᠷᠠᠳᠪᠠ᠃ |
ᠬᠤᠷᠠᠯ ᠠᠴᠠ᠂ ᠭᠡᠷ᠎ᠡ ᠪᠠᠷ ᠤᠰᠤ ᠠᠷᠪᠢᠯᠠᠬᠤ ᠬᠠᠮᠢᠶᠠᠷᠤᠯᠲᠠ ᠶᠢᠨ ᠠᠵᠢᠯ ᠤᠨ ︽ᠤᠰᠤ ᠠᠷᠪᠢᠯᠠᠬᠤ ᠶᠢ |
ᠲᠡᠷᠢᠭᠦᠨ ᠳᠤ ᠲᠠᠯᠪᠢᠬᠤ᠂ ᠣᠷᠣᠨ ᠵᠠᠢ ᠶᠢ ᠲᠡᠩᠴᠡᠭᠦᠷᠢᠲᠡᠢ ᠪᠠᠶᠢᠯᠭᠠᠬᠤ᠂ ᠰᠢᠰᠲ᠋ᠧᠮ ᠲᠠᠢ ᠵᠠᠰᠠᠬᠤ᠂ ᠬᠤᠶᠠᠷ |
ᠲᠠᠯ᠎ᠠ ᠪᠠᠷ ᠬᠦᠴᠦᠯᠡᠬᠦ︾ ᠤᠰᠤ ᠵᠠᠰᠠᠬᠤ ᠰᠡᠳᠬᠢᠮᠵᠢ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠳᠤᠮᠳᠠᠬᠢ |
ᠴᠢᠬᠤᠯᠠ ᠴᠢᠨᠠᠷ ᠢ ᠭᠦᠨᠵᠡᠭᠡᠢ ᠲᠠᠨᠢᠵᠤ᠂ ᠨᠡᠶᠢᠭᠡᠮ ᠤᠨ ᠬᠥᠷᠥᠩᠭᠡ ᠶᠢᠨ ᠤᠰᠤ ᠠᠷᠪᠢᠯᠠᠬᠤ ᠳᠤ ᠣᠷᠣᠯᠴᠠᠬᠤ |
ᠢᠳᠡᠪᠬᠢᠵᠢᠯ ᠢ ᠭᠦᠢᠴᠡᠳ ᠳᠠᠶᠢᠴᠢᠯᠠᠨ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠬᠥᠭᠵᠢᠭᠡᠵᠦ᠂ ᠤᠰᠤ |
ᠬᠡᠷᠡᠭᠯᠡᠬᠦ ᠨᠢᠭᠡᠴᠢ ᠶᠢᠨ ᠭᠡᠷ᠎ᠡ ᠪᠠᠷ ᠤᠰᠤ ᠠᠷᠪᠢᠯᠠᠬᠤ ᠬᠠᠮᠢᠶᠠᠷᠤᠯᠲᠠ ᠪᠠᠷ ᠳᠡᠮᠵᠢᠨ ᠤᠰᠤ ᠠᠷᠪᠢᠯᠠᠬᠤ |
ᠥᠭᠡᠷᠡᠴᠢᠯᠡᠯᠲᠡ ᠶᠢ ᠬᠡᠷᠡᠭᠵᠢᠭᠦᠯᠬᠦ ᠶᠢ ᠵᠣᠷᠢᠭᠵᠢᠭᠤᠯᠤᠨ᠂ ᠤᠰᠤᠨ ᠤ ᠡᠬᠢ ᠪᠠᠶᠠᠯᠢᠭ ᠢ ᠠᠷᠪᠢᠲᠠᠢ ᠡᠷᠴᠢᠮᠯᠢᠭ |
ᠠᠰᠢᠭᠯᠠᠬᠤ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ ᠭᠡᠵᠦ ᠴᠢᠩᠭᠠᠳᠬᠠᠵᠠᠢ᠃ |
ᠬᠤᠷᠠᠯ ᠠᠴᠠ᠂ ᠡᠯ᠎ᠡ ᠭᠠᠵᠠᠷ ᠤᠨ ᠤᠰᠤᠨ ᠤ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ |
ᠬᠡᠮᠵᠢᠯᠲᠡ ᠬᠢᠨᠠᠨ ᠬᠡᠮᠵᠢᠯᠲᠡ᠂ ᠤᠰᠤ ᠠᠪᠴᠤ ᠬᠡᠷᠡᠭᠯᠡᠬᠦ ᠬᠠᠮᠢᠶᠠᠷᠤᠯᠲᠠ᠂ ᠲᠥᠯᠥᠪᠯᠡᠭᠡ ᠲᠠᠢ ᠤᠰᠤ ᠬᠡᠷᠡᠭᠯᠡᠬᠦ ᠪᠠ |
ᠲᠣᠭᠲᠠᠭᠰᠠᠨ ᠨᠣᠷᠮ᠎ᠠ ᠪᠠᠷ ᠬᠠᠮᠢᠶᠠᠷᠬᠤ ᠵᠡᠷᠭᠡ ᠠᠷᠭ᠎ᠠ ᠪᠠᠷᠢᠯ ᠢ ᠭᠦᠢᠴᠡᠳ ᠠᠰᠢᠭᠯᠠᠵᠤ᠂ ᠤᠰᠤ ᠠᠷᠪᠢᠯᠠᠬᠤ |
ᠪᠠᠭᠤᠷᠠᠢ ᠭᠤᠭᠴᠤᠭ᠎ᠠ ᠪᠠ ᠳᠠᠯᠳᠠ ᠬᠦᠴᠦᠨ ᠤ ᠬᠡᠷᠡᠭᠴᠡᠭᠡ ᠱᠠᠭᠠᠷᠳᠠᠯᠭ᠎ᠠ ᠶᠢ ᠭᠦᠨᠵᠡᠭᠡᠢ ᠪᠠᠶᠢᠴᠠᠭᠠᠨ ᠣᠶᠢᠯᠠᠭᠠᠵᠤ᠂ |
ᠤᠰᠤ ᠬᠡᠷᠡᠭᠯᠡᠬᠦ ᠨᠢᠭᠡᠴᠢ ᠶᠢᠨ ᠤᠰᠤ ᠠᠷᠪᠢᠯᠠᠬᠤ ᠥᠭᠡᠷᠡᠴᠢᠯᠡᠯᠲᠡ ᠶᠢᠨ ᠰᠠᠨᠠᠭᠤᠯᠭ᠎ᠠ ᠳᠤᠷᠠᠳᠴᠤ᠂ ᠤᠰᠤ ᠬᠡᠷᠡᠭᠯᠡᠬᠦ |
ᠨᠢᠭᠡᠴᠢ ᠪᠠ ᠤᠰᠤ ᠠᠷᠪᠢᠯᠠᠬᠤ ᠦᠢᠯᠡᠴᠢᠯᠡᠭᠡᠨ ᠤ ᠠᠵᠤ ᠠᠬᠤᠶᠢᠯᠠᠯ ᠳᠤ ᠪᠥᠬᠦ ᠶᠠᠪᠤᠴᠠ ᠶᠢᠨ ᠬᠠᠪᠰᠤᠷᠤᠨ |
ᠵᠢᠯᠤᠭᠤᠳᠬᠤ ᠦᠢᠯᠡᠴᠢᠯᠡᠭᠡ ᠬᠠᠩᠭᠠᠵᠤ᠂ ᠭᠡᠷ᠎ᠡ ᠪᠠᠷ ᠤᠰᠤ ᠠᠷᠪᠢᠯᠠᠬᠤ ᠬᠠᠮᠢᠶᠠᠷᠤᠯᠲᠠ ᠶᠢᠨ ᠵᠠᠭᠪᠤᠷ ᠢ ᠨᠠᠩ |
ᠥᠷᠭᠡᠨ ᠢᠶᠠᠷ ᠬᠡᠷᠡᠭᠯᠡᠬᠦ ᠶᠢ ᠠᠬᠢᠭᠤᠯᠬᠤ ᠬᠡᠷᠡᠭᠲᠡᠢ︔ ᠭᠡᠷ᠎ᠡ ᠪᠠᠷ ᠤᠰᠤ ᠠᠷᠪᠢᠯᠠᠬᠤ ᠬᠠᠮᠢᠶᠠᠷᠤᠯᠲᠠ ᠶᠢ |
ᠬᠡᠷᠡᠭᠵᠢᠭᠦᠯᠦᠭᠰᠡᠨ ᠪᠠᠶᠢᠳᠠᠯ ᠢ ᠮᠥᠷᠳᠡᠨ ᠵᠠᠳᠠᠯᠬᠤ ᠪᠠᠨ ᠴᠢᠩᠭᠠᠳᠬᠠᠵᠤ᠂ ᠭᠡᠷ᠎ᠡ ᠪᠠᠷ ᠤᠰᠤ ᠠᠷᠪᠢᠯᠠᠬᠤ |
ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ᠂ ᠲᠤᠷᠰᠢᠯᠭ᠎ᠠ ᠶᠢᠨ ᠦᠷ᠎ᠡ ᠪᠦᠲᠦᠮᠵᠢ᠂ |
ᠨᠡᠶᠢᠲᠡᠯᠢᠭ ᠬᠡᠷᠡᠭ ᠤᠨ ᠵᠢᠱᠢᠶ᠎ᠡ ᠵᠡᠷᠭᠡ ᠶᠢ ᠴᠠᠭ ᠲᠤᠬᠠᠢ ᠳᠤᠨᠢ ᠳ᠋ᠦᠩᠨᠡᠨ ᠪᠣᠯᠪᠠᠰᠤᠷᠠᠭᠤᠯᠵᠤ᠂ ᠰᠦᠯᠵᠢᠶᠡᠨ ᠤ |
ᠵᠠᠭᠤᠴᠢᠯᠠᠭᠤᠷ᠂ ᠰᠣᠨᠢᠨ ᠰᠡᠳᠬᠦᠯ ᠵᠡᠷᠭᠡ ᠣᠯᠠᠨ ᠵᠦᠢᠯ ᠤᠨ ᠬᠡᠯᠪᠡᠷᠢ ᠪᠠᠷ ᠳᠠᠮᠵᠢᠭᠤᠯᠤᠨ ᠤᠬᠠᠭᠤᠯᠬᠤ |
ᠡᠷᠴᠢᠮ ᠢᠶᠠᠨ ᠴᠢᠩᠭᠠᠷᠠᠭᠤᠯᠤᠨ᠂ ᠭᠡᠷ᠎ᠡ ᠪᠠᠷ ᠤᠰᠤ ᠠᠷᠪᠢᠯᠠᠬᠤ ᠬᠠᠮᠢᠶᠠᠷᠤᠯᠲᠠ ᠶᠢ ᠤᠯᠠᠮ ᠨᠢᠭᠡ ᠠᠯᠬᠤᠮ |
ᠳᠡᠯᠭᠡᠷᠡᠭᠦᠯᠬᠦ ᠳᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠢ ᠭᠡᠵᠦ ᠱᠠᠭᠠᠷᠳᠠᠵᠠᠢ᠃ |
|