ᠰᠤᠷᠪᠤᠯᠵᠢᠯᠠᠭᠴᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ |
ᠲᠢᠩᠬᠢᠮ ᠠᠴᠠ ᠣᠶᠢᠯᠠᠭᠠᠭᠰᠠᠨ ᠢᠶᠠᠷ᠂ ᠥᠪᠥᠷ ᠮᠣᠩᠭᠤᠯ ᠣᠶᠢᠷ᠎ᠠ ᠶᠢᠨ ᠵᠢᠯ ᠳᠤ ᠭᠠᠵᠠᠷ ᠳᠣᠣᠷᠠᠬᠢ ᠤᠰᠤ ᠶᠢ ᠬᠡᠲᠦ |
ᠮᠠᠯᠲᠠᠭᠰᠠᠨ ᠣᠷᠣᠨ ᠢ ᠶᠡᠷᠦᠩᠬᠡᠶᠢᠯᠡᠨ ᠵᠠᠰᠠᠬᠤ ᠶᠢ ᠦᠷᠭᠦᠯᠵᠢᠯᠡᠨ ᠠᠬᠢᠭᠤᠯᠵᠤ᠂ ᠭᠠᠵᠠᠷ ᠳᠣᠣᠷᠠᠬᠢ ᠤᠰᠤ ᠶᠢ ᠬᠢᠨᠠᠨ |
ᠬᠡᠮᠵᠢᠬᠦ ᠬᠤᠳᠳᠤᠭ ᠢ 2600 ᠭᠠᠷᠤᠢ ᠲᠠᠯᠪᠢᠵᠤ᠂ ︽ᠴᠠᠬᠢᠯᠭᠠᠨ ᠢᠶᠠᠷ ᠤᠰᠤ ᠶᠢ ᠨᠤᠭᠤᠯᠤᠨ ᠪᠤᠳᠤᠬᠤ︾ ᠵᠡᠷᠭᠡ |
ᠠᠷᠭ᠎ᠠ ᠬᠡᠯᠪᠡᠷᠢ ᠪᠠᠷ ᠬᠤᠳᠳᠤᠭ ᠤᠨ ᠤᠰᠤᠯᠠᠯᠲᠠ ᠳᠤ ᠲᠠᠷᠢᠶᠠᠯᠠᠩ ᠤᠨ ᠬᠡᠷᠡᠭᠯᠡᠬᠦ ᠤᠰᠤᠨ ᠤ ᠬᠡᠮᠵᠢᠯᠲᠡ ᠶᠢ ᠪᠦᠷᠢᠨ |
ᠪᠦᠷᠬᠦᠭᠦᠯᠬᠦ ᠶᠢ ᠪᠡᠶᠡᠯᠡᠭᠦᠯᠪᠡ᠃ ᠣᠳᠣᠬᠠᠨ ᠳᠤ᠂ ᠥᠪᠥᠷ ᠮᠣᠩᠭᠤᠯ ᠤᠨ ᠭᠠᠵᠠᠷ ᠳᠣᠣᠷᠠᠬᠢ ᠤᠰᠤ ᠶᠢ ᠲᠠᠲᠠᠵᠤ |
ᠬᠡᠷᠡᠭᠯᠡᠬᠦ ᠬᠢᠨᠠᠨ ᠬᠡᠮᠵᠢᠯᠲᠡ ᠶᠢᠨ ᠲᠣᠣᠷ ᠰᠦᠯᠵᠢᠶ᠎ᠡ ᠦᠨᠳᠦᠰᠦᠨ ᠳᠡᠭᠡᠨ ᠪᠦᠷᠢᠯᠳᠦᠪᠡ᠃ |
ᠥᠪᠥᠷ ᠮᠣᠩᠭᠤᠯ ᠣᠶᠢᠷ᠎ᠠ ᠶᠢᠨ ᠵᠢᠯ ᠤᠳ ᠲᠤ ᠤᠰᠤᠨ ᠤ ᠡᠬᠢ ᠪᠠᠶᠠᠯᠢᠭ ᠤᠨ ᠬᠠᠲᠠᠭᠤ ᠬᠢᠵᠠᠭᠠᠷᠯᠠᠯ ᠢ |
ᠦᠷᠭᠦᠯᠵᠢᠯᠡᠨ ᠴᠢᠩᠭᠠᠷᠠᠭᠤᠯᠵᠤ᠂ ᠥᠪᠡᠷᠲᠡᠭᠡᠨ ᠵᠠᠰᠠᠬᠤ ᠣᠷᠣᠨ ᠤ ᠭᠠᠵᠠᠷ ᠳᠣᠣᠷᠠᠬᠢ ᠤᠰᠤ ᠶᠢ ᠬᠠᠮᠠᠭᠠᠯᠠᠬᠤ ᠪᠠ |
ᠬᠠᠮᠢᠶᠠᠷᠬᠤ ᠳᠦᠷᠢᠮ ᠢ ᠨᠡᠶᠢᠲᠡᠯᠡᠵᠦ᠂ ᠭᠠᠵᠠᠷ ᠳᠣᠣᠷᠠᠬᠢ ᠤᠰᠤᠨ ᠤ ᠲᠦᠪᠰᠢᠨ ᠢ ᠨᠡᠪᠲᠡᠷᠡᠭᠦᠯᠬᠦ ᠳᠦᠷᠢᠮ ᠢ |
ᠪᠠᠶᠢᠭᠤᠯᠤᠨ᠂ ᠭᠠᠵᠠᠷ ᠳᠣᠣᠷᠠᠬᠢ ᠤᠰᠤᠨ ᠤ ᠬᠡᠮᠵᠢᠶ᠎ᠡ᠂ ᠤᠰᠤᠨ ᠤ ᠲᠦᠪᠰᠢᠨ ᠢ ︽ᠬᠤᠤᠰ ᠡᠵᠡᠮᠳᠡᠬᠦ︾ ᠦᠨᠡᠯᠡᠨ |
ᠵᠢᠱᠢᠬᠦ ᠶᠢ ᠬᠡᠷᠡᠭᠵᠢᠭᠦᠯᠵᠦ᠂ ᠭᠠᠵᠠᠷ ᠳᠣᠣᠷᠠᠬᠢ ᠤᠰᠤ ᠶᠢ ᠵᠦᠢ ᠵᠣᠬᠢᠰᠲᠠᠢ ᠨᠡᠭᠡᠭᠡᠨ ᠠᠰᠢᠭᠯᠠᠬᠤ ᠪᠠ ᠦᠷᠭᠦᠯᠵᠢᠯᠡᠨ |
ᠠᠰᠢᠭᠯᠠᠬᠤ ᠶᠢ ᠪᠡᠶᠡᠯᠡᠭᠦᠯᠬᠦ ᠶᠢ ᠲᠦᠯᠬᠢᠨ ᠠᠬᠢᠭᠤᠯᠪᠠ᠃ ︽ᠴᠠᠬᠢᠯᠭᠠᠨ ᠢᠶᠠᠷ ᠤᠰᠤ ᠶᠢ ᠨᠤᠭᠤᠯᠤᠨ ᠪᠤᠳᠤᠬᠤ︾ |
ᠬᠢᠨᠠᠨ ᠬᠡᠮᠵᠢᠬᠦ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠪᠠᠷ ᠳᠠᠮᠵᠢᠭᠤᠯᠤᠨ᠂ ᠥᠪᠥᠷ ᠮᠣᠩᠭᠤᠯ ᠪᠥᠬᠦ ᠥᠪᠡᠷᠲᠡᠭᠡᠨ |
ᠵᠠᠰᠠᠬᠤ ᠣᠷᠣᠨ ᠤ ᠭᠠᠵᠠᠷ ᠳᠣᠣᠷᠠᠬᠢ ᠤᠰᠤᠨ ᠤ ᠲᠤᠤᠷᠴᠢᠯᠠᠭᠰᠠᠨ ᠬᠢᠨᠠᠯᠲᠠ ᠬᠠᠮᠢᠶᠠᠷᠤᠯᠲᠠ ᠶᠢ ᠪᠡᠶᠡᠯᠡᠭᠦᠯᠵᠦ᠂ |
ᠤᠰᠤᠨ ᠤ ᠡᠬᠢ ᠪᠠᠶᠠᠯᠢᠭ ᠤᠨ ᠬᠠᠲᠠᠭᠤ ᠬᠢᠵᠠᠭᠠᠷᠯᠠᠯ ᠢ ᠨᠠᠶᠢᠳᠠᠪᠤᠷᠢᠵᠢᠭᠤᠯᠬᠤ ᠳᠤ ᠰᠠᠭᠤᠷᠢ ᠲᠤᠯᠭᠠᠭᠤᠷᠢᠯᠠᠯ |
ᠬᠠᠩᠭᠠᠪᠠ᠃ |
︵︽ᠳᠤᠮᠳᠠᠳᠤ ᠤᠯᠤᠰ ᠤᠨ ᠤᠰᠤᠨ ᠠᠰᠢᠭᠯᠠᠯᠲᠠ ᠶᠢᠨ ᠰᠣᠨᠢᠨ︾ ᠠᠴᠠ ᠰᠢᠯᠵᠢᠭᠦᠯᠪᠡ︶ |
|