ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ |
ᠲᠢᠩᠬᠢᠮ |
|
|
ᠥᠪᠥᠷ ᠵᠠᠰᠠᠭ ᠠᠯᠪᠠᠨ ᠦᠰᠦᠭ ﹇2024﹈ 8 ᠳ᠋ᠤᠭᠠᠷ ᠲᠣᠭᠠᠲᠤ |
|
|
︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠬᠢᠭᠡᠳ |
ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠢ ᠡᠪᠯᠡᠯ ᠤᠨ ᠬᠠᠮᠲᠤᠷᠠᠭᠰᠠᠨ |
ᠬᠤᠷᠠᠯ ᠤᠨ ᠠᠵᠢᠯ ᠤᠨ ᠳᠦᠷᠢᠮ︾ ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ |
ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ |
|
|
ᠡᠯ᠎ᠡ ᠠᠶᠢᠮᠠᠭ ᠤᠨ ᠵᠠᠬᠢᠷᠭ᠎ᠠ ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠂ ᠥᠪᠡᠷᠲᠡᠭᠡᠨ ᠵᠠᠰᠠᠬᠤ ᠣᠷᠣᠨ ᠤ |
ᠡᠯ᠎ᠡ ᠵᠥᠪᠯᠡᠯ ᠂ ᠠᠯᠪᠠᠨ ᠭᠡᠷ ᠂ ᠲᠢᠩᠬᠢᠮ ᠂ ᠲᠣᠪᠴᠢᠶ᠎ᠠ ᠂ ᠡᠯ᠎ᠡ ᠲᠣᠮᠣ ᠠᠵᠤ ᠠᠬᠤᠶᠢᠯᠠᠯ ᠂ ᠠᠵᠢᠯ ᠦᠢᠯᠡᠰ ᠤᠨ |
ᠨᠢᠭᠡᠴᠢ ᠳᠤ᠄ |
ᠡᠳᠦᠭᠡ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ |
ᠬᠢᠭᠡᠳ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠢ ᠡᠪᠯᠡᠯ ᠤᠨ ᠬᠠᠮᠲᠤᠷᠠᠭᠰᠠᠨ |
ᠬᠤᠷᠠᠯ ᠤᠨ ᠠᠵᠢᠯ ᠤᠨ ᠳᠦᠷᠢᠮ︾ ᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ |
ᠵᠥᠪᠰᠢᠶᠡᠷᠡᠭᠦᠯᠦᠭᠡᠳ ᠂ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ ᠂ ᠪᠣᠳᠠᠲᠠᠢ ᠲᠠᠢ ᠪᠠᠨ ᠤᠶᠠᠯᠳᠤᠭᠤᠯᠤᠨ ᠂ ᠬᠢᠨᠠᠮᠠᠭᠠᠢ |
ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠢ ᠃ |
2024 ᠣᠨ ᠤ 2 ᠳ᠋ᠤᠭᠠᠷ ᠰᠠᠷ᠎ᠠ ᠶᠢᠨ 8 ᠤ ᠡᠳᠦᠷ |
︵ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ |
|
|
ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠬᠢᠭᠡᠳ ᠥᠪᠥᠷ |
ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠢ ᠡᠪᠯᠡᠯ ᠤᠨ ᠬᠠᠮᠲᠤᠷᠠᠭᠰᠠᠨ ᠬᠤᠷᠠᠯ ᠤᠨ |
ᠠᠵᠢᠯ ᠤᠨ ᠳᠦᠷᠢᠮ |
ᠨᠢᠭᠡᠳᠦᠭᠡᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠬᠢᠭᠡᠳ ᠠᠳᠠᠯᠢ ᠱᠠᠲᠤᠨ ᠤ |
ᠠᠵᠢᠯᠴᠢᠨ ᠤ ᠡᠪᠯᠡᠯ ᠤᠨ ᠬᠠᠮᠲᠤᠷᠠᠭᠰᠠᠨ ᠬᠤᠷᠠᠯ ᠤᠨ ᠳᠦᠷᠢᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠶᠢᠨ |
ᠲᠤᠰᠠᠳᠠ ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠵᠢᠯᠴᠢᠨ ᠤ ᠡᠪᠯᠡᠯ ᠤᠨ ᠬᠠᠤᠯᠢ︾ ᠂ ︽︿ |
ᠰᠢᠨ᠎ᠡ ᠴᠠᠭ ᠦᠶ᠎ᠡ ᠶᠢᠨ ᠠᠵᠤ ᠦᠢᠯᠡᠰ ᠤᠨ ᠠᠵᠢᠯᠴᠢᠨ ᠤ ᠡᠩᠨᠡᠭᠡᠨ ᠤ ᠪᠠᠶᠢᠭᠤᠯᠤᠯᠲᠠ ᠶᠢᠨ ᠥᠭᠡᠷᠡᠴᠢᠯᠡᠯᠲᠡ ᠶᠢᠨ |
ᠲᠥᠰᠥᠯ﹀ ᠢ ᠳᠠᠷᠤᠮᠠᠯᠯᠠᠨ ᠶᠠᠪᠤᠭᠤᠯᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ |
ᠲᠥᠷᠥ ᠶᠢᠨ ᠶᠠᠪᠤᠳᠠᠯ ᠤᠨ ᠬᠤᠷᠢᠶᠠᠨ ᠤ ᠮᠡᠳᠡᠭᠳᠡᠯ︾ ᠵᠡᠷᠭᠡ ᠬᠠᠤᠯᠢ ᠴᠠᠭᠠᠵᠠ ᠶᠢᠨ ᠲᠣᠭᠲᠠᠭᠠᠯ ᠪᠠ ᠪᠢᠴᠢᠭ |
ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠨ ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ |
ᠤᠶᠠᠯᠳᠤᠭᠤᠯᠵᠤ ᠂ ᠲᠤᠰ ᠳᠦᠷᠢᠮ ᠢ ᠲᠣᠭᠲᠠᠭᠠᠪᠠ ᠃ |
ᠬᠤᠶᠠᠳᠤᠭᠠᠷ ᠵᠦᠢᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ |
ᠣᠷᠳᠣᠨ ᠬᠢᠭᠡᠳ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠢ ᠡᠪᠯᠡᠯ ᠤᠨ |
ᠬᠠᠮᠲᠤᠷᠠᠭᠰᠠᠨ ᠬᠤᠷᠠᠯ ︵ᠳᠣᠷᠣᠭᠰᠢ ᠬᠠᠮᠲᠤᠷᠠᠭᠰᠠᠨ ᠬᠤᠷᠠᠯ ᠭᠡᠵᠦ ᠲᠣᠪᠴᠢᠯᠠᠨ᠎ᠠ︶ ᠨᠢ ᠰᠢ ᠶᠢᠨ ᠫᠢᠩ ᠤᠨ ᠰᠢᠨ᠎ᠡ |
ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ |
ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ |
ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ ᠂ ᠶᠡᠷᠦᠩᠬᠡᠢ ᠱᠦᠵᠢ ᠰᠢ ᠶᠢᠨ ᠫᠢᠩ ᠤᠨ ᠠᠵᠢᠯᠴᠢᠨ ᠠᠩᠭᠢ ᠪᠣᠯᠣᠨ |
ᠠᠵᠢᠯᠴᠢᠨ ᠤ ᠡᠪᠯᠡᠯ ᠤᠨ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠲᠤᠭᠤᠰᠢᠯᠠᠭᠤᠯᠤᠨ |
ᠨᠠᠶᠢᠳᠠᠪᠤᠷᠢᠵᠢᠭᠤᠯᠵᠤ ᠂ ᠪᠦᠬᠦ ᠰᠡᠳᠬᠢᠯ ᠪᠦᠬᠦ ᠵᠣᠷᠢᠭ ᠢᠶᠠᠷ ᠠᠵᠢᠯᠴᠢᠨ ᠠᠩᠭᠢ ᠳᠤ ᠲᠦᠰᠢᠭᠯᠡᠬᠦ ᠦᠨᠳᠦᠰᠦᠨ |
ᠴᠢᠭᠯᠡᠯᠲᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ |
ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠠᠵᠢᠯ ᠤᠨ ᠭᠤᠣᠯ ᠰᠢᠵᠢᠮ ᠪᠣᠯᠭᠠᠵᠤ ᠂ ᠠᠵᠢᠯᠴᠢᠨ ᠤ ᠡᠪᠯᠡᠯ ᠤᠨ |
ᠵᠣᠬᠢᠶᠠᠨ ᠪᠠᠶᠢᠭᠤᠯᠤᠯᠲᠠ ᠶᠢᠨ ᠬᠥᠭᠦᠷᠭᠡ ᠬᠤᠯᠪᠣᠭᠠᠰᠤ ᠶᠢᠨ ᠦᠢᠯᠡᠳᠦᠯ ᠢ ᠭᠦᠢᠴᠡᠳ ᠪᠠᠳᠠᠷᠠᠭᠤᠯᠤᠨ ᠂ ᠠᠵᠢᠯᠲᠠᠨ |
ᠠᠵᠢᠯᠴᠢᠨ ᠤ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠵᠤ ᠂ ᠡᠶ᠎ᠡ ᠵᠣᠬᠢᠴᠠᠯ ᠲᠠᠢ ᠬᠥᠳᠡᠯᠮᠦᠷᠢ ᠶᠢᠨ |
ᠬᠠᠷᠢᠴᠠᠭ᠎ᠠ ᠶᠢ ᠪᠠᠶᠢᠭᠤᠯᠤᠨ ᠂ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠤᠨ᠎ᠠ ᠃ |
ᠭᠤᠷᠪᠠᠳᠤᠭᠠᠷ ᠵᠦᠢᠯ ᠬᠠᠮᠲᠤᠷᠠᠭᠰᠠᠨ ᠬᠤᠷᠠᠯ ᠤᠨ ᠭᠤᠣᠯ ᠡᠭᠦᠷᠭᠡ ᠪᠣᠯ ᠥᠪᠡᠷᠲᠡᠭᠡᠨ ᠵᠠᠰᠠᠬᠤ ᠣᠷᠣᠨ ᠤ |
ᠠᠷᠠᠳ ᠤᠨ ᠵᠠᠰᠠᠭ ᠤᠨ ᠣᠷᠳᠣᠨ ᠬᠢᠭᠡᠳ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠢ ᠡᠪᠯᠡᠯ ᠨᠢ |
ᠪᠠᠶᠢᠳᠠᠯ ᠢᠶᠠᠨ ᠬᠠᠷᠢᠯᠴᠠᠨ ᠨᠡᠪᠲᠡᠷᠡᠯᠴᠡᠵᠦ ᠂ ᠣᠷᠣᠨ ᠨᠤᠲᠤᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠂ |
ᠠᠵᠢᠯᠴᠢᠨ ᠠᠩᠭᠢ ᠪᠠ ᠠᠵᠢᠯᠴᠢᠨ ᠤ ᠡᠪᠯᠡᠯ ᠤᠨ ᠠᠵᠢᠯ ᠵᠡᠷᠭᠡ ᠲᠠᠯ᠎ᠠ ᠳᠤ ᠬᠤᠯᠪᠣᠭᠳᠠᠬᠤ ᠴᠢᠬᠤᠯᠠ ᠶᠡᠭᠡ |
ᠠᠰᠠᠭᠤᠳᠠᠯ ᠢ ᠬᠠᠮᠲᠤ ᠪᠠᠷ ᠰᠤᠳᠤᠯᠵᠤ ᠂ ᠵᠥᠪᠳᠡᠯᠴᠡᠨ ᠰᠢᠢᠳᠪᠦᠷᠢᠯᠡᠬᠦ ᠪᠣᠯᠣᠨ᠎ᠠ ᠃ ᠡᠭᠦᠨ ᠳᠤ ᠭᠤᠣᠯᠳᠠᠭᠤ |
ᠳᠣᠣᠷᠠᠬᠢ ᠠᠭᠤᠯᠭ᠎ᠠ ᠪᠠᠭᠲᠠᠨ᠎ᠠ᠄ |
︵ᠨᠢᠭᠡ︶ ᠳᠡᠭᠡᠷ᠎ᠡ ᠤᠳᠠᠭᠠᠨ ᠤ ᠬᠠᠮᠲᠤᠷᠠᠭᠰᠠᠨ ᠬᠤᠷᠠᠯ ᠤᠨ ᠵᠥᠪᠯᠡᠬᠦ ᠰᠡᠳᠦᠪ ᠢ ᠨᠠᠶᠢᠳᠠᠪᠤᠷᠢᠵᠢᠭᠤᠯᠤᠭᠰᠠᠨ |
ᠪᠠᠶᠢᠳᠠᠯ ᠢ ᠨᠡᠪᠲᠡᠷᠡᠭᠦᠯᠦᠨ ᠮᠡᠳᠡᠭᠡᠯᠡᠵᠦ ᠂ ᠨᠠᠶᠢᠳᠠᠪᠤᠷᠢᠵᠢᠭᠤᠯᠤᠭᠠᠳᠤᠢ ᠵᠦᠢᠯᠡᠰ ᠲᠤ ᠲᠣᠳᠣᠷᠬᠠᠶᠢᠯᠠᠯᠲᠠ ᠬᠢᠬᠦ ᠶᠢᠨ |
ᠬᠠᠮᠲᠤ ᠰᠠᠨᠠᠯ ᠢᠶᠠᠨ ᠳᠤᠷᠠᠳᠴᠤ ᠂ ᠪᠡᠶᠡᠯᠡᠭᠦᠯᠬᠦ ᠬᠤᠭᠤᠴᠠᠭ᠎ᠠ ᠬᠢᠵᠠᠭᠠᠷ ᠢ ᠲᠣᠳᠣᠷᠬᠠᠶᠢᠯᠠᠨ᠎ᠠ ᠃ |
︵ᠬᠤᠶᠠᠷ︶ ᠤᠯᠤᠰ ᠠᠷᠠᠳ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠲᠥᠯᠦᠪᠵᠢᠭᠦᠯᠭᠡ ᠂ |
ᠵᠠᠰᠠᠭ ᠤᠨ ᠣᠷᠳᠣᠨ ᠤ ᠠᠵᠢᠯ ᠤᠨ ᠶᠠᠪᠤᠴᠠ ᠳᠠᠬᠢ ᠠᠵᠢᠯᠲᠠᠨ ᠠᠵᠢᠯᠴᠢᠨ ᠤ ᠠᠰᠢᠭ ᠲᠤᠰᠠ ᠳᠤ ᠬᠤᠯᠪᠣᠭᠳᠠᠭᠰᠠᠨ |
ᠬᠤᠯᠪᠣᠭᠳᠠᠯ ᠪᠦᠬᠦᠢ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢᠨ ᠪᠠᠶᠢᠳᠠᠯ ᠢ ᠨᠡᠪᠲᠡᠷᠡᠭᠦᠯᠦᠨ ᠮᠡᠳᠡᠭᠡᠯᠡᠨ᠎ᠡ︔ |
ᠠᠵᠢᠯᠴᠢᠨ ᠤ ᠡᠪᠯᠡᠯ ᠤᠨ ᠭᠤᠣᠯᠳᠠᠯᠭ᠎ᠠ ᠶᠢᠨ ᠲᠣᠭᠤᠷᠢᠨ ᠳᠤ ᠂ ᠶᠡᠭᠡ ᠲᠠᠯ᠎ᠠ ᠳᠤ ᠦᠢᠯᠡᠴᠢᠯᠡᠭᠰᠡᠨ ᠂ ᠠᠵᠢᠯᠲᠠᠨ |
ᠠᠵᠢᠯᠴᠢᠨ ᠳᠤ ᠦᠢᠯᠡᠴᠢᠯᠡᠭᠰᠡᠨ ᠴᠢᠬᠤᠯᠠ ᠠᠷᠭ᠎ᠠ ᠬᠡᠮᠵᠢᠶ᠎ᠡ ᠵᠡᠷᠭᠡ ᠪᠠᠶᠢᠳᠠᠯ ᠢ ᠨᠡᠪᠲᠡᠷᠡᠭᠦᠯᠦᠨ ᠮᠡᠳᠡᠭᠡᠯᠡᠨ᠎ᠡ ᠃ |
︵ᠭᠤᠷᠪᠠ︶ ᠥᠷᠭᠡᠨ ᠣᠯᠠᠨ ᠠᠵᠢᠯᠲᠠᠨ ᠠᠵᠢᠯᠴᠢᠨ ᠢ ᠵᠣᠬᠢᠶᠠᠨ ᠪᠠᠶᠢᠭᠤᠯᠤᠨ ᠳᠠᠶᠢᠴᠢᠯᠠᠵᠤ ᠪᠠᠶᠢᠭᠠᠳ |
ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠪᠠ ︽ |
ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠢ |
ᠰᠠᠶᠢᠲᠤᠷ ᠪᠡᠶᠡᠯᠡᠭᠦᠯᠬᠦ ᠂ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ |
ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤᠮᠳᠠ ᠭᠠᠪᠢᠶ᠎ᠠ |
ᠪᠠᠶᠢᠭᠤᠯᠤᠨ ᠦᠢᠯᠡᠰ ᠪᠦᠲᠦᠭᠡᠬᠦ ᠵᠡᠷᠭᠡ ᠲᠠᠯ᠎ᠠ ᠶᠢᠨ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ |
ᠪᠠ ᠳᠦᠷᠢᠮ ᠤᠨ ᠪᠠᠲᠤᠯᠠᠭ᠎ᠠ ᠶᠢ ᠰᠤᠳᠤᠯᠤᠨ᠎ᠠ︔ ᠡᠶ᠎ᠡ ᠵᠣᠬᠢᠴᠠᠯ ᠲᠠᠢ ᠬᠥᠳᠡᠯᠮᠦᠷᠢ ᠶᠢᠨ ᠬᠠᠷᠢᠴᠠᠭ᠎ᠠ ᠶᠢ |
ᠪᠠᠶᠢᠭᠤᠯᠬᠤ ᠶᠡᠷᠦᠩᠬᠡᠢ ᠪᠠᠶᠢᠷᠢᠯᠠᠭᠤᠯᠤᠯᠲᠠ ᠪᠠ ᠪᠣᠳᠠᠲᠠᠢ ᠠᠷᠭ᠎ᠠ ᠬᠡᠮᠵᠢᠶ᠎ᠡ ᠶᠢ ᠰᠤᠳᠤᠯᠤᠨ᠎ᠠ ᠃ |
︵ᠳᠥᠷᠪᠡ︶ ᠠᠵᠢᠯᠲᠠᠨ ᠠᠵᠢᠯᠴᠢᠨ ᠣᠯᠠᠨ ᠲᠦᠮᠡᠨ ᠤ ᠲᠣᠰ ᠪᠡᠶ᠎ᠡ ᠶᠢᠨ ᠠᠰᠢᠭ ᠲᠤᠰᠠ ᠳᠤ |
ᠬᠤᠯᠪᠣᠭᠳᠠᠬᠤ ᠴᠢᠬᠤᠯᠠ ᠠᠰᠠᠭᠤᠳᠠᠯ ᠂ ᠠᠵᠢᠯᠲᠠᠨ ᠠᠵᠢᠯᠴᠢᠨ ᠣᠯᠠᠨ ᠲᠦᠮᠡᠨ ᠤ ᠬᠠᠯᠠᠮᠵᠢᠯᠠᠨ ᠠᠩᠬᠠᠷᠴᠤ ᠪᠠᠶᠢᠭ᠎ᠠ |
ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠵᠡᠷᠭᠡ ᠶᠢ ᠰᠤᠳᠤᠯᠵᠤ ᠰᠢᠢᠳᠪᠦᠷᠢᠯᠡᠨ᠎ᠡ︔ |
ᠰᠢᠨ᠎ᠡ ᠠᠵᠢᠯ ᠣᠯᠭᠤᠯᠲᠠ ᠶᠢᠨ ᠪᠠᠶᠢᠳᠠᠯ ᠳᠠᠬᠢ ᠬᠥᠳᠡᠯᠮᠦᠷᠢᠴᠢᠳ ᠤᠨ ᠡᠷᠬᠡ ᠠᠰᠢᠭ ᠢ ᠪᠠᠲᠤᠯᠠᠬᠤ ᠵᠡᠷᠭᠡ ᠰᠢᠨ᠎ᠡ |
ᠠᠰᠠᠭᠤᠳᠠᠯ ᠰᠢᠨ᠎ᠡ ᠰᠡᠳᠦᠪ ᠢ ᠰᠤᠳᠤᠯᠵᠤ ᠰᠢᠢᠳᠪᠦᠷᠢᠯᠡᠨ᠎ᠡ ᠃ |
︵ᠲᠠᠪᠤ︶ ᠠᠵᠢᠯᠴᠢᠨ ᠤ ᠡᠪᠯᠡᠯ ᠤᠨ ᠲᠣᠰ ᠪᠡᠶ᠎ᠡ ᠶᠢᠨ ᠥᠭᠡᠷᠡᠴᠢᠯᠡᠯᠲᠡ ᠪᠠ ᠪᠠᠶᠢᠭᠤᠯᠤᠯᠲᠠ ᠶᠢ ᠠᠬᠢᠭᠤᠯᠬᠤ |
ᠶᠠᠪᠤᠴᠠ ᠳᠠᠬᠢ ᠵᠠᠰᠠᠭ ᠤᠨ ᠣᠷᠳᠣᠨ ᠤ ᠳᠡᠮᠵᠢᠯᠭᠡ ᠱᠠᠭᠠᠷᠳᠠᠭᠳᠠᠬᠤ ᠬᠠᠮᠢᠶ᠎ᠠ ᠪᠦᠬᠦᠢ ᠠᠰᠠᠭᠤᠳᠠᠯ ᠢ ᠰᠤᠳᠤᠯᠤᠨ᠎ᠠ ᠃ |
︵ᠵᠢᠷᠭᠤᠭ᠎ᠠ︶ ᠬᠠᠮᠲᠤᠷᠠᠭᠰᠠᠨ ᠬᠤᠷᠠᠯ ᠢᠶᠠᠷ ᠰᠤᠳᠤᠯᠤᠨ ᠰᠢᠢᠳᠪᠦᠷᠢᠯᠡᠬᠦ ᠴᠢᠬᠤᠯᠠᠲᠠᠢ ᠪᠤᠰᠤᠳ ᠠᠰᠠᠭᠤᠳᠠᠯ ᠃ |
|
ᠳᠥᠷᠪᠡᠳᠦᠭᠡᠷ ᠵᠦᠢᠯ ᠬᠠᠮᠲᠤᠷᠠᠭᠰᠠᠨ ᠬᠤᠷᠠᠯ ᠢ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠢ |
ᠡᠪᠯᠡᠯ ᠠᠴᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠳᠡᠪᠰᠢᠭᠦᠯᠵᠦ ᠬᠠᠮᠲᠤ ᠪᠠᠷ |
ᠵᠣᠬᠢᠶᠠᠨ ᠪᠠᠶᠢᠭᠤᠯᠤᠨ ᠬᠤᠷᠠᠯᠳᠤᠭᠤᠯᠤᠨ᠎ᠠ ᠃ ᠠᠵᠢᠯᠴᠢᠨ ᠤ ᠡᠪᠯᠡᠯ ᠤᠨ ᠠᠵᠢᠯ ᠢ ᠬᠠᠷᠢᠯᠴᠠᠵᠤ ᠪᠠᠶᠢᠭ᠎ᠠ ᠥᠪᠡᠷᠲᠡᠭᠡᠨ |
ᠵᠠᠰᠠᠬᠤ ᠣᠷᠣᠨ ᠤ ᠳᠡᠳ᠋ ᠲᠡᠷᠢᠭᠦᠯᠡᠭᠴᠢ ᠂ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠢ ᠡᠪᠯᠡᠯ ᠤᠨ |
ᠲᠡᠷᠢᠭᠦᠯᠡᠭᠴᠢ ᠪᠠᠷ ᠶᠡᠷᠦᠩᠬᠡᠢ ᠬᠤᠷᠠᠯᠳᠤᠭᠤᠯᠤᠭᠴᠢ ᠶᠢᠨ ᠲᠤᠰᠢᠶᠠᠯ ᠳᠠᠭᠠᠭᠠᠨ ᠡᠭᠦᠷᠭᠡᠯᠡᠭᠦᠯᠵᠦ ᠂ ᠠᠵᠢᠯᠴᠢᠨ ᠤ |
ᠡᠪᠯᠡᠯ ᠤᠨ ᠠᠵᠢᠯ ᠢ ᠬᠠᠷᠢᠯᠴᠠᠵᠤ ᠪᠠᠶᠢᠭ᠎ᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ |
ᠳᠡᠳ᠋ ᠨᠠᠷᠢᠨ ᠪᠢᠴᠢᠭ ᠤᠨ ᠳᠠᠷᠤᠭ᠎ᠠ ᠂ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠢ ᠡᠪᠯᠡᠯ ᠤᠨ |
ᠪᠠᠶᠢᠩᠭᠤ ᠶᠢᠨ ᠠᠵᠢᠯ ᠢ ᠬᠠᠷᠢᠭᠤᠴᠠᠵᠤ ᠪᠠᠶᠢᠭ᠎ᠠ ᠳᠡᠳ᠋ ᠲᠡᠷᠢᠭᠦᠯᠡᠭᠴᠢ ᠪᠠᠷ ᠬᠤᠷᠠᠯᠳᠤᠭᠤᠯᠤᠭᠴᠢ ᠶᠢᠨ ᠲᠤᠰᠢᠶᠠᠯ |
ᠳᠠᠭᠠᠭᠠᠨ ᠡᠭᠦᠷᠭᠡᠯᠡᠭᠦᠯᠦᠨ᠎ᠡ ᠃ ᠣᠨᠴᠠᠭᠠᠢ ᠴᠢᠬᠤᠯᠠ ᠶᠡᠭᠡ ᠠᠰᠠᠭᠤᠳᠠᠯ ᠲᠣᠬᠢᠶᠠᠯᠳᠤᠪᠠᠯ ᠂ ᠬᠡᠷᠡᠭᠴᠡᠭᠡ ᠪᠠᠨ |
ᠦᠨᠳᠦᠰᠦᠯᠡᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠭᠤᠣᠯ ᠤᠳᠤᠷᠢᠳᠬᠤ |
ᠨᠥᠬᠦᠳ ᠢ ᠤᠷᠢᠵᠤ ᠣᠷᠣᠯᠴᠠᠭᠤᠯᠬᠤ ᠶᠢᠨ ᠬᠠᠮᠲᠤ ᠬᠤᠷᠠᠯ ᠡᠷᠬᠢᠯᠡᠬᠦᠯᠵᠤ ᠪᠣᠯᠣᠨ᠎ᠠ ᠃ ᠬᠠᠮᠲᠤᠷᠠᠭᠰᠠᠨ ᠬᠤᠷᠠᠯ ᠢ |
ᠵᠠᠷᠴᠢᠮ ᠳᠡᠭᠡᠷ᠎ᠡ ᠪᠠᠨ ᠵᠢᠯ ᠪᠦᠷᠢ ᠨᠢᠭᠡ ᠤᠳᠠᠭ᠎ᠠ ᠬᠤᠷᠠᠯᠳᠤᠭᠤᠯᠤᠨ᠎ᠠ ᠂ ᠬᠡᠷᠪᠡ ᠣᠨᠴᠠᠭᠠᠶ ᠪᠠᠶᠢᠳᠠᠯ ᠪᠤᠶᠤ ᠴᠢᠬᠤᠯᠠ |
ᠶᠡᠭᠡ ᠠᠰᠠᠭᠤᠳᠠᠯ ᠲᠣᠬᠢᠶᠠᠯᠳᠤᠪᠠᠯ ᠂ ᠵᠥᠪᠳᠡᠯᠴᠡᠭᠰᠡᠨ ᠤ ᠲᠠᠷᠠᠭ᠎ᠠ ᠬᠡᠵᠢᠶ᠎ᠡ ᠴᠦ ᠭᠡᠰᠡᠨ ᠬᠤᠷᠠᠯᠳᠤᠭᠤᠯᠵᠤ ᠪᠣᠯᠣᠨ᠎ᠠ ᠃ |
|
ᠲᠠᠪᠤᠳᠤᠭᠠᠷ ᠵᠦᠢᠯ ᠬᠠᠮᠲᠤᠷᠠᠭᠰᠠᠨ ᠬᠤᠷᠠᠯ ᠳᠤ ᠣᠷᠣᠯᠴᠠᠭᠴᠢ ᠪᠠ ᠰᠤᠯᠠ ᠣᠷᠣᠯᠴᠠᠭᠰᠠᠳ ᠲᠤ ᠂ |
ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠠᠯ᠎ᠠ ᠠᠴᠠ ᠶᠡᠷᠦ ᠳᠤ ᠪᠠᠨ ᠪᠠᠭᠲᠠᠬᠤ ᠨᠢ᠄ |
ᠠᠵᠢᠯᠴᠢᠨ ᠤ ᠡᠪᠯᠡᠯ ᠤᠨ ᠠᠵᠢᠯ ᠲᠠᠢ ᠬᠠᠷᠢᠯᠴᠠᠵᠤ ᠪᠠᠶᠢᠭ᠎ᠠ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠂ |
ᠵᠥᠪᠯᠡᠬᠦ ᠰᠡᠳᠦᠪ ᠤᠨ ᠠᠭᠤᠯᠭ᠎ᠠ ᠳᠤ ᠬᠤᠯᠪᠣᠭᠳᠠᠬᠤ ᠥᠪᠡᠷᠲᠡᠭᠡᠨ ᠵᠠᠰᠠᠬᠤ ᠣᠷᠣᠨ ᠤ ᠪᠤᠰᠤᠳ ᠳᠡᠳ᠋ |
ᠲᠡᠷᠢᠭᠦᠯᠡᠭᠴᠢ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠳᠡᠳ᠋ |
ᠨᠠᠷᠢᠨ ᠪᠢᠴᠢᠭ ᠤᠨ ᠳᠠᠷᠤᠭ᠎ᠠ ︵ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ |
ᠲᠢᠩᠬᠢᠮ ᠤᠨ ᠬᠤᠯᠪᠣᠭᠳᠠᠯ ᠪᠦᠬᠦᠢ ᠳᠡᠳ᠋ ᠡᠷᠬᠢᠯᠡᠭᠴᠢ︶ ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ |
ᠰᠠᠯᠠᠭ᠎ᠠ ᠮᠥᠴᠢᠷ ᠨᠢᠭᠡᠴᠢ ᠶᠢᠨ ᠬᠠᠷᠢᠭᠤᠴᠠᠯᠭᠠᠲᠠᠨ︔ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠢ |
ᠡᠪᠯᠡᠯ ᠤᠨ ᠲᠠᠯ᠎ᠠ ᠠᠴᠠ ᠶᠡᠷᠦ ᠳᠤ ᠪᠠᠨ ᠪᠠᠭᠲᠠᠬᠤ ᠨᠢ᠄ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠢ |
ᠡᠪᠯᠡᠯ ᠤᠨ ᠤᠳᠤᠷᠢᠳᠬᠤ ᠪᠠᠭ ᠤᠨ ᠪᠦᠷᠢᠯᠳᠦᠭᠦᠨ ᠵᠢᠴᠢ ᠬᠤᠯᠪᠣᠭᠳᠠᠯ ᠪᠦᠬᠦᠢ ᠡᠭᠦᠷᠭᠡ ᠴᠢᠳᠠᠪᠤᠷᠢᠲᠤ ᠰᠠᠯᠠᠭ᠎ᠠ |
ᠮᠥᠴᠢᠷ ᠂ ᠠᠵᠤ ᠦᠢᠯᠡᠰ ᠤᠨ ᠠᠵᠢᠯᠴᠢᠨ ᠤ ᠡᠪᠯᠡᠯ ᠤᠨ ᠬᠠᠷᠢᠭᠤᠴᠠᠯᠭᠠᠲᠠᠨ ᠃ |
ᠬᠠᠮᠲᠤᠷᠠᠭᠰᠠᠨ ᠬᠤᠷᠠᠯ ᠳᠤ ᠦᠨᠳᠦᠰᠦᠨ ᠱᠠᠲᠤᠨ ᠤ ᠨᠠᠮ ᠵᠠᠰᠠᠭ ᠤᠨ ᠺᠠᠳ᠋ᠷ ᠂ ᠠᠵᠢᠯᠲᠠᠨ ᠠᠵᠢᠯᠴᠢᠨ ᠤ |
ᠲᠥᠯᠥᠭᠡᠯᠡᠭᠴᠢ ᠂ ᠬᠥᠳᠡᠯᠮᠦᠷᠢ ᠶᠢᠨ ᠵᠢᠱᠢᠶᠡᠴᠢ ᠶᠢᠨ ᠲᠡᠷᠢᠭᠦᠨ ᠤ ᠲᠥᠯᠥᠭᠡᠯᠡᠭᠴᠢ ᠪᠠ ᠦᠨᠳᠦᠰᠦᠨ ᠱᠠᠲᠤᠨ ᠤ |
ᠠᠵᠢᠯᠴᠢᠨ ᠤ ᠡᠪᠯᠡᠯ ᠤᠨ ᠠᠵᠢᠯᠲᠠᠨ ᠵᠡᠷᠭᠡ ᠶᠢ ᠤᠷᠢᠨ ᠣᠷᠣᠯᠴᠠᠭᠤᠯᠵᠤ ᠪᠣᠯᠣᠨ᠎ᠠ ᠃ |
ᠵᠢᠷᠭᠤᠳᠤᠭᠠᠷ ᠵᠦᠢᠯ ᠬᠠᠮᠲᠤᠷᠠᠭᠰᠠᠨ ᠬᠤᠷᠠᠯ ᠤᠨ ᠵᠥᠪᠯᠡᠬᠦ ᠰᠡᠳᠦᠪ ᠢ ᠥᠪᠡᠷᠲᠡᠭᠡᠨ ᠵᠠᠰᠠᠬᠤ ᠣᠷᠣᠨ ᠤ |
ᠠᠷᠠᠳ ᠤᠨ ᠵᠠᠰᠠᠭ ᠤᠨ ᠣᠷᠳᠣᠨ ᠪᠠ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠢ ᠡᠪᠯᠡᠯ |
ᠵᠥᠪᠳᠡᠯᠴᠡᠨ ᠲᠣᠭᠲᠠᠭᠠᠨ᠎ᠠ ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠳᠤᠷᠠᠳᠤᠭᠰᠠᠨ |
ᠵᠥᠪᠯᠡᠬᠦ ᠰᠡᠳᠦᠪ ᠢ ᠬᠠᠮᠢᠶ᠎ᠠ ᠪᠦᠬᠦᠢ ᠡᠭᠦᠷᠭᠡ ᠴᠢᠳᠠᠪᠤᠷᠢ ᠶᠢ ᠡᠭᠦᠷᠭᠡᠯᠡᠵᠦ ᠪᠦᠬᠦᠢ ᠥᠪᠡᠷᠲᠡᠭᠡᠨ ᠵᠠᠰᠠᠬᠤ ᠣᠷᠣᠨ ᠤ |
ᠠᠷᠠᠳ ᠤᠨ ᠵᠠᠰᠠᠭ ᠤᠨ ᠣᠷᠳᠣᠨ ᠤ ᠰᠠᠯᠠᠭ᠎ᠠ ᠮᠥᠴᠢᠷ ᠠᠴᠠ ᠳᠤᠷᠠᠳᠤᠭᠰᠠᠨ ᠤ ᠳᠠᠷᠠᠭ᠎ᠠ ᠂ ᠥᠪᠡᠷᠲᠡᠭᠡᠨ ᠵᠠᠰᠠᠬᠤ |
ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠳᠤ ᠮᠡᠳᠡᠭᠦᠯᠵᠦ ᠬᠤᠷᠢᠶᠠᠩᠭᠤᠶᠢᠯᠠᠨ᠎ᠠ︔ |
ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠢ ᠡᠪᠯᠡᠯ ᠤᠨ ᠳᠤᠷᠠᠳᠤᠭᠰᠠᠨ ᠵᠥᠪᠯᠡᠬᠦ ᠰᠡᠳᠦᠪ ᠢ |
ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠢ ᠡᠪᠯᠡᠯ ᠤᠨ ᠠᠯᠪᠠᠨ ᠭᠡᠷ ᠠᠴᠠ ᠬᠠᠷᠢᠭᠤᠴᠠᠵᠤ |
ᠴᠤᠭᠯᠠᠭᠤᠯᠤᠨ᠎ᠠ ᠃ ᠡᠩ ᠤᠨ ᠪᠠᠶᠢᠳᠠᠯ ᠳᠤ ᠬᠠᠮᠲᠤᠷᠠᠭᠰᠠᠨ ᠬᠤᠷᠠᠯ ᠬᠤᠷᠠᠯᠳᠤᠬᠤ ᠠᠴᠠ 2 ᠰᠠᠷ᠎ᠠ ᠶᠢᠨ ᠡᠮᠦᠨ᠎ᠡ |
ᠵᠥᠪᠯᠡᠬᠦ ᠰᠡᠳᠦᠪ ᠴᠤᠭᠯᠠᠭᠤᠯᠬᠤ ᠠᠵᠢᠯ ᠢ ᠡᠬᠢᠯᠡᠭᠦᠯᠦᠨ᠎ᠡ ᠃ ᠬᠤᠶᠠᠷ ᠲᠠᠯ᠎ᠠ ᠪᠠᠷ ᠢᠶᠠᠨ ᠬᠠᠮᠲᠤᠷᠠᠨ ᠳᠤᠷᠠᠳᠤᠭᠰᠠᠨ |
ᠵᠥᠪᠯᠡᠬᠦ ᠰᠡᠳᠦᠪ ᠪᠣᠯ ᠭᠤᠣᠯ ᠠᠵᠢᠯ ᠢ ᠡᠭᠦᠷᠭᠡᠯᠡᠵᠦ ᠪᠠᠶᠢᠭ᠎ᠠ ᠨᠢᠭᠡ ᠲᠠᠯ᠎ᠠ ᠨᠢ ᠳᠤᠷᠠᠳᠬᠤ ᠳᠡᠰ ᠳᠠᠷᠠᠭᠠᠯᠠᠯ ᠢ |
ᠭᠦᠢᠴᠡᠳᠬᠡᠨ᠎ᠡ ᠃ |
ᠬᠠᠮᠲᠤᠷᠠᠭᠰᠠᠨ ᠬᠤᠷᠠᠯ ᠤᠨ ᠵᠥᠪᠯᠡᠬᠦ ᠰᠡᠳᠦᠪ ᠢ ᠭᠦᠨᠵᠡᠭᠡᠢ ᠪᠠᠶᠢᠴᠠᠭᠠᠨ ᠰᠤᠳᠤᠯᠤᠯᠲᠠ ᠬᠢᠭᠰᠡᠨ ᠂ |
ᠥᠷᠭᠡᠨ ᠢᠶᠠᠷ ᠨᠤᠲᠠᠯᠠᠯᠲᠠ ᠬᠢᠭᠰᠡᠨ ᠂ ᠨᠠᠷᠢᠨ ᠨᠢᠮᠪᠠᠢ ᠰᠢᠯᠢᠨ ᠰᠣᠩᠭᠤᠭᠰᠠᠨ ᠰᠠᠭᠤᠷᠢᠨ ᠳᠡᠭᠡᠷ᠎ᠡ ᠳᠤᠷᠠᠳᠬᠤ |
ᠬᠡᠷᠡᠭᠲᠡᠢ ᠃ ᠬᠤᠷᠠᠯ ᠠᠴᠠ ᠡᠮᠦᠨᠡᠬᠢ ᠵᠣᠬᠢᠴᠠᠭᠤᠯᠭ᠎ᠠ ᠶᠢ ᠴᠢᠩᠭᠠᠷᠠᠭᠤᠯᠵᠤ ᠂ ᠵᠥᠪᠯᠡᠬᠦ ᠰᠡᠳᠦᠪ ᠤᠨ ᠰᠠᠨᠠᠯ ᠬᠤᠷᠢᠶᠠᠬᠤ |
ᠵᠡᠷᠭᠡ ᠤᠷᠢᠳᠠᠴᠢ ᠠᠵᠢᠯ ᠢ ᠰᠠᠶᠢᠲᠤᠷ ᠬᠢᠵᠦ ᠂ ᠬᠤᠷᠠᠯ ᠤᠨ ᠡᠴᠦᠰ ᠲᠤ ᠪᠠᠨ ᠰᠠᠨᠠᠯ ᠨᠢᠭᠡᠳᠴᠦ ᠂ ᠰᠢᠢᠳᠪᠦᠷᠢ |
ᠭᠠᠷᠭᠠᠬᠤ ᠳᠤ ᠨᠢ ᠨᠥᠬᠦᠴᠡᠯ ᠪᠦᠷᠢᠯᠳᠦᠭᠦᠯᠵᠦ ᠥᠭᠬᠦ ᠬᠡᠷᠡᠭᠲᠡᠢ ᠃ |
ᠳᠣᠯᠣᠳᠤᠭᠠᠷ ᠵᠦᠢᠯ ᠬᠠᠮᠲᠤᠷᠠᠭᠰᠠᠨ ᠬᠤᠷᠠᠯ ᠤᠨ ᠶᠠᠪᠤᠳᠠᠯ ᠤᠨ ᠪᠡᠯᠡᠳᠬᠡᠯ ᠠᠵᠢᠯ ᠢ ᠥᠪᠡᠷᠲᠡᠭᠡᠨ ᠵᠠᠰᠠᠬᠤ |
ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠬᠢᠭᠡᠳ ᠥᠪᠡᠷᠲᠡᠭᠡᠨ ᠵᠠᠰᠠᠬᠤ ᠣᠷᠣᠨ ᠤ |
ᠠᠵᠢᠯᠴᠢᠨ ᠤ ᠶᠡᠷᠦᠩᠬᠡᠢ ᠡᠪᠯᠡᠯ ᠬᠠᠮᠲᠤ ᠪᠠᠷ ᠡᠭᠦᠷᠭᠡᠯᠡᠵᠦ ᠂ ᠪᠣᠳᠠᠲᠠᠢ ᠪᠡᠯᠡᠳᠬᠡᠯ ᠠᠵᠢᠯ ᠢ ᠥᠪᠡᠷᠲᠡᠭᠡᠨ ᠵᠠᠰᠠᠬᠤ |
ᠣᠷᠣᠨ ᠤ ᠠᠵᠢᠯᠴᠢᠨ ᠤ ᠶᠡᠷᠦᠩᠬᠡᠢ ᠡᠪᠯᠡᠯ ᠤᠨ ᠠᠯᠪᠠᠨ ᠭᠡᠷ ᠠᠴᠠ ᠬᠠᠷᠢᠭᠤᠴᠠᠨ᠎ᠠ ᠃ ᠬᠤᠷᠠᠯ ᠤᠨ ᠮᠡᠳᠡᠭᠳᠡᠯ ᠢ |
ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠠᠴᠠ ᠬᠠᠷᠢᠭᠤᠴᠠᠨ |
ᠳᠠᠷᠤᠮᠠᠯᠯᠠᠨ ᠲᠠᠷᠬᠠᠭᠠᠬᠤ ᠶᠢᠨ ᠬᠠᠮᠲᠤ ᠵᠠᠰᠠᠭ ᠤᠨ ᠣᠷᠳᠣᠨ ᠤ ᠲᠠᠯ᠎ᠠ ᠶᠢᠨ ᠬᠤᠷᠠᠯ ᠳᠤ ᠣᠷᠣᠯᠴᠠᠭᠴᠢ ᠶᠢ |
ᠵᠣᠬᠢᠴᠠᠭᠤᠯᠤᠨ᠎ᠠ ᠃ |
ᠨᠠᠢᠮᠠᠳᠤᠭᠠᠷ ᠵᠦᠢᠯ ᠬᠠᠮᠲᠤᠷᠠᠭᠰᠠᠨ ᠬᠤᠷᠠᠯ ᠢ ᠵᠠᠷᠴᠢᠮ ᠳᠡᠭᠡᠷ᠎ᠡ ᠪᠠᠨ ᠥᠪᠡᠷᠲᠡᠭᠡᠨ ᠵᠠᠰᠠᠬᠤ ᠣᠷᠣᠨ ᠤ |
ᠠᠷᠠᠳ ᠤᠨ ᠵᠠᠰᠠᠭ ᠤᠨ ᠣᠷᠳᠣᠨ ᠤ ᠣᠷᠣᠯᠴᠠᠭᠰᠠᠨ ᠤᠳᠤᠷᠢᠳᠤᠯᠭ᠎ᠠ ᠠᠴᠠ ᠡᠷᠭᠢᠯᠡᠨ᠎ᠡ ᠃ ᠵᠥᠪᠯᠡᠬᠦ ᠠᠯᠬᠤᠮ |
ᠳᠠᠷᠠᠭ᠎ᠠ ᠳᠤ ᠶᠡᠷᠦ ᠳᠤ ᠪᠠᠨ ᠪᠠᠭᠲᠠᠬᠤ ᠨᠢ᠄ ᠳᠡᠭᠡᠷ᠎ᠡ ᠤᠳᠠᠭᠠᠨ ᠤ ᠬᠠᠮᠲᠤᠷᠠᠭᠰᠠᠨ ᠬᠤᠷᠠᠯ ᠳᠤ ᠵᠥᠪᠯᠡᠨ |
ᠲᠣᠭᠲᠠᠭᠠᠭᠰᠠᠨ ᠵᠦᠢᠯᠡᠰ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠨᠡᠪᠲᠡᠷᠡᠭᠦᠯᠦᠨ ᠮᠡᠳᠡᠭᠡᠯᠡᠵᠦ ᠂ ᠲᠤᠰ ᠤᠳᠠᠭᠠᠨ ᠤ |
ᠬᠠᠮᠲᠤᠷᠠᠭᠰᠠᠨ ᠬᠤᠷᠠᠯ ᠤᠨ ᠵᠥᠪᠯᠡᠬᠦ ᠰᠡᠳᠦᠪ ᠤᠨ ᠪᠤᠢ ᠪᠣᠯᠤᠭᠰᠠᠨ ᠪᠠᠶᠢᠳᠠᠯ ᠵᠢᠴᠢ ᠭᠤᠣᠯ ᠠᠭᠤᠯᠭ᠎ᠠ ᠶᠢ |
ᠨᠡᠪᠲᠡᠷᠡᠭᠦᠯᠦᠨ ᠮᠡᠳᠡᠭᠡᠯᠡᠵᠦ ᠂ ᠲᠤᠰ ᠤᠳᠠᠭᠠᠨ ᠤ ᠬᠠᠮᠲᠤᠷᠠᠭᠰᠠᠨ ᠬᠤᠷᠠᠯ ᠤᠨ ᠬᠤᠯᠪᠣᠭᠳᠠᠯ ᠪᠦᠬᠦᠢ ᠵᠦᠢᠯᠡᠰ ᠢ |
ᠰᠤᠳᠤᠯᠤᠨ ᠶᠠᠷᠢᠯᠴᠠᠬᠤ ᠶᠢᠨ ᠬᠠᠮᠲᠤ ᠵᠥᠪᠳᠡᠯᠴᠡᠨ ᠲᠣᠭᠲᠠᠭᠠᠵᠤ ᠂ ᠲᠤᠰ ᠤᠳᠠᠭᠠᠨ ᠤ ᠬᠠᠮᠲᠤᠷᠠᠭᠰᠠᠨ ᠬᠤᠷᠠᠯ ᠤᠨ |
ᠵᠥᠪᠯᠡᠨ ᠲᠣᠭᠲᠠᠭᠠᠭᠰᠠᠨ ᠵᠦᠢᠯᠡᠰ ᠢ ᠨᠠᠶᠢᠳᠠᠪᠤᠷᠢᠵᠢᠭᠤᠯᠬᠤ ᠲᠠᠯ᠎ᠠ ᠪᠠᠷ ᠪᠠᠶᠢᠷᠢᠯᠠᠭᠤᠯᠤᠯᠲᠠ ᠬᠢᠨ᠎ᠡ ᠃ |
ᠶᠢᠰᠦᠳᠦᠭᠡᠷ ᠵᠦᠢᠯ ᠬᠠᠮᠲᠤᠷᠠᠭᠰᠠᠨ ᠬᠤᠷᠠᠯ ᠳᠤ ᠵᠥᠪᠯᠡᠨ ᠲᠣᠭᠲᠠᠭᠠᠭᠰᠠᠨ ᠵᠦᠢᠯᠡᠰ ᠢ ᠬᠤᠷᠠᠯ ᠤᠨ ᠲᠣᠪᠴᠢ |
ᠪᠣᠯᠭᠠᠵᠤ ᠂ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠢ ᠡᠪᠯᠡᠯ ᠤᠨ ᠠᠯᠪᠠᠨ ᠭᠡᠷ ᠠᠴᠠ ᠬᠠᠷᠢᠭᠤᠴᠠᠨ |
ᠲᠤᠭᠤᠷᠪᠢᠵᠤ ᠂ ᠲᠡᠰ ᠳᠠᠷᠠᠭᠠᠯᠠᠯ ᠤᠨ ᠶᠣᠰᠣᠭᠠᠷ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠢ ᠡᠪᠯᠡᠯ |
ᠪᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ ᠬᠢᠨᠠᠨ |
ᠲᠣᠭᠲᠠᠭᠠᠯᠭᠠᠭᠰᠠᠨ ᠤ ᠲᠠᠷᠠᠭ᠎ᠠ ᠂ ᠬᠠᠮᠲᠤᠷᠠᠭᠰᠠᠨ ᠬᠤᠷᠠᠯ ᠤᠨ ᠲᠣᠪᠴᠢ ᠶᠢᠨ ᠬᠡᠯᠪᠡᠷᠢ ᠪᠠᠷ ᠳᠠᠷᠤᠮᠠᠯᠯᠠᠨ |
ᠶᠠᠪᠤᠭᠤᠯᠤᠨ᠎ᠠ ᠃ |
ᠠᠷᠪᠠᠳᠤᠭᠠᠷ ᠵᠦᠢ᠊ᠯ ᠬᠠᠮᠲᠤᠷᠠᠭᠰᠠᠨ ᠬᠤᠷᠠᠯ ᠤᠨ ᠤᠬᠠᠭᠤᠯᠭ᠎ᠠ ᠮᠡᠳᠡᠭᠡᠯᠡᠯ ᠢ ᠥᠪᠡᠷᠲᠡᠭᠡᠨ ᠵᠠᠰᠠᠬᠤ ᠣᠷᠣᠨ ᠤ |
ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠪᠠ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ |
ᠶᠡᠷᠦᠩᠬᠡᠢ ᠡᠪᠯᠡᠯ ᠠᠴᠠ ᠬᠠᠮᠲᠤ ᠪᠠᠷ ᠬᠠᠷᠢᠭᠤᠴᠠᠵᠤ ᠂ ᠡᠶ᠎ᠡ ᠵᠣᠬᠢᠴᠠᠯ ᠲᠠᠢ ᠬᠥᠳᠡᠯᠮᠦᠷᠢ ᠶᠢᠨ ᠬᠠᠷᠢᠴᠠᠭ᠎ᠠ ᠶᠢ |
ᠴᠣᠭᠴᠠᠯᠠᠬᠤ ᠂ ᠠᠵᠢᠯ ᠦᠢᠯᠡᠰ ᠤᠨ ᠬᠥᠭᠵᠢᠯᠲᠡ ᠶᠢ ᠠᠬᠢᠭᠤᠯᠬᠤ ᠳᠤ ᠰᠠᠶᠢᠨ ᠰᠠᠶᠢᠬᠠᠨ ᠨᠡᠶᠢᠭᠡᠮ ᠤᠨ ᠣᠷᠴᠢᠨ |
ᠠᠬᠤᠢ ᠶᠢ ᠪᠤᠢ ᠪᠣᠯᠭᠠᠨ᠎ᠠ ᠃ |
ᠠᠷᠪᠠᠨ ᠨᠢᠭᠡᠳᠦᠭᠡᠷ ᠵᠦᠢᠯ ᠬᠠᠮᠲᠤᠷᠠᠭᠰᠠᠨ ᠬᠤᠷᠠᠯ ᠤᠨ ᠵᠥᠪᠯᠡᠨ ᠲᠣᠭᠲᠠᠭᠠᠭᠰᠠᠨ ᠵᠦᠢᠯᠡᠰ ᠢ |
ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠣᠳᠣᠷᠬᠠᠢ ᠬᠠᠭᠤᠳᠠᠰᠤ ᠶᠢ ᠪᠠᠶᠢᠭᠤᠯᠵᠤ ᠂ ᠬᠠᠷᠢᠭᠤᠴᠠᠯᠭᠠᠲᠤ ᠨᠢᠭᠡᠴᠢ ᠪᠠ |
ᠴᠠᠭ ᠬᠤᠭᠤᠴᠠᠭ᠎ᠠ ᠪᠠᠨ ᠲᠣᠳᠣᠷᠬᠠᠶᠢᠯᠠᠨ ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ |
ᠨᠢᠭᠡᠴᠢ ᠠᠴᠠ ᠲᠣᠰ ᠲᠣᠰ ᠤᠨ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠶᠢᠨ ᠶᠣᠰᠣᠭᠠᠷ |
ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠢ ᠃ |
ᠠᠷᠪᠠᠨ ᠬᠤᠶᠠᠳᠤᠭᠠᠷ ᠵᠦᠢᠯ ᠡᠯ᠎ᠡ ᠠᠶᠢᠮᠠᠭ ᠬᠤᠳᠠ ᠂ ᠬᠤᠰᠢᠭᠤ ᠰᠢᠶᠠᠨ ︵ᠬᠤᠳᠠ ᠂ ᠲᠣᠭᠤᠷᠢᠭ︶ ᠨᠢ |
ᠲᠤᠰ ᠳᠦᠷᠢᠮ ᠢᠶᠠᠷ ᠯᠠᠪᠯᠠᠯᠲᠠ ᠪᠣᠯᠭᠠᠵᠤ ᠂ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠬᠢᠭᠡᠳ ᠠᠳᠠᠯᠢ |
ᠱᠠᠲᠤᠨ ᠤ ᠠᠵᠢᠯᠴᠢᠨ ᠤ ᠡᠪᠯᠡᠯ ᠤᠨ ᠬᠠᠮᠲᠤᠷᠠᠭᠰᠠᠨ ᠬᠤᠷᠠᠯ ᠤᠨ ᠳᠦᠷᠢᠮ ᠢ ᠪᠠᠶᠢᠭᠤᠯᠤᠨ ᠲᠡᠭᠦᠯᠳᠡᠷᠵᠢᠭᠦᠯᠬᠦ |
ᠬᠡᠷᠡᠭᠲᠡᠢ ᠃ ᠬᠠᠮᠲᠤᠷᠠᠭᠰᠠᠨ ᠬᠤᠷᠠᠯ ᠤᠨ ᠳᠦᠷᠢᠮ ᠢ ᠵᠣᠬᠢᠶᠠᠨ ᠪᠠᠶᠢᠭᠤᠯᠵᠤ ᠬᠡᠷᠡᠭᠵᠢᠭᠦᠯᠬᠦ ᠶᠢ ᠡᠯ᠎ᠡ ᠣᠨ ᠤ |
ᠵᠠᠰᠠᠭ ᠤᠨ ᠣᠷᠳᠣᠨ ᠤ ᠠᠵᠢᠯ ᠤᠨ ᠲᠣᠬᠢᠷᠠᠭᠤᠯᠤᠯᠲᠠ ᠪᠠ ᠠᠵᠢᠯᠴᠢᠨ ᠤ ᠡᠪᠯᠡᠯ ᠤᠨ ᠠᠵᠢᠯ ᠢ ᠰᠢᠯᠭᠠᠨ ᠬᠢᠨᠠᠬᠤ |
ᠠᠭᠤᠯᠭ᠎ᠠ ᠳᠤ ᠣᠷᠣᠭᠤᠯᠬᠤ ᠬᠡᠷᠡᠭᠲᠡᠢ ᠃ |
ᠠᠷᠪᠠᠨ ᠭᠤᠷᠪᠠᠳᠤᠭᠠᠷ ᠵᠦᠢᠯ ᠲᠤᠰ ᠳᠦᠷᠢᠮ ᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠵᠦ |
ᠬᠡᠷᠡᠭᠵᠢᠭᠦᠯᠦᠨ᠎ᠡ ᠃ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ |
ᠬᠢᠭᠡᠳ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠢ ᠡᠪᠯᠡᠯ ᠤᠨ ᠬᠠᠮᠲᠤᠷᠠᠭᠰᠠᠨ |
ᠬᠤᠷᠠᠯ ᠤᠨ ᠳᠦᠷᠢᠮ ᠤᠨ ᠲᠣᠭᠲᠠᠭᠠᠯ ᠤᠳ﹀ ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ |
ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ |
ᠵᠠᠰᠠᠭ ᠠᠯᠪᠠᠨ ᠥᠰᠥᠭ ﹇2004﹈ 12 ᠳ᠋ᠤᠭᠠᠷ ᠲᠣᠭᠠᠲᠤ︶ ᠢ ᠬᠠᠮᠲᠤ ᠳᠤ ᠨᠢ ᠬᠦᠴᠦᠨ ᠦᠭᠡᠢ ᠪᠣᠯᠭᠠᠨ᠎ᠠ ᠃ |
|
|
|