ᠢᠷᠡᠭᠡᠳᠦᠶ ᠶᠢᠨ ᠠᠵᠤ ᠦᠢᠯᠡᠰ ᠤᠨ ᠪᠠᠶᠢᠷᠢᠰᠢᠭᠤᠯᠤᠯᠲᠠ ᠶᠢ ᠤᠯᠠᠮ ᠨᠢᠭᠡ ᠠᠯᠬᠤᠮ ᠲᠦᠷᠭᠡᠳᠬᠡᠵᠦ᠂ ᠰᠢᠨ᠎ᠡ |
ᠶᠠᠰᠤ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠪᠣᠶ ᠪᠣᠯᠭᠠᠬᠤ ᠶᠢ ᠠᠬᠢᠭᠤᠯᠬᠤ ᠶᠢᠨ ᠲᠤᠰᠠᠳᠠ᠂ ᠲᠦᠷᠦᠭᠦᠬᠡᠨ᠂ |
ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ ᠠᠴᠠ ᠰᠤᠷᠭᠠᠨ |
ᠬᠥᠮᠦᠵᠢᠯ ᠤᠨ ᠲᠢᠩᠬᠢᠮ᠂ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠵᠡᠷᠭᠡ ᠨᠠᠢᠮᠠᠨ ᠰᠠᠯᠠᠭ᠎ᠠ ᠮᠥᠴᠢᠷ ᠲᠠᠢ |
ᠬᠠᠮᠲᠤᠷᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠢᠷᠡᠭᠡᠳᠦᠶ ᠶᠢᠨ ᠠᠵᠤ ᠦᠢᠯᠡᠰ ᠤᠨ |
ᠰᠢᠨ᠎ᠡ ᠶᠢ ᠡᠭᠦᠳᠦᠨ ᠬᠥᠭᠵᠢᠭᠦᠯᠬᠦ ᠬᠡᠷᠡᠭᠵᠢᠭᠦᠯᠬᠦ ᠲᠥᠰᠦᠯ︾ ︵ᠳᠣᠷᠣᠭᠰᠢ ︽ᠬᠡᠷᠡᠭᠵᠢᠭᠦᠯᠬᠦ ᠲᠥᠰᠦᠯ︾ ᠭᠡᠵᠦ |
ᠲᠣᠪᠴᠢᠯᠠᠨ᠎ᠠ︶ ᠢ ᠲᠣᠭᠲᠠᠭᠠᠪᠠ᠃ |
︽ᠬᠡᠷᠡᠭᠵᠢᠭᠦᠯᠬᠦ ᠲᠥᠰᠦᠯ︾ ᠤᠨ ᠱᠠᠭᠠᠷᠳᠠᠯᠭ᠎ᠠ ᠶᠣᠰᠣᠭᠠᠷ᠂ ᠮᠠᠨ ᠤ ᠣᠷᠣᠨ ᠤᠯᠠᠮᠵᠢᠯᠠᠯᠲᠤ ᠠᠵᠤ |
ᠦᠢᠯᠡᠰ ᠤᠨ ᠳᠡᠭᠡᠳᠦ ᠲᠠᠰ ᠤᠨ ᠲᠠᠰ ᠳᠡᠪᠰᠢᠬᠦ ᠪᠠ ᠬᠤᠰᠢᠭᠤᠷᠠᠯ ᠮᠡᠷᠭᠡᠵᠢᠯ ᠤᠨ ᠠᠵᠤ ᠦᠢᠯᠡᠰᠵᠢᠭᠦᠯᠦᠨ |
ᠨᠠᠶᠢᠳᠠᠪᠤᠷᠢᠵᠢᠭᠤᠯᠬᠤ ᠪᠠᠷ ᠭᠤᠤᠯ ᠰᠢᠵᠢᠮ ᠪᠣᠯᠭᠠᠵᠤ᠂ ᠨᠡᠭᠦᠷᠡᠰᠦᠲᠥ᠋ᠷᠥᠭᠴᠢ ᠶᠢᠨ ᠰᠠᠭᠤᠷᠢ ᠰᠢᠨ᠎ᠡ ᠮᠠᠲ᠋ᠧᠷᠢᠶᠠᠯ᠂ |
ᠬᠢᠮᠢ ᠶᠢᠨ ᠠᠵᠤ ᠦᠢᠯᠡᠳᠪᠦᠷᠢ ᠶᠢᠨ ᠰᠢᠨ᠎ᠡ ᠮᠠᠲ᠋ᠧᠷᠢᠶᠠᠯ᠂ ᠬᠤᠪᠣᠷ ᠰᠢᠷᠣᠶ ᠶᠢᠨ ᠰᠢᠨ᠎ᠡ ᠮᠠᠲ᠋ᠧᠷᠢᠶᠠᠯ᠂ |
ᠤᠰᠤᠲᠥ᠋ᠷᠥᠭᠴᠢ ᠶᠢᠨ ᠡᠨᠧᠷᠭᠢ᠂ ᠰᠢᠨ᠎ᠡ ᠨᠢᠭᠡ ᠦᠶ᠎ᠡ ᠶᠢᠨ ᠬᠠᠭᠠᠰ ᠳᠠᠮᠵᠢᠭᠤᠯᠤᠭᠴᠢ ᠶᠢᠨ ᠮᠠᠲ᠋ᠧᠷᠢᠶᠠᠯ᠂ ᠰᠢᠨ᠎ᠡ |
ᠬᠡᠯᠪᠡᠷᠢ ᠶᠢᠨ ᠡᠨᠧᠷᠭᠢ ᠬᠠᠳᠠᠭᠠᠯᠠᠬᠤ᠂ ᠪᠤᠳᠤᠬᠤ ᠬᠦᠴᠦᠨ ᠤ ᠰᠦᠯᠵᠢᠶ᠎ᠡ᠂ ᠳᠣᠤᠷ᠎ᠠ ᠠᠭᠠᠷ ᠤᠨ ᠠᠵᠤ ᠠᠬᠤᠶ᠂ |
ᠨᠡᠶᠢᠯᠡᠮᠡᠯ ᠠᠮᠢᠳᠤ ᠪᠣᠳᠠᠰ ᠵᠡᠷᠭᠡ 9 ᠶᠡᠭᠡ ᠳᠠᠪᠠᠭᠤᠯᠢᠭ ᠬᠡᠯᠪᠡᠷᠢ ᠶᠢᠨ ᠠᠵᠤ ᠦᠢᠯᠡᠰ ᠢ ᠤᠷᠢᠳᠠᠪᠠᠷ ᠬᠥᠭᠵᠢᠭᠦᠯᠵᠦ᠂ |
ᠠᠮᠢᠳᠤ ᠪᠣᠳᠠᠰ ᠤᠨ ᠪᠣᠬᠢᠷᠲᠤᠯ ᠥᠬᠡᠶ ᠡᠨᠧᠷᠭᠢ᠂ ᠮᠠᠲ᠋ᠧᠷᠢᠶᠠᠯ ᠨᠡᠮᠡᠵᠦ ᠦᠢᠯᠡᠳᠬᠦ᠂ ᠤᠶᠤᠨᠴᠢ ᠮᠠᠰᠢᠨ ᠬᠥᠮᠦᠨ᠂ |
ᠵᠣᠬᠢᠶᠠᠮᠠᠯ ᠣᠶᠤᠨ ᠴᠢᠳᠠᠪᠤᠷᠢ᠂ ᠰᠠᠨᠰᠠᠷ ᠤᠨ ᠠᠶᠠᠯᠠᠯ ᠤᠨ ᠠᠵᠤ ᠦᠢᠯᠡᠰ ᠵᠡᠷᠭᠡ 5 ᠶᠡᠭᠡ ᠳᠠᠯᠳᠠ ᠬᠦᠴᠦᠨ ᠤ |
ᠬᠡᠯᠪᠡᠷᠢ ᠶᠢᠨ ᠠᠵᠤ ᠦᠢᠯᠡᠰ ᠢ ᠲᠦᠷᠭᠡᠪᠴᠢᠯᠡᠨ ᠪᠤᠶᠢᠵᠢᠭᠤᠯᠵᠤ᠂ ︽9 + 5 + 3︾ ᠢᠷᠡᠭᠡᠳᠦᠶ ᠶᠢᠨ ᠠᠵᠤ |
ᠦᠢᠯᠡᠰ ᠤᠨ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠤᠨ᠎ᠠ᠃ 2030 ᠣᠨ ᠪᠤᠯᠳᠡᠯ᠎ᠠ᠂ ᠨᠢᠭᠡ ᠪᠦᠯᠥᠭ |
ᠵᠠᠩᠬᠢᠯᠠᠭ᠎ᠠ ᠶᠢᠨ ᠭᠤᠤᠯᠯᠠᠬᠤ ᠮᠡᠷᠭᠡᠵᠢᠯ ᠢ ᠰᠢᠪᠳᠣᠯᠥᠨ᠂ ᠨᠢᠭᠡ ᠪᠦᠯᠥᠭ ᠪᠡᠯᠭᠡ ᠳᠡᠮᠳᠡᠭ ᠤᠨ ᠴᠢᠨᠡᠷᠳᠡᠢ |
ᠦᠢᠯᠡᠳᠬᠦᠨ ᠢ ᠪᠦᠷᠢᠯᠳᠦᠬᠦᠯᠵᠦ᠂ ᠨᠢᠭᠡ ᠪᠦᠯᠥᠭ ᠭᠡᠷᠡᠭᠯᠡᠭᠡᠨ ᠤ ᠵᠢᠱᠢᠶ᠎ᠠ ᠦᠵᠡᠬᠦᠯᠬᠦ ᠦᠵᠡᠭᠳᠡᠯ ᠢ ᠳᠡᠯᠭᠡᠷᠡᠬᠦᠯᠥᠨ᠂ |
ᠨᠢᠭᠡ ᠪᠦᠯᠥᠭ ᠳᠠᠭᠠᠭᠤᠯᠥᠠᠠᠴᠢ ᠠᠵᠦ ᠠᠬᠤᠶᠢᠯᠠᠯ ᠢ ᠪᠤᠶᠢᠵᠢᠭᠤᠯᠵᠦ᠂ ᠨᠢᠭᠡ ᠪᠦᠯᠥᠭ ᠲᠤᠷᠰᠢᠯᠳᠡ ᠬᠢᠵᠦ ᠰᠢᠯᠭᠠᠨ |
ᠭᠡᠷᠡᠴᠢᠯᠡᠬᠦ ᠪᠠ ᠣᠯᠡᠨ ᠨᠡᠶᠢᠲᠡ ᠶᠢᠨ ᠦᠢᠯᠡᠴᠢᠯᠡᠭᠡᠨ ᠤ ᠳᠡᠪᠴᠠᠩ ᠢ ᠪᠠᠶᠢᠭᠤᠯᠵᠦ᠂ 3 — 5 ᠦᠨᠳᠣᠷ ᠬᠢᠷᠢ |
ᠳᠥᠪᠰᠢᠨ ᠲᠠᠢ ᠢᠷᠡᠭᠡᠳᠦᠢ ᠶᠢᠨ ᠠᠵᠦ ᠦᠢᠯᠡᠰ ᠤᠨ ᠬᠤᠰᠢᠭᠤᠴᠢ ᠣᠷᠣᠨ ᠢ ᠪᠠᠶᠢᠭᠤᠯᠪᠠ᠃ |
︽ᠬᠡᠷᠡᠭᠵᠢᠭᠦᠯᠬᠦ ᠲᠥᠰᠦᠯ︾ ᠨᠢ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠢᠯᠡᠰᠵᠢᠭᠦᠯᠬᠦ ᠶᠢ |
ᠲᠦᠷᠭᠡᠳᠬᠡᠬᠦ᠂ ᠪᠡᠯᠭᠡ ᠲᠡᠮᠳᠡᠭ ᠤᠨ ᠴᠢᠨᠠᠷᠲᠠᠶ ᠦᠢᠯᠡᠳᠬᠦᠨ ᠢ ᠪᠤᠶᠢᠵᠢᠭᠤᠯᠬᠤ᠂ ᠬᠡᠷᠡᠭᠯᠡᠭᠡᠨ ᠤ ᠪᠠᠶᠢᠳᠠᠯ ᠢ |
ᠥᠷᠭᠡᠳᠬᠡᠬᠦ᠂ ᠠᠵᠤ ᠦᠢᠯᠡᠰ ᠤᠨ ᠭᠤᠤᠯ ᠴᠣᠭᠴᠠ ᠶᠢ ᠪᠤᠵᠠᠭᠠᠶᠢᠷᠠᠭᠤᠯᠬᠤ᠂ ᠤᠨᠴᠠᠯᠢᠬᠳᠤ ᠠᠵᠤ ᠦᠢᠯᠡᠰ ᠤᠨ |
ᠥᠨᠳᠦᠷᠯᠢᠭ ᠢ ᠴᠣᠭᠴᠠᠯᠠᠬᠤ ᠵᠡᠷᠭᠡ 5 ᠲᠠᠯ᠎ᠠ ᠪᠠᠷ ᠭᠤᠤᠯᠳᠠᠯᠭ᠎ᠠ ᠲᠠᠢ ᠡᠭᠦᠷᠭᠡ ᠶᠢ ᠪᠠᠶᠢᠷᠢᠯᠠᠭᠤᠯᠬᠤ ᠶᠢᠨ ᠬᠠᠮᠲᠤ |
ᠠᠯᠢ ᠣᠯᠠᠨ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠳᠤᠷᠠᠳᠴᠤ᠂ ᠡᠯ᠎ᠡ ᠵᠦᠢᠯ ᠤᠨ ᠡᠭᠦᠷᠭᠡ ᠶᠢᠨ ᠤᠷᠤᠭᠰᠢᠲᠠᠶ |
ᠬᠡᠷᠡᠭᠵᠢᠭᠦᠯᠦᠭᠳᠡᠬᠦ ᠶᠢ ᠦᠨᠡᠨ ᠬᠦ ᠪᠠᠲᠤᠯᠠᠪᠠ᠃ ︽ᠬᠡᠷᠡᠭᠵᠢᠭᠦᠯᠬᠦ ᠲᠥᠰᠥᠯ︾ ᠳᠤ᠂ ᠥᠪᠡᠷᠲᠡᠭᠡᠨ ᠵᠠᠰᠠᠬᠤ |
ᠣᠷᠣᠨ ᠤ ᠢᠷᠡᠭᠡᠳᠦᠢ ᠶᠢᠨ ᠠᠵᠤ ᠦᠢᠯᠡᠰ ᠤᠨ ᠰᠢᠨ᠎ᠡ ᠶᠢ ᠡᠭᠦᠳᠬᠦ ᠬᠥᠭᠵᠢᠯᠲᠡ ᠶᠢ ᠠᠬᠢᠭᠤᠯᠬᠤ ᠲᠣᠭᠲᠠᠴᠠ ᠶᠢ |
ᠪᠠᠶᠢᠭᠤᠯᠵᠤ᠂ ᠰᠠᠯᠠᠭ᠎ᠠ ᠮᠥᠴᠢᠷ ᠠᠯᠤᠰᠯᠠᠭᠰᠠᠨ ᠵᠣᠬᠢᠴᠠᠭᠤᠯᠭ᠎ᠠ ᠪᠠᠨ ᠴᠢᠩᠭᠠᠳᠬᠠᠵᠤ᠂ ᠢᠷᠡᠭᠡᠳᠦᠢ ᠶᠢᠨ ᠠᠵᠤ |
ᠦᠢᠯᠡᠰ ᠤᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠬᠡᠷᠡᠭᠲᠡᠢ ᠭᠡᠵᠦ ᠳᠤᠷᠠᠳᠤᠨ ᠭᠠᠷᠭᠠᠪᠠ᠃ |
ᠢᠷᠡᠭᠡᠳᠦᠶ ᠶᠢᠨ ᠠᠵᠤ ᠦᠢᠯᠡᠰ ᠤᠨ ᠣᠷᠣᠭᠤᠯᠤᠯᠲᠠ ᠶᠢ ᠨᠡᠮᠡᠭᠳᠡᠭᠦᠯᠬᠦ ᠲᠣᠭᠲᠠᠴᠠ ᠶᠢ ᠪᠠᠶᠢᠭᠤᠯᠵᠤ᠂ ᠲᠥᠷᠥ ᠶᠢᠨ |
ᠪᠣᠳᠣᠯᠭ᠎ᠠ ᠶᠢᠨ ᠴᠢᠨᠠᠷᠲᠠᠶ ᠪᠠᠩᠬᠢ ᠪᠣᠯᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠵᠡᠷᠭᠡ ᠶᠢᠨ ᠣᠷᠣᠭᠤᠯᠤᠯᠲᠠ ᠪᠠᠨ |
ᠨᠡᠮᠡᠭᠳᠡᠭᠦᠯᠬᠦ ᠶᠢ ᠵᠣᠷᠢᠭᠵᠢᠭᠤᠯᠤᠨ᠎ᠠ᠃ ᠤᠯᠤᠰ ᠤᠨ ᠳᠣᠲᠣᠭᠠᠳᠤ ᠭᠠᠳᠠᠭᠠᠳᠤ ᠶᠢᠨ ᠳᠠᠭᠠᠭᠤᠯᠤᠭᠴᠢ ᠠᠵᠤ |
ᠠᠬᠤᠶᠢᠯᠠᠯ᠂ ᠰᠢᠨᠵᠢᠯᠡᠬᠦ ᠤᠬᠠᠭᠠᠨ ᠤ ᠰᠤᠳᠤᠯᠤᠯ ᠤᠨ ᠪᠠᠶᠢᠭᠤᠯᠤᠮᠵᠢ ᠶᠢ ᠶᠡᠬᠡᠪᠡᠷ ᠣᠷᠣᠭᠤᠯᠵᠤ ᠮᠠᠨ ᠤ ᠣᠷᠣᠨ ᠳᠤ |
ᠬᠤᠰᠢᠭᠤᠷᠠᠯ ᠮᠡᠷᠭᠡᠵᠢᠯ ᠤᠨ ᠰᠤᠳᠤᠯᠤᠨ ᠨᠡᠭᠡᠭᠡᠬᠦ ᠮᠡᠷᠭᠡᠵᠢᠯ ᠤᠨ ᠲᠥᠪ ᠪᠠᠶᠢᠭᠤᠯᠵᠤ᠂ ᠢᠷᠡᠭᠡᠳᠦᠶ ᠶᠢᠨ ᠠᠵᠤ |
ᠦᠢᠯᠡᠰ ᠤᠨ ᠮᠡᠷᠭᠡᠵᠢᠯ ᠤᠨ ᠰᠤᠳᠤᠯᠤᠨ ᠨᠡᠭᠡᠭᠡᠬᠦ ᠪᠠ ᠠᠵᠤ ᠦᠢᠯᠡᠰᠴᠢᠯᠡᠯᠲᠡ ᠶᠢᠨ ᠬᠡᠷᠡᠭᠯᠡᠯᠲᠡ ᠶᠢ ᠲᠦᠯᠬᠢᠨ |
ᠠᠬᠢᠭᠤᠯᠪᠠ᠃ |
|