ᠣᠶᠢᠷ᠎ᠠ ᠳᠤ᠂ ᠲᠥᠪ ᠤᠨ ᠡᠳ᠋ ᠤᠨ ᠵᠠᠰᠠᠭ ᠠᠴᠠ ᠥᠪᠥᠷ ᠮᠣᠩᠭᠤᠯ ᠤᠨ ︽ᠡᠯᠡᠰᠦ ᠶᠢ ᠲᠤᠭᠤᠯᠬᠤ ᠵᠠᠰᠠᠮᠠᠯ |
ᠵᠠᠮ︾ ᠤᠨ ᠪᠥᠲᠥᠭᠡᠨ ᠪᠠᠶᠢᠭᠤᠯᠤᠯᠲᠠ ᠶᠢᠨ ᠪᠠᠯᠠ ᠮᠥᠩᠭᠦ ᠶᠢ 17.8 ᠳ᠋ᠦᠩᠰᠢᠭᠤᠷ ᠲᠥᠭᠦᠷᠢᠭ ᠤᠷᠢᠳᠴᠢᠯᠠᠨ |
ᠪᠠᠭᠤᠯᠭᠠᠵᠤ᠂ ᠥᠪᠥᠷ ᠮᠣᠩᠭᠤᠯ ᠤᠨ 2024 — 2025 ᠣᠨ ᠳᠤ ︽ᠵᠠᠮ ᠢᠶᠠᠷ ᠡᠯᠡᠰᠦ ᠶᠢ ᠵᠠᠰᠠᠬᠤ︾ ᠶᠢ |
ᠠᠬᠢᠭᠤᠯᠬᠤ ᠳᠤ ᠬᠦᠴᠦᠲᠡᠶ ᠪᠠᠯᠠ ᠮᠥᠩᠭᠦ ᠶᠢᠨ ᠪᠠᠲᠤᠯᠠᠭ᠎ᠠ ᠬᠠᠩᠭᠠᠪᠠ᠃ ᠡᠨᠡ ᠬᠦ ᠪᠡᠯᠡ ᠮᠥᠩᠭᠦ ᠨᠢ ᠪᠠᠰᠠ |
ᠲᠥᠪ ᠠᠴᠠ ᠠᠩᠬ᠎ᠠ ᠤᠳᠠᠭ᠎ᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠡᠯᠡᠰᠦ ᠶᠢ ᠲᠤᠭᠤᠯᠬᠤ |
ᠵᠠᠰᠠᠮᠠᠯ ᠵᠠᠮ︾ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠡᠯᠡ ᠮᠥᠩᠭᠦ ᠪᠣᠯᠤᠨ᠎ᠠ᠃ |
ᠤᠯᠠᠨ ᠵᠢᠯ ᠤᠨ ᠲᠤᠷᠰᠢ᠂ ᠥᠪᠥᠷ ᠮᠣᠩᠭᠤᠯ ᠵᠠᠰᠠᠮᠠᠯ ᠵᠠᠮ ᠢ ᠪᠦᠲᠦᠭᠡᠨ ᠪᠠᠶᠢᠭᠤᠯᠵᠤ ᠠᠷᠠᠴᠢᠯᠠᠨ |
ᠬᠠᠮᠠᠭᠠᠯᠠᠬᠤ ᠪᠠ ᠡᠯᠡᠰᠦ ᠶᠢ ᠰᠡᠷᠭᠡᠶᠢᠯᠡᠨ ᠡᠯᠡᠰᠦ ᠶᠢ ᠵᠠᠰᠠᠬᠤ ᠠᠵᠢᠯ ᠤᠨ ᠦᠢᠯᠡᠳᠦᠯᠭᠡ ᠶᠢᠨ ᠳᠤᠮᠳᠠ ︽ᠵᠠᠮ ᠢᠶᠠᠷ |
ᠣᠷᠣᠨ ᠢ ᠬᠤᠪᠢᠶᠠᠷᠢᠯᠠᠬᠤ᠂ ᠬᠡᠰᠡᠭ ᠬᠤᠪᠢᠶᠠᠨ ᠵᠠᠰᠠᠬᠤ᠂ ᠲᠦᠷᠪᠡᠨ ᠲᠠᠯ᠎ᠠ ᠶᠢ ᠬᠢᠵᠠᠭᠠᠷᠯᠠᠬᠤ᠂ ᠦᠷᠦᠴᠡ |
ᠭᠠᠵᠠᠷ ᠤᠨ ᠨᠡᠪᠴᠢᠬᠦ︾ ᠶᠢᠨ ︽ᠵᠠᠮ ᠢᠶᠠᠷ ᠡᠯᠡᠰᠦ ᠶᠢ ᠵᠠᠰᠠᠬᠤ︾ ᠬᠡᠪ ᠵᠠᠭᠪᠤᠷ ᠢ ᠰᠦᠪᠡᠭᠴᠢᠯᠡᠨ ᠭᠠᠷᠭᠠᠵᠤ᠂ |
ᠨᠢᠭᠡᠨᠲᠡ ᠣᠷᠣᠨ ᠤ ᠳᠣᠲᠣᠷᠠᠬᠢ ᠬᠤᠯᠪᠣᠭᠳᠠᠯ ᠪᠦᠬᠦᠢ ᠠᠶᠢᠮᠠᠭ ᠬᠤᠳᠠ ᠳᠤ ᠥᠷᠭᠡᠨ ᠢᠶᠠᠷ ᠳᠡᠯᠭᠡᠷᠡᠭᠦᠯᠦᠨ |
ᠬᠡᠷᠡᠭᠯᠡᠭᠰᠡᠨ ᠪᠥᠭᠡᠳ ᠬᠤᠯᠪᠣᠭᠳᠠᠯ ᠪᠦᠬᠦᠢ ᠮᠤᠵᠢ ᠣᠷᠣᠨ ᠳᠤ ᠴᠢᠬᠤᠯᠠ ᠲᠤᠷᠰᠢᠯᠭ᠎ᠠ ᠪᠠᠷ ᠲᠤᠯᠢ ᠪᠣᠯᠭᠠᠵᠤ᠂ |
ᠡᠯᠡᠰᠦ ᠶᠢ ᠰᠡᠷᠭᠡᠶᠢᠯᠡᠨ ᠡᠵᠡᠮᠳᠡᠵᠦ ᠵᠠᠰᠠᠬᠤ ᠰᠢᠨ᠎ᠡ ᠵᠠᠮ ᠢᠶᠠᠷ ᠵᠠᠮᠨᠠᠭᠰᠠᠨ ᠪᠠᠶᠢᠨ᠎ᠠ᠃ ᠣᠳᠣᠬᠠᠨ ᠳᠤ᠂ ︽ᠡᠯᠡᠰᠦ ᠶᠢ |
ᠲᠤᠭᠤᠯᠬᠤ ᠵᠠᠰᠠᠮᠠᠯ ᠵᠠᠮ︾ ᠨᠢ ᠶᠠᠭ ᠲᠡᠭᠦᠨ ᠤ ᠥᠪᠡᠷᠮᠢᠴᠡ ︽ᠵᠠᠮ ᠢᠶᠠᠷ ᠡᠯᠡᠰᠦ ᠶᠢ ᠵᠠᠰᠠᠬᠤ︾ ᠬᠡᠪ ᠵᠠᠭᠪᠤᠷ ᠢᠶᠠᠷ |
ᠡᠯᠡᠰᠦᠷᠬᠡᠭ ᠣᠷᠣᠨ ᠤ ᠣᠯᠠᠨ ᠲᠦᠮᠡᠨ ᠬᠢᠭᠡᠳ ᠭᠠᠳᠠᠭᠠᠳᠤ ᠯᠤᠭ᠎ᠠ ᠶᠢᠨ ᠬᠠᠷᠢᠯᠴᠠᠭᠠᠨ ᠤ ᠵᠠᠮ ᠢ ᠨᠡᠪᠲᠡᠷᠡᠭᠦᠯᠵᠦ᠂ |
ᠡᠯᠡᠰᠦᠷᠬᠡᠭ ᠣᠷᠣᠨ ᠤ ᠠᠮᠢ ᠠᠬᠤᠶ ᠶᠢ ᠰᠠᠶᠢᠵᠢᠷᠠᠭᠤᠯᠬᠤ ᠪᠠ ᠠᠵᠤ ᠠᠬᠤᠶ ᠶᠢ ᠬᠥᠭᠵᠢᠭᠦᠯᠬᠦ ᠠᠮᠢᠨ ᠰᠤᠳᠠᠰᠤ |
ᠪᠣᠯᠵᠣ ᠪᠠᠶᠢᠨ᠎ᠠ᠃ |
ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠨᠢ ᠵᠠᠮ ᠬᠠᠷᠢᠯᠴᠠᠭ᠎ᠠ |
ᠲᠡᠭᠡᠭᠡᠪᠦᠷᠢ ᠶᠢᠨ ᠶᠠᠮᠤᠨ ᠵᠡᠷᠭᠡ ᠤᠯᠤᠰ ᠤᠨ ᠶᠠᠮᠤᠨ ᠵᠦᠪᠯᠡᠯ ᠤᠨ ᠪᠠᠶᠢᠴᠠᠭᠠᠨ ᠰᠤᠳᠤᠯᠤᠯᠲᠠ ᠲᠠᠢ ᠢᠳᠡᠪᠬᠢᠲᠡᠶ |
ᠬᠠᠮᠵᠢᠯᠴᠠᠨ᠂ ︽ᠵᠠᠮ ᠢᠶᠠᠷ ᠣᠷᠣᠨ ᠢ ᠬᠤᠪᠢᠶᠠᠷᠢᠯᠠᠬᠤ᠂ ᠬᠡᠰᠡᠭ ᠬᠤᠪᠢᠶᠠᠨ ᠵᠠᠰᠠᠬᠤ︾ ᠵᠠᠰᠠᠮᠠᠯ ᠵᠠᠮ ᠤᠨ |
ᠡᠯᠡᠰᠦ ᠶᠢ ᠵᠠᠰᠠᠭᠰᠠᠨ ᠲᠤᠷᠰᠢᠯᠭ᠎ᠠ᠂ ᠡᠯᠡᠰᠦᠷᠬᠡᠭ ᠭᠠᠵᠠᠷ ᠤᠨ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢᠨ |
ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ᠂ ᠵᠠᠰᠠᠮᠠᠯ ᠵᠠᠮ ᠤᠨ ᠢᠨᠵᠧᠨᠧᠷᠢᠩ ᠤᠨ ᠡᠯᠡᠰᠦ ᠶᠢ |
ᠲᠣᠭᠲᠠᠪᠤᠷᠢᠵᠢᠭᠤᠯᠬᠤ ᠠᠷᠭ᠎ᠠ ᠬᠢᠳᠡᠯ ᠢ ᠨᠠᠷᠢᠨ ᠲᠠᠨᠢᠯᠴᠠᠭᠤᠯᠪᠠ︔ ᠮᠠᠨ ᠤ ᠣᠷᠣᠨ ᠤ ᠡᠯᠡᠰᠦᠷᠬᠡᠭ ᠭᠠᠵᠠᠷ ᠤᠨ |
ᠵᠠᠰᠠᠮᠠᠯ ᠵᠠᠮ ᠤᠨ ᠲᠣᠤᠷ ᠤᠨ ᠪᠠᠶᠢᠳᠠᠯ ᠵᠢᠴᠢ ᠣᠷᠣᠰᠢᠵᠤ ᠪᠠᠶᠢᠭ᠎ᠠ ᠳᠤᠲᠠᠭᠤᠳᠠᠯ ᠢ ᠬᠠᠷᠢᠭᠤ ᠮᠡᠳᠡᠭᠦᠯᠵᠦ᠂ |
ᠬᠤᠷᠴᠢᠨ ᠪᠠ ᠬᠤᠯᠠᠨ ᠰᠢᠷᠭ᠎ᠠ ᠲᠠᠭ᠎ᠠ ᠶᠢᠨ ᠡᠯᠡᠰᠦ ᠶᠢ ᠤᠰᠠᠳᠬᠠᠬᠤ ᠲᠡᠶᠢᠨ ᠤ ᠬᠡᠷᠡᠭᠵᠢᠭᠦᠯᠦᠯᠲᠡ ᠲᠠᠢ |
ᠤᠶᠠᠯᠳᠤᠭᠤᠯᠤᠨ᠂ ︽ᠡᠯᠡᠰᠦ ᠶᠢ ᠲᠤᠭᠤᠯᠬᠤ ᠵᠠᠰᠠᠮᠠᠯ ᠵᠠᠮ︾ ᠤᠨ ᠪᠥᠲᠥᠭᠡᠨ ᠪᠠᠶᠢᠭᠤᠯᠤᠯᠲᠠ ᠶᠢᠨ ᠬᠡᠷᠡᠭᠴᠡᠭᠡ |
ᠱᠠᠭᠠᠷᠳᠠᠯᠭ᠎ᠠ ᠶᠢ ᠳᠤᠷᠠᠳᠪᠠ᠃ ᠬᠠᠮᠢᠶ᠎ᠠ ᠪᠦᠬᠦᠢ ᠰᠠᠯᠠᠭ᠎ᠠ ᠮᠥᠴᠢᠷ ᠯᠦᠭᠡ ᠰᠠᠨᠠᠭᠠᠴᠢᠯᠠᠭ᠎ᠠ ᠠᠴᠠ ᠪᠠᠨ ᠨᠡᠪᠲᠡᠷᠡᠯᠴᠡᠨ |
ᠵᠣᠯᠭᠠᠭᠤᠯᠵᠤ ᠬᠠᠷᠢᠭᠤ ᠮᠡᠳᠡᠭᠦᠯᠵᠦ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠴᠢᠨ ᠪᠣᠯᠤᠨ |
ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠤᠨ ᠰᠥᠨᠥᠭᠡᠯᠲᠡ ᠶᠢᠨ ᠣᠷᠣᠨ ᠤ ︿ᠵᠠᠮ ᠢᠶᠠᠷ ᠡᠯᠡᠰᠦ ᠶᠢ |
ᠵᠠᠰᠠᠬᠤ﹀ ᠬᠥᠭᠵᠢᠯᠲᠡ ᠶᠢᠨ ᠲᠥᠯᠥᠪᠵᠢᠭᠦᠯᠭᠡ ︵2024 — 2030 ᠣᠨ︶︾ ᠶᠢ ᠨᠠᠶᠢᠷᠠᠭᠤᠯᠤᠨ |
ᠲᠠᠷᠬᠠᠭᠠᠵᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠠᠴᠠ ᠠᠵᠢᠯ ᠲᠥᠷᠥᠯ ᠤᠨ ᠲᠥᠷᠥ ᠶᠢᠨ ᠪᠣᠳᠣᠯᠭ᠎ᠠ ᠶᠢᠨ |
ᠳᠡᠮᠵᠢᠯᠭᠡ ᠦᠵᠡᠭᠦᠯᠵᠦ᠂ 2030 ᠣᠨ ᠪᠣᠯᠬᠤ ᠳᠤ ᠮᠠᠨ ᠤ ᠣᠷᠣᠨ ᠤ 6363 ᠺᠢᠯᠤᠮᠧᠲᠷ ᠤᠨ ︽ᠡᠯᠡᠰᠦ ᠶᠢ |
ᠲᠤᠭᠤᠯᠬᠤ ᠵᠠᠰᠠᠮᠠᠯ ᠵᠠᠮ︾ ᠤᠨ ᠲᠥᠷᠥᠯ ᠵᠦᠢᠯ ᠢ ᠬᠡᠷᠡᠭᠵᠢᠭᠦᠯᠬᠦ ᠶᠢ ᠳᠡᠮᠵᠢᠵᠦ᠂ 7 ᠵᠢᠯ ᠳᠤ ᠲᠥᠪ ᠤᠨ ᠲᠡᠷᠭᠡ |
ᠬᠤᠳᠠᠯᠳᠤᠨ ᠠᠪᠬᠤ ᠭᠠᠶᠢᠯᠢ ᠶᠢᠨ ᠪᠠᠯᠠ ᠮᠥᠩᠭᠦ ᠶᠢ ᠲᠤᠰᠬᠠᠶᠢᠯᠠᠨ ︽ᠡᠯᠡᠰᠦ ᠶᠢ ᠲᠤᠭᠤᠯᠬᠤ ᠵᠠᠰᠠᠮᠠᠯ ᠵᠠᠮ︾ ᠤᠨ |
ᠪᠥᠲᠥᠭᠡᠨ ᠪᠠᠶᠢᠭᠤᠯᠤᠯᠲᠠ ᠳᠤ ᠨᠥᠬᠦᠪᠥᠷᠢ ᠥᠭᠬᠦ ᠪᠠᠷ ᠲᠥᠯᠥᠪᠯᠡᠵᠦ ᠪᠣᠶ᠃ |
|