ᠣᠶᠢᠷ᠎ᠠ ᠳᠤ ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠵᠠᠰᠠᠪᠤᠷᠢ ᠣᠷᠣᠭᠤᠯᠤᠭᠰᠠᠨ ᠤ |
ᠳᠠᠷᠠᠭᠠᠬᠢ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠳᠭᠡᠯ ᠥᠭᠬᠦ ᠲᠦᠷᠢᠮ︾ ︵ |
ᠳᠣᠷᠣᠭᠰᠢ ︽ᠲᠦᠷᠢᠮ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠭᠰᠠᠨ ᠪᠥᠭᠡᠳ ᠮᠡᠳᠡᠭᠳᠡᠯ ᠲᠠᠷᠬᠠᠭᠠᠵᠤ ᠂ |
ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠬᠢᠨᠠᠮᠠᠭᠠᠶ ᠵᠢᠷᠤᠮᠯᠠᠨ ᠬᠡᠷᠡᠭᠵᠢᠭᠦᠯᠬᠦ ᠬᠡᠷᠡᠭᠲᠡᠶ ᠭᠡᠵᠦ |
ᠱᠠᠭᠠᠷᠳᠠᠪᠠ ᠃ |
ᠮᠡᠳᠡᠭᠳᠡᠯ ᠳᠤ ᠂ ᠨᠠᠮ ᠤᠨ ᠬᠤᠷᠢᠳᠤᠭᠠᠷ ᠶᠡᠭᠡ ᠬᠤᠷᠠᠯ ᠠᠴᠠ ᠨᠠᠮ ᠤᠨ ᠰᠠᠬᠢᠯᠭ᠎ᠠ ᠪᠠᠲᠤ ᠶᠢᠨ |
ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠬᠤ ᠲᠤᠬᠠᠢ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ |
ᠬᠢᠵᠡᠢ ᠃ ᠨᠠᠮ ᠤᠨ ᠲᠥᠪ ᠬᠤᠷᠢᠶ᠎ᠠ ᠨᠠᠮ ᠳᠤ ᠯᠠ ᠪᠠᠶᠢᠳᠠᠭ ᠬᠦᠴᠢᠷ ᠠᠰᠠᠭᠤᠳᠠᠯ ᠢ ᠰᠢᠢᠳᠪᠦᠷᠢᠯᠡᠬᠦ ᠪᠠᠷ |
ᠭᠤᠣᠯᠳᠠᠭᠤᠯᠵᠤ ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠰᠢᠰᠲ᠋ᠧᠮ ᠢ ᠪᠦᠷᠢᠨᠰᠢᠭᠦᠯᠵᠦ ᠂ ︽ᠳᠦᠷᠢᠮ︾ ᠳᠤ |
ᠵᠠᠰᠠᠪᠤᠷᠢ ᠣᠷᠣᠭᠤᠯᠪᠠ ᠃ ︽ᠲᠦᠷᠢᠮ︾ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ |
ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ |
ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ ᠂ ᠨᠠᠮ ᠤᠨ ᠲᠦᠷᠢᠮ ᠭᠡᠬᠦ ᠡᠨᠡ ᠬᠦ ᠶᠡᠷᠦᠩᠬᠡᠢ ᠡᠬᠢ ᠠᠴᠠ |
ᠡᠭᠦᠰᠴᠦ ᠂ ᠴᠢᠩᠭ᠎ᠠ ᠬᠦᠭ ᠠᠶᠠᠰ ᠢ ᠪᠠᠷᠢᠮᠲᠠᠯᠠᠵᠤ ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠪᠠ ᠬᠠᠷᠠᠯᠲᠠ ᠪᠠᠷ |
ᠤᠳᠤᠷᠢᠳᠤᠮᠵᠢ ᠪᠣᠯᠭᠠᠬᠤ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠵᠤ ᠂ ᠴᠠᠭ ᠦᠶ᠎ᠡ ᠲᠠᠢ ᠵᠡᠷᠭᠡᠪᠡᠷ |
ᠤᠷᠤᠭᠰᠢᠯᠠᠨ ᠰᠠᠬᠢᠯᠭ᠎ᠠ ᠪᠠᠲᠤ ᠶᠢᠨ ᠵᠢᠷᠤᠮᠵᠢᠯ ᠢ ᠲᠡᠭᠦᠯᠳᠡᠷᠵᠢᠭᠦᠯᠵᠦ ᠂ ᠤᠯᠤᠰ ᠲᠦᠷᠦ ᠶᠢᠨ ᠰᠠᠬᠢᠯᠭ᠎ᠠ ᠪᠠᠲᠤ |
ᠪᠣᠯᠤᠨ ᠤᠯᠤᠰ ᠲᠦᠷᠦ ᠶᠢᠨ ᠶᠣᠰᠣ ᠲᠦᠷᠢᠮ ᠢ ᠴᠢᠨᠠᠭᠰᠢᠳᠠ ᠴᠢᠩᠳᠠᠯᠠᠵᠤ ᠂ ᠡᠯ᠎ᠡ ᠵᠦᠢᠯ ᠤᠨ ᠰᠠᠬᠢᠯᠭ᠎ᠠ ᠪᠠᠲᠤ ᠶᠢ |
ᠪᠦᠬᠦ ᠲᠠᠯ᠎ᠠ ᠪᠠᠷ ᠴᠢᠩᠭ᠎ᠠ ᠪᠣᠯᠭᠠᠬᠤ ᠶᠢ ᠳᠠᠶᠢᠴᠢᠯᠠᠵᠤ ᠂ ᠶᠠᠪᠤᠬᠤ ᠲᠤᠳᠤᠮ ᠰᠡᠭᠦᠯᠡᠷ ᠰᠠᠬᠢᠯᠭ᠎ᠠ ᠪᠠᠲᠤ ᠶᠢ ᠴᠢᠩᠭ᠎ᠠ |
ᠬᠡᠷᠡᠭᠵᠢᠭᠦᠯᠬᠦ ᠴᠢᠩᠭ᠎ᠠ ᠳᠣᠬᠢᠶ᠎ᠠ ᠶᠢ ᠪᠠᠳᠠᠷᠠᠭᠤᠯᠵᠤ ᠂ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢᠨ ᠦᠩᠭᠡᠨ ᠲᠠᠯ᠎ᠠ ᠪᠠ |
ᠦᠨᠳᠦᠰᠦ ᠠᠴᠠ ᠨᠢ ᠵᠠᠰᠠᠬᠤ ᠦᠢᠯᠡᠳᠦᠯ ᠢ ᠪᠠᠳᠠᠷᠠᠭᠤᠯᠵᠤ ᠂ ᠳᠤᠮᠳᠠᠳᠤ ᠤᠯᠤᠰ ᠤᠨ ᠮᠠᠶ᠋ᠢᠭ ᠤᠨ |
ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠳᠦᠭᠡᠨ ᠪᠠᠶᠢᠭᠤᠯᠤᠯᠲᠠ ᠂ ᠦᠨᠳᠦᠰᠦᠲᠡᠨ ᠤ ᠰᠡᠷᠭᠦᠨ |
ᠮᠠᠨᠳᠤᠯᠲᠠ ᠶᠢᠨ ᠠᠭᠤᠤ ᠦᠢᠯᠡᠰ ᠢ ᠪᠦᠬᠦ ᠲᠠᠯ᠎ᠠ ᠪᠠᠷ ᠠᠬᠢᠭᠤᠯᠬᠤ ᠳᠤ ᠪᠠᠲᠤ ᠴᠢᠩᠭ᠎ᠠ ᠰᠠᠬᠢᠯᠭ᠎ᠠ ᠪᠠᠲᠤ ᠶᠢᠨ |
ᠪᠠᠲᠤᠯᠠᠭ᠎ᠠ ᠬᠠᠩᠭᠠᠬᠤ ᠬᠡᠷᠡᠭᠲᠡᠢ ᠃ |
ᠮᠡᠳᠡᠭᠳᠡᠯ ᠳᠤ ᠂ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠪᠦᠬᠦ |
ᠲᠠᠯ᠎ᠠ ᠪᠠᠷ ᠨᠠᠮ ᠢ ᠴᠢᠩᠭ᠎ᠠ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠡᠭᠦᠷᠭᠡᠯᠡᠵᠦ ᠂ ︽ᠲᠦᠷᠢᠮ︾ ᠢ |
ᠲᠤᠭᠤᠰᠢᠯᠠᠭᠤᠯᠤᠨ ᠬᠡᠷᠡᠭᠵᠢᠭᠦᠯᠬᠦ ᠶᠢ ᠨᠠᠷᠢᠨ ᠬᠢᠨᠠᠮᠠᠭᠠᠢ ᠰᠠᠶᠢᠲᠤᠷ ᠠᠳᠬᠤᠵᠤ ᠂ ᠨᠠᠮ ᠤᠨ ᠰᠠᠬᠢᠯᠭ᠎ᠠ ᠪᠠᠲᠤ ᠠᠴᠠ |
ᠵᠥᠷᠢᠴᠡᠭᠰᠡᠨ ᠠᠰᠠᠭᠤᠳᠠᠯ ᠢ ᠨᠢᠭᠡ ᠶᠢ ᠢᠯᠡᠷᠡᠭᠦᠯᠪᠡᠯ ᠨᠢᠭᠡ ᠶᠢ ᠡᠷᠡᠰ ᠪᠠᠶᠢᠴᠠᠭᠠᠨ ᠰᠢᠢᠳᠪᠦᠷᠢᠯᠡᠵᠦ ᠂ ᠰᠠᠬᠢᠯᠭ᠎ᠠ |
ᠪᠠᠲᠤ ᠶᠢᠨ ᠴᠢᠩᠭ᠎ᠠ ᠂ ᠲᠥᠪ ᠴᠢᠩᠭ᠎ᠠ ᠴᠢᠨᠠᠷ ᠢ ᠦᠨᠡᠨ ᠬᠦ ᠬᠠᠮᠠᠭᠠᠯᠠᠬᠤ ᠬᠡᠷᠡᠭᠲᠡᠢ ᠃ ᠨᠠᠮᠴᠢ ᠴᠢᠨᠠᠷ ᠨᠠᠮ ᠤᠨ |
ᠰᠤᠷᠲᠠᠯ ᠨᠠᠮ ᠤᠨ ᠰᠠᠬᠢᠯᠭ᠎ᠠ ᠪᠠᠲᠤ ᠶᠢ ᠵᠡᠷᠭᠡ ᠪᠠᠷ ᠠᠳᠬᠤᠬᠤ ᠶᠢ ᠪᠠᠷᠢᠮᠲᠠᠯᠠᠵᠤ ᠂ ︽ᠲᠦᠷᠢᠮ︾ ᠢ ᠨᠠᠮ ᠤᠨ |
ᠭᠡᠰᠢᠭᠦᠨ ᠂ ᠺᠠᠳ᠋ᠷᠴᠤᠳ ᠢ ᠪᠣᠯᠪᠠᠰᠤᠷᠠᠭᠤᠯᠬᠤ ᠵᠠᠪᠠᠯ ᠰᠤᠷᠬᠤ ᠬᠢᠴᠢᠶᠡᠯ ᠳᠤ ᠣᠷᠣᠭᠤᠯᠵᠤ ᠂ ᠲᠦᠷᠢᠮ ᠲᠣᠭᠲᠠᠭᠠᠯ ᠢ |
ᠵᠢᠷᠤᠮᠯᠠᠨ ᠰᠠᠬᠢᠯᠭ᠎ᠠ ᠪᠠᠲᠤ ᠶᠢ ᠰᠠᠬᠢᠬᠤ ᠤᠬᠠᠮᠰᠠᠷ ᠢᠶᠠᠨ ᠴᠢᠩᠭᠠᠳᠬᠠᠬᠤ ᠬᠡᠷᠡᠭᠲᠡᠶ ᠃ ᠰᠠᠬᠢᠯᠭ᠎ᠠ ᠪᠠᠲᠤ ᠶᠢ |
ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ ᠂ ᠰᠠᠬᠢᠯᠭ᠎ᠠ ᠪᠠᠲᠤ ᠬᠡᠷᠡᠭᠵᠢᠭᠦᠯᠬᠦ ᠬᠠᠤᠯᠢ ᠬᠡᠷᠡᠭᠵᠢᠭᠦᠯᠬᠦ ᠶᠢ |
ᠨᠡᠪᠲᠡᠷᠡᠯᠴᠡᠭᠦᠯᠬᠦ ᠶᠢ ᠠᠬᠢᠭᠤᠯᠵᠤ ᠂ ︽ᠲᠦᠷᠪᠡᠨ ᠵᠦᠢᠯ ᠤᠨ ᠬᠡᠯᠪᠡᠷᠢ ᠪᠠᠶᠢᠳᠠᠯ︾ ᠢ ᠣᠨᠣᠪᠴᠢᠲᠠᠢ ᠬᠡᠷᠡᠭᠯᠡᠵᠦ ᠂ ︽ |
ᠭᠤᠷᠪᠠ ᠶᠢ ᠢᠯᠭᠠᠬᠤ︾ ᠶᠢ ᠨᠠᠶᠢᠳᠠᠪᠤᠷᠢᠵᠢᠭᠤᠯᠵᠤ ᠂ ᠴᠢᠩᠭ᠎ᠠ ᠬᠠᠮᠢᠶᠠᠷᠴᠤ ᠬᠢᠨᠠᠯᠲᠠ ᠲᠠᠯᠪᠢᠬᠤ ᠪᠠ ᠬᠠᠷᠢᠭᠤᠴᠠᠯᠭ᠎ᠠ |
ᠡᠭᠦᠷᠭᠡᠯᠡᠬᠦ ᠶᠢ ᠵᠣᠷᠢᠭᠵᠢᠭᠤᠯᠬᠤ ᠶᠢ ᠳᠡᠭᠡᠳᠦ ᠬᠡᠮᠵᠢᠶ᠎ᠡ ᠪᠠᠷ ᠨᠢᠭᠡᠳᠬᠡᠬᠦ ᠬᠡᠷᠡᠭᠲᠡᠢ ᠃ ᠡᠯ᠎ᠡ ᠱᠠᠲᠤᠨ ᠤ ᠰᠠᠬᠢᠯᠭ᠎ᠠ |
ᠪᠠᠲᠤ ᠪᠠᠶᠢᠴᠠᠭᠠᠬᠤ ᠬᠤᠷᠢᠶ᠎ᠠ ︵ᠰᠠᠬᠢᠯᠭ᠎ᠠ ᠪᠠᠲᠤ ᠪᠠᠶᠢᠴᠠᠭᠠᠬᠤ ᠳᠤᠭᠤᠶᠢᠯᠠᠩ︶ ᠨᠠᠮ ᠤᠨ ᠲᠦᠷᠢᠮ ᠠᠴᠠ |
ᠣᠯᠭᠤᠭᠰᠠᠨ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ ᠂ ᠬᠢᠨᠠᠯᠲᠠ ᠲᠠᠯᠪᠢᠵᠤ ᠰᠠᠬᠢᠯᠭ᠎ᠠ |
ᠪᠠᠲᠤ ᠶᠢ ᠬᠡᠷᠡᠭᠵᠢᠭᠦᠯᠦᠨ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠭᠠᠳᠬᠠᠵᠤ ᠂ ᠵᠣᠷᠢᠭᠲᠠᠢ ᠪᠠᠷ ᠴᠢᠳᠠᠮᠠᠭᠠᠢ ᠪᠠᠷ |
ᠲᠡᠮᠡᠴᠡᠵᠦ ᠂ ᠰᠠᠬᠢᠯᠭ᠎ᠠ ᠪᠠᠲᠤ ᠶᠢ ᠴᠢᠩᠭ᠎ᠠ ᠬᠡᠷᠡᠭᠵᠢᠭᠦᠯᠵᠦ ᠂ ᠤᠨᠢᠨ ᠳᠡᠭᠡᠷ᠎ᠡ ᠨᠢ ᠰᠠᠬᠢᠯᠭ᠎ᠠ ᠪᠠᠲᠤ ᠶᠢ |
ᠬᠡᠷᠡᠭᠵᠢᠭᠦᠯᠵᠦ ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠤᠨ ᠭᠦᠨᠵᠡᠭᠡᠶᠢᠷᠡᠨ ᠬᠥᠭᠵᠢᠬᠦ ᠶᠢ ᠲᠠᠰᠤᠷᠠᠯᠲᠠ |
ᠦᠭᠡᠢ ᠠᠬᠢᠭᠤᠯᠬᠤ ᠬᠡᠷᠡᠭᠲᠡᠢ ᠭᠡᠵᠡᠢ ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ︽ᠳᠦᠷᠢᠮ︾ ᠢ |
ᠬᠡᠷᠡᠭᠵᠢᠭᠦᠯᠬᠦ ᠶᠠᠪᠤᠴᠠ ᠳᠠᠬᠢ ᠴᠢᠬᠤᠯᠠ ᠪᠠᠶᠢᠳᠠᠯ ᠪᠣᠯᠤᠨ ᠰᠠᠨᠠᠭᠤᠯᠭ᠎ᠠ ᠶᠢ ᠴᠠᠭ ᠲᠤᠬᠠᠶ ᠳᠤᠨᠢ ᠨᠠᠮ ᠤᠨ ᠲᠥᠪ |
ᠬᠤᠷᠢᠶᠠᠨ ᠳᠤ ᠮᠡᠳᠡᠭᠦᠯᠬᠦ ᠬᠡᠷᠡᠭᠲᠡᠶ ᠃ |
︽ᠳᠦᠷᠢᠮ︾ ᠤᠨ ᠪᠦᠬᠦ ᠠᠬᠤᠯᠭᠠ ᠨᠢ ᠳᠤᠤᠷᠠᠬᠢ ᠮᠡᠲᠦ ᠃ |
|