| ︽ᠨᠢᠭᠡ ᠳᠠᠷᠤᠪᠴᠢ ᠪᠠᠷ ᠬᠢᠨᠠᠨ ᠡᠵᠡᠮᠳᠡᠵᠦ ᠂ ᠨᠢᠭᠡ ᠳᠠᠷᠤᠪᠴᠢ ᠪᠠᠷ ᠮᠡᠳᠡᠵᠦ ᠂ ᠨᠢᠭᠡ ᠳᠠᠷᠤᠪᠴᠢ ᠪᠠᠷ |
ᠰᠤᠳᠤᠯᠤᠨ ᠮᠠᠭᠠᠳᠯᠠᠬᠤ ᠃ ᠲᠣᠳᠣᠷᠬᠠᠢ ᠂ ᠬᠤᠷᠳᠤᠨ ᠂ ᠦᠷ᠎ᠡ ᠪᠥᠲᠥᠮᠵᠢ ᠰᠠᠶᠢᠲᠠᠢ︾ ᠃ ᠡᠨᠡ ᠪᠣᠯ ᠥᠪᠥᠷ |
ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠤᠭᠤᠲᠤ ᠬᠤᠲᠠ ᠶᠢᠨ ᠳ᠋ᠢᠬᠢᠲ ᠤᠰᠤᠨ ᠰᠦᠯᠵᠢᠶᠡᠨ ᠤ |
ᠲᠠᠪᠴᠠᠩ ᠤᠨ ᠤᠰᠤᠨ ᠤ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠂ ᠤᠰᠤᠨ ᠤ |
ᠢᠨᠵᠧᠨᠧᠷᠢᠩ ᠤᠨ ᠣᠶᠤᠨᠴᠢ ᠬᠠᠮᠢᠶᠠᠷᠤᠯᠲᠠ ᠵᠡᠷᠭᠡ ᠠᠵᠢᠯ ᠳᠤ ᠬᠠᠩᠭᠠᠭᠰᠠᠨ ᠰᠢᠯᠢᠳᠡᠭ ᠦᠢᠯᠡᠴᠢᠯᠡᠭᠡ ᠪᠣᠯᠤᠨ᠎ᠠ ᠃ |
2023 ᠣᠨ ᠳᠤ ᠠᠰᠢᠭᠯᠠᠯᠲᠠ ᠳᠤ ᠣᠷᠣᠭᠤᠯᠤᠭᠰᠠᠨ ᠠᠴᠠ ᠨᠠᠭᠠᠰᠢ ᠂ ᠪᠤᠭᠤᠲᠤ ᠬᠤᠲᠠ ᠶᠢᠨ ᠳ᠋ᠢᠬᠢᠲ |
ᠤᠰᠤᠨ ᠠᠰᠢᠭᠯᠠᠯᠲᠠ ᠶᠢᠨ ᠰᠦᠯᠵᠢᠶᠡᠨ ᠤ ᠲᠠᠪᠴᠠᠩ ᠨᠢ ᠨᠢᠭᠡᠨᠲᠡ ᠤᠰᠤᠨ ᠤ ᠡᠬᠢ ᠪᠠᠶᠠᠯᠢᠭ ᠤᠨ ᠣᠶᠤᠨᠴᠢ |
ᠡᠵᠡᠮᠳᠡᠯ ᠤᠨ ᠬᠡᠰᠡᠭ ᠂ ᠤᠰᠤᠨ ᠠᠰᠢᠭᠯᠠᠯᠲᠠ ᠶᠢᠨ ᠢᠨᠵᠧᠨᠧᠷᠢᠩ ᠤᠨ ᠶᠠᠰᠤ ᠴᠢᠨᠠᠷ ᠲᠤ ᠬᠢᠨᠠᠯᠲᠠ ᠲᠠᠯᠪᠢᠬᠤ ᠵᠡᠷᠭᠡ |
ᠲᠠᠯ᠎ᠠ ᠪᠠᠷ ᠵᠠᠩᠭᠢᠯᠠᠭ᠎ᠠ ᠶᠢᠨ ᠦᠢᠯᠡᠳᠦᠯ ᠦᠵᠡᠭᠦᠯᠪᠡ ᠃ ᠣᠶᠢᠯᠠᠭᠠᠭᠰᠠᠨ ᠢᠶᠠᠷ ᠂ ᠲᠣᠰ ᠳ᠋ᠢᠬᠢᠲ ᠤᠰᠤᠨ |
ᠰᠦᠯᠵᠢᠶᠡᠨ ᠤ ᠲᠠᠪᠴᠠᠩ ᠪᠣᠯ ᠥᠪᠥᠷ ᠮᠣᠩᠭᠤᠯ ᠤᠨ ᠠᠩᠬᠠᠳᠠᠭᠴᠢ ᠤᠰᠤᠨ ᠤ ᠡᠬᠢ ᠪᠠᠶᠠᠯᠢᠭ ᠤᠨ ᠣᠶᠤᠨᠴᠢ |
ᠡᠵᠡᠮᠳᠡᠯ ᠤᠨ ᠬᠡᠰᠡᠭ ᠤᠨ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠲᠦᠷᠢᠮ ᠤᠨ ᠬᠢᠨᠠᠨ ᠰᠢᠯᠭᠠᠯᠲᠠ ᠶᠢ |
ᠪᠡᠶᠡᠯᠡᠭᠦᠯᠬᠦ ᠲᠠᠪᠴᠠᠩ ᠪᠣᠯᠤᠨ᠎ᠠ ᠃ |
︽1161︾ ᠤᠰᠤᠨ ᠤ ᠶᠠᠪᠤᠳᠠᠯ ᠤᠨ ᠠᠵᠢᠯ ᠤᠨ ᠳ᠋ᠢᠭᠢᠲᠴᠢᠯᠡᠭᠰᠡᠨ ᠰᠢᠰᠲ᠋ᠧᠮ ᠢ ᠪᠠᠶᠢᠭᠤᠯᠪᠠ |
ᠤᠶᠢᠷ᠎ᠠ ᠶᠢᠨ ᠵᠢᠯ ᠳᠤ ᠂ ᠪᠤᠭᠤᠲᠤ ᠬᠤᠲᠠ ᠳ᠋ᠢᠬᠢᠲ ᠤᠰᠤᠨ ᠲᠣᠣᠷ ᠤᠨ ᠪᠦᠲᠦᠭᠡᠨ ᠪᠠᠶᠢᠭᠤᠯᠤᠯᠲᠠ ᠶᠢ |
ᠶᠡᠬᠡᠪᠡᠷ ᠠᠬᠢᠭᠤᠯᠵᠤ ᠂ ︽ᠪᠤᠭᠤᠲᠤ ᠬᠤᠲᠠ ᠶᠢᠨ ᠤᠰᠤᠨ ᠤ ᠡᠬᠢ ᠪᠠᠶᠠᠯᠢᠭ ᠢ ᠠᠷᠪᠢᠲᠠᠢ ᠡᠷᠴᠢᠮᠯᠢᠭ ᠠᠰᠢᠭᠯᠠᠬᠤ ᠶᠢ |
ᠠᠬᠢᠭᠤᠯᠬᠤ ᠭᠤᠷᠪᠠᠨ ᠵᠢᠯ ᠤᠨ ᠰᠢᠪᠲᠤᠯᠤᠯᠲᠠ ᠶᠢᠨ ᠠᠵᠢᠯᠯᠠᠭ᠎ᠠ ᠶᠢᠨ ᠲᠥᠰᠦᠯ ︵2023 — 2025 ᠣᠨ︶︾ |
ᠢ ᠨᠡᠶᠢᠲᠡᠯᠡᠪᠡ ᠃ ᠳ᠋ᠢᠬᠢᠲ ᠤᠰᠤᠨ ᠲᠣᠣᠷ ᠤᠨ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ ᠪᠣᠯ ᠪᠤᠭᠤᠲᠤ |
ᠬᠤᠳᠠ ᠶᠢᠨ 16 ᠳᠠᠬᠢᠯᠲᠠ ᠤᠰᠤ ᠶᠢ ᠶᠡᠷᠦᠩᠬᠡᠶᠢᠯᠡᠨ ᠠᠰᠢᠭᠯᠠᠬᠤ ᠲᠦᠷᠦᠯ ᠵᠦᠢᠯ ᠤᠨ ᠨᠢᠭᠡ ᠪᠣᠯᠤᠨ᠎ᠠ ᠂ |
ᠤᠰᠤᠨ ᠤ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠰᠢᠰᠲ᠋ᠧᠮ ᠢ ᠬᠦᠴᠦᠯᠡᠨ ᠪᠠᠶᠢᠭᠤᠯᠵᠤ ᠂ ᠪᠦᠬᠦ |
ᠬᠤᠳᠠ ᠶᠢᠨ ᠤᠰᠤᠨ ᠤ ᠡᠬᠢ ᠪᠠᠶᠠᠯᠢᠭ ᠢ ᠬᠢᠨᠠᠨ ᠡᠵᠡᠮᠳᠡᠬᠦ ᠪᠠ ᠪᠠᠲᠤᠯᠠᠬᠤ ᠴᠢᠳᠠᠪᠤᠷᠢ ᠪᠣᠯᠤᠨ ᠠᠰᠢᠭᠯᠠᠬᠤ ᠦᠷ᠎ᠡ |
ᠪᠦᠲᠦᠮᠵᠢ ᠶᠢ ᠳᠡᠭᠡᠭᠰᠢᠯᠡᠭᠦᠯᠬᠦ ᠪᠠᠷ ᠬᠠᠷᠠᠯᠲᠠ ᠪᠣᠯᠭᠠᠨ᠎ᠠ ᠃ ᠲᠥᠷᠥᠯ ᠵᠦᠢᠯ ᠨᠢ ︽1161︾ ᠶᠢᠨ ᠶᠡᠷᠦᠩᠬᠡᠶ ᠪᠣᠷᠣ |
ᠲᠥᠯᠥᠪ ᠤᠨ ᠶᠣᠰᠣᠭᠠᠷ ᠳ᠋ᠢᠬᠢᠲ ᠤᠰᠤᠨ ᠰᠦᠯᠵᠢᠶᠡᠨ ᠤ ᠲᠠᠪᠴᠠᠩ ᠢ ᠪᠠᠶᠢᠭᠤᠯᠤᠨ᠎ᠠ ᠃ ︽1611︾ ᠭᠡᠳᠡᠭ ᠨᠢ |
ᠳᠠᠷᠤᠶ ᠪᠥᠬᠦ ᠬᠤᠲᠠ ᠶᠢᠨ ᠤᠰᠤᠨ ᠤ ᠶᠠᠪᠤᠳᠠᠯ ᠤᠨ ᠰᠢᠰᠲ᠋ᠧᠮ ᠤᠨ ᠨᠢᠭᠡᠳᠦᠯᠲᠡᠶ ᠠᠵᠢᠯ ᠤᠨ ᠡᠭᠦᠳᠡ ᠡᠷᠦᠬᠡ |
ᠪᠣᠯᠤᠨ᠎ᠠ ᠂ 1 ᠲᠤᠭ᠎ᠠ ᠪᠠᠷᠢᠮᠲᠠ ᠶᠢᠨ ᠲᠤᠯᠭᠠᠭᠤᠷᠢᠯᠠᠯ ᠪᠠ ᠣᠶᠤᠨᠴᠢ ᠰᠤᠳᠤᠯᠤᠨ ᠮᠠᠭᠠᠳᠯᠠᠯᠲᠠ ᠬᠠᠩᠭᠠᠬᠤ |
ᠤᠰᠤᠨ ᠤ ᠶᠠᠪᠤᠳᠠᠯ ᠤᠨ ︽ᠶᠡᠭᠡ ᠲᠠᠷᠢᠬᠢ︾ ᠂ 6 ᠲᠥᠷᠥᠯ ᠤᠨ ᠭᠤᠤᠯ ᠲᠤᠬᠠᠶᠢᠯᠠᠭᠰᠠᠨ ᠠᠵᠢᠯ ᠤᠨ ᠬᠡᠷᠡᠭᠯᠡᠯᠲᠡ ︵ |
ᠤᠰᠤᠨ ᠤ ᠡᠬᠢ ᠪᠠᠶᠠᠯᠢᠭ ᠤᠨ ᠣᠶᠤᠨᠴᠢ ᠡᠵᠡᠮᠳᠡᠯ ᠂ ᠲᠠᠷᠢᠶᠠᠯᠠᠩ ᠤᠨ ᠤᠰᠤᠨ ᠤ ᠣᠶᠤᠨᠴᠢ ᠤᠰᠤᠯᠠᠯᠲᠠ ᠂ |
ᠦᠶᠡᠷ ᠤᠨ ᠤᠰᠤ ᠶᠢ ᠤᠶᠤᠨᠴᠢᠯᠠᠨ ᠰᠡᠷᠭᠡᠶᠢᠯᠡᠬᠦ ᠂ ᠭᠤᠤᠯ ᠮᠥᠷᠡᠨ ᠨᠠᠭᠤᠷ ᠴᠥᠭᠦᠷᠥᠮ ᠢ ᠤᠶᠤᠨᠴᠢᠯᠠᠨ |
ᠬᠠᠮᠠᠭᠠᠯᠠᠬᠤ ᠂ ᠤᠰᠤᠨ ᠤ ᠢᠨᠵᠧᠨᠧᠷᠢᠩ ᠤᠨ ᠣᠶᠤᠨᠴᠢ ᠬᠠᠮᠢᠶᠠᠷᠤᠯᠲᠠ ᠂ ᠣᠶᠤᠨᠴᠢ ᠤᠰᠤᠨ ᠤ ᠦᠢᠯᠡᠴᠢᠯᠡᠭᠡ︶ ᠪᠠ |
1 ᠤᠷᠢᠳᠴᠢᠯᠠᠨ ᠰᠡᠷᠡᠮᠵᠢᠯᠡᠭᠦᠯᠵᠦ ᠬᠠᠮᠵᠢᠯᠴᠠᠨ ᠰᠢᠢᠳᠪᠦᠷᠢᠯᠡᠬᠦ ᠲᠥᠪ ᠪᠣᠯᠤᠨ᠎ᠠ ᠃ |
︽ᠳ᠋ᠢᠬᠢᠲ ᠤᠰᠤᠨ ᠠᠰᠢᠭᠯᠠᠯᠲᠠ ᠶᠢᠨ ᠰᠦᠯᠵᠢᠶᠡᠨ ᠤ ᠲᠠᠪᠴᠠᠩ ᠨᠢ ᠤᠰᠤᠨ ᠤ ᠶᠠᠪᠤᠳᠠᠯ ᠤᠨ |
ᠲᠣᠪᠴᠢᠶ᠎ᠠ ᠶᠢᠨ ᠭᠤᠤᠯ ᠲᠤᠬᠠᠶᠢᠯᠠᠭᠰᠠᠨ ᠠᠵᠢᠯ ᠵᠢᠴᠢ ᠴᠢᠬᠤᠯᠠ ᠶᠡᠭᠡ ᠡᠭᠦᠷᠭᠡ ᠬᠠᠷᠢᠭᠤᠴᠠᠯᠭ᠎ᠠ ᠳᠤ |
ᠠᠩᠬᠠᠷᠤᠯ ᠢᠶᠠᠨ ᠲᠥᠪᠯᠡᠷᠡᠭᠦᠯᠵᠦ ᠂ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠬᠠᠮᠤᠭ ᠤᠨ ᠴᠢᠩᠭ᠎ᠠ |
ᠲᠦᠷᠢᠮ ᠢ ᠬᠢᠨᠠᠨ ᠰᠢᠯᠭᠠᠬᠤ ᠂ ᠤᠰᠤ ᠬᠡᠷᠡᠭᠯᠡᠬᠦ ᠲᠥᠯᠥᠪᠯᠡᠭᠡ ᠶᠢ ᠪᠠᠭᠤᠯᠭᠠᠬᠤ ᠂ ᠤᠰᠤᠨ ᠤ ᠬᠡᠮᠵᠢᠶ᠎ᠡ ᠶᠢ ᠬᠢᠨᠠᠨ |
ᠲᠣᠭᠲᠠᠭᠠᠬᠤ ᠂ ᠤᠰᠤ ᠠᠷᠪᠢᠯᠠᠬᠤ ᠠᠳᠠᠯᠢᠳᠬᠠᠨ ᠰᠢᠯᠭᠠᠷᠠᠭᠤᠯᠤᠯᠲᠠ ᠂ ᠰᠢᠷᠦᠭᠦᠨ ᠪᠣᠷᠣᠭᠠᠨ ᠤ ᠠᠭᠤᠯᠠ ᠶᠢᠨ |
ᠦᠶᠡᠷ ᠢ ᠤᠷᠢᠳᠴᠢᠯᠠᠨ ᠰᠡᠷᠡᠮᠵᠢᠯᠡᠭᠦᠯᠬᠦ ᠂ ᠤᠰᠤᠨ ᠠᠰᠢᠭᠯᠠᠯᠲᠠ ᠶᠢᠨ ᠢᠨᠵᠧᠨᠧᠷᠢᠩ ᠤᠨ ᠶᠠᠰᠤ ᠴᠢᠨᠠᠷ ᠲᠤ |
ᠬᠢᠨᠠᠯᠲᠠ ᠲᠠᠯᠪᠢᠵᠤ ᠪᠠᠶᠢᠴᠠᠭᠠᠬᠤ ᠵᠡᠷᠭᠡ ᠲᠤᠬᠠᠶᠢᠯᠠᠭᠰᠠᠨ ᠠᠵᠢᠯ ᠤᠨ ᠴᠤᠪᠤᠷᠠᠯ ᠵᠢᠴᠢ ᠬᠡᠷᠡᠭᠴᠡᠭᠡ ᠱᠠᠭᠠᠷᠳᠠᠯᠭ᠎ᠠ ᠶᠢ |
ᠭᠦᠨᠵᠡᠭᠡᠶ ᠰᠦᠪᠡᠭᠴᠢᠯᠡᠨ ᠪᠣᠳᠠᠲᠠᠶᠢᠵᠢᠭᠤᠯᠵᠤ ᠂ ᠭᠤᠤᠯ ᠴᠢᠳᠠᠮᠵᠢ ᠨᠢ ᠦᠨᠳᠦᠰᠦᠨ ᠳᠡᠭᠡᠨ ᠪᠣᠳᠠᠲᠠᠶ ᠠᠵᠢᠯᠯᠠᠬᠤ |
ᠱᠠᠲᠤᠨ ᠳᠤ ᠣᠷᠣᠪᠠ︾ ᠭᠡᠵᠦ ᠪᠤᠭᠤᠲᠤ ᠬᠤᠲᠠ ᠶᠢᠨ ᠤᠰᠤᠨ ᠤ ᠶᠠᠪᠤᠳᠠᠯ ᠤᠨ ᠲᠣᠪᠴᠢᠶᠠᠨ ᠤ ᠶᠡᠷᠦᠩᠬᠡᠢ |
ᠢᠨᠵᠧᠨᠧᠷ ᠴᠧᠨ ᠴᠢᠶᠦ᠋ᠨ ᠵᠦ ᠲᠠᠨᠢᠯᠴᠠᠭᠤᠯᠵᠠᠢ ᠃ |
ᠤᠰᠤ ᠲᠠᠲᠠᠬᠤ ᠶᠢ ᠰᠦᠯᠵᠢᠶᠡᠨ ᠳᠡᠭᠡᠷ᠎ᠡ ᠤᠰᠤ ᠲᠠᠲᠠᠬᠤ ᠶᠢ ᠬᠢᠨᠠᠨ ᠬᠡᠮᠵᠢᠬᠦ ᠂ ᠲᠥᠯᠥᠪᠯᠡᠭᠡ ᠪᠠᠭᠤᠯᠭᠠᠬᠤ ᠂ |
ᠤᠰᠤᠨ ᠤ ᠬᠡᠮᠵᠢᠶ᠎ᠡ ᠶᠢ ᠬᠢᠨᠠᠨ ᠲᠣᠭᠲᠠᠭᠠᠬᠤ ᠂ ᠬᠡᠮᠵᠢᠶ᠎ᠡ ᠠᠴᠠ ᠬᠡᠲᠦᠷᠡᠭᠦᠯᠦᠨ ᠤᠷᠢᠳᠴᠢᠯᠠᠨ ᠰᠡᠷᠡᠮᠵᠢᠯᠡᠭᠦᠯᠬᠦ ᠪᠥᠬᠦ |
ᠶᠠᠪᠤᠴᠠ ᠶᠢ ᠬᠠᠮᠢᠶᠠᠷᠤᠨ ᠡᠵᠡᠮᠳᠡᠬᠦ ᠶᠢ ᠪᠡᠶᠡᠯᠡᠭᠦᠯᠦᠨ᠎ᠡ︔ ᠤᠰᠤ ᠭᠠᠩ ᠤᠨ ᠭᠠᠮᠰᠢᠭ ᠢ ᠰᠡᠷᠭᠡᠶᠢᠯᠡᠬᠦ ᠳᠤ ︽ |
ᠪᠣᠷᠣᠭᠠᠨ ᠣᠷᠣᠬᠤ ᠨᠢ ᠬᠠᠮᠢᠭ᠎ᠠ ᠪᠠᠶᠢᠬᠤ ᠪᠤᠢ ᠂ ᠦᠶᠡᠷ ᠤᠨ ᠤᠰᠤ ᠨᠢ ᠬᠠᠮᠢᠭ᠎ᠠ ᠪᠠᠶᠢᠬᠤ ᠪᠤᠢ ᠂ ᠠᠶᠤᠯ |
ᠲᠦᠭᠰᠢᠭᠦᠷᠢ ᠬᠠᠮᠢᠭ᠎ᠠ ᠪᠠᠶᠢᠬᠤ ᠪᠤᠢ︾ ᠭᠡᠬᠦ 3 ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ ᠂ ᠤᠷᠢᠳᠴᠢᠯᠠᠨ |
ᠮᠡᠳᠡᠭᠡᠯᠡᠵᠦ ᠰᠡᠷᠡᠮᠵᠢᠯᠡᠭᠦᠯᠬᠦ ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠶᠢ ᠬᠠᠷᠢᠯᠴᠠᠨ ᠨᠥᠬᠦᠪᠦᠷᠢᠯᠡᠬᠦ |
ᠠᠭᠤᠯᠠᠨ ᠦᠶᠡᠷ ᠤᠨ ᠭᠠᠮᠰᠢᠭ ᠤᠨ ᠤᠷᠢᠳᠴᠢᠯᠠᠨ ᠰᠡᠷᠡᠮᠵᠢᠯᠡᠭᠦᠯᠬᠦ ᠰᠢᠰᠲ᠋ᠧᠮ ᠢ ᠪᠠᠶᠢᠭᠤᠯᠵᠤ ᠂ ᠲᠦᠭᠰᠢᠭᠦᠷᠢ ᠶᠢ |
ᠰᠡᠷᠭᠡᠶᠢᠯᠡᠬᠦ ᠰᠠᠨᠠᠭᠠᠴᠢᠯᠠᠭᠠᠲᠤ ᠴᠢᠨᠠᠷ ᠢ ᠪᠦᠲᠦᠮᠵᠢᠲᠡᠶ ᠳᠡᠭᠡᠭᠰᠢᠯᠡᠭᠦᠯᠦᠨ᠎ᠡ︔ ᠨᠢᠭᠡ ᠳᠠᠷᠤᠪᠴᠢ ᠪᠠᠷ ᠭᠤᠣᠯ |
ᠴᠠᠭᠳᠠᠬᠤ ᠬᠡᠷᠡᠭᠯᠡᠭᠡᠨ ᠤ ᠸᠢᠳᠢᠤ᠋ ᠪᠠᠷ ᠬᠢᠨᠠᠨ ᠡᠵᠡᠮᠳᠡᠬᠦ AI ︵ᠵᠣᠬᠢᠶᠠᠮᠠᠯ ᠴᠢᠳᠠᠪᠤᠷᠢ︶ ᠶᠢ ᠨᠡᠮᠡᠵᠦ ᠤᠭᠰᠠᠷᠠᠬᠤ ᠪᠠᠷ |
ᠳᠠᠮᠵᠢᠭᠤᠯᠤᠨ ᠂ ᠭᠤᠣᠯ ᠮᠥᠷᠡᠨ ᠨᠠᠭᠤᠷ ᠴᠥᠭᠦᠷᠥᠮ ᠤᠨ ᠠᠰᠠᠭᠤᠳᠠᠯ ᠢ ᠴᠠᠭ ᠲᠤᠬᠠᠢ ᠳᠤᠨᠢ ᠢᠯᠡᠷᠡᠭᠦᠯᠵᠦ ᠂ ᠭᠤᠣᠯ |
ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠭᠤᠣᠯ ᠴᠠᠭᠳᠠᠬᠤ ᠤᠳᠠᠭ᠎ᠠ ᠳᠣᠣᠷ᠎ᠠ ᠂ ᠠᠰᠠᠭᠤᠳᠠᠯ ᠢ ᠴᠠᠭ |
ᠲᠤᠬᠠᠢ ᠳᠤᠨᠢ ᠢᠯᠡᠷᠡᠭᠦᠯᠦᠭᠰᠡᠨ ᠦᠭᠡᠢ ᠵᠡᠷᠭᠡ ᠡᠪᠡᠷᠰᠢᠶᠡᠯ ᠢ ᠰᠢᠢᠳᠪᠦᠷᠢᠯᠡᠪᠡ︔ ᠤᠰᠤᠨ ᠠᠰᠢᠭᠯᠠᠯᠲᠠ ᠶᠢᠨ |
ᠪᠠᠷᠢᠯᠭ᠎ᠠ ᠶᠢᠨ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠪᠠᠷ ᠭᠠᠷᠳᠠᠴᠠ ᠪᠣᠯᠭᠠᠵᠤ ᠂ ︽ᠲᠤᠬᠠᠢ ᠶᠢᠨ ᠲᠠᠯᠠᠪᠤᠷ ᠲᠤ |
ᠶᠠᠭᠠᠬᠢᠵᠤ ᠪᠠᠶᠢᠴᠠᠭᠠᠬᠤ︾ ᠂ ︽ᠠᠰᠠᠭᠤᠳᠠᠯ ᠢ ᠬᠡᠷᠬᠢᠨ ᠲᠡᠮᠳᠡᠭᠯᠡᠬᠦ︾ ᠂ ︽ᠦᠷ᠎ᠡ ᠪᠦᠲᠦᠭᠡᠯ ᠢ ᠬᠡᠷᠬᠢᠨ |
ᠠᠰᠢᠭᠯᠠᠬᠤ︾ ᠠᠰᠠᠭᠤᠳᠠᠯ ᠢ ᠰᠢᠢᠳᠪᠦᠷᠢᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ ᠂ App ︵ᠬᠡᠷᠡᠭᠯᠡᠭᠡᠨ ᠤ |
ᠫᠷᠤᠭ᠍ᠷᠠᠮ︶ ᠢᠶᠠᠷ ᠳᠠᠮᠵᠢᠭᠤᠯᠤᠨ ᠲᠤᠬᠠᠢ ᠶᠢᠨ ᠲᠠᠯᠠᠪᠤᠷ ᠲᠤ ᠬᠢᠨᠠᠯᠲᠠ ᠲᠠᠯᠪᠢᠵᠤ ᠪᠠᠶᠢᠴᠠᠭᠠᠬᠤ ᠂ ᠠᠰᠠᠭᠤᠳᠠᠯ ᠢ |
ᠲᠡᠮᠳᠡᠭᠯᠡᠬᠦ ᠂ ᠲᠤᠬᠠᠢ ᠶᠢᠨ ᠲᠠᠯᠠᠪᠤᠷ ᠲᠤ ᠬᠢᠨᠠᠯᠲᠠ ᠲᠠᠯᠪᠢᠵᠤ ᠪᠠᠶᠢᠴᠠᠭᠠᠬᠤ ᠰᠠᠨᠠᠯ ᠭᠠᠷᠭᠠᠪᠠ ᠁ ᠳ᠋ᠢᠬᠢᠲ |
ᠤᠰᠤᠨ ᠰᠦᠯᠵᠢᠶᠡᠨ ᠤ ᠲᠠᠪᠴᠠᠩ ᠵᠢᠩᠬᠢᠨᠢ ᠪᠠᠷ ᠠᠰᠢᠭᠯᠠᠯᠲᠠ ᠳᠤ ᠣᠷᠣᠬᠤ ᠶᠢ ᠳᠠᠭᠠᠯᠳᠤᠨ ᠂ ᠪᠦᠬᠦ ᠬᠤᠲᠠ ᠶᠢᠨ |
ᠤᠰᠤᠨ ᠤ ᠶᠠᠪᠤᠳᠠᠯ ᠤᠨ ᠠᠵᠢᠯ ᠤᠨ ᠳ᠋ᠢᠬᠢᠲ ᠰᠢᠰᠲ᠋ᠧᠮ ᠠᠩᠬ᠎ᠠ ᠠᠯᠬᠤᠮ ᠪᠦᠷᠢᠯᠳᠦᠪᠡ ᠃ |
ᠳ᠋ᠢᠬᠢᠲ ᠤᠰᠤᠨ ᠰᠦᠯᠵᠢᠶᠡᠨ ᠤ ᠲᠠᠪᠴᠠᠩ 9 ᠰᠠᠤᠷᠢ ᠡᠭᠦᠯᠡᠨ ᠭᠤᠣᠯ ᠮᠠᠰᠢᠨ ᠢ ᠬᠡᠷᠡᠭᠯᠡᠵᠦ ᠡᠭᠦᠯᠡᠨ ᠠᠮᠤᠷ |
ᠲᠦᠪᠰᠢᠨ ᠤ ᠦᠢᠯᠡᠴᠢᠯᠡᠭᠡᠨ ᠤ ᠹᠢᠽᠢᠺ ᠤᠨ ᠣᠷᠴᠢᠨ ᠲᠣᠭᠤᠷᠢᠨ ᠪᠠᠲᠤ ᠪᠠᠬᠢ ᠨᠠᠶᠢᠳᠠᠪᠤᠷᠢᠲᠠᠢ ᠪᠠᠶᠢᠳᠠᠭ ᠃ |
ᠡᠭᠦᠨ ᠤ ᠬᠠᠮᠲᠤ ᠂ ᠪᠤᠭᠤᠲᠤ ᠬᠤᠲᠠ ᠡᠭᠦᠯᠡᠨ ᠡᠬᠢ ᠪᠠᠶᠠᠯᠢᠭ ᠢ ᠬᠡᠷᠡᠭᠯᠡᠬᠦ ᠨᠠᠷᠢᠨ ᠲᠦᠷᠢᠮ ᠪᠠ ᠰᠦᠯᠵᠢᠶᠡᠨ ᠤ |
ᠠᠮᠤᠷ ᠲᠦᠪᠰᠢᠨ ᠤ ᠬᠠᠮᠢᠶᠠᠷᠤᠯᠲᠠ ᠶᠢᠨ ᠲᠦᠷᠢᠮ ᠢ ᠨᠡᠶᠢᠲᠡᠯᠡᠵᠦ ᠂ ᠰᠦᠯᠵᠢᠶᠡᠨ ᠤ ᠠᠮᠤᠷ ᠲᠦᠪᠰᠢᠨ ᠤ |
ᠲᠦᠭᠰᠢᠭᠦᠷᠢ ᠶᠢ ᠴᠢᠩᠭ᠎ᠠ ᠬᠢᠵᠠᠭᠠᠷᠯᠠᠨ ᠂ ᠲᠠᠪᠴᠠᠩ ᠤᠨ ᠠᠮᠤᠷ ᠲᠦᠪᠰᠢᠨ ᠂ ᠬᠡᠷᠡᠭᠯᠡᠭᠡᠨ ᠤ ᠠᠮᠤᠷ ᠲᠦᠪᠰᠢᠨ ᠂ |
ᠳ᠋ᠠᠶᠢᠲ᠋ᠠ ᠶᠢᠨ ᠠᠮᠤᠷ ᠲᠦᠪᠰᠢᠨ ᠢ ᠦᠨᠡᠨ ᠬᠦ ᠪᠠᠲᠤᠯᠠᠵᠤ ᠂ ᠰᠠᠯᠠᠭ᠎ᠠ ᠮᠥᠴᠢᠷ ᠠᠯᠤᠰᠯᠠᠭᠰᠠᠨ ᠳ᠋ᠠᠶᠢᠲ᠋ᠠ ᠶᠢᠨ |
ᠪᠠᠬᠢᠯᠡᠯᠲᠡ ᠶᠢ ᠨᠡᠪᠲᠡᠷᠡᠭᠦᠯᠵᠦ ᠂ ᠳ᠋ᠠᠶᠢᠲ᠋ᠠ ᠶᠢ ᠬᠠᠮᠲᠤ ᠪᠠᠷ ᠡᠳ᠋ᠯᠡᠬᠦ ᠵᠢᠴᠢ ᠮᠡᠳᠡᠭᠦᠯᠦᠨ ᠬᠦᠷᠭᠡᠬᠦ ᠲᠣᠭᠲᠠᠴᠠ ᠶᠢ |
ᠪᠠᠶᠢᠭᠤᠯᠪᠠ ᠃ |
ᠣᠲᠣ ᠪᠣᠯᠲᠠᠯ᠎ᠠ ᠂ ᠲᠠᠪᠴᠠᠩ ᠤᠨ ᠲᠤᠭ᠎ᠠ ᠪᠠᠷᠢᠮᠲᠠ ᠶᠢ ᠠᠩᠬ᠎ᠠ ᠠᠯᠬᠤᠮ ᠡᠮᠬᠢᠯᠡᠨ ᠨᠡᠶᠢᠯᠡᠭᠦᠯᠵᠦ ᠂ ᠨᠢᠭᠡᠨᠲᠡ |
41 ᠲᠤᠭ᠎ᠠ ᠪᠠᠷᠢᠮᠲᠠ ᠶᠢᠨ ᠭᠠᠷᠴᠠᠭ ᠢ ᠨᠠᠶᠢᠷᠠᠭᠤᠯᠤᠨ ᠵᠣᠬᠢᠶᠠᠵᠤ ᠂ ᠡᠯ᠎ᠡ ᠲᠥᠷᠥᠯ ᠤᠨ ᠰᠡᠷᠡᠨ ᠮᠡᠳᠡᠷᠡᠬᠦ ᠥᠷᠲᠡᠭᠡ |
ᠴᠡᠭ ᠲᠤ ᠵᠠᠯᠭᠠᠨ ᠣᠷᠣᠭᠤᠯᠵᠤ ᠂ ᠨᠡᠶᠢᠲᠡ 3584 ᠲᠦᠮᠡ ᠭᠠᠷᠤᠶ ᠲᠤᠭ᠎ᠠ ᠪᠠᠷᠢᠮᠲᠠ ᠳᠤ ᠵᠠᠯᠭᠠᠨ ᠣᠷᠣᠭᠤᠯᠵᠤ ᠂ |
ᠡᠳᠦᠷ ᠪᠦᠷᠢ ᠳᠤᠮᠳᠠᠴᠢ ᠪᠠᠷ 7 ᠲᠦᠮᠡ ᠭᠠᠷᠤᠶ ᠲᠤᠭ᠎ᠠ ᠪᠠᠷᠢᠮᠲᠠ ᠰᠢᠨ᠎ᠡ ᠪᠠᠷ ᠨᠡᠮᠡᠭᠳᠡᠪᠡ ᠃ ᠤᠰᠤᠨ ᠤ |
ᠶᠠᠪᠤᠳᠠᠯ ᠤᠨ ᠲᠣᠪᠴᠢᠶ᠎ᠠ ᠶᠢᠨ ᠡᠯ᠎ᠡ ᠰᠠᠯᠠᠭ᠎ᠠ ᠲᠠᠰᠤᠭ ᠵᠢᠴᠢ ᠬᠤᠶᠠᠳᠤᠭᠠᠷ ᠳᠡᠰ ᠤᠨ ᠨᠢᠭᠡᠴᠢ ᠶᠢᠨ ᠶᠠᠭ ᠳᠠᠬᠢᠨ |
ᠬᠢᠨᠠᠵᠤ ᠵᠠᠯᠭᠠᠵᠦ ᠪᠠᠶᠢᠭ᠎ᠠ ᠪᠠ ᠴᠤᠭᠯᠠᠭᠤᠯᠤᠨ ᠡᠮᠬᠢᠳᠬᠡᠵᠦ ᠪᠠᠶᠢᠭ᠎ᠠ ᠲᠤᠭ᠎ᠠ ᠪᠠᠷᠢᠮᠲᠠ ᠨᠢ ᠲᠤᠭ᠎ᠠ ᠪᠠᠷᠢᠮᠲᠠ ᠶᠢ |
ᠨᠠᠩ ᠣᠨᠣᠪᠴᠢᠲᠠᠶ ᠪᠥᠭᠡᠳ ᠨᠠᠶᠢᠳᠠᠪᠤᠷᠢᠲᠠᠶ ᠪᠣᠯᠭᠠᠵᠤ ᠂ ᠭᠤᠤᠯ ᠲᠤᠬᠠᠶᠢᠯᠠᠭᠰᠠᠨ ᠠᠵᠢᠯ ᠤᠨ ᠬᠡᠷᠡᠭᠯᠡᠭᠡᠨ ᠤ |
ᠠᠵᠢᠯᠯᠠᠭᠠᠨ ᠳᠤ ᠪᠦᠲᠦᠮᠵᠢᠲᠡᠶ ᠲᠤᠯᠭᠠᠭᠤᠷᠢᠯᠠᠯ ᠬᠠᠩᠭᠠᠬᠤ ᠪᠤᠯᠤᠨ᠎ᠠ ᠃ |
ᠤᠯᠠᠨ ᠤᠶᠤᠨ ᠢᠶᠠᠷ ᠡᠨᠧᠷᠭᠢ ᠣᠯᠭᠤᠬᠤ ᠢᠨᠵᠧᠨᠧᠷᠢᠩ ᠤᠨ ᠶᠠᠰᠤ ᠴᠢᠨᠠᠷ ᠲᠤ ᠬᠢᠨᠠᠯᠲᠠ ᠲᠠᠯᠪᠢᠪᠠ |
ᠪᠤᠭᠤᠲᠤ ᠬᠤᠲᠠ ᠶᠢᠨ ᠤᠰᠤᠨ ᠤ ᠶᠠᠪᠤᠳᠠᠯ ᠤᠨ ᠲᠣᠪᠴᠢᠶ᠎ᠠ ᠨᠢ ᠳ᠋ᠢᠬᠢᠲ ᠤᠰᠤᠨ ᠠᠰᠢᠭᠯᠠᠯᠲᠠ ᠶᠢᠨ |
ᠲᠣᠣᠷ ᠤᠨ ᠲᠠᠪᠴᠠᠩ ᠳᠤ ᠲᠦᠰᠢᠭᠯᠡᠨ ᠂ ᠪᠦᠬᠦ ᠬᠤᠲᠠ ᠶᠢᠨ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠶᠠᠰᠤ |
ᠴᠢᠨᠠᠷ ᠲᠤ ᠬᠢᠨᠠᠯᠲᠠ ᠲᠠᠯᠪᠢᠬᠤ ᠠᠵᠢᠯ ᠳᠤ ᠤᠰᠤᠨ ᠤ ᠢᠨᠵᠧᠨᠧᠷᠢᠩ ᠤᠨ ᠣᠶᠤᠨᠴᠢ ᠬᠠᠮᠢᠶᠠᠷᠤᠯᠲᠠ ᠶᠢᠨ |
ᠰᠢᠰᠲ᠋ᠧᠮ ᠢ ᠪᠠᠶᠢᠭᠤᠯᠵᠤ ᠂ ᠪᠠᠷᠢᠯᠭ᠎ᠠ ᠶᠢᠨ ᠶᠠᠰᠤ ᠴᠢᠨᠠᠷ ᠲᠤ ᠬᠢᠨᠠᠯᠲᠠ ᠲᠠᠯᠪᠢᠬᠤ ᠦᠢᠯᠡᠳᠦᠯ ᠢ ᠶᠡᠭᠡ ᠬᠡᠮᠵᠢᠶ᠎ᠡ ᠪᠠᠷ |
ᠳᠡᠭᠡᠭᠰᠢᠯᠡᠭᠦᠯᠪᠡ ᠃ |
︽ᠤᠰᠤᠨ ᠤ ᠢᠨᠵᠧᠨᠧᠷᠢᠩ ᠤᠨ ᠣᠶᠤᠨᠴᠢ ᠬᠠᠮᠢᠶᠠᠷᠤᠯᠲᠠ ᠶᠢᠨ ᠰᠢᠰᠲ᠋ᠧᠮ ᠨᠢ 3 ᠣᠨᠴᠠᠯᠢᠭ ᠲᠠᠢ |
ᠪᠠᠶᠢᠳᠠᠭ᠄ ᠨᠢᠭᠡ ᠳᠤ ᠂ ᠤᠰᠤᠨ ᠠᠰᠢᠭᠯᠠᠯᠲᠠ ᠶᠢᠨ ᠢᠨᠵᠧᠨᠧᠷᠢᠩ ᠤᠨ ᠶᠠᠰᠤ ᠴᠢᠨᠠᠷ ᠲᠤ ᠬᠢᠨᠠᠯᠲᠠ ᠲᠠᠯᠪᠢᠬᠤ |
ᠠᠵᠢᠯᠲᠠᠨ ᠭᠠᠷ ᠤᠲᠠᠰᠤ ᠪᠠᠷ ᠳᠠᠮᠵᠢᠭᠤᠯᠤᠨ ᠢᠯᠡᠷᠡᠭᠦᠯᠦᠭᠰᠡᠨ ᠠᠰᠠᠭᠤᠳᠠᠯ ᠢ ᠰᠡᠭᠦᠳᠡᠷᠯᠡᠨ ᠲᠡᠮᠳᠡᠭᠯᠡᠵᠦ ᠪᠣᠯᠤᠨ᠎ᠠ ᠂ |
ᠲᠡᠮᠳᠡᠭᠯᠡᠬᠦ ᠦᠶ᠎ᠡ ᠳᠤ ᠰᠢᠰᠲ᠋ᠧᠮ ᠨᠢ ᠠᠰᠠᠭᠤᠳᠠᠯ ᠤᠨ ᠵᠠᠩᠭᠢᠯᠠᠭ᠎ᠠ ᠶᠢᠨ ᠦᠭᠡ ᠶᠢ ᠦᠨᠳᠦᠰᠦᠯᠡᠨ ᠬᠠᠮᠢᠶ᠎ᠠ ᠪᠥᠬᠦᠶ |
ᠵᠢᠷᠤᠮᠵᠢᠯ ᠤᠨ ᠵᠤᠷᠪᠤᠰ ᠢ ᠪᠦᠷᠢᠯᠳᠦᠭᠦᠯᠵᠦ ᠂ ᠲᠤᠬᠠᠶ ᠶᠢᠨ ᠲᠠᠯᠠᠪᠤᠷ ᠲᠤ ᠨᠢᠭᠡ ᠯᠡ ᠳᠠᠷᠤᠪᠴᠢ ᠪᠠᠷ ᠬᠢᠨᠠᠯᠲᠠ |
ᠲᠠᠯᠪᠢᠵᠤ ᠪᠠᠶᠢᠴᠠᠭᠠᠬᠤ ᠮᠡᠳᠡᠭᠳᠡᠯ ᠤᠨ ᠪᠢᠴᠢᠭ ᠢ ᠪᠣᠶ ᠪᠣᠯᠭᠠᠨ᠎ᠠ ᠃ ᠬᠤᠶᠠᠷ ᠲᠤ ᠂ ᠰᠢᠰᠲ᠋ᠧᠮ ᠨᠢ ᠨᠢᠭᠡᠨᠲᠡ |
ᠪᠠᠭᠤᠯᠭᠠᠭᠰᠠᠨ ᠴᠡᠭᠴᠡᠯᠡᠨ ᠰᠠᠶᠢᠵᠢᠷᠠᠭᠤᠯᠬᠤ ᠴᠠᠭ ᠤᠨ ᠬᠢᠵᠠᠭᠠᠷ ᠢᠶᠠᠷ ᠳᠠᠮᠵᠢᠭᠤᠯᠤᠨ ᠂ ᠶᠠᠰᠤ ᠴᠢᠨᠠᠷ ᠲᠤ |
ᠮᠡᠷᠭᠡᠵᠢᠯ ᠤᠨ ᠬᠢᠨᠠᠯᠲᠠ ᠲᠠᠯᠪᠢᠬᠤ ᠠᠵᠢᠯᠲᠠᠨ ᠤ ᠴᠡᠭᠴᠡᠯᠡᠨ ᠰᠠᠶᠢᠵᠢᠷᠠᠭᠤᠯᠵᠤ ᠬᠠᠷᠢᠭᠤ ᠲᠤᠰᠬᠠᠭᠰᠠᠨ ᠪᠠᠶᠢᠳᠠᠯ ᠳᠤ |
ᠮᠥᠷᠳᠡᠨ ᠳᠠᠭᠠᠬᠤ ᠶᠢ ᠰᠠᠨᠠᠭᠤᠯᠵᠤ ᠪᠣᠯᠤᠨ᠎ᠠ ᠃ ᠭᠤᠷᠪᠠ ᠳᠤ ᠂ ᠰᠢᠰᠲ᠋ᠧᠮ ᠨᠢ ᠰᠢᠩᠭᠡᠭᠡᠨ ᠣᠷᠣᠭᠤᠯᠤᠭᠰᠠᠨ |
ᠢᠨᠵᠧᠨᠧᠷᠢᠩ ᠤᠨ ᠰᠠᠭᠤᠷᠢ ᠮᠡᠳᠡᠭᠡ ᠵᠠᠩᠭᠢ ᠂ ᠢᠨᠵᠧᠨᠧᠷᠢᠩ ᠤᠨ ᠠᠬᠢᠴᠠ ᠂ ᠬᠢᠨᠠᠯᠲᠠ ᠲᠠᠯᠪᠢᠵᠤ ᠪᠠᠶᠢᠴᠠᠭᠠᠭᠰᠠᠨ |
ᠪᠠᠶᠢᠳᠠᠯ ᠂ ᠠᠰᠠᠭᠤᠳᠠᠯ ᠤᠨ ᠲᠥᠷᠥᠯ ᠬᠡᠯᠪᠡᠷᠢ ᠵᠡᠷᠭᠡ ᠠᠭᠤᠯᠭ᠎ᠠ ᠳᠤ ᠪᠦᠷᠢᠳᠬᠡᠨ ᠵᠠᠳᠠᠯᠤᠯᠲᠠ ᠬᠢᠬᠦ ᠶᠢᠨ ᠬᠠᠮᠲᠤ |
ᠵᠢᠷᠤᠭ ᠬᠦᠰᠦᠨᠦᠭᠲᠦ ᠪᠣᠶ ᠪᠣᠯᠭᠠᠵᠤ ᠂ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠠᠵᠢᠯ ᠤᠨ ᠦᠷ᠎ᠡ |
ᠪᠦᠲᠦᠭᠡᠯ ᠢ ᠥᠨᠳᠥᠷ ᠪᠦᠲᠦᠮᠵᠢᠲᠡᠶ ᠪᠥᠭᠡᠳ ᠳᠥᠭᠦᠮ ᠳᠥᠲᠡ ᠳᠡᠯᠭᠡᠨ ᠦᠵᠡᠭᠦᠯᠵᠦ ᠪᠣᠯᠤᠨ᠎ᠠ︾ ᠭᠡᠵᠦ ᠴᠧᠨ |
ᠴᠢᠶᠦ᠋ᠨ ᠵᠤ᠋ ᠲᠠᠨᠢᠯᠴᠠᠭᠤᠯᠪᠠ ᠃ |
︽ᠤᠰᠤᠨ ᠤ ᠠᠵᠢᠯ ᠤᠨ ᠢᠨᠵᠧᠨᠧᠷᠢᠩ ᠤᠨ ᠣᠶᠤᠨᠴᠢ ᠬᠠᠮᠢᠶᠠᠷᠤᠯᠲᠠ ᠶᠢᠨ ᠰᠢᠰᠲ᠋ᠧᠮ ᠲᠠᠢ ᠪᠣᠯᠤᠭᠰᠠᠨ ᠤ |
ᠳᠠᠷᠠᠭ᠎ᠠ ᠂ ᠠᠵᠢᠯ ᠤᠨ ᠦᠷ᠎ᠡ ᠪᠦᠲᠦᠮᠵᠢ ᠶᠡᠭᠡ ᠬᠡᠮᠵᠢᠶ᠎ᠡ ᠪᠠᠷ ᠳᠡᠭᠡᠭᠰᠢᠯᠡᠵᠦ ᠂ ᠮᠠᠨ ᠤ ᠠᠵᠢᠯ ᠤᠨ ᠳᠠᠷᠤᠭᠠᠰᠤ ᠶᠢ ᠴᠤ |
ᠬᠥᠩᠭᠡᠷᠡᠭᠦᠯᠵᠦ ᠂ ᠨᠠᠩ ᠣᠯᠠᠨ ᠣᠶᠤᠨ ᠴᠢᠳᠠᠯ ᠢᠶᠠᠨ ᠢᠨᠵᠧᠨᠧᠷᠢᠩ ᠤᠨ ᠪᠣᠳᠠᠲᠤ ᠴᠣᠭᠴᠠ ᠶᠢᠨ ᠬᠢᠨᠠᠯᠲᠠ ᠳᠤ |
ᠲᠠᠯᠪᠢᠵᠤ ᠪᠣᠯᠤᠨ᠎ᠠ ᠃ ᠰᠢᠰᠲ᠋ᠧᠮ ᠢ ᠰᠦᠯᠵᠢᠶᠡᠨ ᠳᠤ ᠣᠷᠣᠭᠤᠯᠤᠭᠰᠠᠨ ᠠᠴᠠ ᠨᠠᠭᠠᠰᠢ ᠂ ᠪᠢᠳᠡ ᠨᠡᠶᠢᠲᠡ 18 |
ᠲᠥᠷᠥᠯ ᠵᠦᠢᠯ ᠳᠤ ᠬᠢᠨᠠᠯᠲᠠ ᠲᠠᠯᠪᠢᠵᠤ ᠪᠠᠶᠢᠴᠠᠭᠠᠬᠤ ᠠᠵᠢᠯ ᠢ 31 ᠤᠳᠠᠭ᠎ᠠ ᠥᠷᠨᠢᠭᠦᠯᠵᠦ ᠂ 31 ᠬᠤᠪᠢ |
ᠪᠠᠶᠢᠴᠠᠭᠠᠯᠲᠠ ᠶᠢᠨ ᠲᠡᠮᠳᠡᠭᠯᠡᠯ ᠬᠢᠵᠦ ᠂ 12 ᠬᠤᠪᠢ ᠥᠯᠢᠭᠡᠷ ᠠᠪᠴᠤ ᠲᠡᠮᠳᠡᠭᠯᠡᠵᠦ ᠂ 12 ᠴᠡᠭᠴᠡᠯᠡᠨ |
ᠰᠠᠶᠢᠵᠢᠷᠠᠭᠤᠯᠬᠤ ᠮᠡᠳᠡᠭᠳᠡᠯ ᠤᠨ ᠪᠢᠴᠢᠭ ᠪᠠᠭᠤᠯᠭᠠᠵᠤ ᠂ 35 ᠠᠰᠠᠭᠤᠳᠠᠯ ᠢ ᠢᠯᠡᠷᠡᠭᠦᠯᠦᠭᠰᠡᠨ ᠪᠥᠭᠡᠳ ᠴᠥᠮ |
ᠰᠢᠰᠲ᠋ᠧᠮ ᠲᠠᠢ ᠰᠠᠨᠠᠭᠤᠯᠬᠤ ᠪᠠᠷ ᠳᠠᠮᠵᠢᠭᠤᠯᠤᠨ ᠴᠡᠭᠴᠡᠯᠡᠨ ᠰᠠᠶᠢᠵᠢᠷᠠᠭᠤᠯᠬᠤ ᠶᠢ ᠪᠡᠶᠡᠯᠡᠭᠦᠯᠦᠭᠰᠡᠨ ᠪᠠᠶᠢᠳᠠᠯ ᠢ |
ᠳᠠᠭᠠᠵᠤ ᠪᠣᠯᠤᠨ᠎ᠠ︾ ᠭᠡᠵᠦ ᠪᠤᠭᠤᠲᠤ ᠬᠤᠲᠠ ᠶᠢᠨ ᠤᠰᠤ ᠠᠰᠢᠭᠯᠠᠯᠲᠠ ᠶᠢᠨ ᠪᠠᠷᠢᠯᠭ᠎ᠠ ᠶᠢᠨ ᠬᠠᠮᠢᠶᠠᠷᠤᠯᠲᠠ |
ᠬᠠᠮᠠᠭᠠᠯᠠᠯᠲᠠ ᠶᠢᠨ ᠲᠥᠪ ᠤᠨ ᠶᠠᠰᠤ ᠴᠢᠨᠠᠷ ᠲᠤ ᠬᠢᠨᠠᠯᠲᠠ ᠲᠠᠯᠪᠢᠬᠤ ᠠᠵᠢᠯᠲᠠᠨ ᠬᠡᠯᠡᠪᠡ ᠃ |
ᠲᠠᠷᠠᠭᠠᠴᠢ ᠶᠢᠨ ᠠᠯᠬᠤᠮ ᠳᠤ ᠂ ᠪᠤᠭᠤᠲᠤ ᠬᠤᠲᠠ ᠶᠢᠨ ᠳ᠋ᠢᠬᠢᠲ ᠤᠰᠤᠨ ᠠᠰᠢᠭᠯᠠᠯᠲᠠ ᠶᠢᠨ ᠰᠦᠯᠵᠢᠶᠡᠨ ᠤ |
ᠲᠠᠪᠴᠠᠩ ᠨᠢ ᠡᠯ᠎ᠡ ᠬᠤᠰᠢᠭᠤ ᠰᠢᠶᠠᠨ ᠲᠣᠭᠤᠷᠢᠭ ᠪᠣᠯᠤᠨ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠲᠤᠭ᠎ᠠ |
ᠪᠠᠷᠢᠮᠲᠠ ᠶᠢᠨ ᠡᠬᠢ ᠪᠠᠶᠠᠯᠢᠭ ᠢ ᠤᠯᠠᠮ ᠨᠢᠭᠡ ᠠᠯᠬᠤᠮ ᠴᠤᠭᠯᠠᠭᠤᠯᠵᠤ ᠂ ᠳ᠋ᠢᠬᠢᠲ ᠤᠰᠤᠨ ᠠᠰᠢᠭᠯᠠᠯᠲᠠ ᠶᠢᠨ |
ᠰᠦᠯᠵᠢᠶᠡᠨ ᠤ ᠲᠠᠪᠴᠠᠩ ᠢ ᠪᠥᠬᠦ ᠬᠤᠲᠠ ᠶᠢᠨ ᠡᠯ᠎ᠡ ᠬᠤᠰᠢᠭᠤ ᠰᠢᠶᠠᠨ ᠲᠣᠭᠤᠷᠢᠭ ᠤᠨ ᠤᠰᠤᠨ ᠤ ᠶᠠᠪᠤᠳᠠᠯ ᠤᠨ |
ᠤᠰᠤᠨ ᠠᠰᠢᠭᠯᠠᠯᠲᠠ ᠶᠢᠨ ᠠᠵᠢᠯ ᠳᠤ ᠬᠡᠷᠡᠭᠯᠡᠬᠦ ᠶᠢ ᠠᠬᠢᠭᠤᠯᠵᠤ ᠂ ᠪᠥᠬᠦ ᠬᠤᠲᠠ ᠶᠢᠨ ᠠᠵᠤ ᠠᠬᠤᠶ ᠨᠡᠶᠢᠭᠡᠮ ᠤᠨ |
ᠴᠢᠨᠠᠷ ᠰᠠᠶᠢᠲᠠᠶ ᠬᠥᠭᠵᠢᠯᠲᠡ ᠳᠤ ᠤᠰᠤᠨ ᠤ ᠶᠠᠪᠤᠳᠠᠯ ᠤᠨ ᠬᠦᠴᠦᠨ ᠴᠢᠳᠠᠯ ᠢᠶᠠᠨ ᠡᠷᠭᠦᠬᠦ ᠪᠣᠯᠤᠨ᠎ᠠ ᠃ |
|
︵︽ᠳᠤᠮᠳᠠᠳᠤ ᠤᠯᠤᠰ ᠤᠨ ᠤᠰᠤᠨ ᠠᠰᠢᠭᠯᠠᠯᠲᠠ ᠶᠢᠨ ᠰᠣᠨᠢᠨ︾ ᠠᠴᠠ ᠰᠢᠯᠵᠢᠭᠦᠯᠪᠡ︶ |
|