︽2024 ᠣᠨ ᠤ ᠪᠥᠬᠦ ᠣᠷᠣᠨ ᠤ ᠳᠡᠭᠡᠳᠦ ᠲᠠᠰ ᠪᠠ ᠳᠡᠭᠡᠳᠦ ᠵᠡᠷᠭᠡ ᠶᠢᠨ ᠨᠢᠭᠲᠠᠯᠠᠨ ᠪᠤᠳᠤᠭᠴᠢ ᠶᠢᠨ |
ᠬᠢᠷᠢ ᠬᠡᠮ ᠢ ᠬᠢᠨᠠᠨ ᠲᠣᠭᠲᠠᠭᠠᠵᠤ ᠭᠤᠶᠤᠴᠢᠯᠠᠨ ᠮᠡᠳᠡᠭᠦᠯᠬᠦ ᠠᠵᠢᠯ ᠤᠨ ᠲᠤᠬᠠᠶ ᠥᠪᠥᠷ ᠮᠣᠩᠭᠤᠯ ᠤᠨ ᠥᠪᠡᠷᠲᠡᠭᠡᠨ |
ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠮᠡᠳᠡᠭᠳᠡᠯ︾ ︵ᠥᠪᠥᠷ ᠡᠳ᠋ ᠤᠨ ᠶᠠᠪᠤᠳᠠᠯ ᠨᠢᠭᠲᠠᠯᠠᠨ |
ᠪᠤᠳᠤᠬᠤ ᠵᠠᠬᠢᠳᠠᠯ ﹇2024﹈ 701 ᠳ᠋ᠤᠭᠡᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ |
ᠦᠨᠳᠦᠰᠦᠯᠡᠨ ᠂ ᠣᠲᠣ 2024 ᠣᠨ ᠤ ᠵᠢᠩᠬᠢᠨᠢ ᠳᠡᠭᠡᠳᠦ ᠵᠡᠷᠭᠡ ᠶᠢᠨ ᠨᠢᠭᠲᠠᠯᠠᠨ ᠪᠤᠳᠤᠭᠴᠢ ᠪᠠ ᠳᠡᠭᠡᠳᠦ |
ᠵᠡᠷᠭᠡ ᠶᠢᠨ ᠨᠢᠭᠲᠠᠯᠠᠨ ᠪᠤᠳᠤᠭᠴᠢ ᠶᠢᠨ ᠬᠢᠷᠢ ᠬᠡᠮ ᠢ ᠭᠤᠶᠤᠴᠢᠯᠠᠨ ᠮᠡᠳᠡᠭᠦᠯᠦᠭᠰᠡᠨ ᠬᠥᠮᠦᠰ ᠢ ᠵᠠᠷᠯᠠᠨ ᠨᠡᠶᠢᠲᠡᠯᠡᠪᠡ ᠃ |
|
ᠨᠢᠭᠡ ᠂ ᠬᠦᠮᠦᠰ ᠤᠨ ᠨᠡᠷᠡᠰ |
︵ᠨᠢᠭᠡ︶ ᠵᠢᠩᠭᠢᠨᠢ ᠳᠡᠭᠡᠳᠦ ᠵᠡᠷᠭᠡ ᠶᠢᠨ ᠨᠢᠭᠲᠠᠯᠠᠨ ᠪᠣᠳᠣᠭᠴᠢ |
ᠹᠠᠨ ᠸᠧᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠦᠢᠯᠡᠰ ᠤᠨ ᠬᠥᠭᠵᠢᠯᠲᠡ ᠶᠢᠨ |
ᠲᠥᠪ |
ᠭᠦ᠋ ᠼᠠᠢ ᠬᠤᠩ ᠥᠪᠡᠷᠲᠡᠭᠡᠨ ᠵᠠᠰᠠᠬᠤ ᠣᠷᠣᠨ ᠤ ᠬᠤᠩ ᠱᠠᠨ ᠤᠰᠤᠨ ᠴᠥᠭᠦᠷᠥᠮ ᠤᠨ |
ᠬᠠᠮᠢᠶᠠᠷᠤᠯᠲᠠ ᠶᠢᠨ ᠲᠥᠪ |
ᠵᠢᠶᠠ ᠱᠤ᠋ ᠶᠦᠩ ᠥᠪᠡᠷᠲᠡᠭᠡᠨ ᠵᠠᠰᠠᠬᠤ ᠣᠷᠣᠨ ᠤ ᠬᠠᠲᠤᠨ ᠭᠤᠤᠯ ᠤᠨ ᠳ᠋ᠧᠩᠺᠸᠤ ᠤᠰᠤᠯᠠᠯᠲᠠ ᠶᠢᠨ |
ᠣᠷᠣᠨ ᠤ ᠬᠠᠮᠢᠶᠠᠷᠤᠯᠲᠠ ᠶᠢᠨ ᠲᠥᠪ |
︵ᠬᠤᠶᠠᠷ︶ ᠳᠡᠭᠡᠳᠦ ᠵᠡᠷᠭᠡ ᠶᠢᠨ ᠨᠢᠭᠳᠠᠯᠠᠨ ᠪᠤᠳᠤᠭᠴᠢ |
ᠰᠢᠨ ᠵᠢᠩ ᠬᠢᠩᠭᠠᠨ ᠤᠰᠤᠨ ᠰᠢᠨᠵᠢᠯᠡᠭᠡᠨ ᠤᠰᠤᠨ ᠤ ᠡᠬᠢ ᠰᠤᠷᠪᠤᠯᠵᠢ ᠶᠢᠨ ᠬᠤᠪᠢᠶᠠᠷᠢ ᠲᠥᠪ |
ᠬᠤᠶᠠᠷ ᠂ ᠢᠯᠡ ᠨᠡᠶᠢᠲᠡᠯᠡᠬᠦ ᠴᠠᠭ ᠬᠤᠭᠤᠴᠠᠭ᠎ᠠ |
2024 ᠣᠨ ᠤ 11 ᠳ᠋ᠦ᠋ᠭᠡᠷ ᠰᠠᠷ᠎ᠠ ᠶᠢᠨ 7 ᠤ ᠡᠳᠦᠷ ᠠᠴᠠ 2024 ᠣᠨ ᠤ 11 ᠳ᠋ᠦ᠋ᠭᠡᠷ ᠰᠠᠷ᠎ᠠ ᠶᠢᠨ |
13 ᠤ ᠡᠳᠦᠷ ᠪᠣᠯᠲᠠᠯ᠎ᠠ ᠃ |
ᠭᠤᠷᠪᠠ ᠂ ᠬᠦᠯᠢᠶᠡᠨ ᠠᠪᠴᠤ ᠰᠢᠢᠳᠪᠦᠷᠢᠯᠡᠬᠦ ᠠᠷᠭ᠎ᠠ ᠮᠠᠶ᠋ᠢᠭ |
ᠨᠢᠭᠡᠴᠢ ᠪᠠ ᠬᠤᠪᠢ ᠬᠥᠮᠦᠨ ᠰᠤᠷᠪᠤᠯᠵᠢᠯᠠᠯ ᠂ ᠵᠠᠬᠢᠳᠠᠯ ᠂ ᠳ᠋ᠢᠶᠠᠩᠬᠤᠸᠠ ᠵᠡᠷᠭᠡ ᠬᠡᠯᠪᠡᠷᠢ ᠪᠠᠷ ᠳᠡᠭᠡᠷ᠎ᠡ |
ᠳᠤᠷᠠᠳᠤᠭᠰᠠᠨ ᠢᠯᠡ ᠨᠡᠶᠢᠲᠡᠯᠡᠭᠰᠡᠨ ᠬᠥᠮᠦᠰ ᠤᠨ ᠬᠤᠯᠪᠣᠭᠳᠠᠯ ᠪᠦᠬᠦᠢ ᠪᠠᠶᠢᠳᠠᠯ ᠪᠠ ᠠᠰᠠᠭᠤᠳᠠᠯ ᠢ ᠲᠤᠰᠬᠠᠵᠤ |
ᠪᠣᠯᠤᠨ᠎ᠠ ᠃ ᠲᠤᠰᠬᠠᠭᠰᠠᠨ ᠠᠰᠠᠭᠤᠳᠠᠯ ᠢ ᠪᠠᠶᠢᠴᠠᠭᠠᠨ ᠬᠠᠷᠭᠤᠭᠤᠯᠬᠤ ᠳᠤ ᠲᠥᠬᠦᠮ ᠪᠠᠶᠢᠯᠭᠠᠬᠤ ᠶᠢᠨ ᠲᠥᠯᠥᠭᠡ ᠂ |
ᠠᠰᠠᠭᠤᠳᠠᠯ ᠢ ᠲᠤᠰᠬᠠᠬᠤ ᠦᠶ᠎ᠡ ᠳᠤ ᠬᠤᠯᠪᠣᠭᠳᠠᠯ ᠪᠥᠬᠦᠶ ᠰᠦᠪᠡᠭᠴᠢ ᠬᠠᠩᠭᠠᠬᠤ ᠵᠢᠴᠢ ᠲᠣᠰ ᠬᠥᠮᠦᠨ ᠤ ᠦᠨᠡᠨ |
ᠣᠪᠣᠭ ᠨᠡᠷ᠎ᠡ ᠂ ᠬᠠᠷᠢᠯᠴᠠᠬᠤ ᠠᠷᠭ᠎ᠠ ᠮᠠᠶ᠋ᠢᠭ ᠪᠤᠶᠤ ᠠᠵᠢᠯᠯᠠᠵᠤ ᠪᠠᠶᠢᠭ᠎ᠠ ᠨᠢᠭᠡᠴᠢ ᠵᠡᠷᠭᠡ ᠮᠡᠳᠡᠭᠡ ᠵᠠᠩᠭᠢ ᠶᠢ |
ᠬᠠᠩᠭᠠᠵᠤ ᠂ ᠪᠢᠳᠡ ᠠᠵᠢᠯ ᠤᠨ ᠰᠠᠬᠢᠯᠭ᠎ᠠ ᠪᠠᠲᠤ ᠶᠢ ᠴᠢᠩᠭ᠎ᠠ ᠵᠢᠷᠤᠮᠯᠠᠨ ᠂ ᠨᠢᠭᠤᠴᠠ ᠶᠢ ᠬᠠᠮᠠᠭᠠᠯᠠᠬᠤ ᠡᠭᠦᠷᠭᠡ ᠪᠠᠨ |
ᠭᠦᠢᠴᠡᠳᠬᠡᠵᠦ ᠂ ᠬᠢᠨᠠᠨ ᠬᠠᠷᠭᠤᠭᠤᠯᠤᠭᠰᠠᠨ ᠪᠠᠶᠢᠳᠠᠯ ᠢᠶᠠᠨ ᠴᠠᠭ ᠲᠤᠬᠠᠶ ᠳᠤᠨᠢ ᠬᠠᠷᠢᠭᠤ ᠲᠤᠰᠬᠠᠨ᠎ᠠ ᠃ |
ᠵᠠᠷᠯᠠᠨ ᠨᠡᠶᠢᠲᠡᠯᠡᠬᠦ ᠠᠯᠪᠠᠨ ᠬᠡᠷ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ |
ᠠᠰᠢᠭᠯᠠᠯᠲᠠ ᠶᠢᠨ ᠲᠢᠩᠬᠢᠮ ᠤᠨ ᠠᠵᠢᠯᠲᠠᠨ ᠤ ᠶᠠᠪᠤᠳᠠᠯ ᠤᠨ ᠭᠠᠵᠠᠷ ᠤᠨ 2512 ᠥᠷᠥᠭᠡ ᠳᠤ ᠳᠣᠭᠢᠷᠠᠭᠤᠯᠪᠠ ᠃ |
ᠬᠦᠯᠢᠶᠡᠨ ᠠᠪᠬᠤ ᠴᠠᠭ᠄ ᠠᠵᠢᠯᠯᠠᠬᠤ ᠡᠳᠦᠷ ᠤᠨ ᠦᠳᠡ ᠶᠢᠨ ᠡᠮᠦᠨ᠎ᠡ 9᠄ 00 — 12᠄ 00 ᠴᠠᠭ ᠂ |
ᠦᠳᠡ ᠶᠢᠨ ᠬᠤᠶᠢᠨ᠎ᠠ 13᠄ 30 — 17᠄ 00 ᠴᠠᠭ |
ᠬᠦᠯᠢᠶᠡᠨ ᠠᠪᠴᠤ ᠰᠢᠢᠳᠪᠦᠷᠢᠯᠡᠬᠦ ᠤᠲᠠᠰᠤ᠄ 0471 – 5259546 |
ᠣᠨᠴᠠᠭᠠᠶᠢᠯᠠᠨ ᠵᠠᠷᠯᠠᠪᠠ |
|
2024 ᠣᠨ ᠤ 11 ᠳ᠋ᠦ᠋ᠭᠡᠷ ᠰᠠᠷ᠎ᠠ ᠶᠢᠨ 6 ᠤ ᠡᠳᠦᠷ |
|