ᠥᠷᠭᠡᠨ ᠣᠯᠠᠨ ᠠᠵᠢᠯᠲᠠᠨ ᠠᠵᠢᠯᠴᠢᠨ ᠤ ᠡᠷᠡᠭᠦᠯ ᠮᠡᠨᠳᠦ ᠶᠢᠨ ᠤᠬᠠᠮᠰᠠᠷ ᠢ ᠳᠡᠭᠡᠭᠰᠢᠯᠡᠭᠦᠯᠵᠦ᠂ ᠡᠷᠡᠭᠦᠯ |
ᠮᠡᠨᠳᠦ ᠶᠢᠨ ᠮᠡᠳᠡᠯᠭᠡ ᠶᠢ ᠲᠦᠭᠡᠮᠡᠯᠵᠢᠭᠦᠯᠦᠨ᠂ ᠥᠷᠭᠡᠨ ᠣᠯᠠᠨ ᠠᠵᠢᠯᠲᠠᠨ ᠠᠵᠢᠯᠴᠢᠨ ᠤ ᠪᠡᠶ᠎ᠡ ᠰᠡᠳᠬᠢᠯ ᠤᠨ |
ᠡᠷᠡᠭᠦᠯ ᠢᠶᠠᠷ ᠬᠥᠭᠵᠢᠬᠦ ᠶᠢ ᠠᠬᠢᠭᠤᠯᠬᠤ ᠶᠢᠨ ᠲᠥᠯᠥᠭᠡ᠂ 11 ᠳ᠋ᠦ᠋ᠭᠡᠷ ᠰᠠᠷ᠎ᠠ ᠶᠢᠨ 6 ᠤ ᠡᠳᠦᠷ᠂ ᠤᠰᠤᠨ |
ᠠᠰᠢᠭᠯᠠᠯᠲᠠ ᠶᠢᠨ ᠲᠢᠩᠬᠢᠮ ᠤᠨ ᠪᠠᠶᠢᠭᠤᠯᠭ᠎ᠠ ᠶᠢᠨ ᠠᠵᠢᠯᠴᠢᠨ ᠤ ᠡᠪᠯᠡᠯ᠂ ᠪᠠᠶᠢᠭᠤᠯᠭ᠎ᠠ ᠶᠢᠨ ᠡᠮᠡᠭᠲᠡᠶᠢᠴᠦᠳ ᠤᠨ |
ᠵᠥᠪᠯᠡᠯ᠂ ᠤᠰᠤᠨ ᠠᠰᠢᠭᠯᠠᠯᠲᠠ ᠶᠢᠨ ᠪᠠᠯᠠ ᠣᠷᠣᠭᠤᠯᠤᠯᠲᠠ ᠶᠢᠨ ᠪᠦᠯᠦᠭᠯᠡᠯ ᠤᠨ ᠠᠵᠢᠯᠴᠢᠨ ᠤ ᠡᠪᠯᠡᠯ ᠠᠴᠠ |
ᠭᠤᠤᠯᠯᠠᠨ ᠡᠷᠭᠢᠯᠡᠵᠦ᠂ ᠥᠪᠥᠷ ᠮᠣᠩᠭᠤᠯ ᠤᠨ ᠢ ᠹᠧᠩ ᠶᠤᠸᠠᠨ ᠺᠣᠮᠫᠠᠨᠢ ᠬᠠᠮᠵᠢᠯᠴᠠᠨ ᠡᠷᠭᠢᠯᠡᠵᠦ᠂ ︽ᠨᠠᠮ ᠤᠨ |
ᠪᠠᠶᠢᠭᠤᠯᠤᠯᠲᠠ ᠪᠠᠷ ᠡᠷᠡᠭᠦᠯ ᠮᠡᠨᠳᠦ ᠶᠢ ᠬᠠᠮᠠᠭᠠᠯᠠᠬᠤ ᠠᠯᠪᠠᠨ ᠵᠢᠷᠤᠮ ᠤᠨ ᠡᠮᠴᠢᠯᠡᠭᠡᠨ ᠤ ᠦᠢᠯᠡᠴᠢᠯᠡᠭᠡ ᠪᠠᠷ |
ᠬᠥᠮᠦᠰ ᠤᠨ ᠰᠡᠳᠬᠢᠯ ᠢ ᠳᠤᠯᠠᠭᠠᠴᠠᠭᠤᠯᠬᠤ︾ ᠪᠠᠷ ᠭᠤᠤᠯ ᠰᠡᠳᠦᠪ ᠪᠣᠯᠭᠠᠭᠰᠠᠨ ᠠᠯᠪᠠᠨ ᠵᠢᠷᠤᠮ ᠤᠨ ᠡᠮᠴᠢᠯᠡᠭᠡᠨ ᠤ |
ᠠᠵᠢᠯᠯᠠᠭ᠎ᠠ ᠶᠢ ᠥᠷᠨᠢᠭᠦᠯᠪᠡ᠃ ᠲᠣᠰ ᠤᠳᠠᠭᠠᠨ ᠤ ᠠᠯᠪᠠᠨ ᠵᠢᠷᠤᠮ ᠤᠨ ᠡᠮᠴᠢᠯᠡᠭᠡ ᠳᠤ ᠥᠪᠥᠷ ᠮᠣᠩᠭᠤᠯ ᠤᠨ |
ᠥᠪᠡᠷᠲᠡᠭᠡᠨ ᠵᠠᠰᠠᠬᠤ ᠣᠷᠣᠨ ᠤ ᠬᠢᠲᠠᠳ ᠡᠮᠨᠡᠯᠭᠡ ᠶᠢᠨ ᠬᠤᠷᠢᠶᠠᠨ ᠤ ᠰᠢᠭᠡᠰᠦ ᠰᠢᠭᠦᠷᠡᠭᠦᠯᠬᠦ ᠭᠠᠳᠠᠷ ᠰᠠᠯᠠᠭᠠᠨ ᠤ |
ᠡᠷᠬᠢᠯᠡᠭᠴᠢ ᠵᠣᠣ ᠬᠠᠶ ᠲᠤᠤ ᠡᠮᠴᠢ ᠪᠠ ᠬᠠᠢ ᠹᠦ᠋ ᠶᠢᠨ ᠲᠥᠪ ᠤᠨ ᠡᠷᠬᠢᠯᠡᠭᠴᠢ ᠬᠠᠨ ᠪᠸᠢ ᠡᠮᠴᠢ ᠪᠦᠯᠬᠦᠮ |
ᠳᠠᠭᠠᠭᠤᠯᠤᠨ ᠲᠤᠰᠬᠠᠶ ᠮᠡᠷᠭᠡᠵᠢᠯᠲᠡᠨ ᠤ ᠳᠤᠭᠤᠶᠢᠯᠠᠩ ᠪᠠᠶᠢᠭᠤᠯᠵᠤ ᠥᠪᠡᠷᠲᠡᠭᠡᠨ ᠵᠠᠰᠠᠬᠤ ᠣᠷᠣᠨ ᠤ ᠤᠰᠤᠨ |
ᠠᠰᠢᠭᠯᠠᠯᠲᠠ ᠶᠢᠨ ᠲᠢᠩᠬᠢᠮ ᠳᠤ ᠢᠷᠡᠵᠦ ᠥᠷᠭᠡᠨ ᠣᠯᠠᠨ ᠠᠵᠢᠯᠲᠠᠨ ᠠᠵᠢᠯᠴᠢᠨ ᠳᠤ ᠡᠷᠡᠭᠦᠯ ᠮᠡᠨᠳᠦ ᠶᠢᠨ |
ᠮᠡᠳᠡᠯᠭᠡ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠲᠠᠶᠢᠯᠤᠮᠵᠢ ᠥᠷᠨᠢᠭᠦᠯᠬᠦ ᠶᠢᠨ ᠬᠠᠮᠲᠤ᠂ ᠰᠦᠢᠳᠬᠡᠯ |
ᠬᠤᠷᠢᠶᠠᠬᠤ ᠥᠬᠡᠶ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠥᠷᠨᠢᠭᠦᠯᠵᠦ᠂ ᠤᠰᠤᠨ ᠠᠰᠢᠭᠯᠠᠯᠲᠠ ᠶᠢᠨ |
ᠲᠢᠩᠬᠢᠮ ᠤᠨ ᠪᠠᠶᠢᠭᠤᠯᠭ᠎ᠠ᠂ ᠲᠢᠩᠬᠢᠮ ᠤᠨ ᠬᠠᠷᠢᠶ᠎ᠠ ᠨᠢᠭᠡᠴᠢ ᠵᠢᠴᠢ ᠤᠰᠤᠨ ᠠᠰᠢᠭᠯᠠᠯᠲᠠ ᠶᠢᠨ ᠪᠠᠯᠠ |
ᠣᠷᠣᠭᠤᠯᠤᠯᠲᠠ ᠶᠢᠨ ᠪᠦᠯᠦᠭᠯᠡᠯ ᠤᠨ ᠠᠵᠢᠯᠲᠠᠨ ᠠᠵᠢᠯᠴᠢᠨ ᠳᠤ ᠡᠷᠡᠭᠦᠯ ᠮᠡᠨᠳᠦ ᠶᠢᠨ ᠵᠥᠪᠯᠡᠯᠭᠡ ᠥᠭᠬᠦ ᠪᠠ |
ᠣᠨᠣᠰᠢᠯᠠᠨ ᠡᠮᠨᠡᠵᠦ᠂ ᠬᠠᠶᠢᠷ᠎ᠠ ᠬᠠᠯᠠᠮᠵᠢ ᠶᠢ ᠳᠠᠮᠵᠢᠭᠤᠯᠪᠠ᠃ |
|