ᠠᠳᠡᠬᠢ ᠪᠠᠶᠢᠭᠠᠯᠢ ᠶᠢᠨ ᠥᠩᠭᠡ ᠦᠵᠡᠮᠵᠢ ᠭᠤᠶᠤ ᠰᠠᠶᠢᠬᠠᠨ ᠂ ᠰᠣᠶᠣᠯ ᠤᠨ ᠰᠠᠭᠤᠷᠢ ᠭᠦᠨ ᠵᠤᠵᠠᠭᠠᠨ ᠂ |
ᠦᠨᠳᠦᠰᠦᠲᠡᠨ ᠤ ᠵᠠᠩ ᠠᠭᠠᠯᠢ ᠭᠦᠨ ᠵᠤᠵᠠᠭᠠᠨ ᠂ ᠠᠵᠤ ᠦᠢᠯᠡᠰ ᠤᠨ ᠬᠥᠭᠵᠢᠯᠲᠡ ᠬᠦᠴᠦᠷᠬᠡᠭ ᠶᠡᠭᠡ ᠪᠠᠶᠢᠨ᠎ᠠ ᠃ |
ᠳᠤᠮᠳᠠᠳᠤ ᠤᠯᠤᠰ ᠤᠨ ᠪᠣᠬᠢᠷᠲᠤᠯ ᠦᠭᠡᠢ ᠨᠡᠷᠡᠲᠦ ᠬᠤᠰᠢᠭᠤ ᠂ ᠤᠯᠤᠰ ᠤᠨ ᠴᠡᠴᠡᠷᠯᠢᠭᠲᠦ ᠰᠢᠶᠠᠨ ᠤ ᠬᠤᠲᠠ ᠂ |
ᠳᠤᠮᠳᠠᠳᠤ ᠤᠯᠤᠰ ᠤᠨ ᠬᠠᠮᠤᠭ ᠤᠨ ᠰᠠᠶᠢᠨ ᠰᠡᠯᠡᠭᠦᠴᠡᠯ ᠤᠨ ᠵᠢᠭᠤᠯᠴᠢᠯᠠᠯ ᠤᠨ ᠵᠣᠷᠢᠭᠰᠠᠨ ᠭᠠᠵᠠᠷ ᠪᠣᠯ ᠲᠡᠭᠦᠨ ᠤ |
ᠲᠤᠰᠬᠠᠶ ᠨᠡᠷ᠎ᠡ ᠶᠢᠨ ᠬᠠᠭᠤᠳᠠᠰᠤ ᠮᠥᠨ︔ ᠮᠤᠤᠠᠤᠰᠤ ᠶᠢᠨ ᠡᠯᠡᠰᠦᠷᠬᠡᠭ ᠭᠠᠵᠠᠷ ᠲᠤ ᠪᠠᠶᠢᠷᠢᠯᠠᠵᠤ ᠂ ᠵᠢᠯ ᠲᠤᠷᠰᠢ |
ᠭᠠᠩ ᠬᠠᠭᠤᠷᠠᠶ ᠪᠣᠷᠣᠭᠠᠨ ᠪᠠᠭ᠎ᠠ ᠪᠠᠶᠢᠵᠤ ᠂ ᠤᠰᠤᠨ ᠤ ᠡᠬᠢ ᠪᠠᠶᠠᠯᠢᠭ ᠤᠨ ᠲᠠᠷᠬᠠᠯᠲᠠ ᠲᠡᠭᠰᠢ ᠪᠤᠰᠤ ᠂ ᠠᠮᠢ |
ᠠᠬᠤᠶ ᠶᠢᠨ ᠣᠷᠴᠢᠨ ᠲᠣᠭᠤᠷᠢᠨ ᠬᠡᠪᠡᠷᠡᠭ ᠪᠠᠶᠢᠵᠤ ᠂ ᠮᠥᠨ ᠴᠦ ᠲᠡᠭᠦᠨ ᠤ ᠪᠠᠯᠠᠯᠵᠤ ᠳᠡᠶᠢᠯᠬᠦ ᠦᠭᠡᠢ ᠲᠡᠮᠳᠡᠭ |
ᠪᠣᠯᠣᠨ᠎ᠠ ᠃ ᠡᠨᠡ ᠪᠤᠯ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ︽ᠪᠠᠷᠠᠭᠤᠨ ᠡᠮᠤᠨᠡᠳᠤ ᠤᠷᠤᠨ ᠤ |
ᠶᠡᠭᠡ ᠬᠠᠭᠠᠯᠭ᠎ᠠ︾ ᠬᠡᠬᠦ ᠨᠡᠷ᠎ᠠ ᠲᠠᠢ ᠤᠷᠳᠤᠰ ᠬᠤᠳᠠ ᠶᠢᠨ ᠤᠳᠤᠭ ᠤᠨ ᠡᠮᠤᠨᠡᠳᠤ ᠬᠤᠰᠢᠭᠤ ᠪᠤᠯᠤᠨ᠎ᠠ ᠃ |
ᠥᠩᠭᠡᠷᠡᠭᠰᠡᠨ ᠳᠤ ︽ᠤᠰᠤᠨ ᠳᠤ ᠬᠢᠵᠠᠭᠠᠷᠯᠠᠭᠳᠠᠵᠤ︾ ᠪᠠᠶᠢᠭᠰᠠᠨ ᠠᠴᠠ ᠪᠠᠨ ᠣᠲᠣ ᠪᠣᠯᠬᠤ ᠳᠤ ︽ᠤᠰᠤ ᠶᠢ |
ᠵᠠᠰᠠᠬᠤ ᠳᠤ ᠠᠷᠭ᠎ᠠ ᠲᠠᠢ︾ ᠪᠣᠯᠵᠤ ᠂ ᠣᠲᠤᠭ ᠤᠨ ᠡᠮᠦᠨᠡᠲᠦ ᠬᠤᠰᠢᠭᠤᠨ ᠤ ᠭᠠᠵᠠᠷ ᠳᠣᠣᠷᠠᠬᠢ ᠤᠰᠤ ᠶᠢ |
ᠬᠡᠲᠦᠷᠡᠲᠡᠯ᠎ᠡ ᠲᠠᠲᠠᠭᠰᠠᠨ ᠣᠷᠣᠨ ᠤ ᠵᠠᠰᠠᠯᠲᠠ ᠢᠯᠡᠳᠲᠡ ᠦᠷ᠎ᠡ ᠪᠦᠲᠦᠮᠵᠢ ᠣᠯᠪᠠ ᠃ |
ᠭᠠᠵᠠᠷ ᠲᠣᠣᠷᠠᠬᠢ ᠣᠰᠣᠨ ᠤ ᠲᠣᠷᠣᠭᠰᠢᠯᠠᠯᠳᠠ |
ᠤᠳᠤᠭ ᠤᠨ ᠡᠮᠤᠨᠡᠳᠤ ᠬᠤᠰᠢᠭᠤᠨ ᠤ ᠬᠢᠵᠠᠭᠠᠷ ᠲᠤᠳᠤᠷᠠᠬᠢ ᠤᠰᠤᠨ ᠤ ᠡᠬᠢ ᠪᠠᠶᠠᠯᠢᠭ ᠤᠨ ᠶᠡᠷᠤᠩᠬᠡᠢ |
ᠬᠡᠮᠵᠢᠶ᠎ᠡ ᠨᠢ 3.49 ᠳ᠋ᠦᠩᠰᠢᠭᠤᠷ ᠪᠤᠰᠤᠭ᠎ᠠ ᠳᠦᠷᠪᠡᠯᠵᠢᠨ ᠮᠧᠲᠷ ᠪᠠᠶᠢᠵᠤ ᠂ ᠡᠬᠦᠨ ᠳᠤ ᠭᠠᠵᠠᠷ ᠳᠤᠤᠷᠠᠬᠢ |
ᠤᠰᠤᠨ ᠤ ᠡᠬᠢ ᠪᠠᠶᠠᠯᠢᠭ ᠤᠨ ᠶᠡᠷᠤᠩᠬᠡᠢ ᠬᠡᠮᠵᠢᠶ᠎ᠡ ᠨᠢ 3.21 ᠳ᠋ᠦᠩᠰᠢᠭᠤᠷ ᠪᠤᠰᠤᠭ᠎ᠠ ᠳᠦᠷᠪᠡᠯᠵᠢᠨ ᠮᠧᠲᠷ |
ᠪᠠᠶᠢᠵᠤ ᠂ 92% ᠢ ᠡᠵᠡᠯᠡᠵᠤ ᠪᠤᠢ ᠃ ᠪᠥᠬᠦ ᠬᠤᠰᠢᠭᠤᠨ ᠤ ᠵᠣᠩᠬᠢᠯᠠᠬᠤ ᠣᠯᠠᠨ ᠲᠣᠭᠠᠨ ᠤ ᠭᠠᠵᠠᠷ ᠣᠷᠣᠨ ᠤ |
ᠥᠩᠭᠡᠷᠡᠭᠰᠡᠨ ᠤ ᠭᠤᠤᠯ ᠪᠣᠯᠬᠤ ᠤᠰᠤᠨ ᠤ ᠡᠬᠢ ᠰᠤᠷᠪᠤᠯᠵᠢ ᠨᠢ ᠴᠢᠨᠠᠭᠰᠢᠯᠠᠪᠠᠯ ᠴᠤᠷ ᠤᠨ ᠭᠠᠭᠴᠠ ᠤᠰᠤᠨ ᠤ |
ᠡᠬᠢ ᠰᠤᠷᠪᠤᠯᠵᠢ ᠪᠠᠶᠢᠵᠤ ᠂ ᠭᠠᠵᠠᠷ ᠳᠣᠤᠷᠠᠬᠢ ᠤᠰᠤ ᠨᠢ ᠠᠷᠠᠳ ᠤᠨ ᠠᠮᠢᠳᠤᠷᠠᠯ ᠢ ᠪᠠᠲᠤᠯᠠᠬᠤ ᠂ ᠭᠠᠵᠠᠷ ᠣᠷᠣᠨ ᠤ |
ᠠᠵᠤ ᠠᠬᠤᠶ ᠶᠢᠨ ᠬᠥᠭᠵᠢᠯᠲᠡ ᠶᠢ ᠠᠬᠢᠭᠤᠯᠬᠤ ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠬᠤ |
ᠳᠤᠮᠳᠠ ᠴᠢᠬᠤᠯᠠ ᠦᠢᠯᠡᠳᠦᠯ ᠦᠵᠡᠭᠦᠯᠵᠦ ᠪᠠᠶᠢᠨ᠎ᠠ ᠃ |
ᠣᠷᠣᠨ ᠪᠦᠰᠡ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠶᠢ ᠳᠠᠭᠠᠯᠳᠤᠨ ᠂ ᠭᠠᠵᠠᠷ ᠳᠣᠤᠷᠠᠬᠢ ᠤᠰᠤ ᠶᠢ |
ᠨᠡᠭᠡᠭᠡᠨ ᠮᠠᠯᠲᠠᠬᠤ ᠬᠡᠮᠵᠢᠶ᠎ᠡ ᠲᠦᠷᠭᠡᠨ ᠨᠡᠮᠡᠭᠳᠡᠵᠦ ᠂ ᠵᠠᠷᠢᠮ ᠭᠠᠵᠠᠷ ᠣᠷᠣᠨ ᠨᠢ ︽ᠳᠡᠭᠡᠷᠡᠮᠳᠡᠯᠭᠡ ᠶᠢᠨ ᠮᠠᠶ᠋ᠢᠭ︾ ᠤᠨ |
ᠨᠡᠭᠡᠭᠡᠨ ᠮᠠᠯᠲᠠᠬᠤ ᠪᠠᠶᠢᠳᠠᠯ ᠲᠠᠢ ᠪᠣᠯᠣᠭᠠᠳ ᠭᠠᠵᠠᠷ ᠳᠣᠤᠷᠠᠬᠢ ᠤᠰᠤ ᠶᠢ ᠬᠦᠨᠳᠦ ᠨᠣᠴᠢᠲᠠᠶ ᠬᠡᠳᠦ ᠮᠠᠯᠲᠠᠵᠤ ᠂ |
ᠣᠷᠣᠨ ᠪᠦᠰᠡ ᠶᠢᠨ ᠭᠠᠵᠠᠷ ᠳᠣᠤᠷᠠᠬᠢ ᠤᠰᠤᠨ ᠤ ᠲᠦᠪᠰᠢᠨ ᠦᠷᠭᠦᠯᠵᠢᠯᠡᠨ ᠳᠣᠷᠣᠭᠰᠢᠯᠠᠪᠠ ᠃ ᠬᠡᠲᠦᠷᠡᠲᠡᠯ᠎ᠡ |
ᠮᠠᠯᠲᠠᠭᠰᠠᠨ ᠣᠷᠣᠨ ᠢ ᠵᠠᠰᠠᠬᠤ ᠶᠠᠪᠤᠳᠠᠯ ᠲᠤᠯᠭᠠᠮ᠎ᠠ ᠱᠠᠭᠠᠷᠳᠠᠭᠳᠠᠵᠤ ᠪᠠᠶᠢᠨ᠎ᠠ ᠃ |
ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠥᠪᠥᠷ ᠮᠣᠩᠭᠤᠯ ᠤᠨ ᠥᠪᠡᠷᠲᠡᠭᠡᠨ |
ᠵᠠᠰᠠᠬᠤ ᠣᠷᠣᠨ ᠤ ᠭᠠᠵᠠᠷ ᠳᠣᠣᠷᠠᠬᠢ ᠤᠰᠤ ᠶᠢ ᠬᠠᠮᠠᠭᠠᠯᠠᠬᠤ ᠠᠵᠢᠯᠯᠠᠭ᠎ᠠ ᠶᠢᠨ ᠲᠥᠯᠥᠪᠯᠡᠭᠡ ᠶᠢ ᠵᠣᠬᠢᠶᠠᠨ |
ᠪᠠᠶᠢᠭᠤᠯᠤᠨ ᠬᠡᠷᠡᠭᠵᠢᠭᠦᠯᠦᠨ᠎ᠡ ᠃ ᠣᠰᠣᠨ ᠤ ᠡᠬᠢ ᠰᠣᠷᠪᠣᠯᠵᠢ ᠶᠢᠨ ᠬᠠᠮᠤᠭ ᠤᠨ ᠴᠢᠩᠭ᠎ᠠ ᠬᠠᠮᠢᠶᠠᠷᠤᠯᠲᠠ ᠶᠢᠨ |
ᠳᠦᠷᠢᠮ ᠵᠢᠴᠢ ᠦᠪᠡᠷᠲᠡᠭᠡᠨ ᠵᠠᠰᠠᠬᠤ ᠣᠷᠣᠨ ᠂ ᠣᠷᠳᠣᠰ ᠬᠤᠲᠠ ᠶᠢᠨ ᠭᠠᠵᠠᠷ ᠳᠣᠣᠷᠠᠬᠢ ᠣᠰᠣᠨ ᠤ ᠬᠡᠲᠦ |
ᠮᠠᠯᠲᠠᠯᠲᠠ ᠶᠢᠨ ᠣᠷᠣᠨ ᠤ ᠵᠠᠰᠠᠯᠲᠠ ᠶᠢᠨ ᠱᠠᠭᠠᠷᠳᠠᠯᠭ᠎ᠠ ᠶᠤᠰᠤᠭᠠᠷ ᠂ ᠣᠲᠤᠭ ᠤᠨ ᠡᠮᠦᠨᠡᠲᠦ ᠬᠤᠰᠢᠭᠤ ︽ |
ᠣᠲᠤᠭ ᠤᠨ ᠡᠮᠦᠨᠡᠲᠦ ᠬᠤᠰᠢᠭᠤᠨ ᠤ ᠭᠠᠵᠠᠷ ᠳᠣᠣᠷᠠᠬᠢ ᠣᠰᠣᠨ ᠤ ᠬᠡᠲᠦ ᠠᠰᠢᠭᠯᠠᠯᠲᠠ ᠶᠢᠨ ᠣᠷᠣᠨ ᠤ |
ᠵᠠᠰᠠᠯᠲᠠ ᠶᠢᠨ ᠲᠦᠰᠦᠯ︾ ᠢ ᠲᠣᠭᠲᠠᠭᠠᠵᠤ ᠂ ᠣᠰᠣᠨ ᠤ ᠡᠬᠢ ᠰᠣᠷᠪᠣᠯᠵᠢ ᠶᠢᠨ ᠬᠤᠳᠳᠤᠭ ᠪᠠ ᠤᠰᠤᠯᠠᠯᠲᠠ ᠶᠢᠨ |
ᠮᠠᠰᠢᠨ ᠬᠤᠳᠳᠤᠭ ᠢ ᠢᠳᠡᠪᠬᠢᠲᠡᠢ ᠪᠠᠷ ᠪᠢᠳᠡᠭᠦᠮᠵᠢᠯᠡᠬᠦ ᠂ ᠭᠠᠵᠠᠷ ᠳᠣᠣᠷᠠᠬᠢ ᠣᠰᠤ ᠠᠴᠠ ᠣᠰᠣ ᠠᠪᠬᠤ |
ᠵᠦᠪᠰᠢᠶᠡᠷᠡᠯ ᠤᠨ ᠬᠢᠨᠠᠨ ᠵᠦᠪᠰᠢᠶᠡᠷᠡᠯ ᠢ ᠴᠢᠩᠭᠠᠳᠬᠠᠬᠤ ᠂ ᠦᠨᠳᠦᠷ ᠪᠦᠲᠦᠮᠵᠢᠲᠡᠢ ᠣᠰᠤ ᠠᠷᠪᠢᠯᠠᠬᠤ |
ᠤᠰᠤᠯᠠᠯᠲᠠ ᠶᠢᠨ ᠮᠡᠷᠭᠡᠵᠢᠯ ᠢ ᠪᠦᠬᠦ ᠲᠠᠯ᠎ᠠ ᠪᠠᠷ ᠳᠡᠯᠭᠡᠷᠡᠬᠦᠯᠬᠦ ᠂ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ |
ᠲᠣᠮᠳᠠᠬᠢ ᠬᠡᠰᠡᠭ ᠰᠠᠭᠤᠭᠠᠯᠢ ᠠᠷᠠᠳ ᠢ ᠲᠦᠪᠯᠡᠷᠡᠭᠦᠯᠦᠨ ᠨᠡᠭᠦᠯᠭᠡᠬᠦ ᠂ ᠣᠰᠣᠨ ᠤ ᠡᠬᠢ ᠰᠣᠷᠪᠣᠯᠵᠢ ᠶᠢ ᠰᠣᠯᠢᠬᠤ |
ᠵᠢᠴᠢ ᠬᠢᠨᠠᠯᠲᠠ ᠬᠠᠮᠢᠶᠠᠷᠣᠯᠲᠠ ᠪᠠᠨ ᠴᠢᠩᠭᠠᠳᠬᠠᠬᠤ ᠵᠡᠷᠭᠡ ᠠᠷᠭ᠎ᠠ ᠠᠪᠴᠠᠯ ᠢᠶᠠᠷ ᠳᠠᠮᠵᠢᠨ ᠂ ᠭᠠᠵᠠᠷ ᠳᠣᠣᠷᠠᠬᠢ |
ᠣᠰᠣ ᠶᠢ ᠬᠡᠳᠣᠷᠬᠡᠢ ᠠᠰᠢᠭᠯᠠᠭᠰᠠᠨ ᠪᠠᠶᠢᠳᠠᠯ ᠢ ᠪᠦᠲᠦᠮᠵᠢᠲᠡᠢ ᠬᠤᠷᠢᠭᠯᠠᠵᠤ ᠂ ᠣᠰᠣᠨ ᠲᠦᠪᠰᠢᠨ ᠵᠢᠯ ᠳᠠᠷᠠᠭᠠᠯᠠᠨ |
ᠳᠡᠭᠡᠭᠰᠢᠯᠡᠨ ᠂ ᠬᠡᠲᠦ ᠮᠠᠯᠲᠠᠭᠰᠠᠨ ᠣᠷᠣᠨ ᠢ ᠵᠠᠰᠠᠬᠤ ᠠᠵᠢᠯ ᠢᠯᠡᠳᠲᠡ ᠠᠮᠵᠢᠯᠲᠠ ᠣᠯᠪᠠ ᠃ |
ᠭᠤᠷᠪᠠᠳᠤᠭᠠᠷ ᠤᠳᠠᠭᠠᠨ ᠤ ᠪᠦᠬᠦ ᠤᠯᠤᠰ ᠤᠨ ᠤᠯᠤᠰ ᠤᠨ ᠭᠠᠵᠠᠷ ᠰᠢᠷᠤᠢ ᠶᠢᠨ ᠪᠠᠶᠢᠴᠠᠭᠠᠯᠲᠠ ᠶᠢᠨ ᠲᠤᠭ᠎ᠠ |
ᠪᠠᠷᠢᠮᠲᠠ ᠶᠢᠨ ᠲᠤᠬᠢᠷᠠᠭᠤᠯᠤᠯᠲᠠ ᠶᠢ ᠲᠠᠭᠠᠯᠳᠤᠨ ᠂ ᠤᠳᠤᠭ ᠤᠨ ᠡᠮᠤᠨᠡᠳᠤ ᠬᠤᠰᠢᠭᠤᠨ ᠤ ᠬᠡᠰᠡᠭ ᠤᠰᠤᠯᠠᠯᠳᠠ ᠶᠢᠨ |
ᠳᠠᠯᠠᠪᠠᠢ ᠶᠢᠨ ᠰᠡᠷᠬᠦᠯᠳᠡ ᠨᠢ ᠤᠰᠤᠯᠠᠯᠳᠠ ᠳᠤ ᠬᠡᠷᠡᠭᠯᠡᠬᠦ ᠤᠰᠤᠨ ᠤ ᠬᠡᠮᠵᠢᠶ᠎ᠡ ᠦᠷᠬᠦᠯᠵᠢᠯᠡᠨ ᠨᠡᠮᠡᠭᠳᠡᠵᠤ ᠂ ᠭᠠᠵᠠᠷ |
ᠳᠤᠤᠷᠠᠬᠢ ᠤᠰᠤᠨ ᠤ ᠲᠦᠪᠰᠢᠨ ᠳᠠᠬᠢᠨ ᠪᠠᠭᠤᠷᠠᠬᠤ ᠬᠠᠨᠳᠤᠰᠢ ᠲᠠᠢ ᠪᠤᠯᠪᠠ ᠃ 2021 ᠣᠨ ᠤ 5 ᠳ᠋ᠤᠭᠠᠷ ᠰᠠᠷ᠎ᠠ ᠂ |
10 ᠳ᠋ᠤᠭᠠᠷ ᠰᠠᠷ᠎ᠠ ᠳᠤ ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠷᠢᠳ |
ᠬᠤᠵᠢᠳ 2 ᠤᠳᠠᠭ᠎ᠠ ︽ᠰᠢᠷ᠎ᠠ ᠫᠠᠶᠢᠰᠠ︾ ᠪᠠᠷ ᠤᠷᠢᠳᠴᠢᠯᠠᠨ ᠰᠡᠷᠡᠮᠵᠢᠯᠡᠭᠦᠯᠪᠡ ᠃ |
ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠲᠠᠲᠠᠭᠰᠠᠨ ᠰᠡᠷᠡᠮᠵᠢ ᠶᠢᠨ ᠬᠤᠩᠬᠤ ᠶᠢ ᠳᠠᠬᠢᠨᠲᠠ ᠳᠤᠤᠭᠠᠷᠭᠠᠪᠠ ᠃ |
ᠲᠠᠷᠢᠶᠠᠨ ᠭᠠᠵᠠᠷ ᠢ ᠤᠰᠤᠯᠠᠵᠤ ᠂ ᠠᠮᠤ ᠪᠤᠳᠠᠭ᠎ᠠ ᠶᠢ ᠪᠠᠲᠤᠯᠠᠵᠤ ᠂ ᠨᠢᠭᠡ ᠲᠠᠯ᠎ᠠ ᠪᠠᠷ ᠤᠰᠤ ᠬᠡᠷᠡᠭᠯᠡᠵᠦ ᠂ ᠨᠥᠭᠦᠭᠡ |
ᠲᠠᠯ᠎ᠠ ᠪᠠᠷ ᠲᠠᠲᠠᠬᠤ ᠶᠢ ᠬᠢᠵᠠᠭᠠᠷᠯᠠᠵᠤ ᠂ ᠬᠤᠰᠢᠭᠤᠨ ᠳᠣᠲᠣᠷᠠᠬᠢ ᠤᠰᠤᠨ ᠤ ᠡᠬᠢ ᠪᠠᠶᠠᠯᠢᠭ ᠢ ᠬᠡᠷᠬᠢᠨ ᠠᠮᠢᠳᠤᠯᠢᠭ |
ᠪᠣᠯᠭᠠᠬᠤ ᠪᠣᠶ︖ |
ᠬᠤᠰᠢᠭᠤ ᠨᠠᠮ ᠤᠨ ᠬᠤᠷᠢᠶ᠎ᠠ ᠂ ᠵᠠᠰᠠᠭ ᠤᠨ ᠣᠷᠳᠣᠨ ᠣᠰᠣᠨ ᠠᠰᠢᠭᠯᠠᠯᠳᠠ ᠶᠢᠨ ᠰᠠᠯᠠᠭ᠎ᠠ ᠮᠦᠴᠢᠷ ᠲᠠᠢ |
ᠬᠠᠮᠳᠣᠷᠠᠨ ᠲᠠᠬᠢᠨ ᠲᠠᠪᠳᠠᠨ ᠪᠠᠶᠢᠴᠠᠭᠠᠨ ᠰᠣᠳᠣᠯᠵᠣ ᠨᠣᠳᠠᠯᠠᠨ ᠂ ᠬᠠᠳᠤᠨ ᠭᠤᠣᠯ ᠤᠨ ᠰᠠᠪᠠ ᠭᠠᠵᠠᠷ ᠤᠨ ᠠᠮᠢ |
ᠠᠬᠤᠢ ᠶᠢᠨ ᠬᠠᠮᠠᠭᠠᠯᠠᠯᠳᠠ ᠪᠠ ᠴᠢᠨᠠᠷᠯᠢᠭ ᠬᠦᠭᠵᠢᠯᠳᠡ ᠶᠢᠨ ᠠᠵᠢᠯ ᠤᠨ ᠱᠠᠭᠠᠷᠳᠠᠯᠭ᠎ᠠ ᠶᠢ ᠬᠠᠩᠭᠠᠬᠤ ᠶᠢ |
ᠪᠠᠳᠣᠯᠠᠭᠰᠠᠨ ᠣᠷᠢᠳᠠᠯ ᠲᠣᠣᠷ᠎ᠠ ᠂ ᠪᠦᠬᠦ ᠬᠤᠰᠢᠭᠤᠨ ᠤ ᠬᠦᠴᠦᠨ ᠢᠶᠠᠷ ᠣᠳᠤᠭ ᠤᠨ ᠡᠮᠦᠨᠡᠳᠦ ᠬᠤᠰᠢᠭᠤᠨ ᠤ |
ᠣᠯᠵᠠᠴᠢ ᠪᠠᠯᠭᠠᠰᠣᠨ ᠤ ᠭᠠᠵᠠᠷ ᠲᠣᠣᠷᠠᠬᠢ ᠣᠰᠣᠨ ᠤ ᠠᠰᠢᠭᠯᠠᠯᠳᠠ ︵ᠣᠰᠣᠨ ᠤ ᠠᠮᠢ ᠠᠬᠤᠢ︶ ᠶᠢ |
ᠶᠡᠷᠦᠩᠭᠡᠶᠢᠯᠡᠨ ᠵᠠᠰᠠᠬᠤ ᠢᠨᠵᠧᠨᠧᠷᠢᠩ ᠢ ᠬᠡᠷᠡᠭᠵᠢᠭᠦᠯᠬᠦ ᠪᠠᠷ ᠲᠣᠭᠳᠠᠪᠠ ᠃ |
ᠲᠣᠰ ᠢᠨᠵᠧᠨᠧᠷᠢᠩ ᠤᠨ ᠤᠰᠤᠨ ᠤ ᠡᠬᠢ ᠰᠤᠷᠪᠤᠯᠵᠢ ᠨᠢ ᠪᠥᠬᠦ ᠬᠤᠰᠢᠭᠤᠨ ᠤ ᠴᠣᠷ ᠤᠨ ᠭᠠᠭᠴᠠ ᠭᠠᠵᠠᠷ |
ᠳᠡᠭᠡᠷᠡᠬᠢ ᠤᠰᠤᠨ ᠤ ᠡᠬᠢ ᠪᠠᠶᠠᠯᠢᠭ ᠢ ᠠᠰᠢᠭᠯᠠᠵᠤ ᠪᠣᠯᠬᠤ ᠳ᠋ᠠ ᠭᠸᠦ ᠸᠠᠨ ᠤᠰᠤᠨ ᠴᠥᠭᠦᠷᠥᠮ ᠪᠣᠯᠤᠨ᠎ᠠ ᠂ |
ᠬᠥᠪᠦᠮᠡᠯ ᠣᠩᠭᠤᠴᠠ ᠶᠢᠨ ᠬᠥᠭᠡᠷᠭᠡ ᠶᠢᠨ ᠥᠷᠲᠡᠭᠡ 1 ᠂ ᠬᠤᠶᠠᠳᠤᠭᠠᠷ ᠳᠡᠰ ᠤᠨ ᠳᠠᠷᠤᠯᠲᠠᠲᠤ ᠬᠥᠭᠡᠷᠭᠡ ᠶᠢᠨ |
ᠥᠷᠲᠡᠭᠡ 1 ᠂ ᠬᠦᠷᠢᠶᠡᠯᠡᠩ ᠲᠣᠭᠤᠷᠢᠭ ᠤᠨ ᠤᠰᠤ ᠴᠡᠪᠡᠷᠰᠢᠭᠦᠯᠬᠦ ᠦᠢᠯᠡᠳᠪᠦᠷᠢ ᠶᠢᠨ ᠲᠣᠭᠤᠷᠢᠭ 1 ᠶᠢ ᠰᠢᠨ᠎ᠡ ᠪᠠᠷ |
ᠪᠠᠶᠢᠭᠤᠯᠬᠤ ᠪᠠᠷ ᠳᠠᠮᠵᠢᠭᠤᠯᠤᠨ ᠂ ᠤᠰᠤ ᠳᠠᠮᠵᠢᠭᠤᠯᠬᠤ ᠬᠤᠭᠤᠯᠠᠶ 129 ᠺᠢᠯᠤᠮᠧᠲᠷ ᠳᠡᠪᠢᠰᠴᠦ ᠂ ᠤᠰᠤ ᠶᠢ ᠳ᠋ᠠ |
ᠭᠸᠦ ᠸᠠᠨ ᠤᠰᠤᠨ ᠴᠥᠭᠦᠷᠥᠮ ᠠᠴᠠ ᠣᠯᠵᠠᠴᠢ ᠪᠠᠯᠭᠠᠰᠤᠨ ᠳᠤ ᠬᠦᠷᠭᠡᠵᠦ ᠂ ᠪᠥᠬᠦ ᠬᠤᠰᠢᠭᠤᠨ ᠤ ᠤᠰᠤ ᠬᠡᠷᠡᠭᠯᠡᠬᠦ |
ᠬᠦᠴᠢᠷ ᠠᠰᠠᠭᠤᠳᠠᠯ ᠢ ᠰᠢᠢᠳᠪᠦᠷᠢᠯᠡᠬᠦ ᠳᠤ ᠬᠦᠴᠦᠨ ᠨᠡᠮᠡᠷᠢᠯᠡᠪᠡ ᠃ |
ᠭᠠᠵᠠᠷ ᠳᠡᠭᠡᠷᠡᠬᠢ ᠤᠰᠤ ᠶᠢ ᠣᠷᠣᠭᠤᠯᠵᠤ ᠢᠷᠡᠭᠰᠡᠨ ᠤ ᠲᠠᠷᠠᠭ᠎ᠠ ᠂ ᠣᠯᠵᠠᠴᠢ ᠪᠠᠯᠭᠠᠰᠤᠨ ᠤ ᠬᠡᠲᠦᠷᠡᠲᠡᠯ᠎ᠡ |
ᠮᠠᠯᠲᠠᠭᠰᠠᠨ ᠣᠷᠣᠨ ᠤ ᠳᠣᠲᠣᠷᠠᠬᠢ ᠨᠣᠭᠤᠭᠠᠷᠠᠭᠤᠯᠤᠯᠲᠠ ᠳᠤ ᠬᠡᠷᠡᠭᠯᠡᠬᠦ 67 ᠬᠤᠳᠳᠤᠭ ᠢ ᠪᠢᠲᠡᠭᠦᠮᠵᠢᠯᠡᠵᠦ ᠂ |
ᠭᠠᠵᠠᠷ ᠳᠣᠣᠷᠠᠬᠢ ᠤᠰᠤ ᠶᠢ 320 ᠲᠦᠮᠡᠨ ᠪᠣᠰᠤᠭ᠎ᠠ ᠳᠥᠷᠪᠡᠯᠵᠢᠨ ᠮᠧᠲᠷ ᠰᠣᠯᠢᠵᠤ ᠂ ᠬᠤᠳᠠ ᠪᠠᠯᠭᠠᠰᠤᠨ ᠤ |
ᠠᠮᠢ ᠠᠬᠤᠢ ᠶᠢᠨ ᠨᠣᠭᠤᠭᠠᠷᠠᠭᠤᠯᠤᠯᠲᠠ ᠶᠢᠨ ᠭᠠᠵᠠᠷ ᠳᠣᠣᠷᠠᠬᠢ ᠤᠰᠤ ᠶᠢ ᠨᠡᠭᠡᠭᠡᠨ ᠮᠠᠯᠲᠠᠬᠤ ᠬᠡᠮᠵᠢᠶ᠎ᠡ ᠶᠢ |
ᠪᠦᠲᠦᠮᠵᠢᠲᠡᠢ ᠪᠠᠭᠠᠰᠬᠠᠵᠤ ᠂ ᠣᠷᠣᠨ ᠪᠦᠰᠡ ᠶᠢᠨ ᠤᠰᠤᠨ ᠤ ᠡᠬᠢ ᠪᠠᠶᠠᠯᠢᠭ ᠤᠰᠤᠨ ᠤ ᠣᠷᠴᠢᠨ ᠲᠣᠭᠤᠷᠢᠨ ᠤ |
ᠳᠠᠭᠠᠭᠠᠴᠠ ᠶᠢ ᠳᠡᠭᠡᠭᠰᠢᠯᠡᠭᠦᠯᠪᠡ︔ ᠭᠠᠵᠠᠷ ᠳᠣᠤᠷᠠᠬᠢ ᠤᠰᠤᠨ ᠤ ᠲᠦᠪᠰᠢᠨ ᠠᠯᠬᠤᠮ ᠠᠯᠬᠤᠮ ᠢᠶᠠᠷ |
ᠳᠡᠭᠡᠭᠰᠢᠯᠡᠵᠦ ᠂ ᠣᠯᠵᠠᠴᠢ ᠪᠠᠯᠭᠠᠰᠤᠨ ᠤ ᠬᠡᠲᠦᠷᠡᠲᠡᠯ᠎ᠡ ᠮᠠᠯᠲᠠᠭᠰᠠᠨ ᠣᠷᠣᠨ ᠪᠠ ᠭᠤᠷᠪᠠᠳᠤᠭᠠᠷ ᠬᠡᠰᠡᠭ ᠤᠨ |
ᠭᠠᠵᠠᠷ ᠤᠨ ᠬᠡᠲᠦᠷᠡᠲᠡᠯ᠎ᠡ ᠮᠠᠯᠲᠠᠭᠰᠠᠨ ᠣᠷᠣᠨ ᠤ 6 ᠳ᠋ᠤᠭᠠᠷ ᠰᠠᠷ᠎ᠠ ᠠᠴᠠ 9 ᠳ᠋ᠦ᠋ᠭᠡᠷ ᠰᠠᠷ᠎ᠠ ᠪᠣᠯᠲᠠᠯᠠᠬᠢ ᠭᠠᠵᠠᠷ |
ᠳᠣᠤᠷᠠᠬᠢ ᠤᠰᠤᠨ ᠤ ᠲᠦᠪᠰᠢᠨ 2023 ᠣᠨ ᠤ ᠠᠳᠠᠯᠢ ᠬᠤᠭᠤᠴᠠᠭᠠᠨ ᠤ ᠬᠢ ᠠᠴᠠ ᠲᠣᠰ ᠲᠣᠰ 0.25 — 2. |
12 ᠮᠧᠲᠷ ᠂ 1.53 — 4.8 ᠮᠧᠲᠷ ᠵᠡᠷᠭᠡ ᠠᠳᠠᠯᠢ ᠪᠤᠰᠤ ᠬᠡᠮᠵᠢᠶ᠎ᠡ ᠪᠠᠷ ᠢᠯᠡᠷᠡᠵᠦ ᠂ ︽ᠬᠡᠲᠦᠷᠡᠲᠡᠯ᠎ᠡ |
ᠮᠠᠯᠲᠠᠭᠰᠠᠨ︾ ᠪᠠᠶᠢᠳᠠᠯ ᠢᠯᠡᠳᠲᠡ ᠰᠠᠶᠢᠵᠢᠷᠠᠪᠠ︔ ᠣᠯᠵᠠᠴᠢ ᠪᠠᠯᠭᠠᠰᠣᠨ ᠤ ᠶᠡᠷᠦᠩᠬᠡᠶᠢᠯᠡᠭᠰᠡᠨ ᠠᠵᠣ ᠣᠶᠢᠯᠠᠰ ᠤᠨ |
ᠬᠦᠷᠢᠶᠡᠯᠡᠩ ᠤᠨ ᠠᠵᠣ ᠣᠶᠢᠯᠠᠳᠪᠦᠷᠢ ᠶᠢᠨ ᠲᠦᠷᠦᠯ ᠵᠦᠢᠯ ᠵᠢᠴᠢ ᠰᠢᠳᠠᠮᠠᠬᠠᠢ ᠬᠡᠢ ᠶᠢᠨ ᠲᠦᠷᠦᠯ ᠵᠦᠢᠯ ᠤᠨ ᠣᠰᠣ |
ᠬᠡᠷᠡᠭᠯᠡᠬᠦ ᠱᠠᠭᠠᠷᠳᠠᠯᠭ᠎ᠠ ᠶᠢ ᠪᠦᠲᠦᠮᠵᠢᠲᠡᠢ ᠪᠠᠳᠣᠯᠠᠵᠣ ᠂ ᠬᠦᠷᠢᠶᠡᠯᠡᠩ ᠲᠣᠭᠤᠷᠢᠭ ᠤᠨ ᠲᠣᠳᠣᠷᠠᠬᠢ 6 ᠠᠵᠣ |
ᠣᠶᠢᠯᠠᠳᠪᠦᠷᠢ ᠶᠢᠨ ᠠᠵᠣ ᠠᠬᠤᠶᠢᠯᠠᠯ ᠳᠤ 69.2 ᠲᠦᠮᠡᠨ ᠪᠣᠰᠤᠭ᠎ᠠ ᠲᠦᠷᠪᠡᠯᠵᠢᠨ ᠮᠧᠲᠷ ᠣᠰᠣ ᠬᠡᠷᠡᠭᠯᠡᠬᠦ |
ᠵᠢᠭᠠᠯᠳᠠ ᠲᠤᠭ᠎ᠠ ᠶᠢ ᠲᠣᠬᠢᠷᠠᠭᠤᠯᠵᠣ ᠂ ᠵᠢᠯ ᠤᠨ ᠣᠶᠢᠯᠠᠰ ᠤᠨ ᠦᠷᠳᠡᠭ ᠨᠢ 40 ᠭᠠᠷᠣᠢ ᠳ᠋ᠦᠩᠰᠢᠭᠤᠷ ᠲᠦᠭᠦᠷᠢᠭ |
ᠪᠣᠯᠣᠨ᠎ᠠ ᠃ |
ᠤᠰᠤᠨ ᠤ ᠡᠬᠢ ᠪᠠᠶᠠᠯᠢᠭ ᠤᠨ ᠲᠣᠬᠢᠷᠠᠭᠤᠯᠤᠯᠲᠠ ᠶᠢᠨ ᠠᠯᠬᠤᠮ ᠠᠯᠬᠤᠮ ᠢᠶᠠᠷ ᠲᠡᠭᠦᠯᠳᠡᠷᠵᠢᠬᠦ ᠶᠢ |
ᠳᠠᠭᠠᠯᠳᠤᠨ ᠂ ᠲᠤᠰ ᠢᠨᠵᠧᠨᠧᠷᠢᠩ ᠤᠨ ᠤᠰᠤ ᠬᠠᠩᠭᠠᠬᠤ ᠬᠦᠷᠢᠶ᠎ᠡ ᠬᠡᠪᠴᠢᠶ᠎ᠡ ᠶᠢ ᠰᠠᠭᠤᠭᠠᠯᠢ ᠠᠷᠠᠳ ᠤᠨ |
ᠠᠮᠢᠳᠤᠷᠠᠯ ᠳᠤ ᠬᠡᠷᠡᠭᠯᠡᠬᠦ ᠤᠰᠤ ᠪᠠ ᠲᠠᠷᠢᠶᠠᠯᠠᠩ ᠤᠨ ᠤᠰᠤᠯᠠᠯᠲᠠ ᠶᠢᠨ ᠤᠰᠤ ᠵᠡᠷᠭᠡ ᠲᠠᠯ᠎ᠠ ᠳᠤ ᠬᠦᠷᠲᠡᠯ᠎ᠡ ᠤᠯᠠᠮ |
ᠨᠢᠭᠡ ᠠᠯᠬᠤᠮ ᠥᠷᠭᠡᠳᠬᠡᠬᠦ ᠪᠣᠯᠤᠨ᠎ᠠ ᠃ |
ᠬᠡᠳᠤ ᠮᠠᠯᠳᠠᠯᠳᠠ ᠶᠢᠨ ᠤᠷᠤᠨ ᠤ ᠶᠡᠷᠤᠩᠬᠡᠶᠢᠯᠡᠭᠰᠡᠨ ᠵᠠᠰᠠᠯᠳᠠ |
ᠰᠡᠳᠬᠢᠴᠡ ᠪᠠᠨ ᠬᠤᠪᠢᠷᠠᠭᠤᠯᠬᠤ ᠳᠤ ᠤᠰᠤᠨ ᠤ ᠡᠬᠢ ᠰᠣᠷᠪᠣᠯᠵᠢ ᠶᠢᠨ ︽ᠬᠤᠶᠠᠳᠣᠭᠠᠷ ᠣᠷᠣᠨ ᠵᠠᠢ︾ ᠶᠢ |
ᠨᠡᠭᠡᠭᠡᠵᠦ ᠂ ᠣᠷᠣᠨ ᠪᠦᠰᠡ ᠶᠢᠨ ᠣᠰᠣᠨ ᠤ ᠡᠬᠢ ᠰᠣᠷᠪᠣᠯᠵᠢ ᠶᠢ ᠨᠡᠭᠡᠭᠡᠨ ᠠᠰᠢᠭᠯᠠᠬᠤ ᠬᠦᠴᠦᠯᠡᠴᠡ ᠶᠢ |
ᠪᠠᠭᠠᠰᠬᠠᠬᠤ ᠪᠠᠷ ᠪᠠᠷᠠᠬᠤ ᠦᠭᠡᠢ ᠣᠰᠣᠨ ᠤ ᠡᠬᠢ ᠰᠣᠷᠪᠣᠯᠵᠢ ᠶᠢ ᠮᠠᠰᠢ ᠶᠡᠭᠡ ᠰᠢᠯᠢᠳᠡᠭᠵᠢᠬᠦᠯᠬᠦ ᠪᠠ |
ᠳᠡᠭᠡᠭᠰᠢᠯᠡᠬᠦᠯᠦᠨ ᠂ ᠭᠠᠵᠠᠷ ᠲᠣᠣᠷᠠᠬᠢ ᠣᠰᠣᠨ ᠤ ᠬᠡᠳᠣᠷᠬᠡᠢ ᠮᠠᠯᠳᠠᠭᠰᠠᠨ ᠣᠷᠣᠨ ᠤ ᠨᠡᠭᠡᠭᠡᠨ ᠠᠰᠢᠭᠯᠠᠯᠳᠠ ᠶᠢᠨ |
ᠨᠦᠬᠦᠪᠣᠷᠢ ᠶᠢᠨ ᠲᠡᠩᠴᠡᠬᠦᠷᠢ ᠶᠢ ᠨᠢ ᠪᠡᠶᠡᠯᠡᠬᠦᠯᠬᠦ ᠳᠤ ᠮᠠᠰᠢ ᠠᠰᠢᠭᠲᠠᠢ ᠪᠠᠶᠢᠵᠤ ᠂ ᠣᠳᠤᠭ ᠤᠨ ᠡᠮᠦᠨᠡᠳᠦ |
ᠬᠤᠰᠢᠭᠤᠨ ᠳᠤ ᠣᠯᠠᠨ ᠵᠢᠯ ᠭᠠᠴᠢᠬᠳᠠᠭᠰᠠᠨ ᠭᠠᠵᠠᠷ ᠲᠣᠣᠷᠠᠬᠢ ᠣᠰᠣ ᠶᠢ ᠬᠡᠳᠣᠷᠬᠡᠢ ᠮᠠᠯᠳᠠᠭᠰᠠᠨ ᠪᠠᠶᠢᠳᠠᠯ ᠢ |
ᠦᠨᠳᠦᠰᠦᠨ ᠠᠴᠠ ᠨᠢ ᠬᠤᠪᠢᠷᠠᠭᠤᠯᠤᠨ᠎ᠠ ᠃ |
ᠠᠷᠪᠢᠯᠠᠨ ᠭᠠᠮᠨᠠᠵᠤ ᠂ ᠤᠰᠤᠨ ᠤ ᠡᠬᠢ ᠪᠠᠶᠠᠯᠢᠭ ᠢ ᠨᠠᠷᠢᠨ ᠨᠢᠮᠪᠠᠶ ᠲᠥᠯᠥᠪᠯᠡᠨ ᠰᠠᠶᠢᠲᠤᠷ ᠬᠡᠷᠡᠭᠯᠡᠵᠦ ᠂ |
ᠳᠤᠰᠤᠯ ᠤᠰᠤ ᠨᠢᠭᠡᠪᠦᠷᠢ ᠶᠢᠨ ᠳᠠᠯᠳᠠ ᠬᠦᠴᠦᠨ ᠢ ᠠᠭᠤᠳᠠᠯᠤᠨ ᠂ ︽ᠡᠬᠢ ᠪᠠᠶᠠᠯᠢᠭ︾ ᠲᠠᠢ ᠵᠡᠷᠭᠡ ᠪᠠᠷ |
ᠤᠷᠤᠭᠰᠢᠯᠠᠵᠤ ᠂ ᠬᠡᠲᠦᠷᠡᠲᠡᠯ᠎ᠡ ᠲᠠᠲᠠᠭᠰᠠᠨ ᠣᠷᠣᠨ ᠤ ᠵᠠᠰᠠᠯᠲᠠ ᠶᠢᠨ ︽ᠦᠷ᠎ᠡ ᠠᠰᠢᠭ︾ ᠢ ᠨᠡᠮᠡᠭᠳᠡᠭᠦᠯᠪᠡ ᠃ |
ᠣᠲᠤᠭ ᠤᠨ ᠡᠮᠦᠨᠡᠲᠦ ᠬᠤᠰᠢᠭᠤᠨ ᠤ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ |
ᠥᠭᠡᠷᠡᠴᠢᠯᠡᠯᠲᠡ ᠶᠢᠨ ᠮᠡᠳᠡᠭᠡ ᠵᠠᠩᠭᠢᠵᠢᠯᠲᠠ ᠶᠢᠨ ᠶᠡᠷᠦᠩᠬᠡᠶ ᠡᠵᠡᠮᠰᠢᠯ ᠤᠨ ᠲᠥᠪ ᠤᠨ ᠲᠣᠮᠣ ᠳᠡᠯᠭᠡᠴᠡ ᠳᠡᠭᠡᠷ᠎ᠡ ᠂ |
ᠬᠤᠰᠢᠭᠤᠨ ᠤ ᠬᠡᠪᠴᠢᠶᠡᠨ ᠳᠠᠬᠢ ᠤᠰᠤᠯᠠᠯᠲᠠ ᠶᠢᠨ ᠮᠠᠰᠢᠨ ᠴᠠᠬᠢᠯᠭᠠᠨ ᠬᠤᠳᠳᠤᠭ ᠤᠨ ᠠᠵᠢᠯᠯᠠᠭᠠᠨ ᠤ ᠪᠠᠶᠢᠳᠠᠯ ᠢ |
ᠴᠠᠭ ᠲᠤᠬᠠᠶ ᠳᠤᠨᠢ ᠢᠯᠡᠷᠡᠭᠦᠯᠵᠦ ᠂ ᠠᠵᠢᠯᠲᠠᠳ ᠨᠢᠭᠡ ᠲᠠᠯ᠎ᠠ ᠪᠠᠷ ᠦᠵᠡᠭᠦᠯᠦᠨ ᠲᠠᠨᠢᠭᠤᠯᠬᠤ ᠲᠠᠯ᠎ᠠ ᠪᠠᠷ᠄ ︽︿ |
ᠬᠤᠳᠳᠤᠭ ᠴᠠᠬᠢᠯᠭᠠᠨ ᠬᠤᠶᠠᠷ ᠢ ᠡᠵᠡᠮᠳᠡᠬᠦ﹀ ᠤᠶᠤᠨᠲᠤ ᠲᠥᠬᠦᠭᠡᠷᠦᠮᠵᠢ ᠨᠢ ᠬᠤᠳᠳᠤᠭ ᠤᠨ ᠳᠣᠲᠣᠷᠠᠬᠢ ᠪᠥᠬᠦ |
ᠵᠢᠯ ᠤᠨ ᠤᠰᠤ ᠲᠠᠲᠠᠬᠤ ᠬᠡᠮᠵᠢᠶ᠎ᠡ ᠶᠢᠨ ᠵᠠᠷᠯᠢᠭ ᠢ ᠦᠨᠳᠦᠰᠦᠯᠡᠨ ᠤᠰᠤ ᠠᠪᠬᠤ ᠶᠠᠪᠤᠴᠠ ᠳᠤ ᠬᠤᠪᠢᠶᠠᠷᠢᠯᠠᠵᠤ ᠂ |
ᠠᠯᠤᠰ ᠠᠴᠠ ᠬᠠᠮᠢᠶᠠᠷᠤᠨ ᠡᠵᠡᠮᠳᠡᠵᠦ ᠂ ᠭᠠᠵᠠᠷ ᠣᠷᠣᠨ ᠤ ᠬᠤᠭᠤᠯᠠᠢ ᠪᠠᠷ ᠤᠰᠤ ᠬᠠᠮᠢᠶᠠᠷᠬᠤ ᠵᠣᠷᠢᠯᠭ᠎ᠠ ᠳᠠᠭᠠᠨ |
ᠬᠦᠷᠴᠦ ᠪᠣᠯᠤᠨ᠎ᠠ ᠃ ᠤᠰᠤᠯᠠᠬᠤ ᠦᠶ᠎ᠡ ᠳᠤ ᠂ ᠪᠣᠳᠠᠲᠠᠶ ᠬᠡᠷᠡᠭᠯᠡᠬᠦ ᠤᠰᠤᠨ ᠤ ᠬᠡᠮᠵᠢᠶ᠎ᠡ ᠨᠢ ᠤᠰᠤ ᠬᠡᠷᠡᠭᠯᠡᠬᠦ |
ᠲᠥᠯᠥᠪᠯᠡᠭᠡ ᠶᠢ ᠬᠢᠨᠠᠨ ᠲᠣᠭᠲᠠᠭᠠᠬᠤ ᠬᠡᠮᠵᠢᠭᠳᠡᠯ ᠳᠤ ᠬᠦᠷᠪᠡᠯ ᠂ ᠲᠥᠬᠦᠭᠡᠷᠦᠮᠵᠢ ᠨᠢ ᠠᠦ᠋ᠲ᠋ᠣ᠋ ᠮᠠᠰᠢᠨ ᠬᠤᠳᠳᠤᠭ ᠢ |
ᠬᠠᠭᠠᠵᠤ ᠵᠣᠭᠰᠣᠭᠠᠵᠤ ᠂ ᠮᠠᠯᠴᠢᠨ ᠲᠠᠷᠢᠶᠠᠴᠢᠨ ᠢ ᠬᠡᠳᠡᠷᠬᠦ ᠰᠢᠬᠠᠮᠳᠠᠭᠤᠯᠵᠤ ᠪᠠᠶᠢᠭᠠᠳ ᠤᠰᠤᠨ ᠤ ᠡᠬᠢ ᠪᠠᠶᠠᠯᠢᠭ ᠢ |
ᠰᠠᠶᠢᠲᠤᠷ ᠬᠡᠷᠡᠭᠯᠡᠭᠦᠯᠦᠨ᠎ᠡ ᠃ |
ᠤᠳᠤᠭ ᠤᠨ ᠡᠮᠤᠨᠡᠳᠤ ᠬᠤᠰᠢᠭᠤᠨ ᠤ ᠳᠠᠷᠢᠶᠠᠯᠠᠩ ᠮᠠᠯ ᠠᠵᠤ ᠠᠬᠤᠢ ᠪᠠ ᠤᠰᠤᠨ ᠠᠰᠢᠭᠯᠠᠯᠳᠠ ᠶᠢᠨ |
ᠳᠤᠪᠴᠢᠶᠠᠨ ᠤ ᠳᠠᠷᠤᠭ᠎ᠠ ᠶᠠᠩ ᠪᠦᠸᠧ ᠨᠦᠬᠦᠪᠦᠷᠢᠯᠡᠬᠦ ᠳᠡᠭᠡᠨ᠄ ︽ᠳᠠᠷᠢᠶᠠᠯᠠᠩ ᠤᠨ ᠤᠰᠤᠯᠠᠯᠳᠠ ᠳᠤ ᠬᠡᠷᠡᠭᠯᠡᠬᠦ |
ᠤᠰᠤᠨ ᠤ ᠶᠡᠷᠤᠩᠬᠡᠢ ᠬᠡᠮᠵᠢᠶ᠎ᠡ ᠶᠢ ᠬᠢᠵᠠᠭᠠᠷᠯᠠᠬᠤ ᠪᠠ ᠬᠢᠵᠠᠭᠠᠷᠯᠠᠬᠤ ᠳᠤᠭ᠎ᠠ ᠶᠢᠨ ᠨᠠᠷᠢᠯᠢᠭᠵᠢᠭᠤᠯᠤᠭᠰᠠᠨ |
ᠬᠠᠮᠢᠶᠠᠷᠤᠯᠳᠠ ᠶᠢ ᠴᠢᠩᠭᠠᠳᠬᠠᠬᠤ ᠶᠢᠨ ᠳᠤᠰᠠᠳᠠ ᠂ ᠬᠤᠳᠠ ᠶᠢᠨ ᠵᠠᠰᠠᠭ ᠤᠨ ᠤᠷᠳᠤᠨ ᠪᠠ ᠬᠤᠳᠠ ᠶᠢᠨ ᠤᠰᠤᠨ |
ᠠᠰᠢᠭᠯᠠᠯᠳᠠ ᠶᠢᠨ ᠳᠤᠪᠴᠢᠶᠠᠨ ᠳᠠᠷᠤᠭ᠎ᠠ 1840 ᠳᠦᠮᠡᠨ ᠳᠦᠬᠦᠷᠢᠭ ᠤᠨ ᠲᠦᠷᠤᠯ ᠵᠦᠢᠯ ᠤᠨ ᠪᠡᠯᠡ ᠮᠦᠩᠬᠦ ᠶᠢ |
ᠢᠵᠢ ᠪᠦᠷᠢᠳᠦᠬᠦᠯᠵᠤ ᠂ ᠤᠶᠤᠨᠳᠤ ᠤᠰᠤᠨ ᠠᠰᠢᠭᠯᠠᠯᠳᠠ ᠶᠢᠨ ᠤᠶᠢᠯᠡᠴᠢᠯᠡᠬᠡᠨ ᠤ ᠳᠡᠪᠴᠡᠩ ᠢ ᠪᠠᠶᠢᠭᠤᠯᠬᠤ ᠳᠤ |
ᠬᠡᠷᠡᠭᠯᠡᠵᠤ ᠂ ᠮᠡᠳᠡᠭᠡ ᠵᠠᠩᠬᠢᠵᠢᠯᠳᠠ ᠶᠢᠨ ᠶᠡᠷᠤᠩᠬᠡᠢ ᠡᠵᠡᠮᠰᠢᠯ ᠤᠨ ᠳᠦᠪ ᠂ ᠬᠤᠪᠢᠶᠠᠷᠢ ᠡᠵᠡᠮᠰᠢᠯ ᠤᠨ ᠳᠦᠪ ᠢ 5 |
ᠪᠠᠶᠢᠭᠤᠯᠵᠤ ᠂ 2400 ᠢᠵᠢ ᠬᠤᠳᠳᠤᠭ ᠴᠠᠬᠢᠯᠭᠠᠨ ᠬᠤᠤᠰ ᠡᠵᠡᠮᠳᠡᠯ ᠤᠨ ᠲᠦᠬᠦᠬᠡᠷᠤᠮᠵᠢ ᠶᠢ ᠤᠭᠰᠠᠷᠠᠵᠤ ᠂ |
ᠬᠡᠳᠤ ᠮᠠᠯᠳᠠᠯᠳᠠ ᠶᠢᠨ ᠤᠷᠤᠨ ᠳᠤ ᠨᠡᠶᠢᠳᠡ 440 ᠪᠤᠰᠤᠭ᠎ᠠ ᠳᠦᠷᠪᠠᠯᠵᠢᠨ ᠮᠧᠲᠷ ᠤᠰᠤ ᠤᠷᠤᠭᠤᠯᠵᠤ ᠂ 220 |
ᠪᠤᠰᠤᠭ᠎ᠠ ᠳᠦᠷᠪᠡᠯᠵᠢᠨ ᠮᠧᠲᠷ ᠤᠨ ᠳᠤᠳᠤᠷ᠎ᠡ ᠂ 6.4 ᠳᠦᠮᠡᠨ ᠪᠤᠰᠤᠭ᠎ᠠ ᠳᠦᠷᠪᠠᠯᠵᠢᠨ ᠮᠧᠲᠷ ᠤᠨ ᠳᠤᠳᠤᠷ᠎ᠡ |
ᠪᠦᠲᠦᠮᠵᠢᠲᠠᠢ ᠤᠰᠤ ᠠᠷᠪᠢᠯᠠᠵᠤ ᠂ ᠳᠠᠷᠢᠶᠠᠯᠠᠩ ᠤᠨ ᠤᠰᠤᠯᠠᠯᠳᠠ ᠶᠢᠨ ᠤᠰᠤᠨ ᠤ ᠠᠰᠢᠭᠯᠠᠮᠵᠢ ᠶᠢᠨ ᠨᠤᠷᠮ᠎ᠠ ᠶᠢ |
ᠶᠡᠬᠡᠪᠡᠷ ᠳᠡᠭᠡᠭᠰᠢᠯᠡᠬᠦᠯᠪᠡ ᠃ |
ᠶᠡᠷᠦᠩᠬᠡᠢ ᠬᠡᠮᠵᠢᠶ᠎ᠡ ᠶᠢ ᠬᠢᠵᠠᠭᠠᠷᠯᠠᠨ ᠂ ᠬᠢᠵᠠᠭᠠᠷᠯᠠᠬᠤ ᠲᠤᠭ᠎ᠠ ᠪᠠᠷ ᠬᠠᠮᠢᠶᠠᠷᠴᠤ ᠂ ᠲᠠᠷᠢᠶᠠᠯᠠᠩ ᠤᠨ ᠤᠰᠤᠨ ᠤ |
ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠠᠵᠢᠯ ᠢ ᠪᠥᠬᠦ ᠲᠠᠯ᠎ᠠ ᠪᠠᠷ |
ᠬᠡᠷᠡᠭᠵᠢᠭᠦᠯᠵᠦ ᠂ ᠤᠰᠤᠨ ᠤ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠬᠢᠷᠢ ᠲᠦᠪᠰᠢᠨ ᠢ |
ᠪᠦᠲᠦᠮᠵᠢᠲᠡᠶ ᠳᠡᠭᠡᠭᠰᠢᠯᠡᠭᠦᠯᠦᠨ ᠂ ᠣᠲᠤᠭ ᠤᠨ ᠡᠮᠦᠨᠡᠲᠦ ᠬᠤᠰᠢᠭᠤᠨ ᠳᠤ ᠤᠰᠤᠨ ᠤ ᠡᠬᠢ ᠪᠠᠶᠠᠯᠢᠭ ᠤᠨ ︽ |
ᠬᠥᠭᠵᠢᠯᠲᠡ ᠶᠢᠨ ᠣᠷᠣᠨ ᠵᠠᠢ︾ ᠶᠢ ᠰᠢᠬᠠᠨ ᠭᠠᠷᠭᠠᠵᠤ ᠥᠭᠭᠦᠨ᠎ᠡ ᠃ |
ᠨᠠᠮᠤᠷ ᠤᠨ ᠰᠡᠭᠦᠯᠴᠢ ᠪᠣᠯᠬᠤ ᠳᠤ ᠂ ᠲᠠᠷᠢᠶᠠᠨ ᠳᠣᠲᠣᠷ᠎ᠠ ᠭᠠᠵᠠᠷ ᠪᠣᠯᠭᠠᠨ ᠳᠤ ᠠᠯᠳᠠᠨ ᠰᠢᠷᠭᠠᠯ ᠭᠡᠷᠡᠯ |
ᠰᠠᠴᠤᠷᠠᠨ᠎ᠠ ᠃ ᠡᠨᠡ ᠪᠣᠯ ᠨᠡᠷᠡᠲᠦ ᠲᠥᠮᠥᠰᠥ ᠮᠥᠨ ᠂ ᠪᠢᠳᠡᠨ ᠤ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠪᠠᠷ |
ᠳᠠᠮᠵᠢᠭᠤᠯᠤᠨ ᠣᠷᠣᠭᠤᠯᠤᠭᠰᠠᠨ ᠰᠢᠨ᠎ᠡ ᠡᠭᠦᠯᠳᠡᠷ ᠮᠥᠨ ᠂ ᠠᠵᠤ ᠠᠬᠤᠶᠢᠯᠠᠯ ᠠᠴᠠ ᠦᠷ᠎ᠡ ᠬᠠᠩᠭᠠᠵᠤ ᠂ ᠪᠥᠬᠦ |
ᠶᠠᠪᠤᠴᠠ ᠶᠢᠨ ᠮᠡᠷᠭᠡᠵᠢᠯ ᠤᠨ ᠵᠢᠯᠣᠭᠤᠳᠣᠯᠭ᠎ᠠ ᠬᠠᠩᠭᠠᠵᠤ ᠂ ᠬᠠᠮᠠᠭᠠᠯᠠᠯᠲᠠ ᠶᠢᠨ ᠦᠨ᠎ᠡ ᠶᠢᠨ ᠵᠠᠬᠢᠶᠠᠯᠠᠭ᠎ᠠ ᠶᠢ |
ᠬᠤᠷᠢᠶᠠᠨ ᠠᠪᠴᠤ ᠪᠠᠶᠢᠨ᠎ᠠ ᠃ ᠡᠨᠡ ᠵᠢᠯ ᠠᠩᠬ᠎ᠠ ᠤᠳᠠᠭ᠎ᠠ 3300 ᠮᠦ ᠲᠥᠪᠯᠡᠷᠡᠭᠦᠯᠦᠨ ᠵᠠᠯᠭᠠᠯᠳᠤᠭᠤᠯᠤᠨ |
ᠲᠠᠷᠢᠬᠤ ᠶᠢ ᠲᠤᠷᠰᠢᠵᠤ ᠂ ᠦᠷ᠎ᠡ ᠪᠦᠲᠦᠮᠵᠢ ᠨᠢ ᠣᠨᠴᠠᠭᠠᠶ ᠰᠠᠶᠢᠨ ᠪᠠᠶᠢᠵᠤ ᠂ ᠠᠩᠬ᠎ᠠ ᠠᠯᠬᠤᠮ |
ᠪᠠᠷᠤᠭᠴᠠᠭᠠᠯᠠᠭᠰᠠᠨ ᠢᠶᠠᠷ ᠮᠦ ᠪᠦᠷᠢ ᠶᠢᠨ ᠤᠨᠠᠯᠲᠠ 5000 ᠵᠢᠩ ᠠᠴᠠ 6000 ᠵᠢᠩ ᠳᠤ ᠬᠦᠷᠴᠦ ᠂ ᠴᠡᠪᠡᠷ |
ᠣᠷᠣᠯᠭ᠎ᠠ 1500 — 2000 ᠲᠥᠭᠦᠷᠢᠭ ᠲᠤ ᠬᠦᠷᠬᠦ ᠪᠣᠯᠤᠨ᠎ᠠ︾ ᠭᠡᠵᠡᠢ ᠃ ᠣᠯᠵᠠᠴᠢ ᠪᠠᠯᠭᠠᠰᠤᠨ ᠤ ᠳᠠᠷᠤᠭ᠎ᠠ |
ᠢᠦᠢ ᠫᠸᠢ ᡁᠢ ᠬᠡᠯᠡᠪᠡ ᠃ |
ᠪᠢᠳᠡᠨ ᠤ ᠡᠨᠡ ᠤᠳᠠᠬᠠᠨ ᠤ ᠬᠠᠶᠢᠨ ᠰᠦ᠋ᠪᠡᠭᠴᠢᠯᠡᠯᠲᠡ ᠠᠮᠵᠢᠯᠲᠠ ᠲᠠᠢ ᠭᠡᠵᠦ ᠬᠡᠯᠡᠵᠦ ᠪᠤᠯᠤᠨ᠎ᠠ ᠃ ᠠᠵᠤ |
ᠠᠬᠤᠶ ᠶᠢᠨ ᠦᠷ᠎ᠡ ᠠᠰᠢᠭ ᠢᠶᠠᠷ ᠰᠠᠶᠢᠨ ᠪᠠᠶᠢᠬᠤ ᠨᠢ ᠠᠷᠠᠳ ᠣᠯᠠᠨ ᠤ ᠣᠷᠣᠯᠭ᠎ᠠ ᠶᠢ ᠨᠡᠮᠡᠭᠳᠡᠭᠦᠯᠬᠦ ᠪᠣᠯ ᠨᠢᠭᠡ |
ᠲᠠᠯ᠎ᠠ ᠪᠣᠯᠤᠨ᠎ᠠ ᠂ ᠡᠷᠳᠡᠨᠢ ᠰᠢᠰᠢ ᠲᠠᠢ ᠬᠠᠷᠢᠴᠠᠭᠤᠯᠪᠠᠯ ᠂ ᠬᠠᠭᠤᠷᠠᠶ ᠪᠠᠷ ᠨᠡᠷᠡᠲᠦ ᠲᠥᠮᠥᠰᠥ ᠢ ᠳᠠᠷᠢᠪᠠᠯ ᠮᠦ ᠪᠦᠷᠢ |
400 ᠪᠣᠰᠤᠭ᠎ᠠ ᠳᠥᠷᠪᠡᠯᠵᠢᠨ ᠮᠧᠲᠷ ᠣᠷᠴᠢᠮ ᠤᠰᠤ ᠠᠷᠪᠢᠯᠠᠵᠤ ᠂ ᠡᠬᠢᠯᠡᠵᠦ ᠶᠡᠭᠡ ᠬᠡᠪᠴᠢᠶ᠎ᠡ ᠪᠠᠷ |
ᠳᠡᠯᠭᠡᠷᠡᠭᠦᠯᠪᠡᠯ ᠂ ᠤᠰᠤ ᠠᠷᠪᠢᠯᠠᠬᠤ ᠦᠷ᠎ᠡ ᠪᠦᠲᠦᠮᠵᠢ ᠨᠢ ᠮᠠᠰᠢ ᠰᠠᠶᠢᠨ ᠪᠠᠶᠢᠳᠠᠭ ᠂ ᠡᠨᠡ ᠨᠢ ᠬᠡᠲᠦᠷᠡᠲᠡᠯ᠎ᠡ |
ᠮᠠᠯᠲᠠᠭᠰᠠᠨ ᠣᠷᠣᠨ ᠢ ᠵᠠᠰᠠᠬᠤ ᠳᠤ ᠢᠳᠡᠪᠬᠢᠲᠡᠶ ᠠᠬᠢᠭᠤᠯᠬᠤ ᠦᠢᠯᠡᠳᠦᠯ ᠦᠵᠡᠭᠦᠯᠵᠡᠢ︾ ᠭᠡᠵᠡᠶ ᠃ ᠢᠦᠢ ᠫᠸᠢ ᡁᠢ |
ᠦᠷᠭᠦᠯᠵᠢᠯᠡᠨ ᠨᠦᠬᠦᠪᠦᠷᠢᠯᠡᠵᠦ ᠬᠡᠯᠡᠪᠡ ᠃ |
ᠨᠡᠷᠡᠲᠦ ᠲᠥᠮᠥᠰᠥ ᠂ ᠬᠦᠬᠦᠷᠭᠡᠨ᠎ᠡ ᠶᠢᠨ ᠦᠨᠳᠦᠰᠦ ᠂ ᠳ᠋ᠠ ᠱᠠ ᠲᠸᠤ ᠲᠣᠰᠬᠤᠨ ᠤ ᠵᠢᠮᠢᠰ ᠤᠨ ᠮᠣᠳᠣ ᠂ |
ᠬᠤᠩ ᠱᠠᠨ ᠨᠠᠭᠤᠷ ᠤᠨ ᠢᠳᠡᠰᠢᠨ ᠮᠥᠭᠦ ᠵᠡᠷᠭᠡ ᠨᠢᠭᠡ ᠪᠦᠯᠦᠭ ᠤᠰᠤ ᠠᠷᠪᠢᠯᠠᠬᠤ ᠬᠡᠯᠪᠡᠷᠢ ᠶᠢᠨ ᠤᠨᠴᠠᠯᠢᠬᠳᠤ |
ᠲᠥᠬᠦᠭᠡᠷᠦᠮᠵᠢ ᠶᠢᠨ ᠲᠠᠷᠢᠮᠠᠯ ᠤᠨ ᠠᠵᠤ ᠦᠢᠯᠡᠰ ᠥᠷᠨᠢᠭᠦᠨ ᠬᠥᠭᠵᠢᠵᠡᠢ ᠃ ᠣᠳᠤᠭ ᠤᠨ ᠡᠮᠦᠨᠡᠳᠦ ᠬᠤᠰᠢᠭᠤ |
ᠬᠡᠲᠦ ᠮᠠᠯᠳᠠᠭᠰᠠᠨ ᠣᠷᠣᠨ ᠢ ᠲᠦᠪᠯᠡᠷᠡᠭᠦᠯᠦᠭᠰᠡᠨ ᠲᠦᠬᠦᠭᠡᠷᠦᠮᠵᠢᠲᠦ ᠲᠠᠷᠢᠶᠠᠯᠠᠩ ᠤᠨ ᠬᠦᠭᠵᠢᠯᠳᠡ ᠶᠢᠨ ᠣᠷᠣᠨ |
ᠪᠣᠯᠭᠠᠨ ᠪᠠᠶᠢᠭᠤᠯᠬᠤ ᠪᠠᠷ ᠬᠦᠴᠦᠯᠡᠨ ᠴᠢᠷᠮᠠᠶᠢᠵᠤ ᠂ ᠣᠰᠣ ᠪᠠᠭ᠎ᠠ ᠵᠠᠷᠣᠴᠠᠭᠤᠯᠣᠭᠰᠠᠨ ᠂ ᠦᠨᠳᠦᠷ ᠦᠷ᠎ᠡ ᠠᠰᠢᠭᠳᠠᠢ |
ᠲᠠᠷᠢᠮᠠᠯ ᠤᠨ ᠪᠦᠲᠦᠴᠡ ᠶᠢ ᠬᠦᠴᠦᠯᠡᠨ ᠪᠠᠶᠢᠭᠤᠯᠵᠣ ᠂ ᠠᠵᠣ ᠣᠶᠢᠯᠠᠰ ᠤᠨ ᠣᠰᠣ ᠠᠷᠪᠢᠯᠠᠬᠤ ᠂ ᠣᠷᠣᠯᠭ᠎ᠠ ᠶᠢ |
ᠨᠡᠮᠡᠭᠳᠡᠭᠦᠯᠬᠦ ᠬᠤᠣᠰ ᠢᠯᠠᠯᠳᠠ ᠶᠢ ᠪᠡᠶᠡᠯᠡᠭᠦᠯᠬᠦ ᠬᠠᠷᠠᠯᠲᠠ ᠶᠢ ᠲᠦᠯᠬᠢᠨ ᠠᠬᠢᠭᠤᠯᠣᠨ ᠂ ︽ᠣᠰᠣᠨ ᠬᠤᠭᠤᠯᠠᠢ︾ ᠶᠢ |
ᠴᠢᠩᠭᠠᠯᠠᠬᠤ ᠪᠠᠷ ᠪᠠᠷᠠᠬᠤ ᠦᠭᠡᠢ ᠪᠠᠰᠠ ︽ᠵᠣᠭᠤᠰᠣᠨ ᠤᠭᠤᠳᠠ︾ ᠶᠢ ᠬᠦᠪᠴᠢᠯᠡᠨ᠎ᠡ ᠃ |
︽ᠣᠰᠣ ᠶᠢ ᠡᠵᠡᠮᠳᠡᠬᠦ ᠂ ᠣᠰᠣ ᠶᠢ ᠲᠠᠳᠠᠬᠤ ᠂ ᠣᠰᠣ ᠶᠢ ᠠᠷᠪᠢᠯᠠᠬᠤ ᠂ ᠣᠰᠣ ᠶᠢ ᠬᠠᠮᠢᠶᠠᠷᠬᠤ︾ ᠠᠵᠢᠯ ᠢ |
ᠴᠢᠩᠭ᠎ᠠ ᠠᠳᠬᠤᠵᠣ ᠂ ᠣᠳᠤᠭ ᠤᠨ ᠡᠮᠦᠨᠡᠳᠦ ᠬᠤᠰᠢᠭᠤ ᠵᠠᠪᠠᠯ ᠣᠰᠣ ᠵᠠᠰᠠᠬᠤ ᠰᠢᠲᠠᠷ᠎ᠠ ᠶᠢ ᠲᠠᠯᠪᠢᠵᠣ ᠂ ᠠᠷᠠᠳ ᠲᠤ |
ᠠᠰᠢᠭᠳᠠᠢ ᠡᠪᠬᠡᠮᠡᠯ ᠢ ᠬᠠᠷᠢᠭᠤᠯᠬᠤ ᠬᠡᠷᠡᠭᠳᠡᠢ ᠃ ᠢᠷᠡᠭᠡᠳᠦᠶ ᠪᠠᠨ ᠪᠠᠷᠠᠯᠠᠬᠤᠶ᠎ᠠ ᠂ ︽ᠰᠠᠭᠤᠷᠢ ᠥᠩᠭᠡ︾ ᠨᠢ ᠨᠠᠩ |
ᠥᠳᠬᠡᠨ ᠂ ︽ᠥᠩᠭᠡ ᠵᠢᠰᠦ︾ ᠨᠢ ᠨᠠᠩ ᠥᠨᠳᠥᠷ ᠂ ︽ᠰᠦᠷ ᠵᠢᠪᠬᠤᠭ᠎ᠠ︾ ᠨᠢ ᠨᠠᠩ ᠰᠠᠶᠢᠨ ᠤᠰᠤᠨ |
ᠠᠰᠢᠭᠯᠠᠯᠲᠠ ᠶᠢᠨ ᠵᠢᠷᠤᠭ ᠳᠦᠷᠰᠦ ᠣᠲᠤᠭ ᠤᠨ ᠡᠮᠦᠨᠡᠲᠦ ᠬᠤᠰᠢᠭᠤᠨ ᠤ ᠡᠬᠡ ᠭᠠᠵᠠᠷ ᠲᠤ ᠠᠯᠭᠤᠷᠬᠠᠨ |
ᠳᠡᠯᠭᠡᠭᠳᠡᠵᠦ ᠪᠠᠶᠢᠨ᠎ᠠ ᠃ |
︵ᠳᠤᠮᠳᠠᠳᠤ ᠤᠯᠤᠰ ᠤᠨ ᠤᠰᠤᠨ ᠠᠰᠢᠭᠯᠠᠯᠲᠠ ᠶᠢᠨ ᠰᠣᠨᠢᠨ ᠤ ᠮᠡᠳᠡᠭᠡᠯᠡᠭᠴᠢ ᠵᠤᠤ ᠴᠢᠶᠠᠨ |
ᠰᠤᠷᠪᠤᠯᠵᠢᠯᠠᠭᠴᠢ ᠯᠢ ᠵᠢᠶᠠᠨ ᠭᠦᠸᠧ︶ |
|