ᠬᠢᠩᠭᠠᠨ ᠠᠶᠢᠮᠠᠭ ᠤᠨ ᠲᠦᠴᠢᠦᠸᠠᠨ ᠰᠢᠶᠠᠨ ᠤ ᠨᠠᠮ ᠤᠨ ᠬᠤᠷᠢᠶᠠᠨ ᠤ ᠱᠦᠵᠢ ᠵᠠᠩ ᠱᠤᠸᠠᠩ ᠴᠧᠩ |
ᠤᠯᠠᠨ ᠵᠢᠯ ᠤᠨ ᠲᠤᠷᠰᠢ ᠂ ᠲᠦᠴᠢᠦᠸᠠᠨ ᠰᠢᠶᠠᠨ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ |
ᠦᠵᠡᠯ ᠰᠠᠨᠠᠭ᠎ᠠ ᠶᠢ ᠭᠦᠨᠵᠡᠭᠡᠢ ᠦᠢᠯᠡᠳᠦᠯᠭᠡᠵᠢᠭᠦᠯᠵᠦ ᠂ ᠶᠡᠷᠦᠩᠬᠡᠢ ᠱᠦᠵᠢ ᠰᠢ ᠶᠢᠨ ᠫᠢᠩ ᠤᠨ ︽ᠤᠰᠤ |
ᠠᠷᠪᠢᠯᠠᠬᠤ ᠶᠢ ᠲᠡᠷᠢᠭᠦᠨ ᠳᠤ ᠲᠠᠯᠪᠢᠬᠤ ᠂ ᠣᠷᠣᠨ ᠵᠠᠢ ᠶᠢ ᠲᠡᠩᠴᠡᠭᠦᠷᠢᠲᠡᠢ ᠪᠠᠶᠢᠯᠭᠠᠬᠤ ᠂ ᠰᠢᠰᠲ᠋ᠧᠮ ᠲᠠᠢ ᠵᠠᠰᠠᠬᠤ ᠂ |
ᠬᠤᠶᠠᠷ ᠲᠠᠯ᠎ᠠ ᠪᠠᠷ ᠬᠦᠴᠦᠯᠡᠬᠦ︾ ᠤᠰᠤ ᠶᠢ ᠵᠠᠰᠠᠬᠤ ᠰᠡᠳᠬᠢᠴᠡ ᠪᠣᠯᠤᠨ ᠤᠰᠤ ᠶᠢ ᠵᠠᠰᠠᠬᠤ ᠲᠤᠬᠠᠢ ᠴᠢᠬᠤᠯᠠ |
ᠥᠭᠦᠯᠡᠯᠲᠡ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠡᠭᠦᠷᠭᠡ |
ᠲᠤᠰᠢᠶᠠᠯ ᠢᠶᠠᠨ ᠬᠢᠴᠢᠶᠡᠩᠭᠦ᠋ᠢᠯᠡᠨ ᠭᠦᠢᠴᠡᠳᠬᠡᠵᠦ ᠂ ᠵᠣᠷᠢᠭᠲᠠᠢ ᠪᠠᠷ ᠤᠷᠤᠭᠰᠢᠯᠠᠵᠤ ᠂ ᠤᠰᠤ ᠠᠷᠪᠢᠯᠠᠬᠤ |
ᠬᠡᠯᠪᠡᠷᠢ ᠶᠢᠨ ᠨᠡᠶᠢᠭᠡᠮ ᠤᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ ᠂ ᠤᠰᠤᠨ ᠤ ᠡᠬᠢ ᠪᠠᠶᠠᠯᠢᠭ ᠢ ᠠᠷᠪᠢᠯᠠᠵᠤ |
ᠡᠷᠴᠢᠮᠵᠢᠭᠦᠯᠦᠨ ᠠᠰᠢᠭᠯᠠᠬᠤ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠪᠡ ᠃ |
ᠨᠢᠭᠡ ᠂ ᠦᠵᠦ ᠲᠥᠯᠥᠪᠯᠡᠭᠡ ᠶᠢ ᠴᠢᠩᠭᠠᠳᠬᠠᠵᠤ ᠂ ᠤᠰᠤ ᠬᠠᠮᠢᠶᠠᠷᠬᠤ ᠳᠦᠷᠢᠮ ᠤᠨ ᠰᠢᠰᠲ᠋ᠧᠮ ᠢ |
ᠲᠡᠭᠦᠯᠳᠡᠷᠵᠢᠭᠦᠯᠪᠡ |
ᠨᠢᠭᠡ ᠳᠤ ᠂ ᠬᠠᠷᠢᠭᠤᠴᠠᠯᠭ᠎ᠠ ᠶᠢ ᠡᠴᠦᠰ ᠲᠤᠨᠢ ᠲᠤᠯᠲᠠᠯ᠎ᠠ ᠨᠠᠶᠢᠳᠠᠪᠤᠷᠢᠵᠢᠭᠤᠯᠪᠠ ᠃ ᠰᠢᠶᠠᠨ ᠤ ᠬᠡᠪᠴᠢᠶᠡᠨ ᠤ |
ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠤᠨ ᠪᠠᠷᠢᠮᠵᠢᠶ᠎ᠠ ᠳᠤ ᠬᠦᠷᠦᠭᠦᠯᠬᠦ ᠪᠦᠲᠦᠭᠡᠨ ᠪᠠᠶᠢᠭᠤᠯᠤᠯᠲᠠ ᠶᠢᠨ |
ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ ᠂ ᠡᠯ᠎ᠡ ᠰᠢᠶᠠᠩ ᠪᠠᠯᠭᠠᠰᠤ ᠵᠣᠬᠢᠴᠠᠩᠭᠤᠶ ᠠᠵᠢᠯ ᠤᠨ |
ᠪᠠᠶᠢᠭᠤᠯᠤᠮᠵᠢ ᠶᠢ ᠵᠡᠷᠭᠡᠪᠡᠷ ᠵᠣᠬᠢᠶᠠᠨ ᠪᠠᠶᠢᠭᠤᠯᠵᠤ ᠂ ︽ᠨᠠᠮ ᠤᠨ ᠬᠤᠷᠢᠶ᠎ᠠ ᠤᠳᠤᠷᠢᠳᠬᠤ ᠂ ᠵᠠᠰᠠᠭ ᠤᠨ ᠣᠷᠳᠣᠨ |
ᠭᠤᠤᠯᠯᠠᠨ ᠤᠳᠤᠷᠢᠳᠬᠤ ᠂ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠂ ᠵᠠᠬ᠎ᠠ ᠳᠡᠯᠭᠡᠭᠦᠷ ᠤᠨ |
ᠲᠣᠬᠢᠷᠠᠭᠤᠯᠤᠯᠲᠠ ᠂ ᠣᠯᠠᠨ ᠨᠡᠶᠢᠲᠡ ᠶᠢᠨ ᠣᠷᠣᠯᠴᠠᠬᠤ︾ ᠠᠵᠢᠯ ᠤᠨ ᠲᠣᠭᠲᠠᠴᠠ ᠶᠢ ᠪᠦᠷᠢᠨᠰᠢᠭᠦᠯᠦᠨ |
ᠲᠡᠭᠦᠯᠳᠡᠷᠵᠢᠭᠦᠯᠵᠦ ᠂ ᠪᠥᠬᠦ ᠰᠢᠶᠠᠨ ᠤ ᠤᠰᠤ ᠠᠷᠪᠢᠯᠠᠬᠤ ︽ᠨᠢᠭᠡ ᠬᠥᠯᠭᠡ ᠰᠢᠲᠠᠷ᠎ᠠ︾ ᠶᠢ ᠪᠣᠶ ᠪᠣᠯᠭᠠᠵᠤ ᠂ ᠪᠥᠬᠦ |
ᠰᠢᠶᠠᠨ ᠤ ᠡᠯ᠎ᠡ ᠰᠢᠶᠠᠩ ᠪᠠᠯᠭᠠᠰᠤ ᠂ ᠰᠠᠯᠠᠭ᠎ᠠ ᠮᠥᠴᠢᠷ ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠤᠰᠤ |
ᠠᠷᠪᠢᠯᠠᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ ᠂ ᠵᠡᠷᠭᠡ ᠪᠠᠷ ᠠᠳᠬᠤᠨ ᠬᠠᠮᠲᠤ ᠪᠠᠷ ᠬᠠᠮᠢᠶᠠᠷᠴᠤ ᠂ ᠬᠠᠮᠲᠤᠷᠠᠨ |
ᠬᠦᠴᠦᠯᠡᠪᠡ ᠃ |
ᠬᠤᠶᠠᠷ ᠲᠤ ᠂ ᠳᠦᠷᠢᠮ ᠢ ᠲᠤᠭᠤᠰᠢᠲᠠᠢ ᠲᠤᠭᠤᠰᠢᠯᠠᠭᠤᠯᠪᠠ ᠃ ︽ᠥᠪᠥᠷ ᠮᠣᠩᠭᠤᠯ ᠤᠨ ᠥᠪᠡᠷᠲᠡᠭᠡᠨ |
ᠵᠠᠰᠠᠬᠤ ᠣᠷᠣᠨ ᠤ ᠤᠰᠤ ᠶᠢ ᠠᠷᠪᠢᠯᠠᠨ ᠭᠠᠮᠨᠠᠬᠤ ᠲᠦᠷᠢᠮ︾ ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ |
ᠣᠷᠣᠨ ᠤ ᠭᠠᠵᠠᠷ ᠳᠣᠤᠷᠠᠬᠢ ᠤᠰᠤᠨ ᠤ ᠬᠠᠮᠢᠶᠠᠷᠤᠯᠲᠠ ᠶᠢᠨ ᠠᠷᠭ᠎ᠠ︾ ᠵᠡᠷᠭᠡ ᠬᠠᠤᠯᠢ ᠴᠠᠭᠠᠵᠠ ᠬᠠᠤᠯᠢ |
ᠲᠣᠭᠲᠠᠭᠠᠯ ᠪᠠ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠢ ᠬᠢᠨᠠᠮᠠᠭᠠᠶ ᠲᠤᠭᠤᠰᠢᠯᠠᠭᠤᠯᠤᠨ |
ᠨᠠᠶᠢᠳᠠᠪᠤᠷᠢᠵᠢᠭᠤᠯᠵᠤ ᠂ ᠤᠰᠤᠨ ᠤ ᠡᠬᠢ ᠪᠠᠶᠠᠯᠢᠭ ᠤᠨ ᠶᠡᠷᠦᠩᠬᠡᠶ ᠬᠡᠮᠵᠢᠶ᠎ᠡ ᠶᠢ ᠡᠵᠡᠮᠳᠡᠬᠦ ᠵᠢᠴᠢ ᠤᠰᠤ ᠠᠷᠪᠢᠯᠠᠬᠤ |
ᠵᠡᠷᠭᠡ ᠬᠢᠵᠠᠭᠠᠷᠯᠠᠬᠤ ᠴᠢᠨᠠᠷᠲᠠᠶ ᠭᠦᠢᠴᠡᠳᠬᠡᠯ ᠲᠤᠭ᠎ᠠ ᠶᠢᠨ ᠬᠠᠮᠢᠶᠠᠷᠤᠯᠲᠠ ᠶᠢ ᠴᠢᠩᠭᠠᠳᠬᠠᠬᠤ ᠡᠯ᠎ᠡ ᠵᠦᠢᠯ ᠤᠨ |
ᠡᠭᠦᠷᠭᠡ ᠪᠠ ᠱᠠᠭᠠᠷᠳᠠᠯᠭ᠎ᠠ ᠶᠢ ᠲᠣᠳᠣᠷᠬᠠᠶᠢᠯᠠᠨ ᠂ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠤᠨ ᠪᠠᠶᠢᠭᠤᠯᠤᠯᠲᠠ ᠶᠢᠨ |
ᠲᠥᠷᠥ ᠶᠢᠨ ᠪᠣᠳᠣᠯᠭ᠎ᠠ ᠶᠢᠨ ᠰᠢᠰᠲ᠋ᠧᠮᠵᠢ ᠶᠢᠨ ︽ᠳᠥᠷᠪᠡᠨ ᠨᠢᠷᠤᠭᠤ ᠨᠠᠢᠮᠠᠨ ᠲᠤᠯᠭᠠᠭᠤᠷᠢ︾ ᠶᠢ ᠪᠠᠶᠢᠭᠤᠯᠵᠤ ᠂ |
ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠂ ᠬᠦᠴᠦᠯᠡᠴᠡ ᠶᠢᠨ ᠬᠤᠶᠠᠷ ᠢ ᠡᠵᠡᠮᠳᠡᠬᠦ ᠶᠢ ᠪᠣᠳᠠᠲᠠᠶᠢᠵᠢᠭᠤᠯᠬᠤ ᠶᠢ ᠦᠨᠡᠨ ᠬᠦ |
ᠪᠠᠲᠤᠯᠠᠪᠠ ᠃ |
ᠭᠤᠷᠪᠠ ᠳᠤ ᠂ ᠬᠢᠨᠠᠯᠲᠠ ᠬᠠᠮᠢᠶᠠᠷᠤᠯᠲᠠ ᠶᠢ ᠴᠢᠩᠭᠠᠳᠬᠠᠪᠠ ᠃ ᠤᠰᠤ ᠠᠷᠪᠢᠯᠠᠬᠤ ︽ᠭᠤᠷᠪᠠ ᠶᠢ ᠵᠡᠷᠭᠡ ᠳᠤᠨᠢ |
︾ ᠬᠠᠮᠢᠶᠠᠷᠬᠤ ᠶᠢ ᠠᠬᠢᠭᠤᠯᠵᠤ ᠂ ᠤᠰᠤ ᠠᠷᠪᠢᠯᠠᠬᠤ ᠶᠢ ᠬᠢᠨᠠᠨ ᠪᠠᠶᠢᠴᠠᠭᠠᠬᠤ ᠂ ᠰᠢᠯᠭᠠᠨ ᠠᠪᠬᠤ ᠶᠢ ᠲᠥᠷᠥᠯ |
ᠵᠦᠢᠯ ᠤᠨ ᠪᠦᠲᠦᠭᠡᠨ ᠪᠠᠶᠢᠭᠤᠯᠤᠯᠲᠠ ᠶᠢᠨ ᠦᠨᠳᠦᠰᠦᠨ ᠳᠡᠰ ᠳᠠᠷᠠᠭᠠᠯᠠᠯ ᠳᠤ ᠵᠢᠭᠰᠠᠭᠠᠨ ᠣᠷᠣᠭᠤᠯᠵᠤ ᠂ ᠲᠥᠷᠥᠯ |
ᠵᠦᠢᠯ ᠤᠨ ᠤᠰᠤ ᠠᠷᠪᠢᠯᠠᠬᠤ ᠪᠡᠯᠡᠳᠬᠡᠮᠵᠢ ᠶᠢ ᠭᠤᠤᠯ ᠴᠣᠭᠴᠠ ᠶᠢᠨ ᠪᠠᠷᠢᠯᠭ᠎ᠠ ᠯᠤᠭ᠎ᠠ ᠵᠡᠷᠭᠡ ᠳᠤᠨᠢ ᠵᠢᠷᠤᠭᠯᠠᠨ |
ᠲᠥᠯᠥᠪᠯᠡᠵᠦ ᠂ ᠵᠡᠷᠭᠡ ᠳᠤᠨᠢ ᠪᠠᠷᠢᠯᠭ᠎ᠠ ᠪᠠᠷᠢᠵᠤ ᠂ ᠵᠡᠷᠭᠡ ᠳᠤᠨᠢ ᠠᠰᠢᠭᠯᠠᠯᠲᠠ ᠳᠤ ᠣᠷᠣᠭᠤᠯᠬᠤ ᠶᠢ ᠦᠨᠡᠨ ᠬᠦ |
ᠪᠠᠲᠤᠯᠠᠪᠠ ᠃ ᠤᠰᠤ ᠶᠢ ᠠᠷᠪᠢᠯᠠᠵᠤ ᠬᠡᠷᠡᠭᠯᠡᠬᠦ ᠶᠢ ᠬᠢᠵᠠᠭᠠᠷᠯᠠᠬᠤ ᠴᠢᠨᠠᠷᠲᠠᠶ ᠭᠦᠢᠴᠡᠳᠬᠡᠬᠦ ᠲᠤᠭ᠎ᠠ ᠪᠣᠯᠭᠠᠵᠤ |
ᠤᠰᠤᠨ ᠤ ᠡᠬᠢ ᠪᠠᠶᠠᠯᠢᠭ ᠤᠨ ᠬᠠᠮᠤᠭ ᠤᠨ ᠴᠢᠩᠭ᠎ᠠ ᠬᠠᠮᠢᠶᠠᠷᠤᠯᠲᠠ ᠶᠢᠨ ᠳᠦᠷᠢᠮ ᠤᠨ ᠰᠢᠯᠭᠠᠨ ᠬᠢᠨᠠᠬᠤ ᠳᠤ |
ᠣᠷᠣᠭᠤᠯᠬᠤ ᠬᠡᠷᠡᠭᠲᠡᠶ ᠃ ︽ᠬᠤᠶᠠᠷ ᠢ ᠰᠤᠭᠤᠴᠢᠵᠤ ᠨᠢᠭᠡ ᠶᠢ ᠢᠯᠡ ᠪᠣᠯᠭᠠᠬᠤ︾ ᠬᠢᠨᠠᠯᠲᠠ ᠪᠠᠶᠢᠴᠠᠭᠠᠯᠲᠠ ᠶᠢ |
ᠥᠷᠨᠢᠭᠦᠯᠵᠦ ᠂ ᠬᠠᠤᠯᠢ ᠲᠣᠭᠲᠠᠭᠠᠯ ᠠᠴᠠ ᠵᠥᠷᠢᠴᠡᠨ ᠤᠰᠤ ᠠᠪᠴᠤ ᠬᠡᠷᠡᠭᠯᠡᠬᠦ ᠵᠢᠭᠰᠠᠭᠠᠨ ᠪᠠᠶᠢᠴᠠᠭᠠᠬᠤ ᠡᠬᠡ |
ᠲᠠᠩᠰᠠ ᠶᠢ ᠪᠠᠶᠢᠭᠤᠯᠤᠨ ᠂ ︽ᠬᠤᠣᠰ ᠲᠤᠬᠢᠶᠠᠯᠳᠤᠮᠵᠢ ᠨᠢᠭᠡ ᠢᠯᠡ︾ ᠪᠠ ︽ᠢᠨᠲ᠋ᠧᠷ ᠰᠦᠯᠵᠢᠶ᠎ᠡ︾ ᠶᠢᠨ |
ᠲᠠᠪᠴᠠᠩ ᠢᠶᠠᠷ ᠳᠠᠮᠵᠢᠭᠤᠯᠤᠨ ᠡᠳᠦᠷ ᠲᠤᠲᠤᠮ ᠤᠨ ᠬᠢᠨᠠᠯᠲᠠ ᠪᠠᠶᠢᠴᠠᠭᠠᠯᠲᠠ ᠶᠢ ᠴᠢᠩᠭᠠᠷᠠᠭᠤᠯᠵᠤ ᠂ ᠪᠠᠶᠢᠴᠠᠭᠠᠭᠰᠠᠨ |
ᠦᠷ᠎ᠡ ᠳ᠋ᠦᠩ ᠢ ᠳᠡᠩᠰᠡᠯᠡᠵᠦ ᠰᠦᠯᠵᠢᠶᠡᠨ ᠳᠤ ᠭᠠᠷᠭᠠᠵᠤ ᠂ ᠬᠢᠨᠠᠯᠲᠠ ᠬᠠᠮᠢᠶᠠᠷᠤᠯᠲᠠ ᠶᠢᠨ ᠠᠷᠭ᠎ᠠ ᠪᠠᠷᠢᠯ ᠢ |
ᠲᠠᠰᠤᠷᠠᠯᠲᠠ ᠥᠬᠡᠶ ᠰᠢᠯᠢᠳᠡᠭᠵᠢᠭᠦᠯᠦᠨ ᠂ ᠡᠯ᠎ᠡ ᠵᠦᠢᠯ ᠤᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠬᠦᠴᠦᠲᠡᠶ |
ᠳᠥᠯᠭᠢᠨ ᠠᠬᠢᠭᠤᠯᠪᠠ ᠃ |
ᠬᠤᠶᠡᠷ ᠂ ᠳᠥᠷᠦᠯ ᠬᠤᠪᠢᠶᠡᠨ ᠠᠷᠭ᠎ᠠ ᠪᠤᠳᠣᠯᠭ᠎ᠠ ᠭᠡᠷᠡᠭᠵᠢᠬᠦᠯᠬᠦ ᠶᠢ ᠴᠢᠩᠭᠠᠷᠡᠭᠤᠯᠥᠨ ᠂ ᠣᠰᠦ ᠠᠷᠪᠢᠯᠡᠨ |
ᠣᠰᠦ ᠡᠵᠡᠮᠳᠡᠬᠦ ᠠᠷᠭ᠎ᠠ ᠭᠡᠮᠵᠢᠶ᠎ᠠ ᠶᠢ ᠨᠠᠶᠢᠳᠠᠪᠤᠷᠢᠵᠢᠭᠤᠯᠪᠠ |
ᠨᠢᠭᠡ ᠳᠤ ᠂ ᠲᠠᠷᠢᠶᠠᠯᠠᠩ ᠤᠨ ᠤᠰᠤ ᠠᠷᠪᠢᠯᠠᠵᠤ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠪᠠ ᠃ ᠤᠰᠤ |
ᠠᠷᠪᠢᠯᠠᠬᠤ ᠤᠰᠤᠯᠠᠯᠲᠠ ᠶᠢ ᠶᠡᠬᠡᠪᠡᠷ ᠲᠦᠯᠬᠢᠨ ᠠᠬᠢᠭᠤᠯᠵᠤ ᠂ ᠰᠦᠷᠴᠢᠨ ᠤᠰᠤᠯᠠᠬᠤ ᠂ ᠳᠤᠰᠤᠯᠭᠠᠨ ᠤᠰᠤᠯᠠᠬᠤ ᠂ |
ᠭᠦᠨ ᠰᠤᠯᠠᠷᠠᠭᠤᠯᠵᠤ ᠭᠦᠨ ᠬᠠᠭᠠᠯᠪᠤᠷᠢᠯᠠᠬᠤ ᠂ ᠪᠦᠷᠬᠦᠴᠡ ᠪᠠᠷ ᠴᠢᠭᠢᠭ ᠢ ᠬᠠᠮᠠᠭᠠᠯᠠᠬᠤ ᠵᠡᠷᠭᠡ ᠤᠰᠤ ᠠᠷᠪᠢᠯᠠᠵᠤ |
ᠭᠠᠩ ᠬᠠᠭᠰᠠᠷᠠᠭᠠᠨ ᠲᠠᠢ ᠲᠡᠮᠡᠴᠡᠬᠦ ᠮᠡᠷᠭᠡᠵᠢᠯ ᠪᠠ ᠤᠷᠠᠨ ᠳᠠᠷᠬ᠎ᠠ ᠶᠢ ᠳᠡᠯᠭᠡᠷᠡᠭᠦᠯᠵᠦ ᠂ ᠲᠠᠷᠢᠶᠠᠯᠠᠩ ᠤᠨ ᠤᠰᠤ |
ᠠᠷᠪᠢᠯᠠᠬᠤ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ ᠂ ᠬᠠᠭᠤᠴᠢᠨ ᠤᠰᠤᠯᠠᠯᠲᠠ ᠶᠢᠨ |
ᠰᠤᠪᠠᠭ ᠲᠤ ᠨᠡᠪᠴᠢᠬᠦ ᠶᠢ ᠰᠡᠷᠭᠡᠶᠢᠯᠡᠬᠦ ᠥᠭᠡᠷᠡᠴᠢᠯᠡᠯᠲᠡ ᠬᠢᠵᠦ ᠂ ᠨᠢᠭᠡ ᠪᠦᠯᠦᠭ ᠤᠰᠤ ᠠᠷᠪᠢᠯᠠᠬᠤ |
ᠤᠰᠤᠯᠠᠯᠲᠠ ᠶᠢᠨ ᠢᠨᠵᠧᠨᠧᠷᠢᠩ ᠢ ᠰᠢᠨ᠎ᠡ ᠪᠠᠷ ᠪᠠᠶᠢᠭᠤᠯᠵᠤ ᠂ ᠪᠦᠬᠦ ᠰᠢᠶᠠᠨ ᠤ ᠥᠨᠳᠥᠷ ᠪᠦᠲᠦᠮᠵᠢᠲᠡᠶ ᠤᠰᠤ |
ᠠᠷᠪᠢᠯᠠᠬᠤ ᠤᠰᠤᠯᠠᠯᠲᠠ ᠶᠢᠨ ᠲᠠᠯᠠᠪᠠᠢ 171.11 ᠲᠦᠮᠡᠨ ᠮᠦ ᠳᠤ ᠬᠦᠷᠪᠡ ᠃ ᠮᠠᠯ ᠠᠵᠤ ᠠᠬᠤᠶ ᠵᠢᠭᠠᠰᠤᠨ ᠠᠵᠤ |
ᠠᠬᠤᠶ ᠶᠢᠨ ᠤᠰᠤ ᠠᠷᠪᠢᠯᠠᠬᠤ ᠶᠢ ᠶᠡᠬᠡᠪᠡᠷ ᠳᠡᠯᠭᠡᠷᠡᠭᠦᠯᠵᠦ ᠂ ᠠᠮᠢ ᠠᠬᠤᠶ ᠶᠢᠨ ᠠᠮᠤᠷ ᠲᠦᠪᠰᠢᠨ ᠂ ᠤᠰᠤᠨ ᠤ ᠡᠬᠢ |
ᠪᠠᠶᠠᠯᠢᠭ ᠢ ᠬᠠᠮᠠᠭᠠᠯᠠᠬᠤ ᠪᠠᠷ ᠭᠤᠤᠯ ᠪᠣᠯᠭᠠᠨ ᠂ ᠰᠢᠨᠵᠢᠯᠡᠬᠦ ᠤᠬᠠᠭᠠᠨᠴᠢ ᠪᠠᠷ ᠲᠡᠵᠢᠭᠡᠨ ᠦᠷᠡᠵᠢᠭᠦᠯᠬᠦ ᠂ ᠮᠠᠯ |
ᠵᠢᠭᠦᠷᠲᠡᠨ ᠤ ᠢᠯᠭᠠᠳᠠᠰᠤ ᠶᠢ ᠡᠬᠢ ᠪᠠᠶᠠᠯᠢᠭᠵᠢᠭᠤᠯᠤᠨ ᠠᠰᠢᠭᠯᠠᠬᠤ ᠪᠠᠷ ᠭᠤᠤᠯᠳᠠᠯᠭ᠎ᠠ ᠪᠣᠯᠭᠠᠵᠤ ᠂ ᠪᠠᠭᠠᠰᠤ |
ᠰᠢᠭᠡᠰᠦ ᠶᠢ ᠴᠡᠪᠡᠷᠯᠡᠬᠦ ᠂ ᠢᠰᠬᠡᠬᠦ ᠣᠷᠣ ᠵᠡᠷᠭᠡ ᠤᠷᠠᠨ ᠳᠠᠷᠬ᠎ᠠ ᠶᠢᠨ ᠮᠡᠷᠭᠡᠵᠢᠯ ᠪᠣᠯᠤᠨ ᠠᠷᠭ᠎ᠠ ᠬᠡᠮᠵᠢᠶ᠎ᠡ ᠶᠢ |
ᠳᠡᠯᠭᠡᠷᠡᠭᠦᠯᠬᠦ ᠪᠠᠷ ᠳᠠᠮᠵᠢᠭᠤᠯᠤᠨ ᠂ ᠪᠠᠭᠠᠰᠤ ᠰᠢᠭᠡᠰᠦ ᠶᠢᠨ ᠬᠡᠮᠵᠢᠶ᠎ᠡ ᠶᠢ ᠪᠠᠭᠠᠰᠬᠠᠬᠤ ᠂ ᠡᠬᠢ ᠪᠠᠶᠠᠯᠢᠭᠵᠢᠭᠤᠯᠬᠤ ᠂ |
ᠬᠤᠤᠷ ᠥᠬᠡᠶᠢᠳᠡᠭᠦᠯᠬᠦ ᠶᠢ ᠪᠡᠶᠡᠯᠡᠭᠦᠯᠦᠨ᠎ᠡ ᠃ 2023 ᠣᠨ ᠳᠤ ᠂ ᠲᠠᠷᠢᠶᠠᠯᠠᠩ ᠳᠤ ᠬᠡᠷᠡᠭᠯᠡᠬᠦ ᠤᠰᠤ ᠶᠢ ᠳᠡᠭᠡᠷ᠎ᠡ |
ᠵᠢᠯ ᠤᠨ ᠬᠢ ᠠᠴᠠ 217.27 ᠲᠦᠮᠡᠨ ᠪᠣᠰᠤᠭ᠎ᠠ ᠳᠥᠷᠪᠡᠯᠵᠢᠨ ᠮᠧᠲᠷ ᠪᠠᠭᠠᠰᠬᠠᠵᠤ ᠂ ᠲᠠᠷᠢᠶᠠᠨ ᠭᠠᠵᠠᠷ ᠤᠨ |
ᠤᠰᠤᠯᠠᠯᠲᠠ ᠶᠢᠨ ᠪᠦᠲᠦᠮᠵᠢᠲᠡᠶ ᠠᠰᠢᠭᠯᠠᠯᠲᠠ ᠶᠢᠨ ᠢᠯᠡᠳᠬᠡᠮᠵᠢ 0.603 % ᠳᠤ ᠬᠦᠷᠪᠡ ᠃ |
ᠬᠤᠶᠠᠷ ᠲᠤ ᠂ ᠤᠰᠤ ᠶᠡᠭᠡ ᠬᠤᠷᠣᠭᠳᠠᠭᠤᠯᠬᠤ ᠠᠵᠤ ᠦᠢᠯᠡᠳᠪᠦᠷᠢ ᠶᠢᠨ ᠦᠢᠯᠡᠴᠢᠯᠡᠭᠡᠨ ᠤ ᠦᠢᠯᠡᠰ ᠤᠨ |
ᠤᠰᠤ ᠠᠷᠪᠢᠯᠠᠵᠤ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠶᠢ ᠠᠬᠢᠭᠤᠯᠪᠠ ᠃ ᠤᠰᠤ ᠶᠡᠭᠡ |
ᠬᠤᠷᠣᠭᠳᠠᠭᠤᠯᠬᠤ ᠦᠢᠯᠡᠴᠢᠯᠡᠭᠡᠨ ᠤ ᠦᠢᠯᠡᠰ ᠤᠨ ᠤᠰᠤ ᠬᠡᠷᠡᠭᠯᠡᠬᠦ ᠲᠣᠭᠲᠠᠭᠰᠠᠨ ᠨᠣᠷᠮ᠎ᠠ ᠶᠢᠨ ᠬᠠᠮᠢᠶᠠᠷᠤᠯᠲᠠ ᠶᠢ |
ᠪᠥᠬᠦ ᠲᠠᠯ᠎ᠠ ᠪᠠᠷ ᠴᠢᠩᠭᠠᠳᠬᠠᠬᠤ ᠶᠢᠨ ᠬᠠᠮᠲᠤ ᠤᠰᠤᠨ ᠤ ᠬᠡᠮᠵᠢᠶ᠎ᠡ ᠶᠢ ᠬᠢᠨᠠᠨ ᠲᠣᠭᠲᠠᠭᠠᠬᠤ ᠠᠵᠢᠯ ᠲᠠᠢ |
ᠤᠶᠠᠯᠳᠤᠭᠤᠯᠤᠨ ᠂ ᠤᠰᠤ ᠶᠡᠭᠡ ᠬᠤᠷᠣᠭᠳᠠᠭᠤᠯᠬᠤ ᠨᠢᠭᠡᠴᠢ ᠶᠢᠨ ᠬᠡᠮᠵᠢᠯᠲᠡ ᠶᠢᠨ ᠪᠡᠯᠡᠳᠬᠡᠮᠵᠢ ᠶᠢ ᠤᠭᠰᠠᠷᠠᠬᠤ ᠪᠠ |
ᠠᠵᠢᠯᠯᠠᠭᠤᠯᠬᠤ ᠪᠠᠶᠢᠳᠠᠯ ᠳᠤ ᠲᠤᠬᠠᠶ ᠶᠢᠨ ᠲᠠᠯᠠᠪᠤᠷ ᠤᠨ ᠪᠠᠶᠢᠴᠠᠭᠠᠯᠲᠠ ᠬᠢᠵᠦ ᠂ ᠭᠤᠭᠤᠵᠢᠬᠤ ᠦᠵᠡᠭᠳᠡᠯ ᠭᠠᠷᠬᠤ ᠶᠢ |
ᠡᠷᠡᠰ ᠬᠤᠷᠢᠭᠯᠠᠪᠠ ᠃ ᠲᠥᠷᠥ ᠶᠢᠨ ᠪᠣᠳᠣᠯᠭ᠎ᠠ ᠪᠠᠷ ᠬᠥᠲᠥᠯᠥᠨ ᠵᠢᠯᠣᠭᠤᠳᠬᠤ ᠶᠢ ᠴᠢᠩᠭᠠᠳᠬᠠᠵᠤ ᠂ ᠠᠵᠤ |
ᠦᠢᠯᠡᠳᠪᠦᠷᠢ ᠶᠢᠨ ᠠᠵᠤ ᠠᠬᠤᠶᠢᠯᠠᠯ ᠤᠨ ᠦᠢᠯᠡᠳᠪᠦᠷᠢᠯᠡᠯ ᠤᠨ ᠤᠷ᠎ᠠ ᠮᠡᠷᠭᠡᠵᠢᠯ ᠢᠶᠠᠨ ᠰᠠᠶᠢᠵᠢᠷᠠᠭᠤᠯᠤᠨ ᠂ |
ᠦᠢᠯᠡᠳᠪᠦᠷᠢᠯᠡᠯ ᠤᠨ ᠲᠣᠨᠤᠭ ᠲᠥᠬᠦᠭᠡᠷᠦᠮᠵᠢ ᠪᠠᠨ ᠰᠢᠨᠡᠳᠬᠡᠵᠦ ᠂ ᠬᠠᠶᠠᠭᠳᠠᠮᠠᠯ ᠤᠰᠤ ᠶᠢ ᠡᠷᠭᠢᠯᠳᠦᠭᠦᠯᠦᠨ |
ᠠᠰᠢᠭᠯᠠᠬᠤ ᠪᠠ ᠶᠡᠷᠦᠩᠬᠡᠶᠢᠯᠡᠨ ᠠᠰᠢᠭᠯᠠᠬᠤ ᠶᠢ ᠠᠬᠢᠭᠤᠯᠤᠭᠰᠠᠨ ᠪᠠᠶᠢᠨ᠎ᠠ ᠃ ᠡᠭᠦᠨ ᠤ ᠬᠠᠮᠲᠤ ᠂ ᠤᠰᠤ ᠶᠡᠭᠡ |
ᠬᠤᠷᠣᠭᠳᠠᠭᠤᠯᠬᠤ ᠠᠵᠢᠯ ᠲᠥᠷᠥᠯ ᠤᠨ ᠤᠰᠤ ᠠᠷᠪᠢᠯᠠᠵᠤ ᠦᠷ᠎ᠡ ᠠᠰᠢᠭ ᠢ ᠨᠡᠮᠡᠭᠳᠡᠭᠦᠯᠬᠦ ᠶᠢ ᠬᠡᠷᠡᠭᠵᠢᠭᠦᠯᠵᠦ ᠂ |
ᠲᠡᠷᠢᠭᠦᠨ ᠤ ᠤᠰᠤ ᠠᠷᠪᠢᠯᠠᠬᠤ ᠤᠷᠠᠨ ᠳᠠᠷᠬ᠎ᠠ ᠪᠣᠯᠤᠨ ᠮᠡᠷᠭᠡᠵᠢᠯ ᠢ ᠶᠡᠬᠡᠪᠡᠷ ᠳᠡᠯᠭᠡᠷᠡᠭᠦᠯᠵᠦ ᠂ ᠤᠰᠤ ᠬᠡᠷᠡᠭᠯᠡᠬᠦ |
ᠤᠷᠠᠨ ᠳᠠᠷᠬ᠎ᠠ ᠪᠣᠯᠤᠨ ᠳᠠᠪᠲᠠᠨ ᠠᠰᠢᠭᠯᠠᠬᠤ ᠨᠣᠷᠮ᠎ᠠ ᠶᠢ ᠲᠠᠰᠤᠷᠠᠯᠲᠠ ᠤᠢᠭᠡᠢ ᠳᠡᠭᠡᠭᠰᠢᠯᠡᠭᠦᠯᠪᠡ ᠃ |
ᠭᠤᠷᠪᠠ ᠳᠤ ᠂ ᠤᠰᠤ ᠠᠷᠪᠢᠯᠠᠵᠤ ᠬᠤᠬᠢᠷᠠᠯ ᠢ ᠪᠠᠭᠠᠰᠬᠠᠬᠤ ᠶᠢ ᠠᠬᠢᠭᠤᠯᠪᠠ ᠃ ᠬᠤᠲᠠ ᠪᠠᠯᠭᠠᠰᠤᠨ ᠤ ᠤᠰᠤ |
ᠬᠠᠩᠭᠠᠬᠤ ᠬᠤᠭᠤᠯᠠᠶ ᠶᠢᠨ ᠲᠣᠤᠷ ᠢ ᠥᠭᠡᠷᠡᠴᠢᠯᠡᠬᠦ ᠢᠨᠵᠧᠨᠧᠷᠢᠩ ᠢ ᠦᠷᠭᠦᠯᠵᠢᠯᠡᠨ ᠠᠬᠢᠭᠤᠯᠵᠤ ᠂ 2023 — |
2024 ᠣᠨ ᠳᠤ ᠂ 4300 ᠲᠦᠮᠡᠨ ᠲᠥᠭᠦᠷᠢᠭ ᠢ ᠣᠯᠠᠨ ᠨᠡᠶᠢᠲᠡ ᠶᠢᠨ ᠤᠰᠤ ᠬᠠᠩᠭᠠᠬᠤ ᠬᠤᠭᠤᠯᠠᠶ ᠶᠢᠨ |
ᠲᠣᠤᠷ ᠢ ᠥᠭᠡᠷᠡᠴᠢᠯᠡᠬᠦ ᠳᠤ ᠬᠡᠷᠡᠭᠯᠡᠵᠦ ᠂ ᠥᠭᠡᠷᠡᠴᠢᠯᠡᠭᠰᠡᠨ ᠤ ᠳᠠᠷᠠᠭᠠᠬᠢ ᠬᠤᠭᠤᠯᠠᠶ ᠶᠢᠨ ᠲᠣᠤᠷ ᠤᠨ ᠭᠤᠭᠤᠵᠢᠬᠤ |
ᠨᠣᠷᠮ᠎ᠠ ᠶᠢ 11.3% ᠳᠤ ᠬᠦᠷᠭᠡᠪᠡ ᠃ ᠤᠰᠤ ᠠᠷᠪᠢᠯᠠᠬᠤ ᠭᠠᠩ ᠳᠤ ᠲᠡᠰᠪᠦᠷᠢᠲᠡᠶ ᠬᠡᠯᠪᠡᠷᠢ ᠶᠢᠨ ᠤᠷᠭᠤᠮᠠᠯ ᠤᠨ |
ᠬᠤᠴᠢᠯᠭ᠎ᠠ ᠶᠢ ᠡᠩ ᠲᠡᠷᠢᠭᠦᠨ ᠳᠤ ᠰᠣᠩᠭᠤᠨ ᠬᠡᠷᠡᠭᠯᠡᠬᠦ ᠶᠢ ᠬᠤᠲᠠ ᠪᠠᠯᠭᠠᠰᠤᠨ ᠤ ᠨᠣᠭᠤᠭᠠᠷᠠᠭᠤᠯᠤᠯᠲᠠ ᠳᠤ |
ᠬᠡᠷᠡᠭᠯᠡᠵᠦ ᠂ ᠰᠦᠷᠴᠢᠨ ᠤᠰᠤᠯᠠᠬᠤ ᠂ ᠰᠡᠪᠡᠷᠡᠭᠦᠨ ᠤᠰᠤᠯᠠᠬᠤ ᠵᠡᠷᠭᠡ ᠤᠰᠤ ᠠᠷᠪᠢᠯᠠᠬᠤ ᠤᠰᠤᠯᠠᠯᠲᠠ ᠶᠢᠨ ᠠᠷᠭ᠎ᠠ |
ᠮᠠᠶ᠋ᠢᠭ ᠢ ᠶᠡᠬᠡᠪᠡᠷ ᠳᠡᠯᠭᠡᠷᠡᠭᠦᠯᠵᠦ ᠂ ᠨᠣᠭᠤᠭᠠᠷᠠᠭᠤᠯᠤᠯᠲᠠ ᠳᠤ ᠬᠡᠷᠡᠭᠯᠡᠬᠦ ᠤᠰᠤ ᠶᠢ ᠤᠷᠢᠳᠠᠪᠠᠷ ᠰᠣᠩᠭᠤᠨ ᠬᠡᠷᠡᠭᠯᠡᠵᠦ ᠂ |
ᠪᠥᠬᠦ ᠰᠢᠶᠠᠨ ᠤ ᠳᠠᠬᠢᠯᠲᠠ ᠤᠰᠤᠨ ᠤ ᠠᠰᠢᠭᠯᠠᠯᠲᠠ ᠶᠢᠨ ᠨᠣᠷᠮ᠎ᠠ ᠶᠢ 20% ᠠᠴᠠ ᠳᠠᠪᠠᠭᠤᠯᠪᠠ ᠃ |
ᠭᠤᠷᠪᠠ ᠂ ᠬᠠᠲᠠᠭᠤ ᠬᠢᠵᠠᠭᠠᠷᠯᠠᠯ ᠢ ᠴᠢᠩᠭᠠᠳᠬᠠᠵᠤ ᠂ ᠤᠰᠤ ᠶᠢ ᠬᠠᠮᠠᠭᠠᠯᠠᠬᠤ ᠤᠰᠤ ᠠᠷᠪᠢᠯᠠᠬᠤ ᠦᠢᠯᠡᠳᠦᠯ |
ᠴᠢᠳᠠᠪᠤᠷᠢ ᠶᠢ ᠳᠡᠭᠡᠭᠰᠢᠯᠡᠭᠦᠯᠪᠡ |
ᠨᠢᠭᠡ ᠳᠤ ᠂ ︽ᠤᠰᠤᠨ ᠤ ᠲᠥᠯᠥᠪᠯᠡᠭᠡ︾ ᠶᠢ ᠨᠠᠶᠢᠳᠠᠪᠤᠷᠢᠵᠢᠭᠤᠯᠪᠠ ᠃ ᠥᠪᠡᠷ ᠢᠶᠠᠨ ᠪᠡᠯᠡᠳᠬᠡᠭᠰᠡᠨ |
ᠤᠰᠤᠨ ᠤ ᠡᠬᠢ ᠰᠤᠷᠪᠤᠯᠵᠢ ᠪᠠ ᠲᠦᠭᠡᠭᠡᠯ ᠤᠰᠤ ᠪᠠᠷ ᠤᠰᠤ ᠠᠪᠬᠤ ᠡᠷᠦᠬᠡ ᠶᠢᠨ ᠲᠥᠯᠥᠪᠯᠡᠭᠡ ᠬᠠᠮᠢᠶᠠᠷᠤᠯᠲᠠ ᠶᠢ |
ᠴᠢᠩᠳᠠᠯᠠᠵᠤ ᠂ ᠣᠨ ᠤ ᠤᠰᠤ ᠬᠡᠷᠡᠭᠯᠡᠬᠦ ᠭᠦᠢᠴᠡᠳᠬᠡᠬᠦ ᠲᠤᠭ᠎ᠠ ᠶᠣᠰᠣᠭᠠᠷ ᠂ ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠶᠢ |
ᠲᠠᠷᠢᠶᠠᠯᠠᠩ ᠂ ᠠᠵᠤ ᠦᠢᠯᠡᠳᠪᠦᠷᠢ ᠂ ᠠᠮᠢᠳᠤᠷᠠᠯ ᠵᠡᠷᠭᠡ ᠠᠵᠢᠯ ᠲᠥᠷᠥᠯ ᠤᠨ ᠬᠡᠷᠡᠭᠯᠡᠬᠦ ᠤᠰᠤ ᠪᠣᠯᠭᠠᠨ ᠵᠠᠳᠠᠯᠵᠤ ᠂ |
ᠭᠠᠵᠠᠷ ᠳᠣᠤᠷᠠᠬᠢ ᠤᠰᠤ ᠪᠠ ᠭᠠᠵᠠᠷ ᠳᠡᠭᠡᠷᠡᠬᠢ ᠤᠰᠤᠨ ᠤ ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠶᠢ |
ᠲᠣᠳᠣᠷᠬᠠᠶᠢᠯᠠᠵᠤ ᠂ ᠤᠰᠤ ᠬᠡᠷᠡᠭᠯᠡᠬᠦ ᠲᠥᠯᠥᠪᠯᠡᠭᠡ ᠶᠢ ᠪᠠᠭᠤᠯᠭᠠᠬᠤ ᠂ ᠤᠰᠤ ᠬᠡᠷᠡᠭᠯᠡᠬᠦ ᠶᠢ ᠵᠢᠯᠣᠭᠤᠳᠬᠤ ᠂ ᠤᠰᠤ |
ᠬᠡᠷᠡᠭᠯᠡᠬᠦ ᠶᠢ ᠰᠢᠯᠭᠠᠨ ᠬᠢᠨᠠᠬᠤ ᠵᠢᠴᠢ ᠴᠠᠭ ᠲᠤᠬᠠᠶ ᠳᠤᠨᠢ ᠬᠡᠷᠡᠭᠯᠡᠬᠦ ᠤᠰᠤᠨ ᠤ ᠬᠡᠮᠵᠢᠶ᠎ᠡ ᠶᠢ ᠨᠠᠷᠢᠯᠢᠭᠵᠢᠭᠤᠯᠤᠨ |
ᠬᠢᠨᠠᠨ ᠬᠡᠮᠵᠢᠬᠦ ᠪᠠ ᠬᠠᠮᠢᠶᠠᠷᠬᠤ ᠶᠢ ᠪᠡᠶᠡᠯᠡᠭᠦᠯᠪᠡ ᠃ |
ᠬᠤᠶᠠᠷ ᠲᠤ ᠂ ︽ᠤᠰᠤᠨ ᠤ ᠬᠢᠨᠠᠯᠲᠠ ᠬᠠᠮᠢᠶᠠᠷᠤᠯᠲᠠ︾ ᠶᠢ ᠴᠢᠩᠭᠠᠳᠬᠠᠪᠠ ᠃ ᠤᠰᠤ ᠠᠪᠬᠤ |
ᠵᠥᠪᠰᠢᠶᠡᠷᠡᠯ ᠤᠨ ᠬᠢᠨᠠᠯᠲᠠ ᠬᠠᠮᠢᠶᠠᠷᠤᠯᠲᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ ᠂ ᠤᠰᠤ ᠠᠪᠬᠤ |
ᠵᠥᠪᠰᠢᠶᠡᠷᠡᠯ ᠤᠨ ᠬᠢᠨᠠᠨ ᠵᠥᠪᠰᠢᠶᠡᠷᠡᠯ ᠢ ᠴᠢᠩᠳᠠᠯᠠᠵᠤ ᠂ ᠤᠰᠤ ᠠᠪᠴᠤ ᠬᠡᠷᠡᠭᠯᠡᠬᠦ ᠭᠦᠢᠴᠡᠳᠬᠡᠬᠦ ᠲᠤᠭ᠎ᠠ ᠶᠢ ᠴᠢᠩᠭ᠎ᠠ |
ᠬᠢᠵᠠᠭᠠᠷᠯᠠᠨ᠎ᠠ ᠃ ᠲᠣᠭᠲᠠᠭᠠᠯ ᠠᠴᠠ ᠵᠥᠷᠢᠴᠡᠨ ᠤᠰᠤ ᠠᠪᠴᠤ ᠬᠡᠷᠡᠭᠯᠡᠬᠦ ᠶᠢ ᠪᠠᠶᠢᠴᠠᠭᠠᠨ ᠰᠢᠢᠳᠪᠦᠷᠢᠯᠡᠬᠦ |
ᠡᠷᠴᠢᠮ ᠢᠶᠠᠨ ᠴᠢᠩᠭᠠᠷᠠᠭᠤᠯᠵᠤ ᠂ ᠨᠢᠭᠡᠨᠲᠡ ᠦᠨᠡᠮᠯᠡᠯ ᠣᠯᠭᠤᠭᠰᠠᠨ ᠤᠰᠤ ᠠᠪᠴᠤ ᠬᠡᠷᠡᠭᠯᠡᠬᠦ ᠠᠵᠤ ᠠᠬᠤᠶᠢᠯᠠᠯ ᠳᠤ |
ᠲᠣᠭᠲᠠᠭᠠᠯ ᠠᠴᠠ ᠵᠥᠷᠢᠴᠡᠨ ᠤᠰᠤ ᠠᠪᠴᠤ ᠬᠡᠷᠡᠭᠯᠡᠬᠦ ︽ᠤᠰᠤ ᠠᠪᠬᠤ ᠵᠥᠪᠰᠢᠶᠡᠷᠡᠯ ᠤᠨ ᠦᠨᠡᠮᠯᠡᠯ︾ ᠢ ᠡᠷᠡᠰ |
ᠬᠤᠷᠢᠶᠠᠨ ᠠᠪᠴᠤ ᠬᠦᠴᠦᠨ ᠦᠭᠡᠢ ᠪᠣᠯᠭᠠᠵᠤ ᠂ ᠬᠠᠤᠯᠢ ᠪᠤᠰᠤ ᠪᠠᠷ ᠤᠰᠤ ᠠᠪᠬᠤ ᠂ ᠤᠰᠤᠨ ᠤ ᠡᠬᠢ |
ᠰᠤᠷᠪᠤᠯᠵᠢ ᠶᠢ ᠪᠣᠬᠢᠷᠲᠤᠭᠤᠯᠬᠤ ᠵᠡᠷᠭᠡ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ |
ᠥᠭᠴᠦ ᠂ ᠠᠮᠢ ᠨᠠᠰᠤᠨ ᠤ ᠡᠬᠢ ᠰᠤᠷᠪᠤᠯᠵᠢ ᠶᠢ ᠰᠠᠶᠢᠲᠤᠷ ᠰᠠᠬᠢᠨ ᠬᠠᠮᠠᠭᠠᠯᠠᠪᠠ ᠃ |
ᠭᠤᠷᠪᠠ ᠳᠤ ᠂ ︽ᠤᠰᠤᠨ ᠤ ᠦᠨ᠎ᠡ ᠬᠠᠩᠰᠢ︾ ᠶᠢ ᠬᠢᠨᠠᠨ ᠲᠤᠭᠲᠠᠭᠠᠪᠠ ᠃ ᠦᠨ᠎ᠡ ᠲᠥᠯᠥᠪᠦᠷᠢ ᠲᠠᠢ ᠤᠰᠤ |
ᠬᠡᠷᠡᠭᠯᠡᠬᠦ ᠶᠢ ᠴᠢᠩᠳᠠᠯᠠᠵᠤ ᠂ ᠪᠣᠳᠠᠲᠠᠶ ᠰᠦᠢᠳᠬᠡᠯ ᠬᠤᠷᠢᠶᠠᠬᠤ ᠂ ᠬᠤᠷᠢᠶᠠᠪᠠᠰᠤ ᠵᠣᠬᠢᠬᠤ ᠶᠢ ᠨᠢ ᠪᠦᠬᠦᠨ ᠢ |
ᠬᠤᠷᠢᠶᠠᠵᠤ ᠂ ᠤᠰᠤᠨ ᠤ ᠡᠬᠢ ᠪᠠᠶᠠᠯᠢᠭ ᠤᠨ ᠭᠠᠶᠢᠯᠢ ᠲᠠᠲᠠᠪᠤᠷᠢᠯᠠᠬᠤ ᠬᠠᠮᠢᠶᠠᠷᠤᠯᠲᠠ ᠶᠢ ᠵᠢᠷᠤᠮᠵᠢᠭᠤᠯᠤᠨ ᠂ ᠤᠰᠤ |
ᠠᠷᠪᠢᠯᠠᠵᠤ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠪᠠ ᠤᠰᠤ ᠠᠷᠪᠢᠯᠠᠵᠤ ᠪᠣᠬᠢᠷᠳᠠᠯ ᠢ |
ᠪᠠᠭᠠᠰᠬᠠᠬᠤ ᠶᠢ ᠪᠦᠲᠦᠮᠵᠢᠲᠡᠶ ᠠᠬᠢᠭᠤᠯᠤᠨ᠎ᠠ ᠃ ᠦᠨ᠎ᠡ ᠬᠠᠩᠰᠢ ᠶᠢᠨ ᠬᠦᠰᠢᠬᠦᠷᠭᠡ ᠶᠢᠨ ᠦᠢᠯᠡᠳᠦᠯ ᠢ |
ᠪᠠᠳᠠᠷᠠᠭᠤᠯᠤᠨ ᠂ ᠰᠠᠭᠤᠭᠠᠯᠢ ᠠᠷᠠᠳ ᠤᠨ ᠤᠰᠤᠨ ᠤ ᠱᠠᠲᠤᠯᠢᠭ ᠦᠨ᠎ᠡ ᠂ ᠰᠠᠭᠤᠭᠠᠯᠢ ᠠᠷᠠᠳ ᠤᠨ ᠪᠤᠰᠤ ᠬᠡᠷᠡᠭᠯᠡᠬᠦ |
ᠤᠰᠤᠨ ᠤ ᠲᠣᠭᠲᠠᠭᠰᠠᠨ ᠨᠣᠷᠮ᠎ᠠ ᠠᠴᠠ ᠬᠡᠲᠦᠷᠡᠭᠰᠡᠨ ᠢ ᠠᠬᠢᠭᠤᠯᠤᠨ ᠪᠣᠳᠣᠵᠤ ᠦᠨ᠎ᠡ ᠨᠡᠮᠡᠬᠦ ᠳᠦᠷᠢᠮ ᠢ |
ᠬᠡᠷᠡᠭᠵᠢᠭᠦᠯᠵᠦ ᠂ ᠴᠠᠭ ᠲᠤᠨᠢ ᠲᠣᠬᠢᠷᠠᠭᠤᠯᠤᠨ ᠤᠰᠤᠨ ᠤ ᠦᠨ᠎ᠡ ᠶᠢ ᠬᠢᠨᠠᠨ ᠲᠣᠭᠲᠠᠭᠠᠵᠤ ᠂ ᠳᠠᠪᠠᠭᠤᠯᠤᠨ ᠬᠡᠷᠡᠭᠯᠡᠬᠦ |
ᠦᠢᠯᠡ ᠠᠵᠢᠯᠯᠠᠭ᠎ᠠ ᠶᠢ ᠴᠢᠩᠭ᠎ᠠ ᠬᠢᠵᠠᠭᠠᠷᠯᠠᠵᠤ ᠂ ᠦᠨ᠎ᠡ ᠬᠠᠩᠰᠢ ᠶᠢᠨ ᠬᠥᠰᠢᠭᠦᠷᠭᠡ ᠶᠢ ᠬᠡᠷᠡᠭᠯᠡᠨ ᠤᠰᠤ |
ᠠᠷᠪᠢᠯᠠᠬᠤ ᠶᠢ ᠪᠡᠶᠡᠯᠡᠭᠦᠯᠵᠦ ᠂ ᠳᠤᠰᠤᠯ ᠤᠰᠤ ᠨᠢᠭᠡᠪᠦᠷᠢ ᠶᠢ ᠵᠦᠢ ᠵᠣᠬᠢᠰᠲᠠᠶ ᠠᠰᠢᠭᠯᠠᠬᠤ ᠶᠢ ᠦᠨᠡᠨ ᠬᠦ |
ᠪᠠᠲᠤᠯᠠᠪᠠ ᠃ |
ᠳᠥᠷᠪᠡ ᠂ ᠤᠬᠠᠭᠤᠯᠵᠤ ᠬᠥᠲᠥᠯᠦᠨ ᠵᠢᠯᠣᠭᠤᠳᠬᠤ ᠶᠢ ᠴᠢᠩᠭᠠᠳᠬᠠᠵᠤ ᠂ ᠠᠮᠢ ᠨᠠᠰᠤᠨ ᠤ ᠡᠬᠢ |
ᠰᠤᠷᠪᠤᠯᠵᠢ ᠶᠢ ᠬᠠᠮᠲᠤ ᠪᠠᠷ ᠰᠠᠬᠢᠨ ᠬᠠᠮᠠᠭᠠᠯᠠᠪᠠ |
ᠨᠢᠭᠡ ᠳᠤ ᠂ ᠤᠬᠠᠭᠤᠯᠤᠨ ᠳᠠᠶᠢᠴᠢᠯᠠᠪᠠ ᠃ ᠰᠢᠶᠠᠨ ᠤ ᠨᠠᠮ ᠤᠨ ᠬᠤᠷᠢᠶ᠎ᠠ ᠂ ᠵᠠᠰᠠᠭ ᠤᠨ ᠣᠷᠳᠣᠨ ᠤᠰᠤ |
ᠠᠷᠪᠢᠯᠠᠬᠤ ᠶᠢ ᠢᠮᠠᠭᠲᠠ ᠨᠢᠭᠡ ᠵᠦᠢᠯ ᠤᠨ ᠰᠣᠶᠣᠯ ᠤᠨ ᠲᠥᠯᠥᠭᠡ ᠪᠠᠶᠢᠭᠤᠯᠵᠤ ᠂ ︽ᠳᠡᠯᠡᠬᠡᠶ ᠶᠢᠨ ᠤᠰᠤᠨ ᠤ |
ᠡᠳᠦᠷ︾ ᠂ ︽ᠳᠤᠮᠳᠠᠳᠤ ᠤᠯᠤᠰ ᠤᠨ ᠤᠰᠤᠨ ᠤ ᠭᠠᠷᠠᠭ︾ ᠢᠶᠠᠷ ᠠᠵᠠ ᠲᠣᠬᠢᠶᠠᠯ ᠪᠣᠯᠭᠠᠵᠤ ᠂ ᠲᠧᠯᠸᠢᠰ ᠂ ᠰᠣᠨᠢᠨ |
ᠰᠡᠳᠬᠦᠯ ᠂ ᠸᠢᠴᠠᠲ ᠂ ᠴᠤᠤᠷᠢᠶ᠎ᠠ ᠵᠡᠷᠭᠡ ᠵᠠᠭᠤᠴᠢᠯᠠᠭᠤᠷ ᠤᠨ ᠲᠠᠪᠴᠠᠩ ᠤᠨ ᠶᠠᠷᠢᠶ᠎ᠠ ᠬᠡᠯᠡᠯᠴᠡᠭᠡᠨ ᠤ ᠬᠥᠲᠥᠯᠦᠨ |
ᠵᠢᠯᠣᠭᠤᠳᠬᠤ ᠦᠢᠯᠡᠳᠦᠯ ᠢ ᠪᠠᠳᠠᠷᠠᠭᠤᠯᠤᠨ ᠂ ᠤᠬᠠᠭᠤᠯᠭ᠎ᠠ ᠶᠢᠨ ᠬᠦᠷᠢᠶ᠎ᠡ ᠬᠡᠪᠴᠢᠶ᠎ᠡ ᠶᠢ ᠤᠯᠠᠮ ᠨᠢᠭᠡ ᠠᠯᠬᠤᠮ |
ᠥᠷᠭᠡᠳᠬᠡᠵᠦ ᠂ ᠭᠤᠤᠯ ᠰᠡᠳᠦᠪᠲᠦ ᠤᠬᠠᠭᠤᠯᠭ᠎ᠠ ᠶᠢ ᠡᠳᠦᠷ ᠲᠤᠲᠤᠮ ᠤᠨ ᠤᠬᠠᠭᠤᠯᠭ᠎ᠠ ᠲᠠᠢ ᠤᠶᠠᠯᠳᠤᠭᠤᠯᠬᠤ ᠶᠢ |
ᠳᠣᠪᠤᠶᠢᠯᠭᠠᠨ ᠂ ᠵᠠᠯᠠᠭᠤᠴᠤᠳ ᠪᠠᠭᠠᠴᠤᠳ ᠤᠨ ᠬᠥᠮᠦᠵᠢᠯ ᠢ ᠳᠣᠪᠤᠶᠢᠯᠭᠠᠵᠤ ᠂ ᠨᠡᠶᠢᠭᠡᠮ ᠲᠣᠭᠤᠷᠢᠭ ᠤᠨ |
ᠤᠬᠠᠭᠤᠯᠭ᠎ᠠ ᠶᠢ ᠳᠣᠪᠤᠶᠢᠯᠭᠠᠨ ᠂ ᠰᠠᠶᠢᠨ ᠰᠠᠶᠢᠬᠠᠨ ᠠᠮᠢᠳᠤᠷᠠᠯ ᠤᠨ ᠳᠠᠳᠬᠠᠯ ᠢ ᠰᠠᠨᠠᠭᠠᠴᠢᠯᠠᠵᠤ ᠂ ᠪᠥᠬᠦ |
ᠠᠷᠠᠳ ᠢᠶᠠᠷ ᠢᠶᠠᠨ ᠤᠰᠤ ᠶᠢ ᠬᠠᠶᠢᠷᠠᠯᠠᠬᠤ ᠦᠵᠡᠯ ᠤᠬᠠᠮᠰᠠᠷ ᠢ ᠳᠡᠭᠡᠭᠰᠢᠯᠡᠭᠦᠯᠦᠨ ᠂ ︽ᠤᠰᠤᠨ ᠤ ᠡᠬᠢ ᠪᠠᠶᠠᠯᠢᠭ ᠢ |
ᠠᠷᠪᠢᠯᠠᠵᠤ ᠂ ᠤᠰᠤᠨ ᠤ ᠣᠷᠴᠢᠨ ᠲᠣᠭᠤᠷᠢᠨ ᠢ ᠬᠠᠮᠠᠭᠠᠯᠠᠬᠤ︾ ᠰᠠᠶᠢᠨ ᠰᠠᠶᠢᠬᠠᠨ ᠨᠡᠶᠢᠭᠡᠮ ᠤᠨ ᠬᠡᠪ ᠰᠤᠷᠲᠠᠯ ᠢ |
ᠪᠣᠶ ᠪᠣᠯᠭᠠᠪᠠ ᠃ |
ᠬᠤᠶᠠᠷ ᠲᠤ ᠂ ᠵᠢᠱᠢᠶ᠎ᠡ ᠦᠵᠡᠭᠦᠯᠦᠨ ᠳᠠᠶᠢᠴᠢᠯᠠᠪᠠ ᠃ ᠤᠰᠤ ᠠᠷᠪᠢᠯᠠᠬᠤ ᠬᠡᠯᠪᠡᠷᠢ ᠶᠢᠨ ᠠᠵᠤ ᠠᠬᠤᠶᠢᠯᠠᠯ ᠂ |
ᠤᠰᠤ ᠠᠷᠪᠢᠯᠠᠬᠤ ᠬᠡᠯᠪᠡᠷᠢ ᠶᠢᠨ ᠪᠠᠶᠢᠭᠤᠯᠭ᠎ᠠ ᠂ ᠤᠰᠤ ᠠᠷᠪᠢᠯᠠᠬᠤ ᠬᠡᠯᠪᠡᠷᠢ ᠶᠢᠨ ᠰᠤᠷᠭᠠᠭᠤᠯᠢ ᠵᠡᠷᠭᠡ ᠶᠢ ᠡᠭᠦᠳᠦᠨ |
ᠪᠠᠶᠢᠭᠤᠯᠬᠤ ᠠᠵᠢᠯᠯᠠᠭ᠎ᠠ ᠶᠢ ᠢᠳᠡᠪᠬᠢᠲᠡᠶ ᠦᠷᠨᠢᠭᠦᠯᠪᠡ ᠃ ᠨᠡᠶᠢᠲᠡ 100 ᠲᠦᠮᠡᠨ ᠲᠥᠭᠦᠷᠢᠭ ᠤᠨ ᠲᠤᠰᠬᠠᠶ ᠪᠡᠯᠡ |
ᠮᠥᠩᠭᠦ ᠣᠷᠣᠭᠤᠯᠵᠤ ᠬᠤᠲᠠ ᠪᠠᠯᠭᠠᠰᠤᠨ ᠤ ᠳᠣᠲᠣᠷᠠᠬᠢ ᠣᠯᠠᠨ ᠨᠡᠶᠢᠲᠡ ᠶᠢᠨ ᠨᠢᠭᠡᠴᠢ ᠂ ᠪᠠᠶᠢᠭᠤᠯᠭ᠎ᠠ ᠶᠢᠨ ᠤᠰᠤ |
ᠠᠷᠪᠢᠯᠠᠬᠤ ᠬᠡᠯᠪᠡᠷᠢ ᠶᠢᠨ ᠲᠥᠬᠦᠭᠡᠷᠦᠮᠵᠢ ᠪᠠᠨ ᠰᠣᠯᠢᠵᠤ ᠂ ᠰᠢᠶᠠᠨ ᠤ ᠱᠠᠲᠤᠨ ᠤ ᠤᠰᠤ ᠠᠷᠪᠢᠯᠠᠬᠤ ᠨᠢᠭᠡᠴᠢ 25 |
ᠡᠷᠦᠬᠡ ᠶᠢ ᠡᠭᠦᠳᠦᠨ ᠪᠠᠶᠢᠭᠤᠯᠪᠠ ᠃ |
ᠳᠠᠷᠠᠭᠠᠴᠢ ᠶᠢᠨ ᠠᠯᠬᠤᠮ ᠳᠤ ᠂ ᠲᠦᠴᠢᠦᠸᠠᠨ ᠰᠢᠶᠠᠨ ᠤ ᠬᠢᠨ ᠤᠯᠤᠰ ᠤᠨ ᠤᠰᠤ ᠠᠷᠪᠢᠯᠠᠬᠤ |
ᠠᠵᠢᠯᠯᠠᠭ᠎ᠠ ᠶᠢᠨ ᠱᠠᠭᠠᠷᠳᠠᠯᠭ᠎ᠠ ᠶᠢ ᠦᠷᠭᠦᠯᠵᠢᠯᠡᠨ ᠭᠦᠨᠵᠡᠭᠡᠢ ᠨᠠᠶᠢᠳᠠᠪᠤᠷᠢᠵᠢᠭᠤᠯᠵᠤ ᠂ ᠤᠰᠤ ᠠᠷᠪᠢᠯᠠᠬᠤ |
ᠬᠡᠯᠪᠡᠷᠢ ᠶᠢᠨ ᠨᠡᠶᠢᠭᠡᠮ ᠤᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ ᠂ |
ᠴᠢᠨᠠᠷ ᠰᠠᠶᠢᠲᠠᠢ ᠤᠰᠤᠨ ᠤ ᠡᠬᠢ ᠪᠠᠶᠠᠯᠢᠭ ᠂ ᠡᠷᠡᠭᠦᠯ ᠤᠰᠤᠨ ᠤ ᠠᠮᠢ ᠠᠬᠤᠢ ᠂ ᠣᠷᠣᠰᠢᠨ ᠰᠠᠭᠤᠬᠤ ᠳᠤ |
ᠲᠣᠬᠢᠷᠠᠮᠵᠢᠲᠠᠢ ᠤᠰᠤᠨ ᠤ ᠣᠷᠴᠢᠨ ᠲᠣᠭᠤᠷᠢᠨ ᠪᠣᠯᠣᠨ ᠲᠡᠷᠢᠭᠦᠨ ᠤ ᠤᠰᠤᠨ ᠤ ᠰᠣᠶᠣᠯ ᠤᠨ ᠬᠠᠷᠠᠯᠲᠠ ᠶᠢ |
ᠪᠡᠶᠡᠯᠡᠭᠦᠯᠬᠦ ᠶᠢᠨ ᠲᠣᠭᠤᠷᠢᠨ ᠳᠤ ᠂ ᠨᠡᠩ ᠥᠨᠳᠥᠷ ᠪᠠᠷᠢᠮᠵᠢᠶ᠎ᠠ ᠂ ᠨᠡᠩ ᠴᠢᠩᠭ᠎ᠠ ᠱᠠᠭᠠᠷᠳᠠᠯᠭ᠎ᠠ ᠪᠠᠷ ᠬᠠᠤᠯᠢ ᠶᠣᠰᠣᠭᠠᠷ |
ᠤᠰᠤ ᠶᠢ ᠵᠠᠰᠠᠵᠤ ᠤᠰᠤ ᠠᠷᠪᠢᠯᠠᠵᠤ ᠤᠰᠤ ᠶᠢ ᠬᠥᠭᠵᠢᠭᠦᠯᠬᠦ ᠶᠢ ᠪᠠᠷᠢᠮᠲᠠᠯᠠᠵᠤ ᠂ ᠤᠰᠤᠨ ᠤ ᠡᠬᠢ ᠪᠠᠶᠠᠯᠢᠭ ᠤᠨ |
ᠬᠠᠮᠢᠶᠠᠷᠤᠯᠲᠠ ᠶᠢᠨ ᠬᠠᠮᠤᠭ ᠤᠨ ᠴᠢᠩᠭ᠎ᠠ ᠲᠦᠷᠢᠮ ᠢ ᠨᠠᠶᠢᠳᠠᠪᠤᠷᠢᠵᠢᠭᠤᠯᠵᠤ ᠂ ᠠᠮᠢ ᠠᠬᠤᠢ ᠂ ᠣᠷᠣᠰᠢᠨ |
ᠰᠠᠭᠤᠬᠤ ᠳᠤ ᠲᠣᠬᠢᠷᠠᠮᠵᠢᠲᠠᠢ ᠂ ᠦᠵᠡᠰᠬᠦᠯᠡᠩᠲᠦ ᠰᠠᠶᠢᠬᠠᠨ ᠂ ᠠᠮᠢᠵᠢᠷᠠᠯ ᠤᠨ ᠬᠦᠴᠦᠨ ᠲᠠᠢ ᠰᠢᠨ᠎ᠡ ᠲᠦᠴᠢᠦᠸᠠᠨ ᠢ |
ᠬᠦᠴᠦᠯᠡᠨ ᠪᠠᠶᠢᠭᠤᠯᠤᠨ᠎ᠠ ᠃ |
|