12 ᠳ᠋ᠤᠭᠠᠷ ᠰᠠᠷ᠎ᠠ ᠶᠢᠨ 27 ᠤ ᠡᠳᠦᠷ ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ |
ᠠᠰᠢᠭᠯᠠᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠂ ᠲᠢᠩᠬᠢᠮ ᠤᠨ ᠳᠠᠷᠤᠭ᠎ᠠ |
ᠱᠧᠩ ᠰᠢᠶᠣᠣ ᠶᠢᠥ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠲᠤᠰᠬᠠᠶ ᠰᠡᠳᠦᠪᠲᠦ ᠬᠤᠷᠠᠯ ᠢ |
ᠡᠷᠭᠢᠯᠡᠨ ᠬᠤᠷᠠᠯᠳᠤᠭᠤᠯᠵᠤ ᠂ ᠤᠳᠤᠷᠢᠳᠬᠤ ᠪᠠᠭ ᠤᠨ ᠪᠤᠰᠤᠳ ᠭᠡᠰᠢᠭᠦᠨ ᠤ ᠨᠠᠮ ᠢ ᠬᠠᠮᠢᠶᠠᠷᠴᠤ ᠨᠠᠮ ᠢ ᠵᠠᠰᠠᠬᠤ |
ᠬᠠᠷᠢᠭᠤᠴᠠᠯᠭ᠎ᠠ ᠪᠠᠨ ᠭᠦᠢᠴᠡᠳᠭᠡᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ ᠂ ᠲᠤᠭᠤᠰᠢᠯᠠᠭᠤᠯᠤᠨ |
ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ ᠃ ᠲᠢᠩᠬᠢᠮ ᠤᠨ ᠨᠠᠮ ᠤᠨ ᠤᠳᠤᠷᠢᠳᠬᠤ |
ᠳᠤᠭᠤᠶᠢᠯᠠᠩ ᠤᠨ ᠭᠡᠰᠢᠭᠦᠨ ᠂ ᠲᠢᠩᠬᠢᠮ ᠳᠤ ᠰᠠᠭᠤᠭ᠎ᠠ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ |
ᠳᠤᠭᠤᠶᠢᠯᠠᠩ ᠤᠨ ᠳᠠᠷᠤᠭ᠎ᠠ ᠹᠠᠨ ᠵᠦᠩ ᠦᠨᠡᠯᠡᠯᠲᠡ ᠶᠢᠨ ᠶᠠᠷᠢᠶ᠎ᠠ ᠲᠠᠯᠪᠢᠵᠤ ᠂ ᠳᠡᠳ᠋ ᠲᠢᠩᠬᠢᠮ ᠤᠨ ᠳᠠᠷᠤᠭ᠎ᠠ ᠯᠢ |
ᠪᠢᠨ ᠂ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ ᠂ ᠳᠡᠳ᠋ ᠲᠢᠩᠬᠢᠮ ᠤᠨ ᠳᠠᠷᠤᠭ᠎ᠠ ᠫᠧᠩ |
ᠶᠠ ᠯᠢ ᠂ ᠭᠤᠤ ᠮᠢᠩ ᠲᠠᠩ ᠲᠤᠰᠬᠠᠢ ᠰᠡᠳᠦᠪᠲᠦ ᠬᠠᠷᠢᠭᠤ ᠮᠡᠳᠡᠭᠦᠯᠦᠯᠲᠡ ᠬᠢᠵᠡᠢ ᠃ |
ᠬᠤᠷᠠᠯ ᠠᠴᠠ ᠡᠩ ᠲᠡᠷᠢᠭᠦᠨ ᠳᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ |
ᠨᠢᠭᠡᠳᠦᠭᠡᠷ ᠬᠤᠭᠤᠴᠠᠭᠠᠨ ᠤ ᠶᠢᠰᠦᠳᠦᠭᠡᠷ ᠪᠦᠬᠦᠳᠡ ᠬᠤᠷᠠᠯ ᠵᠢᠴᠢ ᠪᠦᠬᠦ ᠣᠷᠣᠨ ᠤ ᠠᠵᠤ ᠠᠬᠤᠢ ᠶᠢᠨ ᠠᠵᠢᠯ ᠤᠨ |
ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠪᠠ ᠃ ᠳᠠᠷᠠᠭ᠎ᠠ ᠨᠢ ᠂ ᠤᠳᠤᠷᠢᠳᠬᠤ ᠪᠠᠭ ᠤᠨ ᠭᠡᠰᠢᠭᠦᠨ ᠬᠤᠪᠢᠳᠠᠨ |
ᠬᠠᠮᠢᠶᠠᠷᠴᠤ ᠪᠠᠶᠢᠭ᠎ᠠ ᠬᠦᠷᠢᠶᠡᠨ ᠤ ᠠᠵᠢᠯ ᠤᠨ ᠪᠣᠳᠠᠲᠤ ᠪᠠᠶᠢᠳᠠᠯ ᠲᠠᠢ ᠪᠠᠨ ᠨᠢᠭᠲᠠ ᠤᠶᠠᠯᠳᠤᠭᠤᠯᠵᠤ ᠂ ᠪᠦᠬᠦ |
ᠲᠠᠯ᠎ᠠ ᠪᠠᠷ ᠨᠠᠮ ᠢ ᠴᠢᠩᠭ᠎ᠠ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠂ ᠨᠠᠮ ᠤᠨ |
ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ︽ᠨᠢᠭᠡ ᠠᠵᠢᠯ ᠤᠨ ᠪᠠᠶᠢᠷᠢ ᠬᠤᠶᠠᠷ ᠬᠠᠷᠢᠭᠤᠴᠠᠯᠭ᠎ᠠ︾ ᠶᠢ |
ᠭᠦᠢᠴᠡᠳᠬᠡᠬᠦ ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ |
ᠨᠠᠶᠢᠳᠠᠪᠤᠷᠢᠵᠢᠭᠤᠯᠬᠤ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ |
ᠪᠣᠯᠭᠠᠬᠤ ᠠᠵᠢᠯ ᠤᠨ ᠭᠤᠣᠯ ᠰᠢᠵᠢᠮ ᠢ ᠲᠤᠭᠤᠰᠢᠯᠠᠭᠤᠯᠬᠤ ᠂ ᠲᠣᠭᠤᠷᠢᠨ ᠪᠠᠶᠢᠴᠠᠭᠠᠯᠲᠠ ᠶᠢᠨ ︽ᠡᠷᠬᠢᠨ ᠬᠠᠷᠠᠬᠤ︾ |
ᠶᠢ ᠠᠬᠢᠭᠤᠯᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠂ ᠥᠭᠡᠷᠡᠴᠢᠯᠡᠯᠲᠡ ᠶᠢ |
ᠴᠢᠨᠠᠭᠰᠢᠳᠠ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠵᠡᠷᠭᠡ ᠲᠠᠯ᠎ᠠ ᠪᠠᠷ ᠭᠤᠣᠯᠳᠠᠯᠭ᠎ᠠ ᠲᠠᠢ ᠬᠠᠷᠢᠭᠤ ᠮᠡᠳᠡᠭᠦᠯᠦᠯᠲᠡ |
ᠬᠢᠵᠦ ᠂ ᠠᠵᠢᠯ ᠤᠨ ᠦᠷ᠎ᠡ ᠪᠦᠲᠦᠮᠵᠢ ᠪᠠᠨ ᠪᠦᠬᠦ ᠲᠠᠯ᠎ᠠ ᠪᠠᠷ ᠳ᠋ᠦᠩᠨᠡᠵᠦ ᠂ ᠣᠷᠣᠰᠢᠵᠤ ᠪᠠᠶᠢᠭ᠎ᠠ ᠠᠰᠠᠭᠤᠳᠠᠯ ᠢᠶᠠᠨ |
ᠨᠠᠷᠢᠨ ᠬᠢᠨᠠᠮᠠᠭᠠᠢ ᠪᠠᠶᠢᠴᠠᠭᠠᠨ ᠳᠡᠯᠭᠡᠵᠦ ᠂ ᠬᠤᠶᠢᠰᠢᠳᠠ ᠶᠢᠨ ᠴᠢᠷᠮᠠᠶᠢᠬᠤ ᠴᠢᠭᠯᠡᠯ ᠪᠣᠯᠤᠨ ᠭᠤᠣᠯ ᠰᠡᠳᠬᠢᠴᠡ ᠠᠷᠭ᠎ᠠ |
ᠬᠡᠮᠵᠢᠶ᠎ᠡ ᠪᠠᠨ ᠲᠣᠳᠣᠷᠬᠠᠶᠢᠯᠠᠪᠠ ᠃ |
ᠱᠧᠩ ᠰᠢᠶᠣᠣ ᠶᠢᠦ ᠠᠴᠠ ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠪᠠᠶᠢᠭᠤᠯᠤᠯᠲᠠ ᠶᠢᠨ ᠲᠤᠬᠠᠢ |
ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠂ ᠬᠠᠷᠢᠭᠤᠴᠠᠯᠭ᠎ᠠ ᠶᠢᠨ ᠲᠦᠷᠢᠮ ᠭᠡᠬᠦ |
ᠡᠨᠡ ᠬᠦ ᠵᠠᠩᠭᠢᠯᠠᠭ᠎ᠠ ᠶᠢ ᠴᠢᠩᠭ᠎ᠠ ᠠᠳᠬᠤᠵᠤ ᠂ ᠡᠯ᠎ᠡ ᠱᠠᠲᠤᠨ ᠤ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ |
ᠴᠢᠩᠭ᠎ᠠ ᠠᠳᠬᠤᠵᠤ ᠂ ᠨᠠᠮ ᠢ ᠬᠠᠮᠢᠶᠠᠷᠴᠤ ᠨᠠᠮ ᠢ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠪᠠᠨ ᠦᠷᠭᠦᠯᠵᠢᠯᠡᠨ |
ᠰᠠᠶᠢᠲᠤᠷ ᠭᠦᠢᠴᠡᠳᠬᠡᠬᠦ ᠬᠡᠷᠡᠭᠲᠡᠢ ᠃ ᠨᠢᠭᠡ ᠳᠤ ᠂ ᠤᠯᠤᠰ ᠲᠥᠷᠥ ᠶᠢᠨ ᠵᠣᠭᠰᠣᠴᠠ ᠪᠠᠨ ᠦᠨᠡᠨ ᠬᠦ |
ᠳᠡᠭᠡᠭᠰᠢᠯᠡᠭᠦᠯᠦᠨ᠎ᠡ ᠃ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠭᠤᠣᠯ ᠴᠣᠭᠴᠠ ᠶᠢᠨ |
ᠬᠠᠷᠢᠭᠤᠴᠠᠯᠭ᠎ᠠ ᠂ ᠱᠦᠵᠢ ᠶᠢᠨ ᠨᠢᠭᠡᠳᠦᠭᠡᠷ ᠬᠠᠷᠢᠭᠤᠴᠠᠯᠭᠠᠲᠠᠨ ᠤ ᠬᠠᠷᠢᠭᠤᠴᠠᠯᠭ᠎ᠠ ᠂ ᠤᠳᠤᠷᠢᠳᠬᠤ ᠪᠠᠭ ᠤᠨ |
ᠭᠡᠰᠢᠭᠦᠨ ᠤ ︽ᠨᠢᠭᠡ ᠠᠵᠢᠯ ᠤᠨ ᠪᠠᠶᠢᠷᠢ ᠬᠤᠣᠰ ᠬᠠᠷᠢᠭᠤᠴᠠᠯᠭ᠎ᠠ︾ ᠂ ᠰᠠᠬᠢᠯᠭ᠎ᠠ ᠪᠠᠲᠤ ᠪᠠᠶᠢᠴᠠᠭᠠᠬᠤ |
ᠪᠠᠶᠢᠭᠤᠯᠭ᠎ᠠ ᠶᠢᠨ ᠰᠠᠯᠠᠭ᠎ᠠ ᠮᠥᠴᠢᠷ ᠤᠨ ᠬᠢᠨᠠᠯᠲᠠ ᠲᠠᠯᠪᠢᠬᠤ ᠲᠤᠰᠬᠠᠢ ᠬᠠᠷᠢᠭᠤᠴᠠᠯᠭ᠎ᠠ ᠶᠢ ᠦᠷᠭᠦᠯᠵᠢᠯᠡᠨ |
ᠨᠠᠶᠢᠳᠠᠪᠤᠷᠢᠵᠢᠭᠤᠯᠵᠤ ᠂ ᠤᠯᠤᠰ ᠲᠦᠷᠦ ᠶᠢᠨ ᠪᠠᠶᠢᠭᠤᠯᠭ᠎ᠠ ᠶᠢᠨ ᠤᠬᠠᠮᠰᠠᠷ ᠢᠶᠠᠨ ᠲᠠᠰᠤᠷᠠᠯᠲᠠ ᠦᠭᠡᠢ |
ᠴᠢᠩᠭᠠᠳᠬᠠᠵᠤ ᠂ ᠠᠯᠢᠪᠠ ᠪᠦᠬᠦᠨ ᠢ ᠤᠯᠤᠰ ᠲᠦᠷᠦ ᠶᠢᠨ ᠲᠠᠯ᠎ᠠ ᠠᠴᠠ ᠪᠤᠳᠤᠬᠤ ᠂ ᠤᠯᠤᠰ ᠲᠦᠷᠦ ᠶᠢᠨ |
ᠲᠠᠯ᠎ᠠ ᠠᠴᠠ ᠦᠵᠡᠬᠦ ᠂ ᠤᠯᠤᠰ ᠲᠦᠷᠦ ᠶᠢᠨ ᠲᠠᠯ᠎ᠠ ᠠᠴᠠ ᠰᠢᠢᠳᠪᠦᠷᠢᠯᠡᠬᠦ ᠶᠢ ᠪᠠᠷᠢᠮᠳᠠᠯᠠᠨ᠎ᠠ ᠃ ᠬᠤᠶᠠᠷ ᠲᠤ ᠂ |
ᠲᠦᠷᠢᠮ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠎ᠠ ᠃ ︽ᠨᠢᠭᠡᠳᠦᠭᠡᠷ ᠭᠠᠷ︾ ᠪᠣᠯᠤᠨ ᠤᠳᠤᠷᠢᠳᠬᠤ |
ᠪᠠᠭ ᠲᠤ ᠬᠢᠨᠠᠯᠲᠠ ᠲᠠᠯᠪᠢᠬᠤ ᠲᠦᠷᠢᠮ ᠤᠨ ᠴᠢᠨᠠᠷᠲᠠᠢ ᠦᠷ᠎ᠡ ᠪᠦᠲᠦᠭᠡᠯ ᠢ ᠨᠠᠷᠢᠨ ᠬᠢᠨᠠᠮᠠᠭᠠᠢ ᠳ᠋ᠦᠩᠨᠡᠨ ᠰᠠᠶᠢᠲᠤᠷ |
ᠬᠡᠷᠡᠭᠯᠡᠵᠦ ᠂ ᠡᠯ᠎ᠡ ᠵᠦᠢᠯ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠲᠠᠢ ᠬᠠᠷᠢᠴᠠᠭᠤᠯᠵᠤ ᠂ ᠬᠠᠮᠢᠶ᠎ᠠ ᠪᠦᠬᠦᠢ |
ᠠᠵᠢᠯ ᠢ ᠤᠬᠠᠮᠰᠠᠷ ᠠᠴᠠ ᠪᠠᠨ ᠨᠠᠶᠢᠳᠠᠪᠤᠷᠢᠵᠢᠭᠤᠯᠵᠤ ᠂ ᠡᠭᠦᠷᠭᠡ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠵᠦ ᠂ |
ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠳᠠᠬᠢ ᠬᠥᠮᠦᠵᠢᠯ ᠬᠠᠮᠢᠶᠠᠷᠤᠯᠲᠠ ᠪᠣᠯᠤᠨ ᠬᠢᠨᠠᠯᠲᠠ ᠲᠠᠯᠪᠢᠵᠤ |
ᠵᠢᠯᠣᠭᠤᠳᠬᠤ ᠪᠠᠨ ᠦᠷᠭᠦᠯᠵᠢᠯᠡᠨ ᠴᠢᠩᠭᠠᠳᠬᠠᠵᠤ ᠂ ᠨᠠᠮ ᠢ ᠬᠠᠮᠢᠶᠠᠷᠴᠤ ᠨᠠᠮ ᠢ ᠵᠠᠰᠠᠬᠤ ᠬᠠᠷᠢᠭᠤᠴᠠᠯᠭ᠎ᠠ ᠶᠢ |
ᠡᠴᠦᠰ ᠲᠤᠨᠢ ᠲᠤᠯᠲᠠᠯ᠎ᠠ ᠨᠠᠶᠢᠳᠠᠪᠤᠷᠢᠵᠢᠭᠤᠯᠬᠤ ᠶᠢ ᠪᠠᠲᠤᠯᠠᠨ᠎ᠠ ᠃ ᠭᠤᠷᠪᠠ ᠳᠤ ᠂ ᠤᠬᠠᠮᠰᠠᠷ ᠠᠴᠠ ᠪᠠᠨ ᠲᠦᠷᠦᠭᠦᠯᠡᠨ |
ᠰᠠᠶᠢᠨ ᠦᠯᠢᠭᠡᠷ ᠳᠠᠭᠤᠷᠢᠶᠠᠯ ᠦᠵᠡᠭᠦᠯᠦᠨ᠎ᠡ ᠃ ︽ᠨᠢᠭᠡᠳᠦᠭᠡᠷ ᠭᠠᠷ︾ ᠤᠨ ︽ᠳᠠᠭᠠᠭᠤᠯᠤᠭᠴᠢ︾ ᠶᠢᠨ |
ᠦᠢᠯᠡᠳᠦᠯ ᠢ ᠰᠠᠶᠢᠲᠤᠷ ᠪᠠᠳᠠᠷᠠᠭᠤᠯᠬᠤ ᠮᠥᠷᠲᠡᠭᠡᠨ ᠪᠠᠰᠠ ᠬᠠᠮᠢᠶᠠᠷᠴᠤ ᠪᠠᠶᠢᠭ᠎ᠠ ᠤᠳᠤᠷᠢᠳᠬᠤ ᠺᠠᠳ᠋ᠷ ᠢᠯᠠᠩᠭᠤᠶ᠎ᠠ |
ᠭᠤᠣᠯ ᠤᠳᠤᠷᠢᠳᠬᠤ ᠺᠠᠳ᠋ᠷ ᠲᠤ ᠬᠢᠨᠠᠯᠲᠠ ᠲᠠᠯᠪᠢᠬᠤ ᠪᠠᠨ ᠴᠢᠩᠭᠠᠳᠬᠠᠵᠤ ᠂ ᠥᠭᠡᠷᠡᠴᠢᠯᠡᠯᠲᠡ ᠶᠢᠨ ᠵᠣᠷᠢᠭ ᠰᠠᠨᠠᠭ᠎ᠠ |
ᠪᠣᠯᠤᠨ ᠴᠢᠩᠭ᠎ᠠ ᠪᠠᠷᠢᠮᠵᠢᠶ᠎ᠠ ᠪᠠᠷ ᠨᠠᠮ ᠢ ᠬᠠᠮᠢᠶᠠᠷᠴᠤ ᠨᠠᠮ ᠢ ᠵᠠᠰᠠᠬᠤ ᠶᠢ ᠪᠠᠷᠢᠮᠲᠠᠯᠠᠵᠤ ᠂ ᠦᠢᠯᠡᠴᠢᠯᠡᠭᠡ ᠶᠢ ᠨᠢᠭᠡ |
ᠭᠤᠣᠯ ᠰᠢᠵᠢᠮ ᠳᠤ ᠲᠤᠭᠤᠰᠢᠯᠠᠭᠤᠯᠬᠤ ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠂ ᠮᠣᠩᠭᠤᠯ ᠮᠣᠷᠢᠨ ᠤ ᠵᠣᠷᠢᠭ |
ᠰᠠᠨᠠᠭ᠎ᠠ ᠶᠢ ᠪᠠᠳᠠᠷᠠᠭᠤᠯᠬᠤ ᠂ ᠰᠢᠨ᠎ᠡ ᠵᠠᠮ ᠢ ᠨᠡᠭᠡᠭᠡᠵᠦ ᠳᠤᠮᠳᠠ ᠲᠦᠪᠰᠢᠨ ᠳᠤ ᠳᠠᠪᠰᠢᠬᠤ ᠳᠤ ᠶᠡᠭᠡ ᠲᠠᠯ᠎ᠠ ᠠᠴᠠ |
ᠰᠠᠶᠢᠲᠤᠷ ᠳᠠᠭᠠᠭᠤᠯᠵᠤ ᠂ ᠦᠯᠢᠭᠡᠷ ᠳᠠᠭᠤᠷᠢᠶᠠᠯ ᠪᠣᠯᠬᠤ ᠪᠠᠷ ᠴᠢᠷᠮᠠᠶᠢᠨ᠎ᠠ ᠃ |
ᠲᠢᠩᠬᠢᠮ ᠤᠨ ᠪᠠᠶᠢᠭᠤᠯᠭ᠎ᠠ ᠶᠢᠨ ᠬᠠᠮᠢᠶ᠎ᠠ ᠪᠦᠬᠦᠢ ᠭᠠᠵᠠᠷ ᠠᠯᠪᠠᠨ ᠲᠠᠰᠤᠭ ᠤᠨ ᠬᠠᠷᠢᠭᠤᠴᠠᠯᠭᠠᠲᠠᠨ |
ᠬᠤᠷᠠᠯ ᠳᠤ ᠣᠷᠣᠯᠴᠠᠪᠠ ᠃ |
|
︵ᠡᠬᠡ ᠪᠢᠴᠢᠭ ᠢ ᠲᠢᠩᠬᠢᠮ ᠤᠨ ᠪᠠᠶᠢᠭᠤᠯᠭ᠎ᠠ ᠶᠢᠨ ᠨᠠᠮ ᠤᠨ ᠬᠤᠷᠢᠶ᠎ᠠ ᠠᠴᠠ ᠬᠠᠩᠭᠠᠪᠠ︶ |
|