ᠥᠪᠥᠷ ᠮᠣᠩᠭᠤᠯ ᠤᠨ 2 ᠠᠵᠤ ᠠᠬᠤᠶᠢᠯᠠᠯ ᠤᠯᠤᠰ ᠤᠨ ︽ᠤᠰᠤᠨ ᠤ ᠠᠰᠢᠭᠯᠠᠮᠵᠢ ᠶᠢᠨ ᠳᠠᠭᠠᠭᠤᠯᠤᠭᠴᠢ ︾ ᠶᠢᠨ ᠴᠣᠯᠠ ᠶᠢ ᠭᠥᠷᠳᠡᠪᠡ
ᠨᠡᠶᠢᠲᠡᠯᠡᠭᠰᠡᠨ ᠴᠠᠭ᠄
2024/12/27
  ᠣᠶᠢᠷ᠎ᠠ ᠳᠤ ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠂ ᠤᠰᠤᠨ ᠠᠰᠢᠭᠯᠠᠯᠲᠠ ᠶᠢᠨ ᠶᠠᠮᠤᠨ ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠠᠴᠠ 2024 ᠣᠨ ᠤ ᠭᠤᠣᠯᠳᠠᠯᠭ᠎ᠠ ᠲᠠᠢ ᠤᠰᠤ ᠬᠡᠷᠡᠭᠯᠡᠬᠦ ᠠᠵᠤ ᠠᠬᠤᠶᠢᠯᠠᠯ ᠂ ᠬᠦᠷᠢᠶᠡᠯᠡᠩ ᠲᠣᠭᠤᠷᠢᠭ ᠤᠨ ᠤᠰᠤᠨ ᠤ ᠦᠷ᠎ᠡ ᠠᠰᠢᠭ ᠤᠨ ᠳᠠᠭᠠᠭᠤᠯᠤᠭᠴᠢ ᠶᠢᠨ ᠨᠡᠷᠡᠰ ᠢ ᠨᠡᠶᠢᠲᠡᠯᠡᠵᠦ ᠂ ᠪᠥᠬᠦ ᠤᠯᠤᠰ ᠤᠨ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠪᠠ ᠨᠡᠶᠢᠲᠡᠯᠢᠭ ᠵᠢᠱᠢᠶ᠎ᠡ ᠦᠵᠡᠭᠦᠯᠬᠦ ᠳᠠᠭᠠᠭᠤᠯᠬᠤ ᠦᠢᠯᠡᠳᠦᠯ ᠲᠠᠢ 82 ᠠᠵᠤ ᠠᠬᠤᠶᠢᠯᠠᠯ ᠪᠠ ᠬᠦᠷᠢᠶᠡᠯᠡᠩ ᠲᠣᠭᠤᠷᠢᠭ ᠨᠢ ᠤᠰᠤᠨ ᠤ ᠦᠷ᠎ᠡ ᠠᠰᠢᠭ ᠤᠨ ᠳᠠᠭᠠᠭᠤᠯᠤᠭᠴᠢ ᠶᠢᠨ ᠴᠣᠯᠠ ᠬᠦᠷᠲᠡᠵᠦ ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨᠬᠠᠳᠠ ᠶᠢᠨ ᠱᠠᠨ ᠶᠢᠨ ᠮᠥᠩᠭᠦᠨ ᠲᠤᠭᠤᠯᠭ᠎ᠠ ᠶᠢᠨ ᠬᠢᠵᠠᠭᠠᠷᠲᠤ ᠺᠣᠮᠫᠠᠨᠢ ᠪᠠ ᠬᠢᠩᠭᠠᠨ ᠠᠶᠢᠮᠠᠭ ᠤᠨ ᠪᠥᠸᠧ ᠶᠤᠸᠠᠨ ᠬᠢᠮᠢ ᠶᠢᠨ ᠬᠢᠵᠠᠭᠠᠷᠲᠤ ᠺᠣᠮᠫᠠᠨᠢ ᠵᠢᠭᠰᠠᠭᠠᠭᠳᠠᠪᠠ ᠃   ᠤᠯᠠᠭᠠᠨᠬᠠᠳᠠ ᠶᠢᠨ ᠱᠠᠨ ᠶᠢᠨ ᠮᠥᠩᠭᠦᠨ ᠲᠤᠭᠤᠯᠭ᠎ᠠ ᠶᠢᠨ ᠬᠢᠵᠠᠭᠠᠷᠲᠤ ᠺᠣᠮᠫᠠᠨᠢ ᠡᠷᠭᠢᠯᠲᠡᠲᠦ ᠤᠰᠤ ᠴᠠᠬᠢᠯᠭᠠᠨ ᠤ ᠬᠢᠮᠢ ᠶᠢᠨ ᠰᠢᠢᠳᠪᠦᠷᠢᠯᠡᠯᠲᠡ ᠂ ᠰᠢᠨ᠎ᠡ ᠬᠡᠯᠪᠡᠷᠢ ᠶᠢᠨ ᠤᠰᠤ ᠠᠷᠪᠢᠯᠠᠬᠤ ᠬᠡᠯᠪᠡᠷᠢ ᠶᠢᠨ ᠬᠥᠷᠥᠭᠡᠬᠦ ᠰᠤᠪᠤᠷᠭ᠎ᠠ ᠪᠠ ᠬᠥᠷᠥᠭᠡᠬᠦ ᠰᠤᠪᠤᠷᠭ᠎ᠠ ᠶᠢᠨ ᠠᠭᠤᠷ ᠢ ᠡᠭᠡᠭᠦᠯᠦᠨ ᠬᠤᠷᠢᠶᠠᠬᠤ ᠵᠡᠷᠭᠡ ᠰᠢᠨ᠎ᠡ ᠶᠢ ᠡᠭᠦᠳᠬᠦ ᠤᠰᠤ ᠠᠷᠪᠢᠯᠠᠬᠤ ᠥᠭᠡᠷᠡᠴᠢᠯᠡᠯᠲᠡ ᠶᠢᠨ ᠮᠡᠷᠭᠡᠵᠢᠯ ᠢ ᠰᠤᠳᠤᠯᠤᠨ ᠨᠡᠭᠡᠭᠡᠬᠦ ᠪᠠᠷ ᠳᠠᠮᠵᠢᠭᠤᠯᠤᠨ ᠂ ᠴᠠᠬᠢᠯᠭᠠᠨ ᠵᠠᠳᠠᠯᠤᠯ ᠤᠨ ᠬᠠᠷ᠎ᠠ ᠲᠤᠭᠤᠯᠭ᠎ᠠ ᠶᠢᠨ ᠨᠢᠭᠡᠴᠢ ᠦᠢᠯᠡᠳᠬᠦᠨ ᠤ ᠤᠰᠤ ᠬᠡᠷᠡᠭᠯᠡᠬᠦ ᠬᠡᠮᠵᠢᠶ᠎ᠡ 3.18m3/t ᠬᠦᠷᠴᠦ ᠂ ᠠᠵᠤ ᠦᠢᠯᠡᠳᠪᠦᠷᠢ ᠶᠢᠨ ᠤᠰᠤ ᠬᠡᠷᠡᠭᠯᠡᠬᠦ ᠶᠢ ᠳᠠᠬᠢᠨ ᠳᠠᠪᠲᠠᠨ ᠠᠰᠢᠭᠯᠠᠬᠤ ᠨᠣᠷᠮ᠎ᠠ 99.7% ᠳᠤ ᠬᠦᠷᠴᠦ ᠂ ᠠᠵᠤ ᠦᠢᠯᠡᠳᠪᠦᠷᠢ ᠶᠢᠨ ᠤᠰᠤ ᠬᠡᠷᠡᠭᠯᠡᠬᠦ ᠦᠷ᠎ᠡ ᠪᠦᠲᠦᠮᠵᠢ ᠶᠢ ᠪᠦᠲᠦᠮᠵᠢᠲᠡᠶ ᠳᠡᠭᠡᠭᠰᠢᠯᠡᠭᠦᠯᠵᠦ ᠂ ᠲᠡᠮᠦᠷᠯᠢᠭ ᠬᠠᠶᠢᠯᠤᠭᠤᠯᠬᠤ ᠠᠵᠢᠯ ᠲᠥᠷᠥᠯ ᠤᠨ ᠤᠰᠤᠨ ᠤ ᠠᠰᠢᠭᠯᠠᠮᠵᠢ ᠶᠢᠨ ᠬᠢᠷᠢ ᠲᠦᠪᠰᠢᠨ ᠢ ᠳᠡᠭᠡᠭᠰᠢᠯᠡᠭᠦᠯᠪᠡ ᠃ ᠬᠢᠩᠭᠠᠨ ᠠᠶᠢᠮᠠᠭ ᠤᠨ ᠪᠥᠸᠧ ᠶᠤᠸᠠᠨ ᠬᠢᠮᠢ ᠶᠢᠨ ᠬᠢᠵᠠᠭᠠᠷᠲᠤ ᠺᠣᠮᠫᠠᠨᠢ ᠰᠢᠨ᠎ᠡ ᠶᠢ ᠡᠭᠦᠳᠬᠦ ᠳᠤᠮᠳᠠ ᠤᠰᠤ ᠶᠢ ᠡᠭᠡᠭᠦᠯᠦᠨ ᠬᠡᠷᠡᠭᠯᠡᠬᠦ ᠬᠠᠲᠠᠭᠤ ᠮᠡᠷᠭᠡᠵᠢᠯ ᠢ ᠬᠡᠷᠡᠭᠯᠡᠬᠦ ᠪᠠ ᠢᠯᠴᠢ ᠴᠠᠬᠢᠯᠭᠠᠨ ᠤ ᠬᠦᠴᠢᠯᠲᠥ᠋ᠷᠥᠭᠴᠢ ᠠᠷᠢᠯᠭᠠᠬᠤ ᠮᠠᠰᠢᠨ ᠢ ᠡᠭᠡᠭᠦᠯᠦᠨ ᠬᠤᠷᠢᠶᠠᠬᠤ ᠮᠡᠷᠭᠡᠵᠢᠯ ᠢ ᠬᠡᠷᠡᠭᠯᠡᠵᠦ ᠂ ᠰᠢᠭᠡᠰᠦᠯᠢᠭ ᠡᠳ᠋ ᠤᠨ ᠨᠢᠭᠡᠴᠢ ᠦᠢᠯᠡᠳᠬᠦᠨ ᠤ ᠬᠡᠷᠡᠭᠯᠡᠬᠦ ᠤᠰᠤᠨ ᠤ ᠬᠡᠮᠵᠢᠶ᠎ᠡ 2.21m3/t ᠬᠦᠷᠴᠦ ᠂ ᠠᠽᠣᠲ ᠪᠣᠷᠳᠣᠭᠤᠷ ᠤᠨ ᠠᠵᠢᠯ ᠲᠥᠷᠥᠯ ᠤᠨ ᠤᠰᠤᠨ ᠤ ᠠᠰᠢᠭᠯᠠᠮᠵᠢ ᠶᠢᠨ ᠳᠠᠭᠠᠭᠤᠯᠤᠨ ᠭᠦᠶᠦᠬᠦ ᠶᠢ ᠪᠡᠶᠡᠯᠡᠭᠦᠯᠪᠡ ᠃   ᠳᠠᠷᠠᠭᠠᠴᠢ ᠶᠢᠨ ᠠᠯᠬᠤᠮ ᠳᠤ ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠨᠢ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠤᠰᠤᠨ ᠤ ᠠᠰᠢᠭᠯᠠᠮᠵᠢ ᠶᠢᠨ ᠳᠠᠭᠠᠭᠤᠯᠤᠭᠴᠢ ᠶᠢ ᠡᠭᠦᠳᠦᠨ ᠪᠠᠶᠢᠭᠤᠯᠬᠤ ᠠᠵᠢᠯ ᠢ ᠦᠷᠭᠦᠯᠵᠢᠯᠡᠨ ᠠᠬᠢᠭᠤᠯᠵᠤ ᠂ ᠤᠬᠠᠭᠤᠯᠵᠤ ᠬᠥᠲᠥᠯᠥᠨ ᠵᠢᠯᠣᠭᠤᠳᠬᠤ ᠡᠷᠴᠢᠮ ᠢᠶᠠᠨ ᠴᠢᠩᠭᠠᠷᠠᠭᠤᠯᠵᠤ ᠂ ᠤᠰᠤ ᠠᠷᠪᠢᠯᠠᠬᠤ ᠨᠡᠶᠢᠲᠡᠯᠢᠭ ᠵᠢᠱᠢᠶ᠎ᠡ ᠦᠵᠡᠭᠦᠯᠬᠦ ᠪᠠᠷ ᠵᠢᠯᠣᠭᠤᠳᠤᠮᠵᠢ ᠪᠣᠯᠭᠠᠵᠤ ᠂ ᠪᠦᠬᠦ ᠣᠷᠣᠨ ᠤ ᠤᠰᠤ ᠠᠷᠪᠢᠯᠠᠬᠤ ᠬᠡᠯᠪᠡᠷᠢ ᠶᠢᠨ ᠠᠵᠤ ᠠᠬᠤᠶᠢᠯᠠᠯ ᠂ ᠤᠰᠤ ᠠᠷᠪᠢᠯᠠᠬᠤ ᠬᠡᠪ ᠳᠠᠭᠤᠷᠢᠶᠠᠯ ᠤᠨ ᠠᠵᠤ ᠠᠬᠤᠶᠢᠯᠠᠯ ᠂ ᠤᠰᠤᠨ ᠤ ᠠᠰᠢᠭᠯᠠᠮᠵᠢ ᠶᠢᠨ ᠳᠠᠭᠠᠭᠤᠯᠤᠭᠴᠢ ᠶᠢᠨ ᠠᠵᠤ ᠠᠬᠤᠶᠢᠯᠠᠯ ᠢ ᠡᠭᠦᠳᠦᠨ ᠪᠠᠶᠢᠭᠤᠯᠬᠤ ᠠᠵᠢᠯ ᠢ ᠠᠬᠢᠭᠤᠯᠵᠤ ᠂ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠤᠰᠤ ᠠᠷᠪᠢᠯᠠᠬᠤ ᠬᠠᠮᠢᠶᠠᠷᠤᠯᠲᠠ ᠪᠠ ᠤᠰᠤ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢ ᠠᠬᠢᠭᠤᠯᠵᠤ ᠂ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠤᠰᠤ ᠠᠷᠪᠢᠯᠠᠬᠤ ᠳᠣᠲᠣᠭᠠᠳᠤ ᠬᠥᠳᠡᠯᠭᠡᠬᠦ ᠬᠦᠴᠦᠨ ᠢ ᠬᠥᠭᠵᠢᠭᠡᠵᠦ ᠂ ᠠᠵᠤ ᠦᠢᠯᠡᠳᠪᠦᠷᠢ ᠶᠢᠨ ᠤᠰᠤᠨ ᠤ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠲᠦᠪᠰᠢᠨ ᠢ ᠳᠡᠭᠡᠭᠰᠢᠯᠡᠭᠦᠯᠦᠨ᠎ᠡ ᠃
ᠢᠷᠡᠯᠲᠡ᠄ ᠦᠪᠤᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠣᠰᠣᠨ ᠠᠰᠢᠠᠠᠯᠠᠯᠳᠡ ᠶᠢᠨ ᠳᠢᠩᠬᠢᠮ
ᠬᠠᠮᠢᠶ᠎ᠡ ᠪᠦᠬᠦᠢ ᠰᠣᠨᠢᠨ
2014-2015 ©ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map