ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ︽ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠠᠷᠢᠯᠭ᠎ᠠ ᠳᠠᠭᠤᠰᠴᠤ ᠰᠢᠯᠭᠠᠨ ᠠᠪᠬᠤ ᠨᠢᠭᠡ ᠶᠠᠪᠤᠳᠠᠯ︾ ᠤᠨ ᠲᠤᠬᠠᠶᠢᠯᠠᠭᠰᠠᠨ ᠠᠵᠢᠯ ᠢ ᠤᠷᠤᠭᠰᠢᠲᠠᠶ ᠪᠡᠶᠡᠯᠡᠭᠦᠯᠪᠡ
ᠨᠡᠶᠢᠲᠡᠯᠡᠭᠰᠡᠨ ᠴᠠᠭ᠄
2024/12/27
  ᠣᠶᠢᠷ᠎ᠠ ᠳᠤ ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ︽ᠣᠷᠳᠣᠰ ᠬᠤᠲᠠ ᠶᠢᠨ ᠳᠠᠯᠠᠳ ᠬᠤᠰᠢᠭᠤᠨ ᠤ ᠪᠣᠷᠵᠢᠨ ᠭᠤᠤ ᠶᠢᠨ ᠭᠤᠤᠯ ᠤᠨ ᠵᠠᠮ ᠢ ᠵᠠᠰᠠᠬᠤ ᠢᠨᠵᠧᠨᠧᠷᠢᠩ ᠤᠨ ᠪᠠᠷᠢᠯᠭ᠎ᠠ ᠳᠠᠭᠤᠰᠤᠭᠰᠠᠨ ᠢ ᠰᠢᠯᠭᠠᠨ ᠠᠪᠤᠭᠰᠠᠨ ᠰᠢᠯᠭᠠᠨ ᠲᠣᠭᠲᠠᠭᠠᠯᠲᠠ ᠶᠢᠨ ᠪᠢᠴᠢᠭ︾ ᠢ ᠳᠠᠷᠤᠮᠠᠯᠯᠠᠨ ᠲᠠᠷᠬᠠᠭᠠᠵᠤ ᠂ ᠪᠥᠬᠦ ᠣᠷᠣᠨ ᠤ ᠠᠩᠬᠠᠳᠠᠭᠴᠢ ︽ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠠᠷᠢᠯᠭ᠎ᠠ ᠳᠠᠭᠤᠰᠴᠤ ᠰᠢᠯᠭᠠᠨ ᠠᠪᠬᠤ ᠨᠢᠭᠡ ᠶᠠᠪᠤᠳᠠᠯ︾ ᠤᠨ ᠲᠤᠬᠠᠶᠢᠯᠠᠭᠰᠠᠨ ᠠᠵᠢᠯ ᠢ ᠤᠷᠤᠭᠰᠢᠲᠠᠶ ᠪᠡᠶᠡᠯᠡᠭᠦᠯᠵᠦ ᠂ ᠥᠪᠡᠷᠲᠡᠭᠡᠨ ᠵᠠᠰᠠᠬᠤ ᠣᠷᠣᠨ ᠠᠴᠠ ᠲᠣᠭᠲᠠᠭᠠᠭᠰᠠᠨ 3 ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠬᠦᠷᠢᠶᠡᠨ ᠳᠤ ︽ᠥᠨᠳᠥᠷ ᠦᠷ᠎ᠡ ᠪᠦᠲᠦᠮᠵᠢᠲᠡᠶ ᠪᠠᠷ ᠨᠢᠭᠡ ᠠᠵᠢᠯ ᠶᠠᠪᠤᠳᠠᠯ ᠢ ᠭᠦᠢᠴᠡᠳᠭᠡᠬᠦ︾ ᠳᠤᠮᠳᠠ ᠤᠷᠢᠳᠠᠪᠠᠷ ᠪᠣᠳᠠᠲᠠᠶ ᠵᠦᠢᠯ ᠢ ᠪᠣᠶ ᠪᠣᠯᠭᠠᠪᠠ ᠃   ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠠᠵᠢᠯ ᠳᠠᠭᠤᠰᠴᠤ ᠰᠢᠯᠭᠠᠨ ᠠᠪᠬᠤ ︽ᠨᠢᠭᠡ ᠶᠠᠪᠤᠳᠠᠯ︾ ᠪᠣᠯ ᠥᠪᠡᠷᠲᠡᠭᠡᠨ ᠵᠠᠰᠠᠬᠤ ᠣᠷᠣᠨ ᠤ 2024 ᠣᠨ ᠤ ︽ᠥᠨᠳᠥᠷ ᠦᠷ᠎ᠡ ᠪᠦᠲᠦᠮᠵᠢᠲᠡᠶ ᠪᠠᠷ ᠨᠢᠭᠡ ᠠᠵᠢᠯ ᠶᠠᠪᠤᠳᠠᠯ ᠢ ᠭᠦᠢᠴᠡᠳᠭᠡᠬᠦ︾ ᠭᠤᠤᠯᠳᠠᠯᠭ᠎ᠠ ᠲᠠᠢ ᠵᠦᠢᠯᠡᠰ ᠤᠨ ᠨᠢᠭᠡ ᠪᠣᠯᠤᠨ᠎ᠠ ᠂ ᠭᠤᠤᠯᠳᠠᠭᠤ ᠠᠵᠤ ᠠᠬᠤᠶᠢᠯᠠᠯ ᠤᠨ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠠᠵᠢᠯ ᠳᠠᠭᠤᠰᠤᠭᠰᠠᠨ ᠢ ᠰᠢᠯᠭᠠᠨ ᠠᠪᠬᠤ ᠬᠠᠮᠢᠶ᠎ᠠ ᠪᠥᠬᠦᠶ ᠵᠦᠢᠯᠡᠰ ᠢ ᠭᠦᠢᠴᠡᠳᠭᠡᠬᠦ ᠳᠤ ᠲᠣᠰ ᠲᠣᠰ ᠭᠤᠶᠤᠴᠢᠯᠠᠯ ᠳᠡᠪᠰᠢᠭᠦᠯᠵᠦ ᠂ ᠲᠣᠰ ᠲᠣᠰ ᠰᠢᠯᠭᠠᠨ ᠠᠪᠬᠤ ᠠᠵᠢᠯ ᠢ ᠵᠣᠬᠢᠶᠠᠨ ᠪᠠᠶᠢᠭᠤᠯᠵᠤ ᠂ ᠴᠤᠪᠤᠷᠠᠯ ᠨᠢ ᠣᠯᠠᠨ ᠂ ᠵᠠᠷᠤᠴᠠᠭᠤᠯᠬᠤ ᠴᠠᠭ ᠨᠢ ᠣᠷᠳᠣ ᠪᠠᠶᠢᠬᠤ ᠠᠰᠠᠭᠤᠳᠠᠯ ᠳᠤ ᠴᠢᠭᠯᠡᠭᠦᠯᠦᠨ ᠂ ᠰᠢᠯᠭᠠᠨ ᠠᠪᠬᠤ ᠪᠠᠷ ᠮᠡᠳᠡᠭᠦᠯᠦᠨ ᠳᠠᠩᠰᠠᠯᠠᠭᠤᠯᠬᠤ ᠂ ᠲᠤᠰᠬᠠᠶ ᠰᠢᠯᠭᠠᠨ ᠠᠪᠬᠤ ᠪᠠ ᠪᠠᠷᠢᠯᠭ᠎ᠠ ᠳᠠᠭᠤᠰᠤᠭᠰᠠᠨ ᠢ ᠰᠢᠯᠭᠠᠨ ᠠᠪᠬᠤ ᠤᠴᠢᠷ ᠶᠠᠪᠤᠳᠠᠯ ᠢ ︽ᠨᠢᠭᠡ ᠯᠡ ᠶᠠᠪᠤᠳᠠᠯ︾ ᠪᠣᠯᠭᠠᠨ ᠡᠮᠬᠢᠯᠡᠨ ᠨᠡᠶᠢᠯᠡᠭᠦᠯᠵᠦ ᠂ ︽ᠨᠢᠭᠡ ᠤᠳᠠᠭ᠎ᠠ ᠳᠤ ᠭᠤᠶᠤᠴᠢᠯᠠᠬᠤ ᠂ ᠨᠡᠶᠢᠯᠡᠭᠦᠯᠦᠨ ᠬᠠᠮᠲᠤᠷᠠᠨ ᠭᠦᠢᠴᠡᠳᠭᠡᠬᠦ ᠂ ᠬᠠᠮᠲᠤᠷᠠᠨ ᠰᠢᠯᠭᠠᠨ ᠠᠪᠬᠤ︾ ᠦᠢᠯᠡᠴᠢᠯᠡᠭᠡᠨ ᠤ ᠵᠠᠭᠪᠤᠷ ᠢ ᠬᠡᠷᠡᠭᠵᠢᠭᠦᠯᠦᠨ ᠂ ᠠᠵᠢᠯ ᠶᠠᠪᠤᠳᠠᠯ ᠭᠦᠢᠴᠡᠳᠭᠡᠬᠦ ᠴᠤᠪᠤᠷᠠᠯ ᠂ ᠭᠤᠶᠤᠴᠢᠯᠠᠬᠤ ᠮᠠᠲ᠋ᠧᠷᠢᠶᠠᠯ ᠢ ᠪᠦᠲᠦᠮᠵᠢᠲᠡᠶ ᠳᠥᠭᠦᠮᠴᠢᠯᠡᠵᠦ ᠂ ᠠᠵᠤ ᠠᠬᠤᠶᠢᠯᠠᠯ ᠤᠨ ᠬᠥᠳᠡᠯᠭᠡᠬᠦ ᠲᠤᠭ᠎ᠠ ᠪᠠ ᠭᠦᠢᠴᠡᠳᠭᠡᠬᠦ ᠴᠠᠭ ᠤᠨ ᠬᠢᠵᠠᠭᠠᠷ ᠢ ᠪᠠᠭᠠᠰᠬᠠᠨ ᠂ ᠤᠰᠤᠨ ᠠᠰᠢᠭᠯᠠᠯᠲᠠ ᠶᠢᠨ ᠢᠨᠵᠧᠨᠧᠷᠢᠩ ᠤᠨ ᠠᠵᠢᠯ ᠳᠠᠭᠤᠰᠤᠭᠰᠠᠨ ᠢ ᠰᠢᠯᠭᠠᠨ ᠠᠪᠬᠤ ᠠᠵᠢᠯ ᠤᠨ ᠦᠷ᠎ᠡ ᠪᠦᠲᠦᠮᠵᠢ ᠶᠢ ᠶᠡᠭᠡ ᠪᠠᠷ ᠳᠡᠭᠡᠭᠰᠢᠯᠡᠭᠦᠯᠪᠡ ᠃   ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠠᠷᠢᠯᠭ᠎ᠠ ᠳᠠᠭᠤᠰᠴᠤ ᠰᠢᠯᠭᠠᠨ ᠠᠪᠬᠤ ︽ᠨᠢᠭᠡ ᠠᠵᠢᠯ︾ ᠢ ᠲᠦᠷᠭᠡᠳᠬᠡᠨ ᠠᠬᠢᠭᠤᠯᠬᠤ ᠶᠢᠨ ᠲᠤᠰᠠᠳᠠ ᠂ ᠡᠨᠡ ᠵᠢᠯ ᠠᠴᠠ ᠨᠠᠭᠠᠰᠢ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠨᠢ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠲᠣᠭᠠᠨ ᠤ ᠲᠣᠪᠴᠢᠶ᠎ᠠ ᠲᠠᠢ ᠬᠠᠮᠲᠤᠷᠠᠨ ᠡᠮᠦᠨᠡᠬᠢ ᠬᠤᠭᠤᠴᠠᠭᠠᠨ ᠤ ᠪᠠᠶᠢᠴᠠᠭᠠᠨ ᠰᠤᠳᠤᠯᠬᠤ ᠂ ᠲᠥᠰᠦᠯ ᠲᠣᠭᠲᠠᠭᠠᠬᠤ ᠂ ᠰᠢᠰᠲ᠋ᠧᠮ ᠪᠠᠶᠢᠭᠤᠯᠬᠤ ᠂ ᠲᠤᠷᠰᠢᠨ ᠲᠣᠬᠢᠷᠠᠭᠤᠯᠬᠤ ᠠᠵᠢᠯ ᠢ ᠭᠦᠨᠵᠡᠭᠡᠶ ᠥᠷᠨᠢᠭᠦᠯᠵᠦ ᠂ ᠬᠠᠮᠢᠶ᠎ᠠ ᠪᠥᠬᠦᠶ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠥᠪᠡᠷᠲᠡᠭᠡᠨ ᠵᠠᠰᠠᠬᠤ ᠣᠷᠣᠨ ᠂ ᠠᠶᠢᠮᠠᠭ ᠬᠤᠲᠠ ᠂ ᠬᠤᠰᠢᠭᠤ ᠰᠢᠶᠠᠨ ᠭᠤᠷᠪᠠᠨ ᠱᠠᠲᠤᠨ ᠤ ᠬᠡᠷᠡᠭᠵᠢᠭᠦᠯᠬᠦ ᠪᠠᠷᠢᠮᠵᠢᠶ᠎ᠠ ᠪᠠ ᠠᠵᠢᠯ ᠶᠠᠪᠤᠳᠠᠯ ᠭᠦᠢᠴᠡᠳᠭᠡᠬᠦ ᠵᠦᠭᠯᠡᠭᠦᠷ ᠢ ᠭᠦᠨᠵᠡᠭᠡᠶ ᠨᠠᠶᠢᠷᠠᠭᠤᠯᠤᠨ ᠵᠣᠬᠢᠶᠠᠵᠤ ᠂ ᠡᠯ᠎ᠡ ᠠᠶᠢᠮᠠᠭ ᠬᠤᠲᠠ ᠶᠢ ᠵᠣᠬᠢᠶᠠᠨ ᠪᠠᠶᠢᠭᠤᠯᠤᠨ ᠵᠦᠢᠯᠡᠰ ᠤᠨ ᠪᠠᠷᠢᠮᠵᠢᠶᠠᠵᠢᠭᠤᠯᠤᠭᠰᠠᠨ ᠲᠣᠬᠢᠷᠠᠭᠤᠯᠤᠯᠲᠠ ᠶᠢ ᠪᠡᠶᠡᠯᠡᠭᠦᠯᠵᠦ ᠂ ︽ᠨᠢᠭᠡ ᠶᠠᠪᠤᠳᠠᠯ︾ ᠢ ᠲᠣᠭᠲᠠᠭᠰᠠᠨ ᠬᠤᠭᠤᠴᠠᠭᠠᠨ ᠳᠤ ᠪᠥᠬᠦ ᠣᠷᠣᠨ ᠤ ᠬᠡᠪᠴᠢᠶᠡᠨ ᠳᠤ ᠰᠦᠯᠵᠢᠶᠡᠨ ᠳᠤ ᠭᠠᠷᠭᠠᠵᠤ ᠠᠵᠢᠯᠯᠠᠭᠤᠯᠬᠤ ᠶᠢ ᠪᠡᠶᠡᠯᠡᠭᠦᠯᠪᠡ ᠃ ᠲᠠᠷᠠᠭᠠᠴᠢ ᠶᠢᠨ ᠠᠯᠬᠤᠮ ᠳᠤ ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠰᠢᠰᠲ᠋ᠧᠮ ᠤᠨ ᠬᠡᠷᠡᠭᠯᠡᠭᠡᠨ ᠤ ᠪᠠᠶᠢᠳᠠᠯ ᠢ ᠤᠯᠠᠮ ᠨᠢᠭᠡ ᠠᠯᠬᠤᠮ ᠰᠢᠯᠢᠳᠡᠭᠵᠢᠭᠦᠯᠵᠦ ᠂ ᠤᠬᠠᠭᠤᠯᠤᠨ ᠲᠠᠨᠢᠯᠴᠠᠭᠤᠯᠬᠤ ᠶᠢ ᠴᠢᠩᠭᠠᠳᠬᠠᠨ ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢ ᠰᠠᠶᠢᠲᠤᠷ ᠬᠢᠵᠦ ᠂ ᠨᠠᠩ ᠣᠯᠠᠨ ᠠᠵᠤ ᠠᠬᠤᠶᠢᠯᠠᠯ ᠢ ᠬᠥᠲᠥᠯᠦᠨ ᠵᠢᠯᠣᠭᠤᠳᠴᠤ ᠪᠠᠶᠢᠭᠠᠳ ︽ᠨᠢᠭᠡ ᠶᠠᠪᠤᠳᠠᠯ︾ ᠢᠶᠠᠷ ᠳᠠᠮᠵᠢᠭᠤᠯᠤᠨ ᠤᠰᠤᠨ ᠠᠰᠢᠭᠯᠠᠯᠲᠠ ᠶᠢᠨ ᠢᠨᠵᠧᠨᠧᠷᠢᠩ ᠤᠨ ᠠᠵᠢᠯ ᠳᠠᠭᠤᠰᠤᠭᠰᠠᠨ ᠢ ᠰᠢᠯᠭᠠᠨ ᠠᠪᠤᠭᠤᠯᠵᠤ ᠂ ᠠᠵᠤ ᠠᠬᠤᠶᠢᠯᠠᠯ ᠳᠤ ︽ᠥᠨᠳᠥᠷ ᠦᠷ᠎ᠡ ᠪᠦᠲᠦᠮᠵᠢᠲᠡᠶ ᠪᠠᠷ ᠨᠢᠭᠡ ᠠᠵᠢᠯ ᠶᠠᠪᠤᠳᠠᠯ ᠢ ᠭᠦᠢᠴᠡᠳᠭᠡᠬᠦ︾ ᠬᠦᠷᠲᠡᠮᠵᠢ ᠶᠢᠨ ᠲᠥᠷᠥᠭᠳᠡᠯ ᠪᠠ ᠬᠠᠨᠤᠮᠵᠢ ᠶᠢᠨ ᠬᠡᠮᠵᠢᠶ᠎ᠡ ᠶᠢ ᠦᠨᠡᠨ ᠬᠦ ᠮᠡᠳᠡᠷᠡᠭᠦᠯᠦᠨ᠎ᠡ ᠃
ᠢᠷᠡᠯᠲᠡ᠄ ᠦᠪᠤᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠣᠰᠣᠨ ᠠᠰᠢᠠᠠᠯᠠᠯᠳᠡ ᠶᠢᠨ ᠳᠢᠩᠬᠢᠮ
ᠬᠠᠮᠢᠶ᠎ᠡ ᠪᠦᠬᠦᠢ ᠰᠣᠨᠢᠨ
2014-2015 ©ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map