| 2024 ᠣᠨ ᠳᠤ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠣᠯᠠᠨ ᠲᠦᠮᠡᠨ ᠢᠯᠠᠩᠭᠤᠶ᠎ᠠ |
ᠬᠦᠴᠢᠷᠳᠡᠯᠲᠡᠶ ᠣᠯᠠᠨ ᠲᠦᠮᠡᠨ ᠤ ᠠᠵᠢᠯ ᠣᠯᠵᠤ ᠣᠷᠣᠯᠭ᠎ᠠ ᠪᠠᠨ ᠨᠡᠮᠡᠭᠳᠡᠭᠦᠯᠬᠦ ᠪᠠ ᠤᠯᠤᠰ ᠤᠨ ᠤᠰᠤ |
ᠬᠦᠷᠦᠰᠦ ᠶᠢ ᠬᠠᠮᠠᠭᠠᠯᠠᠬᠤ ᠭᠤᠤᠯᠳᠠᠯᠭ᠎ᠠ ᠲᠠᠢ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠬᠤᠶᠠᠷ ᠵᠦᠢᠯ ᠤᠨ |
ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠬᠢᠵᠦ᠂ ︽ᠬᠦᠳᠡᠯᠮᠦᠷᠢᠯᠡᠬᠦ ᠪᠠᠷ ᠲᠡᠳᠬᠦᠮᠵᠢ ᠶᠢ ᠣᠷᠣᠯᠠᠭᠤᠯᠬᠤ︾ |
ᠪᠥᠲᠥᠭᠡᠨ ᠪᠠᠶᠢᠭᠤᠯᠤᠯᠲᠠ ᠶᠢᠨ ᠵᠠᠭᠪᠤᠷ ᠢᠶᠠᠷ ᠳᠠᠮᠵᠢᠭᠤᠯᠤᠨ ᠴᠠᠭᠠᠨᠬᠠᠳᠠ ᠶᠢᠨ ᠠᠮᠢ ᠠᠬᠤᠶ ᠶᠢᠨ ᠴᠡᠪᠡᠷ ᠵᠢᠵᠢᠭ |
ᠰᠠᠪᠠ ᠭᠠᠵᠠᠷ᠂ ᠬᠠᠷ᠎ᠠ ᠤᠰᠤᠨ ᠤ ᠠᠮᠢ ᠠᠬᠤᠶ ᠶᠢᠨ ᠴᠡᠪᠡᠷ ᠵᠢᠵᠢᠭ ᠰᠠᠪᠠ ᠭᠠᠵᠠᠷ ᠪᠠ ᠵᠢᠦ ᠯᠦᠩ ᠸᠠᠨ ᠤ ᠠᠮᠢ |
ᠠᠬᠤᠶ ᠶᠢᠨ ᠴᠡᠪᠡᠷ ᠵᠢᠵᠢᠭ ᠰᠠᠪᠠ ᠭᠠᠵᠠᠷ ᠤᠨ ᠤᠰᠤ ᠬᠦᠷᠦᠰᠦ ᠶᠢ ᠬᠠᠮᠠᠭᠠᠯᠠᠬᠤ ᠶᠡᠷᠦᠩᠬᠡᠶᠢᠯᠡᠨ ᠵᠠᠰᠠᠬᠤ |
ᠢᠨᠵᠧᠨᠧᠷᠢᠩ ᠢ ᠠᠮᠵᠢᠯᠲᠠ ᠲᠠᠢ ᠬᠡᠷᠡᠭᠵᠢᠭᠦᠯᠪᠡ᠃ ᠲᠥᠷᠥᠯ ᠵᠦᠢᠯ ᠤᠨ ᠶᠡᠷᠦᠩᠬᠡᠶ ᠪᠠᠯᠠ ᠣᠷᠣᠭᠤᠯᠤᠯᠲᠠ ᠨᠢ |
3000 ᠲᠦᠮᠡᠨ ᠲᠥᠭᠦᠷᠢᠭ ᠪᠠᠶᠢᠵᠤ᠂ ᠤᠰᠤ ᠬᠦᠷᠦᠰᠦ ᠶᠢᠨ ᠢᠳᠡᠭᠳᠡᠯ ᠢ ᠵᠠᠰᠠᠬᠤ ᠲᠠᠯᠠᠪᠠᠶ ᠶᠢ 60 ᠲᠡᠭᠰᠢ |
ᠳᠥᠷᠪᠡᠯᠵᠢᠨ ᠺᠢᠯᠤᠮᠧᠲᠷ ᠰᠢᠨ᠎ᠡ ᠪᠠᠷ ᠨᠡᠮᠡᠭᠳᠡᠭᠦᠯᠦᠨ᠂ ᠤᠰᠤ ᠬᠠᠮᠠᠭᠠᠯᠠᠬᠤ ᠣᠶ ᠶᠢ 17.41 ᠾᠧᠺᠲ᠋ᠠᠷ ᠳᠠᠷᠢᠵᠤ᠂ |
3548 ᠾᠧᠺᠲ᠋ᠠᠷ ᠨᠥᠬᠦᠵᠦ ᠳᠠᠷᠢᠵᠤ᠂ ᠪᠢᠲᠡᠭᠦᠮᠵᠢᠯᠡᠨ ᠵᠠᠰᠠᠭᠰᠠᠨ ᠲᠠᠯᠠᠪᠠᠶ ᠨᠢ 5982.59 ᠾᠧᠺᠲ᠋ᠠᠷ ᠵᠢᠴᠢ |
ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠷᠭ᠎ᠠ ᠬᠡᠮᠵᠢᠶ᠎ᠡ ᠶᠢ ᠨᠥᠬᠦᠵᠦ |
ᠲᠠᠷᠢᠪᠠ᠃ ᠲᠥᠷᠥᠯ ᠵᠦᠢᠯ ᠢ ᠬᠡᠷᠡᠭᠵᠢᠭᠦᠯᠦᠭᠰᠡᠨ ᠤ ᠳᠠᠷᠠᠭ᠎ᠠ᠂ ᠲᠤᠬᠠᠶ ᠶᠢᠨ ᠭᠠᠵᠠᠷ ᠤᠨ ᠣᠶ ᠰᠢᠭᠤᠶ ᠨᠤᠲᠤᠭ |
ᠪᠡᠯᠴᠢᠭᠡᠷ ᠤᠨ ᠰᠠᠯᠠᠭ᠎ᠠ ᠮᠥᠴᠢᠷ ᠤᠨ ᠬᠡᠮᠵᠢᠨ ᠲᠤᠭᠲᠠᠭᠠᠭᠰᠠᠨ ᠲᠥᠷᠥᠯ ᠵᠦᠢᠯ ᠤᠨ ᠣᠷᠣᠨ ᠤ ᠤᠷᠭᠤᠮᠠᠯ ᠤᠨ |
ᠪᠦᠷᠬᠦᠴᠡ ᠨᠢ ᠲᠦᠷᠦᠭᠦᠦ ᠵᠢᠯ ᠤᠨ ᠳᠤᠮᠳᠠᠴᠢ ᠪᠠᠷ 30.8% ᠪᠠᠶᠢᠭᠰᠠᠨ ᠠᠴᠠ ᠪᠠᠨ ᠡᠨᠡ ᠵᠢᠯ ᠤᠨ |
ᠳᠤᠮᠳᠠᠴᠢ ᠪᠠᠷ 51.2% ᠪᠣᠯᠵᠤ ᠳᠡᠭᠡᠭᠰᠢᠯᠡᠵᠡᠢ᠂ ᠨᠤᠲᠤᠭ ᠪᠡᠯᠴᠢᠭᠡᠷ ᠤᠨ ᠠᠮᠢ ᠠᠬᠤᠶ ᠵᠣᠬᠢᠬᠤ ᠬᠡᠮᠵᠢᠶ᠎ᠡ ᠪᠠᠷ |
ᠰᠡᠷᠭᠦᠪᠡ᠃ ᠭᠤᠷᠪᠠᠨ ᠲᠥᠷᠥᠯ ᠵᠦᠢᠯ ᠨᠢ ᠲᠤᠬᠠᠶ ᠶᠢᠨ ᠭᠠᠵᠠᠷ ᠤᠨ ᠬᠥᠳᠡᠯᠮᠦᠷᠢ ᠬᠦᠴᠦᠨ ᠢ ᠨᠡᠶᠢᠲᠡ 80 ᠭᠠᠷᠤᠶ |
ᠰᠢᠩᠭᠡᠭᠡᠨ ᠠᠪᠴᠤ᠂ ᠬᠥᠳᠡᠯᠮᠦᠷᠢ ᠦᠢᠯᠡᠴᠢᠯᠡᠭᠡᠨ ᠤ ᠬᠥᠯᠥᠰᠥ ᠣᠯᠭᠤᠮᠵᠢ ᠶᠢ 106.92 ᠲᠦᠮᠡᠨ ᠲᠥᠭᠦᠷᠢᠭ |
ᠲᠠᠷᠬᠠᠭᠠᠵᠤ᠂ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠪᠠ ᠣᠯᠠᠨ ᠲᠦᠮᠡᠨ ᠤ ᠣᠷᠣᠯᠭ᠎ᠠ ᠶᠢ |
ᠨᠡᠮᠡᠭᠳᠡᠭᠦᠯᠦᠨ ᠪᠠᠶᠠᠵᠢᠭᠤᠯᠬᠤ ᠶᠢᠨ ︽ᠬᠤᠤᠰ ᠠᠮᠵᠢᠯᠲᠠ︾ ᠶᠢ ᠪᠡᠶᠡᠯᠡᠭᠦᠯᠪᠡ᠃ |
ᠳᠠᠷᠠᠭᠠᠴᠢ ᠶᠢᠨ ᠠᠯᠬᠤᠮ ᠳᠤ᠂ ᠳᠠᠷᠬᠠᠨ ᠮᠤᠤᠮᠢᠩᠭᠠᠨ ᠬᠤᠰᠢᠭᠤᠨ ᠤ ᠤᠰᠤᠨ ᠤ ᠶᠠᠪᠤᠳᠠᠯ ᠤᠨ ᠲᠣᠪᠴᠢᠶ᠎ᠠ |
ᠲᠤᠷᠰᠢᠯᠭ᠎ᠠ ᠪᠠᠨ ᠳ᠋ᠦᠩᠨᠡᠵᠦ᠂ ᠰᠡᠳᠬᠢᠴᠡ ᠪᠠᠨ ᠥᠷᠭᠡᠳᠬᠡᠵᠦ᠂ ᠤᠰᠤᠨ ᠠᠰᠢᠭᠯᠠᠯᠲᠠ ᠶᠢᠨ ᠬᠠᠮᠢᠶ᠎ᠠ ᠪᠦᠬᠦᠢ |
ᠲᠦᠷᠦᠯ ᠵᠦᠢᠯ ᠢ ᠨᠢᠭᠡᠳᠦᠯᠲᠡᠢ ᠲᠥᠯᠥᠪᠵᠢᠭᠦᠯᠬᠦ ᠶᠢ ᠴᠢᠩᠭᠠᠳᠬᠠᠵᠤ᠂ ᠠᠵᠢᠯ ᠣᠯᠭᠤᠯᠲᠠ ᠪᠠᠷ ᠲᠡᠳᠬᠦᠮᠵᠢ ᠶᠢ |
ᠣᠷᠣᠯᠠᠭᠤᠯᠬᠤ ᠠᠵᠢᠯ ᠤᠨ ᠪᠠᠶᠢᠷᠢ ᠶᠢ ᠥᠷᠭᠡᠳᠬᠡᠬᠦ᠂ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ᠂ ᠠᠷᠠᠳ ᠤᠨ |
ᠠᠮᠢᠳᠤᠷᠠᠯ ᠢ ᠪᠠᠲᠤᠯᠠᠬᠤ ᠴᠢᠬᠤᠯᠠ ᠦᠢᠯᠡᠳᠦᠯ ᠢ ᠭᠦᠢᠴᠡᠳ ᠪᠠᠳᠠᠷᠠᠭᠤᠯᠵᠤ᠂ ᠤᠯᠠᠨ ᠲᠦᠮᠡᠨ ᠢᠶᠠᠷ ᠨᠢᠳᠤᠨ ᠳᠤ |
ᠦᠵᠡᠭᠳᠡᠬᠦ᠂ ᠭᠠᠷ ᠲᠤ ᠪᠠᠷᠢᠭᠳᠠᠮ᠎ᠠ ᠪᠣᠳᠠᠲᠤ ᠶᠠᠪᠤᠳᠠᠯ᠂ ᠰᠠᠶᠢᠨ ᠶᠠᠪᠤᠳᠠᠯ ᠢ ᠬᠢᠵᠦ᠂ ᠤᠯᠠᠨ ᠲᠦᠮᠡᠨ ᠤ ᠵᠣᠯ |
ᠵᠢᠷᠭᠠᠯᠲᠤ ᠲᠦᠷᠦᠭᠳᠡᠯ ᠪᠣᠯᠤᠨ ᠬᠦᠷᠲᠡᠮᠵᠢ ᠶᠢᠨ ᠲᠦᠷᠦᠭᠳᠡᠯ ᠢ ᠯᠠᠪᠳᠠᠭᠤᠨ ᠪᠠᠲᠤᠲᠠᠢ ᠨᠡᠮᠡᠭᠳᠡᠭᠦᠯᠦᠨ᠎ᠡ᠃ |
|